| | | | | ᠥᠪᠥᠷ ᠵᠠᠰᠠᠭ ᠠᠯᠪᠠᠨ ᠲᠠᠷᠬᠠᠭᠠᠭᠰᠠᠨ ︹2021︺ 32 ᠳ᠋ᠤᠭᠠᠷ ᠲᠣᠭᠠᠲᠤ | | | | 2021 ᠣᠨ ᠤ 7 ᠳ᠋ᠤᠭᠠᠷ ᠰᠠᠷ᠎ᠠ ᠶᠢᠨ 9 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠲᠠᠷᠢᠶᠠᠯᠠᠬᠤ ᠭᠠᠵᠠᠷ ᠢ ᠬᠠᠮᠠᠭᠠᠯᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ︽ᠲᠠᠷᠢᠶᠠᠯᠠᠬᠤ ᠭᠠᠵᠠᠷ ᠢ ᠬᠠᠮᠠᠭᠠᠯᠠᠬᠤ ᠪᠠᠨ | ᠴᠢᠩᠭᠠᠳᠬᠠᠬᠤ ᠪᠠ ᠡᠵᠡᠯᠡᠵᠦ ᠬᠡᠷᠡᠭᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠶᠢ ᠰᠠᠶᠢᠵᠢᠷᠠᠭᠤᠯᠬᠤ | ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ | ᠰᠠᠨᠠᠯ︾ ︵ᠲᠥᠪ ᠲᠠᠷᠬᠠᠭᠠᠭᠰᠠᠨ ︹2017︺ 4 ᠳ᠋ᠤᠭᠡᠷ ᠲᠣᠭᠠᠲᠤ︶᠂ ︽ᠲᠠᠷᠢᠶᠠᠯᠠᠬᠤ ᠭᠠᠵᠠᠷ ᠢ ︿ | ᠲᠠᠷᠢᠶᠠᠯᠠᠩ ᠤᠨ ᠪᠤᠰᠤ ᠪᠣᠯᠭᠠᠬᠤ﹀ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠴᠠᠬᠢᠯᠭᠠᠨ︶ | ︹2020︺ 24 ᠳ᠋ᠤᠭᠡᠷ ᠲᠣᠭᠠᠲᠤ︶᠂ ︽ᠲᠠᠷᠢᠶᠠᠯᠠᠬᠤ ᠭᠠᠵᠠᠷ ᠢ ︿ᠠᠮᠤ ᠪᠤᠳᠠᠭᠠᠨ ᠤ ᠪᠤᠰᠤ ᠪᠣᠯᠭᠠᠬᠤ﹀ | ᠶᠢ ᠨᠢ ᠬᠤᠷᠢᠭᠯᠠᠵᠤ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ︾ ︵ᠲᠥᠷᠥ ᠠᠯᠪᠠᠨ ᠲᠠᠷᠬᠠᠭᠠᠭᠰᠠᠨ ︹2020︺ 44 | ᠳ᠋ᠤᠭᠡᠷ ᠲᠣᠭᠠᠲᠤ︶ ᠪᠠ ︽ ︿ᠲᠠᠷᠢᠶᠠᠯᠠᠬᠤ ᠭᠠᠵᠠᠷ ᠢ ᠬᠠᠮᠠᠭᠠᠯᠠᠬᠤ ᠪᠠᠨ ᠴᠢᠩᠭᠠᠳᠬᠠᠬᠤ ᠪᠠ ᠡᠵᠡᠯᠡᠵᠦ | ᠬᠡᠷᠡᠭᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠶᠢ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ | ᠲᠥᠰᠦᠯ ﹀ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠨᠠᠮ | ᠲᠠᠷᠬᠠᠭᠠᠭᠰᠠᠨ ︹2018︺ 9 ᠳ᠋ᠤᠭᠡᠷ ᠲᠣᠭᠠᠲᠤ ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠬᠤ ᠭᠠᠵᠠᠷ ᠢ ︿ᠲᠠᠷᠢᠶᠠᠯᠠᠩ ᠤᠨ ᠪᠤᠰᠤ ᠪᠣᠯᠭᠠᠬᠤ﹀ ᠶᠢ ᠨᠢ ᠡᠷᠡᠰ ᠬᠤᠷᠢᠭᠯᠠᠨ | ᠵᠣᠭᠰᠣᠭᠠᠬᠤ ᠶᠢᠨ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 36 | ᠳ᠋ᠤᠭᠠᠷ ᠲᠣᠭᠠᠲᠤ︶ ᠢ ᠬᠢᠨᠠᠮᠠᠭᠠᠢ ᠨᠠᠶᠢᠳᠠᠪᠤᠷᠢᠵᠢᠭᠤᠯᠬᠤ ᠵᠢᠴᠢ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠪᠠ | ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠴᠢᠩᠭ᠎ᠠ ᠰᠠᠬᠢᠨ᠂ ᠲᠠᠷᠢᠶᠠᠯᠠᠬᠤ | ᠭᠠᠵᠠᠷ ᠤᠨ ᠬᠡᠮᠵᠢᠶ᠎ᠡ᠂ ᠴᠢᠨᠠᠷ᠂ ᠠᠮᠢ ᠠᠬᠤᠶ ︽ᠭᠤᠷᠪᠠ ᠶᠢ ᠨᠢᠭᠡ ᠴᠤᠭᠴᠠᠵᠢᠭᠤᠯᠬᠤ ︾ ᠬᠠᠮᠠᠭᠠᠯᠠᠯᠲᠠ ᠶᠢ ᠪᠦᠬᠦ | ᠲᠠᠯ᠎ᠠ ᠪᠠᠷ ᠠᠬᠢᠭᠤᠯᠵᠤ᠂ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ᠲᠠᠷᠢᠶᠠᠯᠠᠬᠤ ᠭᠠᠵᠠᠷ ᠤᠨ ᠪᠠᠶᠢᠬᠤ | ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ ᠦᠨᠡᠨ ᠬᠦ ᠪᠠᠲᠤᠯᠠᠨ | ᠂ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠨᠢ ᠡᠷᠡᠰ ᠬᠤᠷᠢᠭᠯᠠᠨ ᠵᠣᠭᠰᠣᠭᠠᠵᠤ | ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ ᠬᠤᠷᠢᠭᠯᠠᠵᠤ᠂ ᠬᠠᠮᠠᠭᠠᠯᠠᠯᠲᠠ ᠪᠠᠷ ᠨᠠᠩ | ᠬᠦᠴᠦᠲᠡᠶ᠂ ᠬᠡᠷᠡᠭᠵᠢᠭᠦᠯᠦᠯᠲᠡ ᠨᠢ ᠨᠠᠩ ᠤᠷᠤᠭᠰᠢᠲᠠᠶ᠂ ᠬᠠᠮᠢᠶᠠᠷᠤᠯᠲᠠ ᠪᠠᠨ ᠨᠠᠩ ᠥᠨᠳᠥᠷ ᠪᠦᠲᠦᠮᠵᠢᠲᠡᠶ | ᠪᠣᠯᠭᠠᠭᠰᠠᠨ ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠪᠠᠶᠢᠷᠢᠰᠢᠯ ᠢ ᠠᠬᠢᠭᠤᠯᠤᠨ ᠪᠦᠷᠢᠯᠳᠦᠭᠦᠯᠬᠦ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ | ᠮᠡᠲᠦ ᠰᠠᠨᠠᠯ ᠢ ᠳᠤᠷᠠᠳᠪᠠ᠃ | ᠨᠢᠭᠡ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠨᠢ ᠴᠢᠩᠭᠠᠳᠬᠠᠨ ᠪᠣᠳᠠᠲᠠᠶᠢᠵᠢᠭᠤᠯᠵᠤ᠂ | ᠲᠠᠷᠢᠶᠠᠯᠠᠬᠤ ᠭᠠᠵᠠᠷ ᠤᠨ ᠬᠡᠮᠵᠢᠶ᠎ᠡ᠂ ᠴᠢᠨᠠᠷ᠂ ᠠᠮᠢ ᠠᠬᠤᠶ ︽ᠭᠤᠷᠪᠠ ᠶᠢ ᠨᠢᠭᠡ ᠴᠣᠭᠴᠠᠵᠢᠭᠤᠯᠬᠤ︾ | ᠬᠠᠮᠠᠭᠠᠯᠠᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ | ︵ᠨᠢᠭᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠨ | ᠬᠠᠮᠢᠶᠠᠷᠬᠤ ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ | ᠣᠷᠳᠣᠨ ᠬᠠᠷᠢᠭᠤᠴᠠᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ᠂ | ᠳᠡᠭᠡᠳᠦ ᠳᠤᠤᠷᠠᠳᠤ ᠱᠠᠲᠤᠨ ᠤ ᠬᠢᠨ ᠬᠠᠮᠲᠤᠷᠠᠨ ᠬᠥᠳᠡᠯᠦᠯᠴᠡᠭᠰᠡᠨ ᠲᠠᠷᠢᠶᠠᠯᠠᠬᠤ ᠭᠠᠵᠠᠷ ᠢ ᠬᠠᠮᠠᠭᠠᠯᠠᠬᠤ | ᠬᠠᠮᠲᠤ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢᠯᠡᠯᠲᠡ ᠠᠴᠠ ᠨᠢ ᠴᠢᠩᠭ᠎ᠠ | ᠡᠵᠡᠮᠳᠡᠬᠦ᠂ ᠶᠠᠪᠤᠴᠠ ᠳᠤ ᠨᠢ ᠴᠢᠩᠭ᠎ᠠ ᠬᠠᠮᠢᠶᠠᠷᠬᠤ᠂ ᠦᠷ᠎ᠡ ᠤᠷᠰᠢᠭ ᠢᠶᠠᠷ ᠨᠢ ᠴᠢᠩᠭ᠎ᠠ ᠵᠠᠯᠬᠠᠭᠠᠬᠤ ᠶᠢ | ᠪᠡᠶᠡᠯᠡᠭᠦᠯᠦᠨ᠂ ᠲᠣᠰ ᠭᠠᠵᠠᠷ ᠣᠷᠣᠨ ᠤ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠪᠠᠨ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠨᠢ ᠦᠨᠡᠨ ᠬᠦ ᠪᠠᠲᠤᠯᠠᠨ᠎ᠠ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠪᠣᠯ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠤᠨ ᠨᠢᠭᠡᠳᠦᠭᠡᠷ | ᠬᠠᠷᠢᠭᠤᠴᠠᠯᠭ᠎ᠠ ᠡᠭᠦᠷᠭᠡᠯᠡᠭᠴᠢ ᠪᠣᠯᠬᠤ ᠲᠤᠯᠠ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠪᠠᠶᠢᠭᠠᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠡᠭᠦᠷᠭᠡ ᠬᠠᠷᠢᠭᠤᠴᠠᠯᠭ᠎ᠠ ᠶᠢ ᠨᠢ | ᠭᠦᠢᠴᠡᠳᠬᠡᠯᠭᠡᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ | ᠮᠠᠯᠴᠢᠨ ᠲᠠᠷᠢᠶᠠᠴᠢᠨ ᠪᠠ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠨᠤᠭᠤᠳ ᠤᠨ | ᠲᠠᠷᠢᠶᠠᠯᠠᠬᠤ ᠭᠠᠵᠠᠷ ᠢ ᠬᠠᠮᠠᠭᠠᠯᠠᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠨ᠂ ᠲᠠᠷᠢᠶᠠᠯᠠᠬᠤ ᠭᠠᠵᠠᠷ ᠢ | ᠬᠠᠮᠠᠭᠠᠯᠠᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ︽ᠲᠠᠷᠢᠶᠠᠨ ᠭᠠᠵᠠᠷ ᠤᠨ ᠳᠠᠷᠤᠭ᠎ᠠ ᠶᠢᠨ ᠲᠦᠷᠢᠮ ︾ ᠢ | ᠰᠦᠪᠡᠭᠴᠢᠯᠡᠨ ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ ︶᠂ ᠰᠤᠮᠤ ᠰᠢᠶᠠᠩ ᠪᠠᠯᠭᠠᠰᠤ᠂ ᠭᠠᠴᠠᠭ᠎ᠠ | ᠲᠣᠰᠬᠤᠨ ᠭᠤᠷᠪᠠᠨ ᠱᠠᠲᠤ ᠬᠤᠯᠪᠣᠭᠠᠯᠠᠨ ᠬᠥᠳᠡᠯᠦᠯᠴᠡᠵᠦ ᠪᠦᠬᠦᠨ ᠢ ᠬᠠᠮᠤᠷᠤᠭᠰᠠᠨ ᠲᠠᠷᠢᠶᠠᠯᠠᠬᠤ ᠭᠠᠵᠠᠷ ᠤᠨ | ᠬᠠᠮᠠᠭᠠᠯᠠᠯᠲᠠ ᠶᠢᠨ ᠲᠣᠣᠷᠯᠢᠭ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠪᠠᠶᠢᠭᠤᠯᠬᠤ ᠶᠢ ᠠᠬᠢᠭᠤᠯᠤᠨ᠎ᠠ᠃ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ ︶ ᠢᠯᠠᠩᠭᠤᠶ᠎ᠠ ᠰᠤᠮᠤ ᠰᠢᠶᠠᠩ ᠪᠠᠯᠭᠠᠰᠤᠨ ᠤ ᠪᠠᠶᠢᠭᠠᠯᠢ ᠶᠢᠨ | ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ | ᠬᠠᠮᠠᠭᠠᠯᠠᠬᠤ ᠳᠤ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ | ᠲᠠᠷᠢᠶᠠᠯᠠᠬᠤ ᠭᠠᠵᠠᠷ ᠢ ᠬᠠᠮᠠᠭᠠᠯᠠᠬᠤ ᠨᠢᠭᠡᠳᠦᠭᠡᠷ ᠹᠷᠣᠨᠲ ᠲᠤ ᠬᠠᠤᠯᠢ ᠬᠡᠷᠡᠭᠵᠢᠭᠦᠯᠬᠦ ᠶᠢ ᠦᠨᠡᠨ ᠬᠦ ᠴᠢᠩᠭᠠᠳᠬᠠᠨ᠂ | ᠲᠠᠷᠢᠶᠠᠯᠠᠬᠤ ᠭᠠᠵᠠᠷ ᠢ ᠰᠦᠢᠳᠬᠡᠵᠦ ᠪᠠᠶᠢᠭ᠎ᠠ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ | ᠲᠠᠷᠢᠶᠠᠯᠠᠬᠤ ᠭᠠᠵᠠᠷ ᠤᠨ ᠬᠠᠮᠠᠭᠠᠯᠠᠯᠲᠠ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠠᠷᠢᠶᠠᠯᠠᠬᠤ ᠭᠠᠵᠠᠷ ᠢ ᠬᠠᠮᠠᠭᠠᠯᠠᠬᠤ ᠭᠤᠤᠯ | ᠴᠣᠭᠴᠠ ᠶᠢᠨ ᠬᠠᠷᠢᠭᠤᠴᠠᠯᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ | ᠪᠠᠶᠢᠭ᠎ᠠ ᠪᠠᠶᠢᠭᠤᠯᠤᠮᠵᠢ ᠶᠢᠨ ᠬᠠᠤᠯᠢ ᠬᠡᠷᠡᠭᠵᠢᠭᠦᠯᠬᠦ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠩᠭᠤ ᠬᠢᠨᠠᠯᠲᠠ ᠲᠠᠯᠪᠢᠵᠤ᠂ ᠠᠰᠠᠭᠤᠳᠠᠯ ᠢ ᠣᠯᠵᠤ ᠮᠡᠳᠡᠪᠡᠯ ᠴᠠᠭ | ᠲᠤᠬᠠᠶ ᠳᠤ ᠨᠢ ᠬᠠᠷᠢᠭᠤ ᠲᠤᠰᠬᠠᠵᠤ᠂ ᠴᠢᠩᠭ᠎ᠠ ᠰᠢᠮᠳᠠᠭᠤᠯᠵᠤ ᠴᠡᠭᠴᠡᠯᠡᠨ ᠰᠠᠶᠢᠵᠢᠷᠠᠭᠤᠯᠤᠨ᠎ᠠ᠃ | ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠠᠵᠢᠯ | ᠡᠭᠦᠷᠭᠡ ᠶᠢᠨ ᠶᠣᠰᠣᠭᠠᠷ᠂ ᠬᠤᠷᠰᠢᠨ ᠬᠠᠮᠵᠢᠯᠴᠠᠬᠤ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠬᠤ ᠠᠵᠢᠯ ᠢ ᠦᠨᠡᠨ | ᠬᠦ ᠰᠠᠶᠢᠲᠤᠷ ᠠᠳᠬᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ | ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ | ᠬᠠᠷᠠᠯᠲᠠ ᠪᠠᠨ ᠨᠠᠷᠢᠯᠢᠬᠵᠢᠭᠤᠯᠤᠨ ᠬᠤᠪᠢᠶᠠᠷᠢᠯᠠᠵᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠢᠯᠠᠩᠭᠤᠶ᠎ᠠ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠬᠠᠮᠢᠶᠠᠷᠤᠨ ᠬᠠᠮᠠᠭᠠᠯᠠᠬᠤ ᠲᠤᠨᠨᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠬᠦᠯᠬᠦ | ᠬᠡᠷᠡᠭᠳᠡᠢ᠃ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠨᠢ | ᠲᠠᠷᠢᠶᠠᠯᠠᠬᠤ ᠭᠠᠵᠠᠷ ᠤᠨ ᠴᠢᠨᠠᠷ ᠢ ᠬᠠᠮᠠᠭᠠᠯᠠᠬᠤ ᠬᠢᠭᠡᠳ ᠴᠢᠨᠠᠷ ᠢ ᠨᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ | ᠂ ᠲᠠᠷᠢᠶᠠᠯᠠᠬᠤ ᠭᠠᠵᠠᠷ ᠤᠨ ᠰᠡᠯᠭᠦᠨ ᠳᠠᠷᠢᠬᠤ ᠵᠢᠴᠢ ᠲᠠᠷᠢᠶᠠᠯᠠᠬᠤ ᠭᠠᠵᠠᠷ ᠤᠨ ᠥᠩ ᠰᠢᠮ᠎ᠡ ᠶᠢᠨ ᠬᠠᠮᠢᠶᠠᠷᠤᠯᠲᠠ ᠶᠢ | ᠴᠢᠩᠭᠠᠳᠬᠠᠨ᠂ ᠲᠠᠷᠢᠶᠠᠯᠠᠬᠤ ᠭᠠᠵᠠᠷ ᠢ ᠠᠲᠠᠷᠰᠢᠭᠤᠯᠵᠤ ᠲᠠᠷᠢᠶᠠᠯᠠᠬᠤ ᠪᠠᠨ ᠪᠣᠯᠢᠬᠤ ᠶᠢ ᠴᠢᠩᠭ᠎ᠠ ᠰᠡᠷᠭᠡᠶᠢᠯᠡᠵᠦ᠂ | ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠪᠠᠨ ᠰᠢᠯᠵᠢᠭᠦᠯᠦᠨ ᠡᠷᠭᠢᠯᠳᠦᠭᠦᠯᠬᠦ ᠶᠢ ᠡᠮᠬᠢ ᠵᠢᠷᠤᠮ ᠲᠠᠢ | ᠬᠥᠲᠥᠯᠦᠨ ᠵᠢᠯᠣᠭᠤᠳᠴᠤ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠲᠤ ᠠᠮᠤ ᠪᠤᠳᠠᠭ᠎ᠠ ᠳᠠᠷᠢᠬᠤ ᠶᠢ | ᠬᠥᠲᠥᠯᠦᠨ ᠵᠢᠯᠣᠭᠤᠳᠴᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ | ᠬᠤᠷᠢᠭᠯᠠᠬᠤ ᠶᠢᠨ ᠬᠠᠮᠲᠤ᠂ ᠬᠥᠳᠡᠭᠡ ᠲᠣᠰᠬᠤᠨ ᠤ ᠲᠣᠰᠬᠤᠨ ᠤ ᠠᠷᠠᠳ ᠤᠨ ᠬᠠᠤᠯᠢ ᠪᠤᠰᠤ ᠪᠠᠷ ᠭᠠᠵᠠᠷ ᠰᠢᠷᠣᠶ | ᠡᠵᠡᠯᠡᠨ ᠣᠷᠣᠨ ᠰᠠᠭᠤᠴᠠ ᠪᠠᠷᠢᠬᠤ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ︔ | ᠲᠠᠷᠢᠶᠠᠯᠠᠬᠤ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠶᠢ | ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠦᠨ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠠᠮᠤᠷ ᠲᠦᠪᠰᠢᠨ ᠢᠶᠠᠷ | ᠠᠰᠢᠭᠯᠠᠬᠤ ᠪᠠ ᠴᠢᠩᠭ᠎ᠠ ᠬᠠᠮᠢᠶᠠᠷᠤᠨ ᠡᠵᠡᠮᠳᠡᠬᠦ ᠪᠣᠳᠣᠯᠭ᠎ᠠ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠠᠵᠢᠯ ᠳᠤ ᠪᠡᠯᠡ ᠮᠥᠩᠭᠦᠨ ᠤ ᠳᠡᠮᠵᠢᠯᠭᠡ ᠦᠵᠡᠭᠦᠯᠵᠦ᠂ ᠬᠠᠮᠢᠶ᠎ᠠ | ᠪᠦᠬᠦᠢ ᠰᠠᠯᠠᠭ᠎ᠠ ᠮᠥᠴᠢᠷ ᠪᠠ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠯᠤᠭ᠎ᠠ ᠪᠡᠯᠡ | ᠮᠥᠩᠭᠦᠨ ᠤ ᠬᠢᠨᠠᠯᠲᠠ ᠬᠠᠮᠢᠶᠠᠷᠤᠯᠲᠠ ᠶᠢ ᠬᠠᠮᠲᠤ ᠪᠠᠷ ᠴᠢᠩᠭᠠᠳᠬᠠᠬᠤ ᠬᠡᠷᠡᠭᠳᠡᠢ᠃ ᠠᠮᠢ ᠠᠬᠤᠶ ᠣᠷᠴᠢᠨ | ᠲᠣᠭᠤᠷᠢᠨ ᠤ ᠰᠠᠯᠠᠭ᠎ᠠ ᠮᠥᠴᠢᠷ ᠨᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠢ ᠡᠬᠢ | ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠰᠠᠯᠠᠭ᠎ᠠ | ᠮᠥᠴᠢᠷ ᠨᠢ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠵᠦ᠂ ᠲᠠᠷᠢᠶᠠᠯᠠᠬᠤ ᠭᠠᠵᠠᠷ ᠢ | ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠪᠠᠨ ᠭᠦᠢᠴᠡᠳᠬᠡᠭᠰᠡᠨ ᠪᠠᠶᠢᠳᠠᠯ ᠤᠨ ᠰᠢᠯᠭᠠᠨ ᠬᠢᠨᠠᠬᠤ ᠠᠵᠢᠯ ᠳᠤ | ᠣᠷᠣᠯᠴᠠᠬᠤ ᠬᠡᠷᠡᠭᠲᠡᠶ᠃ ᠬᠢᠨᠠᠨ ᠪᠣᠳᠣᠬᠤ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ | ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠨᠢ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ | ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠣᠳᠣᠬᠤ ᠠᠭᠤᠯᠭ᠎ᠠ ᠳᠤ ᠣᠷᠣᠭᠤᠯᠬᠤ | ᠬᠡᠷᠡᠭᠲᠡᠶ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠣᠶ | ᠰᠢᠭᠤᠶ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠨᠢ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ᠂ ᠲᠥᠷᠥᠯ | ᠵᠦᠢᠯ ᠢ ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠠᠵᠢᠯ ᠳᠤ᠂ ᠲᠠᠷᠢᠶᠠᠯᠠᠬᠤ ᠭᠠᠵᠠᠷ ᠤᠨ ᠤᠯᠠᠭᠠᠨ | ᠱᠤᠭᠤᠮ ᠤᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠲᠠᠷᠢᠶᠠᠯᠠᠬᠤ ᠭᠠᠵᠠᠷ ᠢ ᠬᠠᠮᠠᠭᠠᠯᠠᠬᠤ᠂ ᠠᠮᠢ ᠠᠬᠤᠶ ᠶᠢᠨ | ᠪᠦᠲᠦᠭᠡᠨ ᠪᠠᠶᠢᠭᠤᠯᠤᠯᠲᠠ᠂ ᠬᠥᠭᠵᠢᠯᠲᠡ ᠶᠢ ᠪᠠᠲᠤᠯᠠᠬᠤ ᠭᠤᠷᠪᠠ ᠶᠢᠨ ᠬᠤᠭᠤᠷᠣᠨᠳᠣᠬᠢ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠬᠦᠴᠦᠲᠡᠶ ᠬᠠᠮᠠᠭᠠᠯᠠᠬᠤ᠂ ᠪᠦᠲᠦᠮᠵᠢᠲᠡᠶ ᠪᠠᠲᠤᠯᠠᠬᠤ ᠪᠠ ᠡᠮᠬᠢ ᠵᠢᠷᠤᠮ ᠲᠠᠢ ᠨᠡᠭᠡᠭᠡᠨ | ᠬᠥᠭᠵᠢᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ | ︵ᠭᠤᠷᠪᠠ︶ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠬᠤ | ᠳᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢ | ᠬᠠᠮᠠᠭᠠᠯᠠᠬᠤ ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠬᠤ ᠳᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠴᠣᠯ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠢ ᠬᠠᠮᠠᠭᠠᠯᠠᠬᠤ ᠲᠠᠯᠠᠪᠠᠶ ᠶᠢ ᠰᠢᠯᠭᠠᠨ ᠬᠢᠨᠠᠵᠤ ᠪᠠᠶᠢᠭᠰᠠᠨ ᠠᠴᠠ ᠪᠠᠨ ᠲᠠᠷᠢᠶᠠᠯᠠᠬᠤ ᠭᠠᠵᠠᠷ ᠤᠨ ᠬᠡᠮᠵᠢᠶ᠎ᠡ᠂ | ᠴᠢᠨᠠᠷ᠂ ᠠᠮᠢ ᠠᠬᠤᠶ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠢ ᠨᠢ ᠰᠢᠯᠭᠠᠨ ᠬᠢᠨᠠᠬᠤ ᠲᠡᠶᠢᠰᠢ | ᠬᠤᠪᠢᠷᠠᠭᠤᠯᠤᠨ᠎ᠠ᠃ ᠲᠠᠷᠢᠶᠠᠯᠠᠬᠤ ᠭᠠᠵᠠᠷ ᠤᠨ ᠪᠠᠶᠢᠬᠤ ᠬᠡᠮᠵᠢᠶ᠎ᠡ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ | ᠬᠠᠮᠠᠭᠠᠯᠠᠬᠤ ᠲᠠᠯᠠᠪᠠᠶ ᠶᠢ ᠨᠢ ᠪᠠᠲᠤᠯᠠᠭᠰᠠᠨ ᠰᠠᠭᠤᠷᠢᠨ ᠳᠡᠭᠡᠷ᠎ᠡ᠂ ᠲᠠᠷᠢᠶᠠᠯᠠᠬᠤ ᠭᠠᠵᠠᠷ ᠤᠨ ᠴᠢᠨᠠᠷ ᠪᠠ ᠠᠮᠢ | ᠠᠬᠤᠶ ᠶᠢᠨ ᠬᠦᠴᠦᠨ ᠵᠦᠢᠯ ᠢ ᠰᠢᠯᠭᠠᠨ ᠬᠢᠨᠠᠬᠤ ᠶᠢᠨ ᠡᠵᠡᠯᠡᠬᠦ ᠬᠤᠪᠢᠳᠠᠯ ᠢ ᠨᠢ ᠨᠡᠮᠡᠭᠳᠡᠭᠦᠯᠦᠨ᠎ᠡ᠃ ᠲᠠᠷᠢᠶᠠᠯᠠᠬᠤ | ᠭᠠᠵᠠᠷ ᠢ ᠬᠠᠮᠠᠭᠠᠯᠠᠬᠤ ᠡᠭᠦᠷᠭᠡ ᠪᠠᠷ ᠬᠦᠨᠳᠦ᠂ ᠬᠠᠮᠠᠭᠠᠯᠠᠬᠤ ᠬᠠᠷᠢᠭᠤᠴᠠᠯᠭ᠎ᠠ ᠪᠠ ᠦᠷ᠎ᠡ ᠪᠦᠲᠦᠮᠵᠢ ᠪᠠᠷ ᠲᠣᠪᠤᠶᠢᠮ᠎ᠠ | ᠪᠠᠶᠢᠭ᠎ᠠ ᠠᠶᠢᠮᠠᠭ ᠬᠤᠲᠠ ᠶᠢ ᠰᠠᠶᠢᠰᠢᠶᠠᠨ᠎ᠠ᠃ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠭᠰᠡᠨ ᠥᠬᠡᠶ᠂ | ᠴᠢᠩᠭ᠎ᠠ ᠬᠢᠨᠠᠨ ᠬᠠᠮᠢᠶᠠᠷᠤᠭᠰᠠᠨ ᠥᠬᠡᠶ᠂ ᠬᠠᠷᠢᠭᠤᠴᠠᠯᠭ᠎ᠠ ᠠᠯᠳᠠᠵᠤ ᠲᠤᠰᠢᠶᠠᠯ ᠳᠤ ᠪᠠᠨ ᠣᠰᠣᠯᠳᠠᠭᠰᠠᠨ ᠪᠠᠶᠢᠪᠠᠯ᠂ | ᠬᠠᠤᠯᠢ ᠪᠠ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠲᠠᠷᠢᠶᠠᠯᠠᠬᠤ ᠭᠠᠵᠠᠷ ᠢ ᠬᠠᠮᠠᠭᠠᠯᠠᠬᠤ ᠲᠠᠯ᠎ᠠ ᠪᠠᠷ ᠬᠢ ᠢᠯᠡᠷᠡᠭᠦᠯᠦᠨ ᠬᠢᠨᠠᠵᠤ ᠬᠠᠮᠢᠶᠠᠷᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ | ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠪᠠᠶᠢᠳᠠᠯ᠂ ᠰᠢᠨ᠎ᠡ | ᠱᠠᠭᠠᠷᠳᠠᠯᠭ᠎ᠠ ᠳᠤ ᠲᠣᠬᠢᠷᠠᠯᠴᠠᠭᠤᠯᠤᠨ᠂ ᠪᠦᠬᠦ ᠶᠠᠪᠤᠴᠠ ᠳᠤ ᠨᠢ ᠬᠢᠨᠠᠨ ᠬᠠᠮᠢᠶᠠᠷᠳᠠᠭ᠂ ᠴᠠᠭ ᠲᠤᠬᠠᠶ ᠳᠤ ᠨᠢ ᠣᠯᠵᠤ | ᠮᠡᠳᠡᠳᠡᠭ᠂ ᠲᠦᠷᠭᠡᠨ ᠰᠢᠢᠳᠪᠦᠷᠢᠯᠡᠳᠡᠭ ᠲᠠᠷᠢᠶᠠᠯᠠᠬᠤ ᠭᠠᠵᠠᠷ ᠢ ᠬᠠᠮᠠᠭᠠᠯᠠᠬᠤ ᠰᠢᠨ᠎ᠡ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠭᠠᠵᠠᠷ | ᠰᠢᠷᠣᠶ ᠶᠢᠨ ᠳᠠᠭᠠᠭᠤᠯᠢ ᠣᠳᠣᠨ ᠤ ᠵᠢᠷᠤᠭ ᠳᠦᠷᠰᠦ ᠪᠠᠷ ᠬᠠᠤᠯᠢ ᠬᠡᠷᠡᠭᠵᠢᠭᠦᠯᠬᠦ ᠠᠵᠢᠯ ᠲᠠᠢ ᠤᠶᠠᠯᠳᠤᠭᠤᠯᠤᠨ᠂ | ᠪᠥᠬᠦ ᠣᠷᠣᠨ ᠤ ᠲᠠᠷᠢᠶᠠᠯᠠᠬᠤ ᠭᠠᠵᠠᠷ ᠲᠤ ᠰᠠᠷ᠎ᠠ ᠪᠦᠷᠢ ᠪᠥᠬᠦᠨ ᠢ ᠬᠠᠮᠤᠷᠤᠭᠰᠠᠨ ᠳᠠᠭᠠᠭᠤᠯᠢ ᠣᠳᠣᠨ ᠤ ᠵᠢᠷᠤᠭ | ᠳᠦᠷᠰᠦ ᠪᠠᠷ ᠨᠢᠭᠡ ᠤᠳᠠᠭ᠎ᠠ ᠲᠣᠭᠤᠷᠢᠨ ᠪᠠᠶᠢᠴᠠᠭᠠᠬᠤ ᠶᠢᠨ ᠬᠠᠮᠲᠤ᠂ ᠳᠠᠭᠠᠭᠤᠯᠢ ᠣᠳᠣᠨ ᠤ ᠠᠯᠤᠰ ᠰᠡᠷᠡᠯ ᠤᠨ | ᠵᠢᠷᠤᠭ ᠢᠶᠠᠷ ᠲᠣᠭᠤᠷᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠤᠨ ᠨᠠᠷᠢᠨ ᠬᠠᠭᠤᠳᠠᠰᠤ ᠶᠢ 5 ᠡᠳᠦᠷ ᠤᠨ | ᠳᠣᠲᠣᠷ᠎ᠠ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠶᠠᠪᠤᠭᠤᠯᠤᠨ᠎ᠠ︔ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠠᠰᠠᠭᠤᠳᠠᠯ ᠤᠨ ᠨᠠᠷᠢᠨ ᠬᠠᠭᠤᠳᠠᠰᠤ ᠶᠢ | ᠭᠥᠯᠢᠶᠡᠨ ᠠᠪᠤᠭᠰᠠᠨ 5 ᠡᠳᠦᠷ ᠤᠨ ᠳᠣᠲᠣᠷ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠳᠤ ᠶᠠᠪᠤᠭᠤᠯᠤᠨ᠎ᠠ︔ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠨᠢ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ | ᠪᠠᠶᠢᠭᠤᠯᠤᠮᠵᠢ ᠶᠢᠨ ᠪᠣᠳᠠᠲᠠᠢ ᠭᠠᠵᠠᠷ ᠲᠤ ᠨᠢ ᠬᠠᠷᠭᠤᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ | ᠬᠠᠤᠯᠢ ᠠᠴᠠ ᠵᠥᠷᠢᠴᠡᠭᠰᠡᠨ ᠢ ᠨᠢ ᠨᠤᠲᠠᠯᠠᠭᠰᠠᠨ ᠪᠠᠶᠢᠪᠠᠯ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠴᠠᠭ ᠲᠤᠬᠠᠶ ᠳᠤ ᠨᠢ ᠰᠢᠢᠳᠪᠦᠷᠢᠯᠡᠬᠦ ᠶᠢᠨ ᠬᠠᠮᠲᠤ᠂ | ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ | ᠲᠣᠭᠲᠠᠭᠠᠭᠰᠠᠨ ᠴᠠᠭ ᠬᠤᠭᠤᠴᠠᠭ᠎ᠠ ᠶᠣᠰᠣᠭᠠᠷ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢᠶᠠᠨ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠱᠠᠲᠤ ᠳᠠᠷᠠᠭᠠᠯᠠᠨ ᠮᠡᠳᠡᠭᠦᠯᠦᠨ᠎ᠡ᠃ | ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠰᠠᠭᠤᠳᠠᠯ ᠤᠨ ᠨᠠᠷᠢᠨ ᠬᠠᠭᠤᠳᠠᠰᠤ ᠶᠢ | ᠪᠠᠭᠤᠯᠭᠠᠭᠰᠠᠨ ᠠᠬᠢᠴᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠰᠤᠮᠤ ᠰᠢᠶᠠᠩ ᠪᠠᠯᠭᠠᠰᠤᠨ ᠤ ᠬᠠᠤᠯᠢ | ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠵᠡᠷᠭᠡ ᠶᠢ | ᠰᠢᠮᠳᠠᠭᠤᠯᠤᠨ ᠪᠠᠶᠢᠴᠠᠭᠠᠵᠤ᠂ ᠴᠠᠭ ᠲᠤᠬᠠᠶ ᠳᠤ ᠨᠢ ᠬᠠᠷᠭᠤᠭᠤᠯᠤᠨ ᠪᠠᠶᠢᠴᠠᠭᠠᠭᠰᠠᠨ ᠥᠬᠡᠶ ᠪᠠ ᠰᠢᠢᠳᠪᠦᠷᠢᠯᠡᠭᠰᠡᠨ | ᠥᠬᠡᠶ ᠪᠠᠶᠢᠬᠤ ᠶᠢ ᠮᠡᠳᠡᠪᠡᠯ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ | ᠮᠡᠳᠡᠭᠦᠯᠬᠦ ᠶᠢᠨ ᠬᠠᠮᠲᠤ᠂ ᠳᠡᠭᠡᠳᠦ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠬᠠᠭᠤᠯᠤᠨ ᠮᠡᠳᠡᠭᠦᠯᠦᠨ᠎ᠡ᠃ | ︵ᠲᠠᠪᠤ︶ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠪᠠ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠠᠵᠢᠯ ᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ | ︶᠂ ᠰᠤᠮᠤ ᠰᠢᠶᠠᠩ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠬᠤ | ᠪᠠᠶᠢᠭᠤᠯᠤᠮᠵᠢ ᠪᠣᠯ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠭᠤᠤᠯ | ᠴᠣᠭᠴᠠ ᠪᠣᠯᠤᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠬᠡᠷᠡᠭᠵᠢᠭᠦᠯᠬᠦ ᠬᠦᠴᠦᠨ ᠢᠶᠠᠨ | ᠦᠨᠡᠨ ᠬᠦ ᠴᠢᠩᠭᠠᠷᠠᠭᠤᠯᠵᠤ᠂ ᠢᠯᠠᠩᠭᠤᠶ᠎ᠠ ᠰᠤᠮᠤ ᠰᠢᠶᠠᠩ ᠪᠠᠯᠭᠠᠰᠤᠨ ᠤ ᠬᠠᠤᠯᠢ ᠬᠡᠷᠡᠭᠵᠢᠭᠦᠯᠬᠦ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠂ ᠬᠢᠨᠠᠨ ᠰᠡᠷᠭᠡᠶᠢᠯᠡᠬᠦ ᠠᠵᠢᠯ ᠢ ᠤᠷᠢᠳ ᠢᠶᠠᠷ ᠬᠢᠬᠦ ᠪᠠ ᠭᠤᠤᠯᠳᠠᠯᠭ᠎ᠠ ᠪᠠᠨ | ᠦᠨᠳᠦᠰᠦᠨ ᠱᠠᠲᠤᠨ ᠳᠤ ᠰᠢᠯᠵᠢᠭᠦᠯᠬᠦ ᠶᠢ ᠠᠬᠢᠭᠤᠯᠵᠤ᠂ ᠲᠠᠷᠢᠶᠠᠯᠠᠬᠤ ᠭᠠᠵᠠᠷ ᠤᠨ ᠬᠠᠤᠯᠢ ᠲᠣᠭᠲᠠᠭᠠᠯ ᠠᠴᠠ | ᠵᠥᠷᠢᠴᠡᠭᠰᠡᠨ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠬᠦ ᠶᠢᠨ ᠬᠠᠮᠲᠤ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠢ ᠰᠢᠮᠳᠠᠭᠤᠯᠤᠨ ᠪᠠᠶᠢᠴᠠᠭᠠᠬᠤ ᠪᠠᠶᠢᠭᠤᠯᠤᠮᠵᠢ ᠨᠢ ᠣᠷᠣᠨ | ᠨᠤᠲᠤᠭ ᠤᠨ ᠵᠠᠰᠠᠭ ᠤᠨ ᠣᠷᠳᠣᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠦ᠂ | ᠴᠢᠬᠤᠯᠠ ᠶᠡᠭᠡ ᠨᠡᠶᠢᠲᠡᠯᠢᠭ ᠬᠡᠷᠡᠭ ᠢ ᠢᠯᠡ ᠪᠠᠷ ᠨᠡᠪᠲᠡᠷᠡᠭᠦᠯᠦᠨ ᠮᠡᠳᠡᠭᠡᠯᠡᠬᠦ ᠪᠠ ᠨᠡᠷ᠎ᠡ ᠵᠢᠭᠠᠵᠤ ᠰᠢᠮᠳᠠᠭᠤᠯᠤᠨ | ᠭᠦᠢᠴᠡᠳᠭᠡᠯᠭᠡᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠯ ᠪᠦᠷᠢ ᠬᠠᠤᠯᠢ ᠠᠴᠠ | ᠵᠥᠷᠢᠴᠡᠨ ᠲᠠᠷᠢᠶᠠᠯᠠᠬᠤ ᠭᠠᠵᠠᠷ ᠢ ᠡᠵᠡᠯᠡᠵᠦ ᠬᠡᠷᠡᠭᠯᠡᠭᠰᠡᠨ ᠲᠠᠯᠠᠪᠠᠶ ᠶᠢᠨ ᠬᠠᠷᠢᠴᠠᠯ ᠨᠢ ᠶᠡᠭᠡ᠂ ᠲᠠᠷᠢᠶᠠᠯᠠᠬᠤ ᠪᠠᠨ | ᠪᠣᠯᠢᠵᠤ ᠠᠲᠠᠷᠰᠢᠭᠤᠯᠤᠭᠰᠠᠨ ᠪᠠᠶᠢᠳᠠᠯ ᠢᠶᠠᠷ ᠬᠦᠨᠳᠦ ᠨᠣᠴᠢᠲᠠᠶ ᠪᠠᠶᠢᠭ᠎ᠠ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ ︶ ᠢ ᠡᠳᠦᠢ ᠲᠡᠳᠦᠢ ᠰᠣᠩᠭᠤᠵᠤ ᠰᠢᠮᠳᠠᠭᠤᠯᠵᠤ ᠪᠠᠶᠢᠴᠠᠭᠠᠭᠰᠠᠨ ᠰᠠᠨᠠᠯ ᠤᠨ ᠪᠢᠴᠢᠭ | ᠪᠠᠭᠤᠯᠭᠠᠵᠤ᠂ ᠬᠠᠮᠢᠶ᠎ᠠ ᠪᠥᠬᠦᠶ ᠬᠠᠷᠢᠭᠤᠴᠠᠯᠭᠠᠲᠠᠨ ᠯᠤᠭ᠎ᠠ ᠪᠣᠯᠵᠣᠨ ᠶᠠᠷᠢᠯᠴᠠᠨ᠎ᠠ᠂ ᠦᠢᠯᠡ ᠪᠠᠶᠢᠳᠠᠯ ᠨᠢ ᠬᠦᠨᠳᠦ | ᠨᠣᠴᠢᠲᠠᠶ ᠪᠠᠶᠢᠪᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠳᠡᠪᠰᠢᠭᠦᠯᠵᠦ | ᠬᠠᠮᠢᠶ᠎ᠠ ᠪᠥᠬᠦᠶ ᠬᠠᠷᠢᠭᠤᠴᠠᠯᠭᠠᠲᠠᠨ ᠳᠤ ᠨᠢ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠪᠦᠷᠢᠯᠡᠯᠲᠡ | ᠥᠭᠬᠦ ᠪᠠᠷ ᠳᠤᠷᠠᠳᠤᠯᠭ᠎ᠠ ᠳᠡᠪᠰᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠠᠯᠢ ᠶᠢᠨ ᠡᠬᠢ | ᠪᠠᠶᠠᠯᠢᠭ ᠤᠨ ᠬᠠᠤᠯᠢ ᠬᠡᠷᠡᠭᠵᠢᠭᠦᠯᠬᠦ ᠶᠢ ᠬᠠᠷᠢᠭᠤᠴᠠᠵᠤ ᠪᠠᠶᠢᠭ᠎ᠠ ᠪᠠᠶᠢᠭᠤᠯᠤᠮᠵᠢ ᠨᠢ ᠲᠠᠷᠢᠶᠠᠯᠠᠬᠤ ᠭᠠᠵᠠᠷ ᠢ | ᠰᠦᠢᠳᠭᠡᠵᠦ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠯᠵᠢᠭᠦᠯᠦᠨ ᠲᠤᠰᠢᠶᠠᠬᠤ | ᠡᠷᠴᠢᠮ ᠢᠶᠠᠨ ᠴᠢᠩᠭᠠᠷᠠᠭᠤᠯᠵᠤ᠂ ᠬᠦᠴᠦᠲᠡᠢ ᠳᠠᠷᠤᠯᠲᠠ ᠦᠵᠡᠭᠦᠯᠦᠨ ᠰᠦᠷᠳᠡᠭᠦᠯᠬᠦ ᠪᠠᠶᠢᠳᠠᠯ ᠢ ᠪᠣᠶ ᠪᠣᠯᠭᠠᠬᠤ | ᠬᠡᠷᠡᠭᠲᠡᠶ᠃ | ᠬᠤᠶᠠᠷ᠂ ᠲᠠᠷᠢᠶᠠᠯᠠᠬᠤ ᠭᠠᠵᠠᠷ ᠤᠨ ᠲᠥᠯᠥᠪᠵᠢᠭᠦᠯᠭᠡ ᠪᠠ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠪᠠᠨ ᠪᠦᠬᠦ | ᠲᠠᠯ᠎ᠠ ᠪᠠᠷ ᠴᠢᠩᠭᠠᠳᠬᠠᠵᠤ᠂ ᠪᠦᠲᠦᠭᠡᠨ ᠪᠠᠶᠢᠭᠤᠯᠤᠯᠲᠠ ᠳᠤ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ | ᠬᠢᠵᠠᠭᠠᠷᠯᠠᠨ᠎ᠠ | ︵ᠵᠢᠷᠭᠤᠭ᠎ᠠ︶ ᠲᠠᠷᠢᠶᠠᠯᠠᠬᠤ ᠭᠠᠵᠠᠷ ᠤᠨ ᠲᠥᠯᠥᠪᠵᠢᠭᠦᠯᠵᠦ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ | ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠶ ᠭᠤᠷᠪᠠᠨ ᠲᠥᠷᠥᠯ ᠤᠨ | ᠣᠷᠣᠨ ᠵᠠᠶ ᠶᠢ ᠵᠣᠬᠢᠰᠲᠠᠶ ᠬᠤᠪᠢᠶᠠᠷᠢᠯᠠᠵᠤ ᠲᠣᠭᠲᠠᠭᠠᠨ᠂ ᠭᠠᠵᠠᠷ ᠰᠢᠷᠣᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ | ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠎ᠠ᠃ ᠰᠢᠨ᠎ᠡ ᠪᠠᠷ ᠨᠡᠮᠡᠭᠳᠡᠭᠦᠯᠬᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠲᠥᠯᠥᠪᠯᠡᠨ ᠲᠣᠬᠢᠷᠠᠭᠤᠯᠬᠤ ᠬᠢᠭᠡᠳ ᠭᠠᠵᠠᠷ ᠰᠢᠷᠣᠶ ᠶᠢ ᠠᠷᠪᠢᠲᠠᠶ | ᠡᠷᠴᠢᠮᠯᠢᠭ᠌ ᠠᠰᠢᠭᠯᠠᠬᠤ ᠬᠢᠷᠢ ᠬᠡᠮᠵᠢᠶ᠎ᠡ᠂ ᠲᠠᠷᠢᠶᠠᠯᠠᠬᠤ ᠭᠠᠵᠠᠷ ᠢ ᠨᠦᠬᠦᠪᠦᠷᠢᠯᠡᠬᠦ ᠴᠢᠳᠠᠪᠤᠷᠢ ᠯᠤᠭ᠎ᠠ | ᠬᠤᠯᠪᠣᠭᠳᠠᠭᠤᠯᠵᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠦᠯᠡᠳᠡᠭᠡᠯ ᠬᠡᠪᠴᠢᠶ᠎ᠡ ᠪᠠᠷ ᠨᠡᠯᠢᠶᠡᠳ | ᠶᠡᠭᠡ᠂ ᠠᠰᠢᠭᠯᠠᠵᠤ ᠪᠠᠶᠢᠭ᠎ᠠ ᠨᠢ ᠪᠦᠳᠦᠭᠦᠯᠢᠭ᠂ ᠲᠠᠷᠢᠶᠠᠯᠠᠬᠤ ᠭᠠᠵᠠᠷ ᠤᠨ ᠪᠡᠯᠡᠳᠬᠡᠯ ᠡᠬᠢ ᠪᠠᠶᠠᠯᠢᠭ ᠨᠢ ᠭᠦᠢᠴᠡᠳ | ᠪᠤᠰᠤ ᠪᠠᠶᠢᠭ᠎ᠠ ᠭᠠᠵᠠᠷ ᠣᠷᠣᠨ ᠳᠤ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠢ | ᠲᠣᠬᠢᠷᠠᠮᠵᠢᠲᠠᠢ ᠲᠣᠬᠢᠷᠠᠭᠤᠯᠤᠯᠲᠠ ᠬᠢᠵᠦ ᠪᠠᠭᠠᠰᠬᠠᠨ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠥᠲᠥᠯᠥᠨ ᠵᠢᠯᠣᠭᠤᠳᠴᠤ ᠪᠠᠶᠢᠭᠠᠳ ᠠᠯᠢ ᠪᠣᠯᠬᠤ ᠪᠠᠷ ᠲᠠᠷᠢᠶᠠᠯᠠᠬᠤ ᠭᠠᠵᠠᠷ ᠢ ᠡᠵᠡᠯᠡᠭᠦᠯᠬᠦ ᠦᠭᠡᠶ ᠪᠤᠶᠤ | ᠪᠠᠭ᠎ᠠ ᠡᠵᠡᠯᠡᠭᠦᠯᠦᠨ᠎ᠡ᠃ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠨ | ᠬᠡᠷᠡᠭᠯᠡᠬᠦ ᠲᠠᠯ᠎ᠠ ᠶᠢᠨ ᠨᠤᠲᠠᠯᠠᠯᠲᠠ ᠬᠢᠬᠦ ᠪᠠᠨ ᠴᠢᠩᠭᠠᠳᠬᠠᠨ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠬᠦ ᠬᠡᠪᠴᠢᠶ᠎ᠡ ᠶᠢ ᠴᠢᠩᠭ᠎ᠠ ᠬᠢᠨᠠᠨ ᠲᠣᠭᠲᠠᠭᠠᠵᠤ᠂ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠠᠴᠠ ᠵᠥᠷᠢᠴᠡᠨ ᠳᠤᠷ᠎ᠠ ᠪᠠᠷ ᠢᠶᠠᠨ ᠭᠠᠵᠠᠷ ᠰᠣᠩᠭᠤᠨ ᠲᠠᠷᠢᠶᠠᠯᠠᠬᠤ ᠭᠠᠵᠠᠷ ᠢ ᠡᠵᠡᠯᠡᠨ | ᠬᠡᠷᠡᠭᠯᠡᠬᠦ ᠶᠢ ᠡᠷᠡᠰ ᠬᠤᠷᠢᠭᠯᠠᠨ᠎ᠠ᠃ ᠱᠠᠭᠠᠷᠳᠠᠯᠭ᠎ᠠ ᠶᠣᠰᠣᠭᠠᠷ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠴᠡᠭᠴᠡᠯᠡᠨ ᠰᠠᠶᠢᠵᠢᠷᠠᠭᠤᠯᠵᠤ ᠨᠥᠬᠦᠪᠥᠷᠢᠯᠡᠨ ᠬᠤᠪᠢᠶᠠᠷᠢᠯᠠᠬᠤ ᠠᠵᠢᠯ ᠢ ᠥᠷᠨᠢᠭᠦᠯᠵᠦ᠂ ᠦᠨᠢᠳᠡ ᠶᠢᠨ ᠦᠨᠳᠦᠰᠦᠨ | ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠪᠠ ᠲᠣᠬᠢᠷᠠᠭᠤᠯᠬᠤ ᠶᠢᠨ ᠣᠨᠣᠪᠴᠢᠲᠤ ᠴᠢᠨᠠᠷ᠂ ᠰᠢᠨᠵᠢᠯᠡᠬᠦ | ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠯᠠᠬᠤ ᠭᠠᠵᠠᠷ ᠢᠯᠠᠩᠭᠤᠶ᠎ᠠ ᠦᠨᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ | ︵ᠳᠣᠯᠤᠭ᠎ᠠ︶ ᠲᠠᠷᠢᠶᠠᠯᠠᠬᠤ ᠭᠠᠵᠠᠷ ᠤᠨ ᠬᠡᠷᠡᠭᠴᠡᠭᠡ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠨ᠎ᠠ᠃ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠨᠢ ᠬᠤᠷᠢᠭᠯᠠᠨ ᠵᠣᠭᠰᠣᠭᠠᠬᠤ | ᠲᠤᠬᠠᠶ ᠲᠥᠪ ᠤᠨ ᠬᠠᠮᠢᠶ᠎ᠠ ᠪᠦᠬᠦᠢ ᠲᠣᠭᠲᠠᠭᠠᠯ ᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ | ᠵᠢᠷᠭᠤᠭ᠎ᠠ ᠶᠢ ᠴᠢᠩᠭ᠎ᠠ ᠴᠠᠭᠠᠵᠠᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠬᠤ ᠭᠠᠵᠠᠷ ᠢ | ︽ᠠᠮᠤ ᠪᠤᠳᠠᠭᠠᠨ ᠤ ᠪᠤᠰᠤ ᠪᠣᠯᠭᠠᠬᠤ︾ ᠶᠢ ᠨᠢ ᠬᠤᠷᠢᠭᠯᠠᠨ᠎ᠠ᠃ ᠲᠠᠷᠢᠶᠠᠯᠠᠬᠤ ᠭᠠᠵᠠᠷ ᠪᠠ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠪᠤᠰᠤᠳ ᠲᠠᠷᠢᠶᠠᠯᠠᠩ ᠳᠤ | ᠬᠡᠷᠡᠭᠯᠡᠬᠦ ᠭᠠᠵᠠᠷ ᠲᠡᠶᠢᠰᠢ ᠬᠤᠪᠢᠷᠠᠭᠤᠯᠬᠤ ᠶᠢ ᠨᠢ ᠵᠠᠬᠢᠷᠤᠨ ᠬᠠᠮᠢᠶᠠᠷᠬᠤ ᠪᠠᠨ ᠤᠯᠠᠮ ᠨᠢᠭᠡ ᠠᠯᠬᠤᠮ ᠴᠢᠩᠭᠠᠳᠬᠠᠵᠤ | ᠂ ᠲᠡᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠨᠢ ᠬᠤᠷᠢᠭᠯᠠᠨ ᠵᠣᠭᠰᠣᠭᠠᠨ᠎ᠠ︔ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠳᠣᠲᠣᠭᠠᠳᠤ ᠳᠠᠬᠢ ᠲᠠᠷᠢᠶᠠᠯᠠᠬᠤ ᠭᠠᠵᠠᠷ ᠢ ᠣᠶᠢᠲᠤ ᠭᠠᠵᠠᠷ᠂ ᠴᠡᠴᠡᠷᠯᠢᠭᠳᠦ | ᠭᠠᠵᠠᠷ᠂ ᠪᠡᠯᠴᠢᠭᠡᠷ ᠭᠠᠵᠠᠷ᠂ ᠲᠠᠷᠢᠶᠠᠯᠠᠩ ᠤᠨ ᠪᠡᠯᠡᠳᠬᠡᠮᠵᠢ ᠳᠤ ᠬᠡᠷᠡᠭᠯᠡᠬᠦ ᠭᠠᠵᠠᠷ ᠵᠡᠷᠭᠡ ᠲᠡᠶᠢᠰᠢ | ᠬᠤᠪᠢᠷᠠᠭᠤᠯᠬᠤ ᠶᠢ ᠨᠢ ᠵᠠᠬᠢᠷᠤᠨ ᠬᠠᠮᠢᠶᠠᠷᠬᠤ ᠪᠠᠨ ᠴᠢᠩᠭᠠᠳᠬᠠᠵᠤ᠂ ᠲᠠᠷᠢᠶᠠᠯᠠᠬᠤ ᠭᠠᠵᠠᠷ ᠢ ︽ᠠᠮᠤ ᠪᠤᠳᠠᠭᠠᠨ ᠤ | ᠪᠤᠰᠤ ᠪᠣᠯᠭᠠᠬᠤ︾ ᠶᠢ ᠨᠢ ᠬᠤᠷᠢᠭᠯᠠᠨ᠎ᠠ᠃ ᠲᠠᠷᠢᠶᠠᠯᠠᠬᠤ ᠭᠠᠵᠠᠷ ᠤᠨ ᠠᠰᠢᠭᠯᠠᠯᠲᠠ ᠶᠢᠨ ᠲᠡᠷᠢᠭᠦᠨ ᠳᠤ ᠬᠡᠷᠡᠭᠯᠡᠬᠦ | ᠳᠠᠷᠠᠭᠠᠯᠠᠯ ᠢ ᠲᠣᠳᠣᠷᠬᠠᠶ ᠲᠣᠭᠲᠠᠭᠠᠨ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ ᠢ ᠠᠮᠤ ᠪᠤᠳᠠᠭ᠎ᠠ ᠢᠯᠠᠩᠭᠤᠶ᠎ᠠ | ᠬᠦᠨᠡᠰᠦᠨ ᠠᠮᠤ ᠶᠢᠨ ᠦᠢᠯᠡᠳᠪᠦᠷᠢᠯᠡᠯ ᠳᠤ ᠭᠤᠣᠯᠳᠠᠯᠭ᠎ᠠ ᠲᠠᠢ ᠬᠡᠷᠡᠭᠯᠡᠵᠦ᠂ ᠡᠩ ᠤᠨ ᠲᠠᠷᠢᠶᠠᠯᠠᠬᠤ ᠭᠠᠵᠠᠷ ᠢ | ᠭᠤᠣᠯᠳᠠᠭᠤ ᠠᠮᠤ ᠪᠤᠳᠠᠭ᠎ᠠ ᠪᠠ ᠬᠥᠪᠥᠩ᠂ ᠲᠣᠰᠣ᠂ ᠰᠢᠬᠢᠷ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠤᠨ | ᠪᠦᠲᠦᠭᠡᠭᠳᠡᠬᠦᠨ ᠵᠢᠴᠢ ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠳᠤ ᠬᠡᠷᠡᠭᠯᠡᠨ᠎ᠡ᠃ | ︵ᠨᠠᠢᠮᠠ︶ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ | ᠴᠢᠩᠭᠠᠷᠠᠭᠤᠯᠤᠨ᠎ᠠ᠃ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠡᠷᠴᠢᠮ ᠢ ᠤᠯᠠᠮ ᠨᠢᠭᠡ | ᠠᠯᠬᠤᠮ ᠴᠢᠩᠭᠠᠷᠠᠭᠤᠯᠤᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ ᠲᠣᠭᠲᠠᠭᠠᠬᠤ ᠪᠠ | ᠬᠠᠮᠠᠭᠠᠯᠠᠬᠤ ᠶᠢ ᠴᠢᠩᠳᠠᠯᠠᠵᠤ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯ ᠳᠠᠬᠢ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠢᠵᠠᠭᠠᠷᠯᠠᠯ ᠢ ᠴᠢᠩᠭᠠᠷᠠᠭᠤᠯᠤᠨ᠎ᠠ᠃ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠢ ᠬᠠᠤᠯᠢ ᠶᠣᠰᠣᠭᠠᠷ ᠬᠤᠪᠢᠶᠠᠷᠢᠯᠠᠵᠤ ᠲᠣᠭᠲᠠᠭᠠᠭᠰᠠᠨ ᠤ ᠳᠠᠷᠠᠭ᠎ᠠ᠂ ᠶᠠᠮᠠᠷᠪᠠ ᠨᠢᠭᠡᠴᠢ ᠪᠠ ᠬᠤᠪᠢ | ᠬᠥᠮᠦᠨ ᠭᠡᠳ ᠳᠤᠷ᠎ᠠ ᠪᠠᠷ ᠢᠶᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠶᠢ ᠨᠢ ᠬᠤᠪᠢᠷᠠᠭᠤᠯᠵᠤ ᠪᠣᠯᠬᠤ ᠥᠬᠡᠶ᠃ | ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠰᠠᠭᠤᠷᠢ ᠪᠡᠯᠡᠳᠬᠡᠮᠵᠢ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ | ᠠᠵᠢᠯ ᠢ ᠪᠠᠶᠢᠷᠢᠰᠢᠭᠤᠯᠬᠤ ᠳᠤ ᠪᠠᠨ ᠡᠷᠬᠡᠪᠰᠢ ᠥᠨᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠪᠠᠶᠢᠷᠢᠰᠢᠭᠤᠯᠤᠯ ᠯᠤᠭ᠎ᠠ ᠭᠦᠢᠴᠡᠳ ᠵᠣᠯᠭᠠᠯᠳᠤᠭᠤᠯᠬᠤ ᠬᠡᠷᠡᠭᠲᠡᠶ᠂ ᠵᠠᠷᠴᠢᠮ ᠳᠡᠭᠡᠷ᠎ᠡ ᠪᠠᠨ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠤᠨ ᠵᠠᠭᠠᠭ ᠬᠢᠵᠠᠭᠠᠷ ᠠᠴᠠ ᠳᠠᠪᠠᠭᠤᠯᠵᠤ ᠪᠣᠯᠬᠤ ᠦᠭᠡᠶ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠪᠠ ︽ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠨᠦᠬᠡᠨ ᠭᠡᠷ ᠮᠠᠯᠲᠠᠬᠤ᠂ ᠭᠡᠷ ᠪᠠᠶᠢᠰᠢᠩ ᠪᠠᠷᠢᠬᠤ᠂ | ᠪᠤᠯᠠᠰᠢ ᠶᠢᠨ ᠭᠠᠵᠠᠷ ᠪᠣᠯᠭᠠᠬᠤ᠂ ᠬᠠᠶᠢᠷ ᠮᠠᠯᠲᠠᠬᠤ᠂ ᠴᠢᠯᠠᠭᠤ ᠭᠠᠷᠭᠠᠬᠤ᠂ ᠠᠭᠤᠷᠬᠠᠶ ᠮᠠᠯᠲᠠᠬᠤ᠂ ᠰᠢᠷᠣᠶ ᠠᠪᠬᠤ᠂ | ᠬᠠᠲᠠᠭᠤ ᠪᠡᠶᠡᠲᠦ ᠬᠠᠶᠠᠭᠳᠠᠮᠠᠯ ᠡᠳ᠋ ᠣᠪᠣᠭᠠᠯᠠᠬᠤ ᠪᠤᠶᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠪᠳᠡᠭᠰᠡᠨ | ᠪᠤᠰᠤᠳ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ | ᠡᠵᠡᠯᠡᠨ ᠬᠡᠷᠡᠭᠯᠡᠵᠦ ᠣᠶ ᠰᠢᠭᠤᠶ ᠵᠢᠮᠢᠰ ᠤᠨ ᠦᠢᠯᠡᠰ ᠢ ᠬᠥᠭᠵᠢᠭᠦᠯᠬᠦ ᠪᠠ ᠨᠠᠭᠤᠷ ᠭᠠᠷᠭᠠᠵᠤ ᠵᠢᠭᠠᠰᠤ ᠲᠡᠵᠢᠭᠡᠬᠦ ᠶᠢ | ᠴᠠᠭᠠᠵᠠᠯᠠᠨ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠲᠠᠯᠪᠢᠬᠤ ᠪᠠ ᠠᠲᠠᠷᠰᠢᠭᠤᠯᠬᠤ ᠶᠢ ᠬᠤᠷᠢᠭᠯᠠᠨ | ᠴᠠᠭᠠᠵᠠᠯᠠᠨ᠎ᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠳᠤ ᠠᠯᠢ | ᠴᠢᠳᠠᠬᠤ ᠪᠠᠷ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠲᠠᠢ ᠪᠠᠶᠢᠯᠭᠠᠨ᠎ᠠ᠃ ᠲᠥᠷᠥ ᠶᠢᠨ | ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠪᠠ | ᠲᠠᠷᠢᠶᠠᠯᠠᠬᠤ ᠶᠢ ᠨᠢ ᠵᠣᠭᠰᠣᠭᠠᠬᠤ ᠠᠮᠢ ᠠᠬᠤᠶ ᠶᠢᠨ ᠲᠥᠷᠥᠯ ᠵᠦᠢᠯ ᠳᠤ ᠪᠣᠯ ᠨᠦᠬᠦᠪᠦᠷᠢᠯᠡᠨ ᠬᠤᠪᠢᠶᠠᠷᠢᠯᠠᠬᠤ ᠶᠢ | ᠪᠡᠶᠡᠯᠡᠭᠦᠯᠵᠦ ᠳᠡᠶᠢᠯᠬᠦ ᠤᠷᠢᠲᠠᠯ ᠳᠣᠣᠷ᠎ᠠ᠂ ᠲᠥᠷᠥᠯ ᠵᠦᠢᠯ ᠤᠨ ᠲᠣᠭᠤᠷᠢᠭ ᠲᠠᠬᠢ ᠲᠠᠷᠢᠶᠠᠯᠠᠬᠤ ᠭᠠᠵᠠᠷ ᠤᠨ ᠴᠢᠨᠠᠷ | ᠳᠡᠰ ᠨᠢ ᠳᠣᠣᠷ᠎ᠠ᠂ ᠨᠠᠯᠠᠤ ᠶᠢᠨ ᠲᠠᠯᠠᠪᠠᠢ ᠨᠢ ᠶᠡᠭᠡ᠂ ᠲᠠᠷᠠᠬᠠᠢ ᠪᠠᠶᠢᠭ᠎ᠠ ᠥᠨᠢᠳᠡ ᠶᠢᠨ ᠦᠨᠳᠦᠰᠦᠨ ᠲᠠᠷᠢᠶᠠᠨ | ᠭᠠᠵᠠᠷ ᠲᠤ ᠲᠠᠷᠢᠶᠠᠯᠠᠬᠤ ᠶᠢ ᠨᠢ ᠵᠣᠭᠰᠣᠭᠠᠬᠤ ᠶᠢ ᠤᠷᠢᠳ ᠢᠶᠠᠷ ᠬᠡᠷᠡᠭᠵᠢᠭᠦᠯᠦᠨ᠎ᠡ᠃ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠢ ᠰᠣᠩᠭᠤᠬᠤ ᠳᠤ ᠥᠨᠢᠳᠡ ᠶᠢᠨ ᠦᠨᠳᠦᠰᠦᠨ | ᠲᠠᠷᠢᠶᠠᠨ ᠭᠠᠵᠠᠷ ᠠᠴᠠ ᠵᠠᠶᠢᠲᠠᠢ ᠪᠠᠶᠢᠯᠭᠠᠵᠤ᠂ ᠤᠯᠤᠰ ᠤᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ | ᠴᠡᠷᠢᠭ ᠤᠨ ᠶᠠᠪᠤᠳᠠᠯ ᠤᠨ ᠪᠡᠯᠡᠳᠬᠡᠮᠵᠢ ᠵᠡᠷᠭᠡ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠭᠠᠵᠠᠷ ᠢ ᠰᠣᠩᠭᠤᠬᠤ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠲᠠᠢ ᠭᠠᠵᠠᠷ ᠢ | ᠰᠣᠩᠭᠤᠬᠤ ᠳᠤ ᠪᠡᠷᠬᠡᠲᠡᠶ ᠪᠠᠶᠢᠪᠠᠯ᠂ ᠡᠷᠬᠡᠪᠰᠢ ᠪᠣᠯᠤᠮᠵᠢᠲᠤ ᠰᠤᠳᠤᠯᠤᠯ ᠬᠢᠵᠦ ᠪᠠᠶᠢᠭ᠎ᠠ ᠱᠠᠲᠤᠨ ᠳᠤ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢᠨ ᠴᠢᠬᠤᠯᠠ ᠴᠢᠨᠠᠷ᠂ ᠵᠦᠢ ᠶᠣᠰᠣᠴᠢ ᠴᠢᠨᠠᠷ ᠪᠠ | ᠨᠥᠬᠦᠪᠥᠷᠢᠯᠡᠨ ᠬᠤᠪᠢᠶᠠᠷᠢᠯᠠᠬᠤ ᠲᠥᠰᠦᠯ ᠤᠨ ᠪᠣᠯᠤᠮᠵᠢᠲᠤ ᠴᠢᠨᠠᠷ ᠲᠤ ᠴᠢᠩᠭ᠎ᠠ ᠨᠤᠲᠠᠯᠠᠯᠲᠠ ᠬᠢᠵᠦ᠂ ᠬᠤᠰᠢᠭᠤ | ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢᠨ ᠲᠥᠯᠥᠪᠵᠢᠭᠦᠯᠭᠡ ᠳᠤ ᠳᠤᠷ᠎ᠠ ᠪᠠᠷ ᠢᠶᠠᠨ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ ᠥᠨᠢᠳᠡ ᠶᠢᠨ | ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠪᠠᠨ ᠬᠢᠨᠠᠨ ᠵᠥᠪᠰᠢᠶᠡᠷᠡᠭᠦᠯᠬᠦ ᠠᠴᠠ ᠳᠠᠯᠳᠠᠯᠠᠨ ᠵᠠᠶᠢᠯᠠᠬᠤ ᠶᠢ ᠨᠢ | ᠴᠢᠩᠭ᠎ᠠ ᠬᠤᠷᠢᠭᠯᠠᠨ᠎ᠠ᠃ | ︵ᠶᠢᠰᠦ︶ ᠮᠠᠯᠴᠢᠨ ᠲᠠᠷᠢᠶᠠᠴᠢᠳ ᠤᠨ ᠲᠠᠷᠢᠶᠠᠯᠠᠬᠤ ᠭᠠᠵᠠᠷ ᠢ ᠡᠵᠡᠯᠡᠨ ᠭᠡᠷ ᠪᠠᠶᠢᠰᠢᠩ ᠪᠠᠷᠢᠬᠤ ᠲᠠᠯ᠎ᠠ ᠶᠢᠨ | ᠬᠠᠮᠢᠶᠠᠷᠤᠯᠲᠠ ᠶᠢ ᠴᠢᠩᠳᠠᠯᠠᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢᠨ ᠨᠠᠶᠢᠷᠠᠭᠤᠯᠤᠨ ᠵᠣᠬᠢᠶᠠᠬᠤ ᠠᠵᠢᠯ ᠢ | ᠢᠳᠡᠪᠬᠢᠲᠡᠶ ᠪᠥᠭᠡᠳ ᠡᠮᠬᠢ ᠵᠢᠷᠤᠮ ᠲᠠᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ | ᠴᠡᠭ ᠲᠤ ᠬᠡᠷᠡᠭᠯᠡᠬᠦ ᠭᠠᠵᠠᠷ ᠤᠨ ᠪᠠᠶᠢᠷᠢᠰᠢᠭᠤᠯᠤᠯ ᠪᠠ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ | ᠵᠣᠬᠢᠰᠲᠠᠶ ᠲᠣᠭᠲᠠᠭᠠᠨ᠎ᠠ᠃ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠥᠪᠯᠡᠷᠡᠭᠦᠯᠦᠨ ᠭᠡᠷ | ᠪᠠᠷᠢᠬᠤ ᠪᠤᠶᠤ ᠤᠭ ᠭᠠᠵᠠᠷ ᠲᠤ ᠨᠢ ᠳᠠᠬᠢᠨ ᠪᠠᠶᠢᠭᠤᠯᠵᠤ᠂ ᠠᠶᠢᠯ ᠲᠣᠰᠬᠤᠨ ᠤ ᠳᠣᠲᠣᠭᠠᠳᠤ ᠳᠠᠬᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠪᠠ ᠠᠰᠢᠭᠯᠠᠭᠠᠳᠤᠶ ᠭᠠᠵᠠᠷ ᠢ ᠭᠦᠢᠴᠡᠳ ᠠᠰᠢᠭᠯᠠᠨ᠂ ᠲᠠᠷᠢᠶᠠᠯᠠᠬᠤ | ᠭᠠᠵᠠᠷ ᠢ ᠠᠯᠢ ᠪᠣᠯᠬᠤ ᠪᠠᠷ ᠡᠵᠡᠯᠡᠬᠦ ᠦᠭᠡᠶ ᠪᠤᠶᠤ ᠪᠠᠭ᠎ᠠ ᠡᠵᠡᠯᠡᠭᠦᠯᠦᠨ᠎ᠡ᠃ ᠮᠠᠯᠴᠢᠨ ᠲᠠᠷᠢᠶᠠᠴᠢᠳ ᠭᠡᠷ ᠪᠠᠶᠢᠰᠢᠩ | ᠪᠠᠷᠢᠬᠤ ᠪᠠᠨ ᠵᠥᠪᠰᠢᠶᠡᠷᠡᠭᠦᠯᠦᠭᠡᠳ ᠲᠠᠷᠢᠶᠠᠯᠠᠬᠤ ᠭᠠᠵᠠᠷ ᠢ ᠦᠨᠡᠨ ᠬᠦ ᠡᠵᠡᠯᠡᠨ ᠬᠡᠷᠡᠭᠯᠡᠬᠦ ᠴᠢᠬᠤᠯᠠᠲᠠᠢ ᠪᠣᠯ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠭᠠᠵᠠᠷ ᠢ | ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠢ ᠪᠠᠶᠢᠯᠭᠠᠬᠤ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ | ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠭᠡᠷ ᠪᠠᠶᠢᠰᠢᠩ ᠪᠠᠷᠢᠬᠤ ᠶᠢ ᠴᠢᠩᠭ᠎ᠠ ᠴᠠᠭᠠᠵᠠᠯᠠᠵᠤ᠂ ︽ | ᠨᠢᠭᠡ ᠡᠷᠦᠬᠡ ᠳᠤ ᠨᠢᠭᠡ ᠣᠷᠣᠨ ᠰᠠᠭᠤᠴᠠ ᠶᠢᠨ ᠰᠠᠭᠤᠷᠢ ᠭᠠᠵᠠᠷ ᠲᠠᠢ ᠪᠠᠶᠢᠯᠭᠠᠬᠤ︾ ᠳᠦᠷᠢᠮ ᠪᠠ ᠬᠠᠤᠯᠢ | ᠴᠠᠭᠠᠵᠠ ᠬᠠᠤᠯᠢ ᠲᠣᠭᠲᠠᠭᠠᠯ ᠳᠤ ᠲᠣᠳᠣᠷᠬᠠᠢ ᠲᠣᠭᠲᠠᠭᠠᠭᠰᠠᠨ ᠣᠷᠣᠨ ᠰᠠᠭᠤᠴᠠ ᠶᠢᠨ ᠰᠠᠭᠤᠷᠢ ᠭᠠᠵᠠᠷ ᠤᠨ | ᠲᠠᠯᠠᠪᠠᠢ ᠶᠢᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠮᠠᠯᠴᠢᠨ ᠲᠠᠷᠢᠶᠠᠴᠢᠳ ᠤᠨ ᠭᠡᠷ ᠪᠠᠶᠢᠰᠢᠩ | ᠪᠠᠷᠢᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠢᠯᠠᠩᠭᠤᠶ᠎ᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠳᠡᠭᠡᠳᠦ ᠳᠣᠤᠷᠠᠳᠤ | ᠱᠠᠲᠤ ᠪᠠᠷ ᠢᠶᠠᠨ ᠬᠤᠯᠪᠣᠭᠠᠯᠠᠵᠤ ᠬᠥᠳᠡᠯᠦᠯᠴᠡᠭᠰᠡᠨ᠂ ᠵᠣᠬᠢᠴᠠᠯᠳᠤᠵᠤ ᠬᠠᠮᠵᠢᠯᠴᠠᠭᠰᠠᠨ᠂ ᠵᠡᠷᠭᠡ ᠳᠤ ᠨᠢ ᠠᠳᠬᠤᠵᠤ | ᠬᠠᠮᠲᠤ ᠪᠠᠷ ᠬᠠᠮᠢᠶᠠᠷᠤᠭᠰᠠᠨ ᠮᠠᠯᠴᠢᠨ ᠲᠠᠷᠢᠶᠠᠴᠢᠳ ᠤᠨ ᠭᠡᠷ ᠪᠠᠶᠢᠰᠢᠩ ᠪᠠᠷᠢᠬᠤ ᠶᠢ ᠨᠢ ᠬᠠᠮᠢᠶᠠᠷᠤᠨ ᠡᠵᠡᠮᠳᠡᠬᠦ | ᠪᠠᠶᠢᠷᠢᠰᠢᠯ ᠢ ᠪᠣᠶ ᠪᠣᠯᠭᠠᠨ᠎ᠠ᠃ | ︵ᠠᠷᠪᠠ︶ ᠭᠠᠵᠠᠷ ᠰᠢᠷᠣᠶ ᠶᠢ ᠰᠢᠯᠵᠢᠭᠦᠯᠦᠨ ᠡᠷᠭᠢᠯᠳᠦᠭᠦᠯᠵᠦ ︽ᠲᠠᠷᠢᠶᠠᠯᠠᠩ ᠤᠨ ᠪᠤᠰᠤ ᠪᠣᠯᠭᠠᠬᠤ︾ ᠶᠢ | ᠴᠢᠩᠭ᠎ᠠ ᠰᠡᠷᠭᠡᠶᠢᠯᠡᠨ᠎ᠡ᠃ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠪᠠ | ᠪᠠᠷᠢᠴᠠᠭᠠᠯᠠᠬᠤ᠂ ᠳᠠᠭᠠᠭᠠᠯᠲᠠ ᠬᠢᠬᠦ ᠵᠡᠷᠭᠡ ᠶᠢ ᠡᠷᠬᠡᠪᠰᠢ ᠲᠥᠯᠥᠪᠵᠢᠭᠦᠯᠭᠡ᠂ ᠬᠡᠷᠡᠭᠴᠡᠭᠡ ᠪᠠᠷ ᠵᠠᠬᠢᠷᠤᠨ ᠬᠠᠮᠢᠶᠠᠷᠬᠤ | ᠪᠠ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢᠶᠠᠷ ᠤᠷᠢᠲᠠᠯ ᠪᠣᠯᠭᠠᠭᠰᠠᠨ ᠪᠠᠶᠢᠳᠠᠯ | ᠳᠣᠣᠷ᠎ᠠ ᠶᠠᠪᠤᠭᠳᠠᠭᠤᠯᠤᠨ᠎ᠠ᠃ ᠲᠠᠷᠢᠶᠠᠯᠠᠩ ᠤᠨ ᠭᠠᠵᠠᠷ ᠢ ᠲᠠᠷᠢᠶᠠᠯᠠᠩ ᠳᠤ ᠬᠡᠷᠡᠭᠯᠡᠬᠦ ᠶᠢ ᠪᠠᠷᠢᠮᠲᠠᠯᠠᠨ᠂ | ᠲᠠᠷᠢᠶᠠᠯᠠᠩ ᠤᠨ ᠭᠠᠵᠠᠷ ᠢ ᠰᠢᠯᠵᠢᠭᠦᠯᠦᠨ ᠡᠷᠭᠢᠯᠳᠦᠭᠦᠯᠬᠦ ᠨᠡᠷ᠎ᠡ ᠪᠠᠷ ᠲᠠᠷᠢᠶᠠᠯᠠᠩ ᠤᠨ ᠪᠤᠰᠤ ᠪᠦᠲᠦᠭᠡᠨ | ᠪᠠᠶᠢᠭᠤᠯᠤᠯᠲᠠ ᠬᠢᠵᠦ ᠪᠣᠯᠬᠤ ᠦᠭᠡᠶ᠃ ᠲᠠᠷᠢᠶᠠᠯᠠᠩ ᠤᠨ ᠦᠢᠯᠡᠳᠪᠦᠷᠢᠯᠡᠯ ᠤᠨ ᠪᠦᠲᠦᠴᠡ ᠶᠢᠨ ᠲᠣᠬᠢᠷᠠᠭᠤᠯᠤᠯᠲᠠ | ᠬᠢᠬᠦ ᠳᠤ ᠪᠠᠨ ᠲᠠᠷᠢᠶᠠᠯᠠᠬᠤ ᠭᠠᠵᠠᠷ ᠤᠨ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠶ᠂ ᠲᠠᠷᠢᠶᠠᠯᠠᠬᠤ | ᠳᠠᠪᠬᠤᠷᠭ᠎ᠠ ᠶᠢ ᠰᠦᠢᠳᠬᠡᠵᠦ ᠪᠣᠯᠬᠤ ᠦᠭᠡᠶ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ | ᠵᠣᠬᠢᠶᠠᠨ ᠪᠠᠶᠢᠭᠤᠯᠤᠯᠲᠠ ᠪᠠ ᠲᠠᠷᠢᠶᠠᠯᠠᠬᠤ ᠭᠠᠵᠠᠷ ᠤᠨ ᠳᠠᠭᠠᠭᠠᠴᠢᠯᠠᠨ ᠡᠵᠡᠩᠨᠡᠬᠦ ᠡᠷᠬᠡᠲᠦ ᠬᠥᠮᠦᠨ ᠨᠢ ᠲᠠᠷᠢᠶᠠᠯᠠᠬᠤ | ᠭᠠᠵᠠᠷ ᠢ ᠬᠠᠮᠠᠭᠠᠯᠠᠬᠤ ᠪᠠ ᠵᠣᠬᠢᠰᠲᠠᠶ ᠠᠰᠢᠭᠯᠠᠬᠤ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠵᠦ᠂ ᠲᠠᠷᠢᠶᠠᠯᠠᠬᠤ | ᠭᠠᠵᠠᠷ ᠢ ᠠᠲᠠᠷᠰᠢᠭᠤᠯᠬᠤ᠂ ᠰᠤᠯᠠ ᠲᠠᠯᠪᠢᠬᠤ᠂ ᠬᠡᠷᠡᠭᠴᠡᠭᠡ ᠶᠢ ᠨᠢ ᠬᠤᠪᠢᠷᠠᠭᠤᠯᠬᠤ ᠵᠢᠴᠢ ᠲᠠᠷᠢᠶᠠᠯᠠᠬᠤ ᠭᠠᠵᠠᠷ ᠢ | ᠰᠦᠢᠳᠬᠡᠬᠦ ᠪᠤᠰᠤᠳ ᠦᠢᠯᠡ ᠠᠵᠢᠯᠯᠠᠭ᠎ᠠ ᠬᠢᠬᠦ ᠶᠢ ᠨᠢ ᠴᠢᠩᠭ᠎ᠠ ᠴᠠᠭᠠᠵᠠᠯᠠᠨ᠎ᠠ᠃ | ᠭᠤᠷᠪᠠ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ | ᠬᠠᠮᠢᠶᠠᠷᠤᠯᠲᠠ ᠶᠢ ᠴᠢᠩᠭᠠᠳᠬᠠᠵᠤ᠂ ᠨᠥᠬᠦᠪᠥᠷᠢᠯᠡᠭᠰᠡᠨ ᠲᠠᠷᠢᠶᠠᠯᠠᠬᠤ ᠭᠠᠵᠠᠷ ᠤᠨ ᠴᠢᠨᠠᠷ ᠢ ᠦᠨᠡᠨ ᠬᠦ ᠪᠠᠲᠤᠯᠠᠨ᠎ᠠ | ︵ᠠᠷᠪᠠᠨ ᠨᠢᠭᠡ︶ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠳᠤ | ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠪᠡᠯ᠂ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠡᠭᠦᠷᠭᠡ ᠲᠠᠢ ᠨᠢᠭᠡᠴᠢ ᠨᠢ | ᠡᠷᠬᠡᠪᠰᠢ ᠲᠡᠷᠢᠶᠠᠯᠠᠬᠤ ᠭᠠᠵᠠᠷ ᠢ ᠨᠥᠬᠦᠪᠥᠷᠢᠯᠡᠬᠦ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠂ ᠬᠡᠮᠵᠢᠶ᠎ᠡ | ᠂ ᠴᠢᠨᠠᠷ ᠢᠶᠠᠷ ᠵᠣᠬᠢᠴᠠᠯᠳᠤᠭᠰᠠᠨ ᠲᠠᠷᠢᠶᠠᠯᠠᠬᠤ ᠭᠠᠵᠠᠷ ᠢ ᠥᠪᠡᠰᠦᠪᠡᠨ ᠨᠥᠬᠦᠪᠥᠷᠢᠯᠡᠬᠦ ᠶᠢᠨ ᠠᠷᠭ᠎ᠠ ᠦᠭᠡᠶ ᠪᠣᠯ | ᠲᠠᠷᠢᠶᠠᠯᠠᠬᠤ ᠭᠠᠵᠠᠷ ᠢ ᠬᠠᠭᠠᠯᠪᠤᠷᠢᠯᠠᠬᠤ ᠰᠦᠢᠳᠬᠡᠯ ᠢ ᠨᠢ ᠲᠣᠭᠲᠠᠭᠠᠯ ᠶᠣᠰᠣᠭᠠᠷ ᠭᠦᠢᠴᠡᠳ ᠲᠤᠰᠢᠶᠠᠬᠤ ᠬᠡᠷᠡᠭᠲᠡᠶ᠃ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠠᠷᠢᠶᠠᠯᠠᠬᠤ ᠭᠠᠵᠠᠷ ᠢ ᠡᠵᠡᠯᠡᠵᠦ ᠬᠡᠷᠡᠭᠯᠡᠪᠡᠯ ︽ᠤᠷᠢᠳ ᠢᠶᠠᠷ | ᠨᠥᠬᠦᠪᠦᠷᠢᠯᠡᠭᠡᠳ ᠳᠠᠷᠠᠭ᠎ᠠ ᠨᠢ ᠡᠵᠡᠯᠡᠬᠦ᠂ ᠨᠢᠭᠡ ᠬᠡᠰᠡᠭ ᠢ ᠡᠵᠡᠯᠡᠪᠡᠯ ᠲᠡᠷᠡ ᠨᠢᠭᠡ ᠬᠡᠰᠡᠭ ᠢ ᠨᠢ ᠨᠥᠬᠦᠪᠥᠷᠢᠯᠡᠬᠦ᠂ | ᠰᠠᠶᠢᠨ ᠭᠠᠵᠠᠷ ᠢ ᠡᠵᠡᠯᠡᠪᠡᠯ ᠰᠠᠶᠢᠨ ᠭᠠᠵᠠᠷ ᠢᠶᠠᠷ ᠨᠥᠬᠦᠪᠥᠷᠢᠯᠡᠬᠦ᠂ ᠤᠰᠤᠨ ᠲᠠᠷᠢᠶ᠎ᠠ ᠶᠢ ᠡᠵᠡᠯᠡᠪᠡᠯ ᠤᠰᠤᠨ | ᠲᠠᠷᠢᠶ᠎ᠠ ᠪᠠᠷ ᠨᠥᠬᠦᠪᠥᠷᠢᠯᠡᠬᠦ︾ ᠡᠨᠡ ᠬᠦ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠢ ᠪᠠᠶᠢᠯᠭᠠᠬᠤ | ᠱᠠᠭᠠᠷᠳᠠᠯᠭ᠎ᠠ ᠶᠢ ᠦᠨᠡᠨ ᠬᠦ ᠭᠦᠢᠴᠡᠳᠬᠡᠬᠦ ᠬᠡᠷᠡᠭᠲᠡᠶ᠃ ᠦᠢᠯᠡᠳᠪᠦᠷᠢ ᠠᠭᠤᠷᠬᠠᠶ ᠶᠢᠨ ᠬᠡᠷᠡᠭᠯᠡᠭᠡᠳ ᠬᠠᠶᠠᠭᠰᠠᠨ | ᠭᠠᠵᠠᠷ ᠪᠠ ᠬᠤᠲᠠ ᠬᠥᠳᠡᠭᠡ ᠶᠢᠨ ᠨᠡᠮᠡᠭᠳᠡᠯ ᠬᠠᠰᠤᠭᠳᠠᠯ ᠯᠤᠭ᠎ᠠ ᠬᠤᠯᠪᠣᠭᠳᠠᠭᠤᠯᠤᠭᠰᠠᠨ ᠲᠠᠷᠢᠶᠠᠯᠠᠬᠤ ᠭᠠᠵᠠᠷ ᠤᠨ | ᠭᠦᠢᠴᠡᠳᠬᠡᠯ ᠲᠤᠭ᠎ᠠ ᠶᠢ ᠬᠡᠷᠡᠭᠯᠡᠭᠰᠡᠨ ᠪᠠᠶᠢᠪᠠᠯ᠂ ᠰᠡᠷᠭᠦᠭᠡᠨ ᠬᠠᠭᠠᠯᠪᠤᠷᠢᠯᠠᠬᠤ ᠬᠠᠷᠢᠭᠤᠴᠠᠯᠭ᠎ᠠ ᠶᠢ ᠡᠭᠦᠷᠭᠡᠯᠡᠭᠰᠡᠨ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠡᠷᠬᠡᠪᠰᠢ ᠠᠮᠠᠯᠠᠭᠰᠠᠨ ᠴᠠᠭ | ᠬᠤᠭᠤᠴᠠᠭ᠎ᠠ ᠶᠣᠰᠣᠭᠠᠷ ᠲᠠᠷᠢᠶᠠᠯᠠᠬᠤ ᠭᠠᠵᠠᠷ ᠢ ᠰᠡᠷᠭᠦᠭᠡᠨ ᠬᠠᠭᠠᠯᠪᠤᠷᠢᠯᠠᠬᠤ ᠡᠭᠦᠷᠭᠡ ᠪᠠᠨ ᠪᠡᠶᠡᠯᠡᠬᠦᠯᠦᠨ᠎ᠡ᠂ | ᠬᠤᠭᠤᠴᠠᠭ᠎ᠠ ᠨᠢ ᠬᠡᠲᠦᠷᠡᠭᠰᠡᠨ ᠪᠣᠯ ᠲᠣᠰ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠷᠢᠶᠠᠯᠠᠬᠤ ᠭᠠᠵᠠᠷ ᠤᠨ | ᠵᠣᠬᠢᠬᠤ ᠭᠦᠢᠴᠡᠳᠬᠡᠯ ᠲᠤᠭ᠎ᠠ ᠶᠢ ᠰᠠᠭᠤᠯᠭᠠᠨ ᠬᠠᠰᠤᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠭᠦᠢᠴᠡᠳᠬᠡᠯ ᠲᠣᠭᠠᠨ ᠤ ᠦᠯᠡᠳᠡᠪᠦᠷᠢ ᠨᠢ ᠬᠦᠷᠦᠯᠴᠡᠬᠦ ᠥᠬᠡᠶ ᠪᠠᠶᠢᠪᠠᠯ᠂ ᠲᠡᠳᠡᠭᠡᠷ ᠤᠨ ᠪᠠᠶᠢᠭ᠎ᠠ ᠠᠶᠢᠮᠠᠭ | ᠬᠤᠲᠠ ᠨᠢ ᠨᠥᠬᠦᠪᠥᠷᠢᠯᠡᠨ᠎ᠡ᠃ ᠡᠯ᠎ᠡ ᠭᠠᠵᠠᠷ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠭᠠᠵᠠᠷ ᠰᠣᠩᠭᠤᠬᠤ ᠳᠤ ᠪᠠᠨ ᠬᠠᠷᠢᠶ᠎ᠠ ᠣᠷᠣᠨ ᠤ ᠳᠣᠲᠣᠷᠠᠬᠢ ᠲᠠᠷᠢᠶᠠᠯᠠᠬᠤ ᠭᠠᠵᠠᠷ ᠨᠥᠬᠦᠪᠦᠷᠢᠯᠡᠬᠦ ᠨᠥᠭᠡᠴᠡ ᠶᠢᠨ | ᠪᠠᠶᠢᠳᠠᠯ ᠢᠶᠠᠨ ᠭᠦᠢᠴᠡᠳ ᠪᠣᠳᠣᠯᠬᠢᠯᠠᠵᠤ᠂ ᠲᠠᠷᠢᠶᠠᠯᠠᠬᠤ ᠭᠠᠵᠠᠷ ᠢ ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ | ᠪᠠᠶᠢᠯᠭᠠᠬᠤ ᠳᠤ ᠰᠢᠶᠠᠨ ᠤ ᠬᠡᠪᠴᠢᠶ᠎ᠡ ᠳᠤ ᠪᠠᠨ ᠥᠪᠡᠰᠦᠪᠡᠨ ᠲᠡᠩᠴᠡᠭᠦᠷᠢᠲᠡᠶ ᠪᠠᠶᠢᠯᠭᠠᠬᠤ ᠪᠠᠷ ᠭᠤᠣᠯ ᠪᠣᠯᠭᠠᠨ᠂ | ᠬᠤᠲᠠ ᠶᠢᠨ ᠬᠡᠪᠴᠢᠶᠡᠨ ᠳᠠᠬᠢ ᠲᠣᠬᠢᠷᠠᠭᠤᠯᠭ᠎ᠠ ᠪᠠᠷ ᠬᠠᠪᠰᠤᠷᠤᠮᠵᠢ ᠪᠣᠯᠭᠠᠵᠤ ᠥᠪᠡᠷᠲᠡᠭᠡᠨ ᠵᠠᠰᠠᠬᠤ ᠣᠷᠣᠨ ᠤ | ᠲᠣᠬᠢᠷᠠᠮᠵᠢᠲᠠᠢ ᠨᠢᠭᠡᠳᠦᠯᠲᠡᠶ ᠲᠥᠯᠥᠪᠯᠡᠬᠦ ᠪᠠᠷ ᠨᠥᠬᠦᠪᠥᠷᠢ ᠪᠣᠯᠭᠠᠨ᠎ᠠ᠃ | ︵ᠠᠷᠪᠠᠨ ᠬᠤᠶᠠᠷ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠢᠷᠡᠯᠲᠡ ᠶᠢᠨ ᠬᠠᠮᠢᠶᠠᠷᠤᠯᠲᠠ ᠶᠢ | ᠴᠢᠩᠳᠠᠯᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ ᠶᠢ ᠪᠠᠷᠢᠮᠲᠠᠯᠠᠭᠰᠠᠨ ᠤᠷᠢᠲᠠᠯ ᠳᠤᠤᠷ᠎ᠠ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠠᠵᠢᠯ ᠢᠶᠠᠨ ᠡᠮᠬᠢ | ᠵᠢᠷᠤᠮ ᠲᠠᠢ ᠥᠷᠨᠢᠭᠦᠯᠬᠦ ᠬᠡᠷᠡᠭᠲᠡᠶ᠃ ᠶᠡᠭᠡ ᠬᠡᠪᠴᠢᠶᠡᠨ ᠤ ᠠᠰᠢᠭᠯᠠᠭᠠᠳᠤᠶ ᠭᠠᠵᠠᠷ ᠢ ᠨᠡᠭᠡᠭᠡᠨ ᠠᠰᠢᠭᠯᠠᠬᠤ ᠶᠢ | ᠴᠢᠩᠭ᠎ᠠ ᠬᠢᠵᠠᠭᠠᠷᠯᠠᠵᠤ᠂ ᠬᠦᠨᠳᠦ ᠨᠣᠴᠢᠲᠠᠶ ᠡᠯᠡᠰᠦᠷᠬᠡᠭᠵᠢᠭᠰᠡᠨ ᠭᠠᠵᠠᠷ ᠢ ᠬᠠᠭᠠᠯᠪᠤᠷᠢᠯᠠᠬᠤ ᠶᠢ ᠴᠠᠭᠠᠵᠠᠯᠠᠨ᠂ 15 | ᠭᠷᠡᠳᠦ᠋ᠰ ᠠᠴᠠ ᠳᠡᠭᠡᠭᠰᠢᠬᠢ ᠬᠥᠲᠥᠯ ᠭᠠᠵᠠᠷ ᠢ ᠲᠠᠷᠢᠶᠠᠯᠠᠬᠤ ᠭᠠᠵᠠᠷ ᠪᠣᠯᠭᠠᠬᠤ ᠪᠠᠷ ᠬᠠᠭᠠᠯᠪᠤᠷᠢᠯᠠᠬᠤ ᠶᠢ ᠨᠢ | ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠣᠶ ᠰᠢᠭᠤᠶ ᠶᠢ ᠰᠦᠢᠳᠬᠡᠬᠦ ᠪᠠ ᠪᠡᠯᠴᠢᠭᠡᠷ ᠢ ᠰᠦᠢᠳᠬᠡᠨ | ᠲᠠᠷᠢᠶᠠᠯᠠᠬᠤ ᠭᠠᠵᠠᠷ ᠪᠣᠯᠭᠠᠬᠤ ᠪᠠᠷ ᠬᠠᠭᠠᠯᠪᠤᠷᠢᠯᠠᠬᠤ ᠶᠢ ᠨᠢ ᠴᠠᠭᠠᠵᠠᠯᠠᠨ᠂ ᠨᠠᠭᠤᠷ ᠢ ᠬᠦᠷᠢᠶᠡᠯᠡᠨ ᠲᠠᠷᠢᠶᠠᠯᠠᠬᠤ | ᠭᠠᠵᠠᠷ ᠭᠠᠷᠭᠠᠬᠤ ᠪᠠ ᠭᠤᠤᠯ ᠤᠨ ᠲᠠᠩ ᠭᠠᠵᠠᠷ ᠢ ᠡᠵᠡᠯᠡᠬᠦ ᠶᠢ ᠨᠢ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ | ᠨᠤᠭᠤ ᠭᠠᠵᠠᠷ ᠢ ᠪᠤᠯᠠᠵᠤ ᠳᠠᠷᠤᠨ ᠲᠠᠷᠢᠶᠠᠯᠠᠬᠤ ᠭᠠᠵᠠᠷ ᠪᠣᠯᠭᠠᠬᠤ ᠪᠠᠷ ᠬᠠᠭᠠᠯᠪᠤᠷᠢᠯᠠᠬᠤ ᠶᠢ ᠨᠢ ᠴᠠᠭᠠᠵᠠᠯᠠᠨ᠂ ᠠᠮᠢ | ᠠᠬᠤᠶ ᠶᠢᠨ ᠤᠯᠠᠭᠠᠨ ᠱᠤᠭᠤᠮ ᠤᠨ ᠬᠡᠪᠴᠢᠶᠡᠨ ᠳᠠᠬᠢ ᠭᠠᠵᠠᠷ ᠢ ᠲᠠᠷᠢᠶᠠᠯᠠᠬᠤ ᠭᠠᠵᠠᠷ ᠪᠣᠯᠭᠠᠨ ᠬᠠᠭᠠᠯᠪᠤᠷᠢᠯᠠᠬᠤ ᠪᠠᠷ | ᠡᠵᠡᠯᠡᠭᠰᠡᠨ ᠢ ᠨᠢ ᠨᠥᠬᠦᠪᠦᠷᠢᠯᠡᠨ ᠲᠡᠩᠴᠡᠭᠦᠷᠢᠲᠡᠶ ᠪᠠᠶᠢᠯᠭᠠᠬᠤ ᠶᠢ ᠴᠠᠭᠠᠵᠠᠯᠠᠨ᠎ᠠ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠵᠢᠴᠢ ᠪᠤᠰᠤᠳ ᠬᠠᠮᠢᠶ᠎ᠠ ᠪᠦᠬᠦᠢ ᠲᠥᠯᠥᠪᠵᠢᠭᠦᠯᠭᠡ ᠶᠢ | ᠦᠨᠳᠦᠰᠦᠯᠡᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ ᠵᠦᠢ ᠵᠣᠬᠢᠰᠲᠠᠶ ᠪᠠᠶᠢᠷᠢᠯᠠᠭᠤᠯᠤᠨ | ᠂ ᠲᠠᠷᠢᠶᠠᠯᠠᠬᠤ ᠭᠠᠵᠠᠷ ᠢ ᠨᠥᠬᠦᠪᠥᠷᠢᠯᠡᠬᠦ ᠠᠷᠭ᠎ᠠ ᠬᠡᠯᠪᠡᠷᠢ ᠪᠠᠨ ᠠᠯᠬᠤᠮ ᠠᠯᠬᠤᠮ ᠢᠶᠠᠷ ᠬᠤᠪᠢᠷᠠᠭᠤᠯᠵᠤ᠂ | ᠲᠠᠷᠢᠶᠠᠯᠠᠬᠤ ᠳᠤ ᠲᠣᠬᠢᠷᠠᠬᠤ ᠭᠠᠵᠠᠷ ᠰᠢᠷᠣᠶ ᠶᠢᠨ ᠨᠥᠭᠡᠴᠡ ᠡᠬᠢ ᠪᠠᠶᠠᠯᠢᠭ ᠤᠨ ᠬᠡᠪᠴᠢᠶ᠎ᠡ ᠶᠢ ᠰᠢᠨᠵᠢᠯᠡᠬᠦ | ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠬᠤ ᠬᠡᠷᠡᠭᠲᠡᠶ᠃ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠥᠷᠥᠯ | ᠵᠦᠢᠯ ᠤᠨ ᠰᠡᠳᠦᠪ ᠢ ᠲᠣᠭᠲᠠᠭᠠᠬᠤ ᠠᠴᠠ ᠡᠮᠦᠨ᠎ᠡ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠣᠨ ᠨᠢ ᠠᠮᠢ ᠠᠬᠤᠶ ᠣᠷᠴᠢᠨ ᠲᠣᠭᠤᠷᠢᠨ᠂ ᠤᠰᠤᠨ ᠠᠰᠢᠭᠯᠠᠯᠲᠠ᠂ ᠣᠶ ᠰᠢᠭᠤᠶ ᠨᠤᠲᠤᠭ | ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ | ᠪᠠᠶᠢᠭᠠᠳ ᠡᠷᠬᠢᠨ ᠲᠣᠭᠤᠷᠢᠨ ᠤ ᠣᠷᠴᠢᠨ ᠲᠣᠭᠤᠷᠢᠨ ᠤ ᠨᠥᠯᠥᠭᠡᠯᠡᠯ ᠪᠠ ᠪᠣᠯᠤᠮᠵᠢᠲᠤ ᠴᠢᠨᠠᠷ ᠵᠡᠷᠭᠡ ᠪᠠᠶᠢᠳᠠᠯ ᠳᠤ | ᠭᠦᠢᠴᠡᠳ ᠨᠤᠲᠠᠯᠠᠯᠲᠠ ᠬᠢᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ | ᠪᠦᠷᠢᠯᠳᠦᠭᠰᠡᠨ ᠤ ᠳᠠᠷᠠᠭ᠎ᠠ ᠦᠷᠭᠦᠯᠵᠢᠯᠡᠨ ᠲᠣᠭᠲᠠᠭᠤᠨ ᠢᠶᠠᠷ ᠲᠠᠷᠢᠶᠠᠯᠠᠵᠤ ᠪᠣᠯᠬᠤ ᠶᠢ ᠦᠨᠡᠨ ᠬᠦ ᠪᠠᠲᠤᠯᠠᠨ᠎ᠠ᠃ | ᠳᠤᠷ᠎ᠠ ᠪᠠᠷ ᠢᠶᠠᠨ ᠭᠠᠵᠠᠷ ᠰᠢᠷᠣᠶ ᠶᠢ ᠴᠡᠭᠴᠡᠯᠡᠨ ᠵᠠᠰᠠᠬᠤ ᠪᠠ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠥᠷᠥᠯ | ᠵᠦᠢᠯ ᠢ ᠲᠠᠷᠢᠶᠠᠯᠠᠬᠤ ᠪᠠᠨ ᠵᠣᠭᠰᠣᠭᠠᠬᠤ ᠬᠡᠪᠴᠢᠶᠡᠨ ᠳᠤ ᠣᠷᠣᠭᠤᠯᠬᠤ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠭᠤᠷᠪᠠ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠪᠠᠶᠢᠴᠠᠭᠠᠯᠲᠠ ᠬᠢᠵᠦ ᠰᠢᠯᠭᠠᠨ | ᠬᠤᠷᠢᠶᠠᠵᠤ ᠠᠪᠬᠤ ᠶᠢ ᠴᠢᠩᠳᠠᠯᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠭᠠᠵᠠᠷ | ᠰᠢᠷᠣᠶ ᠶᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠳᠤ ᠬᠠᠮᠢᠶᠠᠷᠤᠯᠲᠠ ᠬᠢᠬᠦ ᠪᠠᠨ ᠴᠢᠩᠭᠠᠳᠬᠠᠵᠤ᠂ ᠲᠥᠷᠥᠯ ᠵᠦᠢᠯ ᠤᠨ ᠵᠢᠷᠤᠭᠯᠠᠨ ᠲᠥᠯᠥᠪᠯᠡᠬᠦ ᠶᠢ | ᠵᠢᠷᠤᠮᠵᠢᠭᠤᠯᠤᠨ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠨ ᠬᠠᠮᠢᠶᠠᠷᠬᠤ ᠪᠠ ᠪᠠᠷᠢᠯᠭ᠎ᠠ ᠶᠢᠨ ᠠᠵᠢᠯ ᠤᠨ | ᠬᠢᠨᠠᠨ ᠵᠠᠬᠢᠷᠬᠤ ᠶᠢ ᠴᠢᠩᠭᠠᠷᠠᠭᠤᠯᠬᠤ ᠬᠡᠷᠡᠭᠲᠡᠶ᠃ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ | ᠬᠤᠷᠢᠶᠠᠵᠤ ᠠᠪᠬᠤ ᠠᠵᠢᠯ ᠢ ᠰᠠᠶᠢᠲᠤᠷ ᠬᠢᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠤᠨ ᠬᠡᠮᠵᠢᠶ᠎ᠡ ᠶᠢ | ᠮᠠᠭᠠᠳᠯᠠᠨ ᠲᠣᠭᠲᠠᠭᠠᠬᠤ ᠪᠠ ᠴᠢᠨᠠᠷ ᠢ ᠰᠢᠯᠭᠠᠷᠠᠭᠤᠯᠤᠨ ᠲᠣᠭᠲᠠᠭᠠᠬᠤ ᠶᠢ ᠨᠢ ᠴᠢᠩᠳᠠᠯᠠᠵᠤ᠂ ᠨᠥᠬᠦᠪᠥᠷᠢᠯᠡᠭᠰᠡᠨ | ᠲᠠᠷᠢᠶᠠᠯᠠᠬᠤ ᠭᠠᠵᠠᠷ ᠤᠨ ᠬᠡᠮᠵᠢᠶ᠎ᠡ ᠪᠠ ᠴᠢᠨᠠᠷ ᠨᠢ ᠱᠠᠭᠠᠷᠳᠠᠯᠭ᠎ᠠ ᠳᠤ ᠨᠡᠶᠢᠴᠡᠬᠦ ᠶᠢ ᠦᠨᠡᠨ ᠬᠦ ᠪᠠᠲᠤᠯᠠᠨ᠎ᠠ᠃ ᠰᠢᠯᠭᠠᠨ | ᠬᠤᠷᠢᠶᠠᠵᠤ ᠠᠪᠬᠤ ᠳᠤ ᠬᠢᠷᠢ ᠲᠡᠩᠴᠡᠭᠰᠡᠨ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠡᠷᠬᠡᠪᠰᠢ ᠲᠤᠰ | ᠵᠢᠯ ᠤᠨ ᠤᠯᠤᠰ ᠤᠨ ᠭᠠᠵᠠᠷ ᠰᠢᠷᠣᠢ ᠶᠢᠨ ᠬᠤᠪᠢᠷᠠᠭᠠᠬᠤ ᠣᠨ ᠤ ᠪᠠᠶᠢᠴᠠᠭᠠᠯᠲᠠ ᠳᠤ ᠭᠠᠵᠠᠷ ᠰᠢᠷᠣᠢ ᠶᠢᠨ | ᠲᠥᠷᠥᠯ ᠢ ᠨᠢ ᠬᠤᠪᠢᠷᠠᠭᠠᠬᠤ ᠬᠡᠷᠡᠭᠲᠡᠶ︔ ᠲᠤᠰ ᠵᠢᠯ ᠳᠤ ᠨᠢ ᠬᠤᠪᠢᠷᠠᠭᠠᠭᠰᠠᠨ ᠥᠬᠡᠶ ᠨᠥᠬᠦᠪᠦᠷᠢᠯᠡᠭᠰᠡᠨ | ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠰᠢᠰᠲ᠋ᠧᠮ ᠳᠣᠲᠣᠷ᠎ᠠ ᠪᠠᠨ ᠴᠡᠪᠳᠡᠭᠯᠡᠨ᠎ᠡ︔ 2 ᠵᠢᠯ ᠤᠨ | ᠳᠣᠲᠣᠷ᠎ᠠ ᠬᠤᠪᠢᠷᠠᠭᠠᠬᠤ ᠥᠬᠡᠶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠤᠭ᠎ᠠ ᠶᠢ ᠨᠢ | ᠬᠠᠷᠭᠤᠭᠤᠯᠤᠨ ᠬᠠᠰᠤᠨ᠎ᠠ᠃ | ︵ᠠᠷᠪᠠᠨ ᠳᠥᠷᠪᠡ︶ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠲᠤ ᠬᠢᠨᠠᠯᠲᠠ ᠬᠠᠮᠢᠶᠠᠷᠤᠯᠲᠠ ᠬᠢᠬᠦ ᠶᠢ | ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠨᠥᠬᠦᠪᠥᠷᠢᠯᠡᠭᠰᠡᠨ ᠲᠠᠷᠢᠶᠠᠯᠠᠬᠤ | ᠭᠠᠵᠠᠷ ᠤᠨ ᠳᠠᠷᠠᠭᠠᠴᠢ ᠶᠢᠨ ᠬᠤᠭᠤᠴᠠᠭᠠᠨ ᠳᠠᠬᠢ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠵᠤ᠂ ᠬᠠᠮᠢᠶᠠᠷᠤᠨ | ᠬᠠᠮᠠᠭᠠᠯᠠᠬᠤ ᠭᠤᠤᠯ ᠴᠣᠭᠴᠠ ᠶᠢ ᠲᠣᠳᠣᠷᠬᠠᠶ ᠲᠣᠭᠲᠠᠭᠠᠨ᠂ ᠬᠠᠮᠢᠶᠠᠷᠤᠨ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠬᠠᠮᠢᠶᠠᠷᠤᠨ ᠬᠠᠮᠠᠭᠠᠯᠠᠬᠤ ᠵᠠᠷᠤᠳᠠᠯ ᠢ ᠪᠠᠲᠤᠯᠠᠨ᠂ ᠨᠥᠬᠦᠪᠥᠷᠢᠯᠡᠭᠰᠡᠨ ᠲᠠᠷᠢᠶᠠᠯᠠᠬᠤ | ᠭᠠᠵᠠᠷ ᠤᠨ ᠦᠷᠭᠦᠯᠵᠢᠯᠡᠨ ᠲᠣᠭᠲᠠᠭᠤᠨ ᠢᠶᠠᠷ ᠲᠠᠷᠢᠶᠠᠯᠠᠵᠤ ᠪᠣᠯᠬᠤ ᠶᠢ ᠦᠨᠡᠨ ᠬᠦ ᠪᠠᠲᠤᠯᠠᠵᠤ᠂ ᠠᠲᠠᠷᠰᠢᠭᠤᠯᠵᠤ | ᠲᠠᠷᠢᠶᠠᠯᠠᠬᠤ ᠪᠠᠨ ᠪᠤᠯᠢᠬᠤ ᠪᠠ ᠦᠢᠯᠡᠳᠪᠦᠷᠢᠯᠡᠬᠦ ᠴᠢᠳᠠᠮᠵᠢ ᠶᠢᠨ ᠪᠠᠭᠤᠷᠠᠬᠤ ᠶᠢ ᠨᠢ ᠬᠤᠷᠢᠭᠯᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠬᠥᠮᠥᠷᠭᠡ ᠳᠤ ᠣᠷᠣᠭᠤᠯᠤᠭᠠᠳ | ᠪᠠᠶᠢᠭ᠎ᠠ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠲᠥᠷᠥᠯ ᠵᠦᠢᠯ ᠳᠤ ᠵᠢᠯ ᠪᠦᠷᠢ ᠵᠢᠷᠤᠭ ᠳᠥᠷᠰᠦ ᠪᠠᠷ ᠨᠢᠭᠡ | ᠤᠳᠠᠭ᠎ᠠ ᠪᠥᠬᠦ ᠲᠠᠯ᠎ᠠ ᠶᠢᠨ ᠬᠠᠷᠭᠤᠭᠤᠯᠤᠨ ᠪᠠᠶᠢᠴᠠᠭᠠᠯᠲᠠ ᠬᠢᠵᠦ᠂ ᠵᠢᠷᠤᠭ ᠳᠦᠷᠰᠦ ᠳᠤ ᠰᠡᠵᠢᠭᠲᠡᠶ ᠲᠥᠷᠥᠯ | ᠵᠦᠢᠯ ᠢ ᠨᠠᠭᠠᠲᠤ ᠵᠠᠬ᠎ᠠ ᠳᠤ ᠪᠠᠨ 15% ᠶᠢ ᠰᠣᠩᠭᠤᠨ ᠠᠪᠴᠤ ᠪᠣᠳᠠᠲᠠᠶ ᠭᠠᠵᠠᠷ ᠲᠤ ᠨᠢ ᠬᠠᠷᠭᠤᠭᠤᠯᠤᠨ | ᠪᠠᠶᠢᠴᠠᠭᠠᠯᠲᠠ ᠬᠢᠨ᠎ᠠ᠃ ᠠᠲᠠᠷᠰᠢᠭᠤᠯᠵᠤ ᠲᠠᠷᠢᠶᠠᠯᠠᠬᠤ ᠪᠠᠨ ᠪᠣᠯᠢᠭᠰᠠᠨ ᠲᠠᠯᠠᠪᠠᠶ ᠨᠢ ᠲᠣᠰ ᠵᠠᠰᠠᠭ ᠵᠠᠬᠢᠷᠭᠠᠨ ᠤ | ᠣᠷᠣᠨ ᠪᠦᠰᠡ ᠶᠢᠨ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ ᠲᠣᠭᠠᠨ ᠤ ᠶᠡᠷᠦᠩᠬᠡᠶ ᠲᠠᠯᠠᠪᠠᠶ ᠶᠢᠨ | 10% ᠠᠴᠠ ᠳᠡᠭᠡᠭᠰᠢ ᠳᠤ ᠬᠦᠷᠦᠭᠰᠡᠨ ᠪᠠᠶᠢᠪᠠᠯ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ ᠭᠦᠢᠴᠡᠳᠬᠡᠯ | ᠲᠤᠭ᠎ᠠ ᠶᠢ ᠨᠢ ᠵᠣᠬᠢᠬᠤ ᠬᠡᠮᠵᠢᠶ᠎ᠡ ᠪᠠᠷ ᠴᠡᠪᠳᠡᠭᠯᠡᠵᠦ᠂ ᠲᠣᠰ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠰᠢᠨ᠎ᠡ ᠪᠠᠷ ᠨᠡᠮᠡᠭᠳᠡᠭᠰᠡᠨ ᠲᠠᠷᠢᠶᠠᠯᠠᠬᠤ ᠭᠠᠵᠠᠷ ᠢ ᠬᠠᠷᠭᠤᠭᠤᠯᠤᠨ ᠲᠣᠭᠲᠠᠭᠠᠬᠤ ᠪᠠ ᠲᠥᠷᠥᠯ | ᠵᠦᠢᠯ ᠤᠨ ᠭᠦᠢᠴᠡᠳᠬᠡᠯ ᠲᠤᠭ᠎ᠠ ᠶᠢ ᠬᠥᠮᠥᠷᠭᠡ ᠳᠤ ᠣᠷᠣᠭᠤᠯᠬᠤ ᠭᠤᠶᠤᠴᠢᠯᠠᠯ ᠢ ᠨᠢ ᠲᠦᠷ ᠵᠣᠭᠰᠣᠭᠠᠨ᠎ᠠ᠃ | ᠬᠠᠮᠢᠶ᠎ᠠ ᠪᠥᠬᠦᠶ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠴᠡᠭᠴᠡᠯᠡᠨ | ᠰᠠᠶᠢᠵᠢᠷᠠᠭᠤᠯᠬᠤ ᠠᠵᠢᠯ ᠢ ᠢᠳᠡᠪᠬᠢᠲᠡᠶ ᠵᠣᠬᠢᠶᠠᠨ ᠪᠠᠶᠢᠭᠤᠯᠵᠤ᠂ ᠨᠥᠬᠦᠪᠦᠷᠢᠯᠡᠭᠰᠡᠨ ᠲᠠᠷᠢᠶᠠᠯᠠᠬᠤ ᠭᠠᠵᠠᠷ ᠤᠨ | ᠲᠥᠷᠥᠯ ᠵᠦᠢᠯ ᠢ ᠰᠢᠯᠭᠠᠨ ᠬᠤᠷᠢᠶᠠᠵᠤ ᠠᠪᠬᠤ ᠰᠠᠯᠠᠭ᠎ᠠ ᠮᠥᠴᠢᠷ ᠨᠢ ᠳᠠᠬᠢᠨᠲᠠ ᠬᠢᠨᠠᠵᠤ ᠮᠠᠭᠠᠳᠯᠠᠨ ᠲᠣᠭᠲᠠᠭᠠᠵᠤ | ᠴᠡᠭᠴᠡᠯᠡᠨ ᠰᠠᠶᠢᠵᠢᠷᠠᠭᠤᠯᠣᠭᠰᠠᠨ ᠤ ᠳᠠᠷᠠᠭ᠎ᠠ᠂ ᠵᠣᠬᠢᠬᠤ ᠭᠦᠢᠴᠡᠳᠬᠡᠯ ᠲᠤᠭ᠎ᠠ ᠶᠢ ᠴᠡᠪᠳᠡᠭᠯᠡᠯ ᠠᠴᠠ ᠨᠢ ᠲᠠᠶᠢᠯᠬᠤ | ᠪᠥᠭᠡᠳ ᠬᠥᠮᠥᠷᠭᠡ ᠳᠤ ᠣᠷᠣᠭᠤᠯᠬᠤ ᠪᠠᠨ ᠰᠡᠷᠭᠦᠭᠡᠬᠦ ᠭᠤᠶᠤᠴᠢᠯᠠᠯ ᠢ ᠨᠢ ᠭᠥᠯᠢᠶᠡᠨ ᠠᠪᠴᠤ ᠰᠢᠢᠳᠪᠦᠷᠢᠯᠡᠨ᠎ᠡ᠃ | ᠳᠥᠷᠪᠡ᠂ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ | ᠂ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠡᠵᠡᠯᠡᠨ | ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ | ︵ᠠᠷᠪᠠᠨ ᠲᠠᠪᠤ︶ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠦᠷᠢᠳᠬᠡᠨ ᠳᠠᠩᠰᠠᠯᠠᠵᠤ ᠬᠢᠨᠠᠨ | ᠬᠠᠮᠢᠶᠠᠷᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ | ᠭᠠᠵᠠᠷ ᠢ ᠪᠦᠷᠢᠳᠬᠡᠨ ᠳᠠᠩᠰᠠᠯᠠᠬᠤ ᠶᠠᠪᠤᠴᠠ ᠳᠤ᠂ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ | ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠢ ᠴᠢᠩᠭ᠎ᠠ ᠬᠠᠮᠠᠭᠠᠯᠠᠬᠤ ᠪᠠ ᠭᠠᠵᠠᠷ ᠢ ᠠᠷᠪᠢᠲᠠᠶ ᠡᠷᠴᠢᠮᠯᠢᠭ᠌ | ᠬᠡᠷᠡᠭᠯᠡᠬᠦ ᠵᠠᠷᠴᠢᠮ ᠶᠣᠰᠣᠭᠠᠷ᠂ ᠲᠤᠰ ᠭᠠᠵᠠᠷ ᠤᠨ ᠲᠠᠷᠢᠶᠠᠯᠠᠩ ᠤᠨ ᠬᠥᠭᠵᠢᠯᠲᠡ ᠶᠢᠨ ᠲᠥᠯᠥᠪᠵᠢᠭᠦᠯᠭᠡ᠂ | ᠲᠠᠷᠢᠶᠠᠯᠠᠩ ᠤᠨ ᠠᠵᠤ ᠦᠢᠯᠡᠰ ᠤᠨ ᠪᠠᠶᠢᠷᠢᠰᠢᠭᠤᠯᠤᠯ᠂ ᠲᠠᠷᠢᠶᠠᠯᠠᠩ ᠤᠨ ᠦᠢᠯᠡᠳᠪᠦᠷᠢᠯᠡᠯ ᠤᠨ ᠲᠥᠯᠥᠪᠯᠡᠭᠡ ᠪᠠ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠪᠡᠯᠡᠳᠬᠡᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠢ ᠵᠣᠬᠢᠰᠲᠠᠶ ᠪᠠᠶᠢᠷᠢᠰᠢᠭᠤᠯᠬᠤ ᠬᠡᠷᠡᠭᠲᠡᠶ᠃ ᠭᠠᠴᠠᠭ᠎ᠠ ᠲᠣᠰᠬᠤᠨ ᠤ ᠬᠠᠮᠲᠤ ᠶᠢᠨ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠦᠨᠡᠨ ᠬᠦ ᠨᠠᠶᠢᠳᠠᠪᠤᠷᠢᠵᠢᠭᠤᠯᠵᠤ᠂ ᠲᠣᠭᠲᠠᠭᠠᠭᠰᠠᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠭᠠᠵᠠᠷ ᠰᠢᠷᠣᠶ | ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠤᠰᠠᠭᠠᠷ ᠢᠶᠠᠨ ᠭᠠᠵᠠᠷ ᠰᠣᠩᠭᠤᠭᠰᠠᠨ ᠪᠡᠯᠡᠳᠬᠡᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠮᠠᠯᠴᠢᠨ ᠲᠠᠷᠢᠶᠠᠴᠢᠳ ᠤᠨ ᠭᠡᠷ ᠪᠠᠶᠢᠰᠢᠩ ᠤᠨ ᠠᠷᠤ | ᠥᠪᠥᠷ ᠢᠶᠠᠷ ᠥᠪᠡᠰᠦᠪᠡᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ | ᠵᠦᠢᠯ ᠢ ᠨᠢ ᠰᠠᠯᠭᠠᠨ ᠬᠠᠮᠢᠶᠠᠷᠬᠤ ᠬᠡᠷᠡᠭᠲᠡᠶ᠃ ᠮᠠᠯᠴᠢᠨ ᠲᠠᠷᠢᠶᠠᠴᠢᠳ ᠤᠨ ᠭᠡᠷ ᠪᠠᠶᠢᠰᠢᠩ ᠤᠨ ᠠᠷᠤ ᠥᠪᠥᠷ ᠢᠶᠠᠷ | ᠥᠪᠡᠰᠦᠪᠡᠨ ᠪᠠᠶᠢᠭᠤᠯᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠤᠨ | ᠪᠦᠷᠢᠳᠬᠡᠨ ᠳᠠᠩᠰᠠᠯᠠᠭᠤᠯᠬᠤ ᠨᠥᠬᠦᠴᠡᠯ ᠪᠠ ᠳᠡᠰ ᠳᠠᠷᠠᠭᠠᠯᠠᠯ ᠢ ᠨᠢ ᠳᠥᠭᠦᠮᠴᠢᠯᠡᠵᠦ᠂ ᠡᠬᠡ ᠳᠠᠩᠰᠠ ᠶᠢᠨ | ᠬᠡᠯᠪᠡᠷᠢ ᠪᠠᠷ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ︔ ᠪᠦᠷᠢᠳᠬᠡᠨ ᠳᠠᠩᠰᠠᠯᠠᠬᠤ ᠶᠠᠪᠤᠴᠠ ᠳᠤ ᠮᠠᠯᠴᠢᠨ | ᠲᠠᠷᠢᠶᠠᠴᠢᠳ ᠠᠴᠠ ᠶᠠᠮᠠᠷᠪᠠ ᠰᠦᠢᠳᠬᠡᠯ ᠬᠤᠷᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠲᠤᠰᠠᠭᠠᠷ ᠢᠶᠠᠨ ᠭᠠᠵᠠᠷ | ᠰᠣᠩᠭᠤᠭᠰᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠳᠤ ᠵᠢᠷᠤᠭ ᠢᠶᠠᠷ | ᠬᠥᠮᠥᠷᠭᠡ ᠳᠤ ᠣᠷᠣᠭᠤᠯᠬᠤ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠢᠭᠡᠨᠲᠡ ᠪᠠᠶᠢᠭᠤᠯᠤᠭᠰᠠᠨ ᠪᠠ | ᠪᠠᠶᠢᠭᠤᠯᠵᠤ ᠪᠠᠶᠢᠭ᠎ᠠ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠡᠷᠬᠡᠪᠰᠢ ᠲᠣᠭᠲᠠᠭᠰᠠᠨ ᠴᠠᠭ | ᠬᠤᠭᠤᠴᠠᠭᠠᠨ ᠳᠤ ᠪᠠᠨ ᠪᠦᠬᠦᠨ ᠢ ᠵᠢᠷᠤᠭ ᠢᠶᠠᠷ ᠬᠥᠮᠥᠷᠭᠡ ᠳᠤ ᠣᠷᠣᠭᠤᠯᠤᠨ᠂ ᠰᠢᠨ᠎ᠡ ᠪᠠᠷ ᠪᠠᠶᠢᠭᠤᠯᠤᠭᠰᠠᠨ | ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢ ᠡᠷᠬᠡᠪᠰᠢ ᠪᠦᠷᠢᠳᠬᠡᠵᠦ ᠳᠠᠩᠰᠠᠯᠠᠭᠰᠠᠨ 1 ᠰᠠᠷ᠎ᠠ ᠶᠢᠨ ᠳᠣᠲᠣᠷ᠎ᠠ | ᠵᠢᠷᠤᠭ ᠢᠶᠠᠷ ᠬᠥᠮᠥᠷᠭᠡ ᠳᠤ ᠣᠷᠣᠭᠤᠯᠬᠤ ᠶᠢᠨ ᠬᠠᠮᠲᠤ᠂ ᠣᠨ ᠤ ᠤᠯᠤᠰ ᠤᠨ ᠭᠠᠵᠠᠷ ᠰᠢᠷᠣᠶ ᠶᠢᠨ ᠬᠤᠪᠢᠷᠠᠭᠠᠬᠤ | ᠪᠠᠶᠢᠴᠠᠭᠠᠯᠲᠠ ᠳᠤ ᠭᠠᠵᠠᠷ ᠰᠢᠷᠣᠢ ᠶᠢᠨ ᠲᠥᠷᠥᠯ ᠢ ᠨᠢ ᠬᠤᠪᠢᠷᠠᠭᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠪᠠ ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠮᠡᠳᠡᠭᠡ ᠵᠠᠩᠭᠢᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ᠂ ᠲᠠᠷᠢᠶᠠᠯᠠᠬᠤ ᠭᠠᠵᠠᠷ ᠢ ᠬᠠᠮᠠᠭᠠᠯᠠᠬᠤ | ᠬᠠᠷᠢᠭᠤᠴᠠᠯᠭ᠎ᠠ ᠶᠢᠨ ᠬᠠᠷᠠᠯᠲᠠ ᠶᠢᠨ ᠰᠢᠯᠭᠠᠨ ᠬᠢᠨᠠᠬᠤ᠂ ᠭᠠᠵᠠᠷ ᠰᠢᠷᠣᠶ ᠶᠢᠨ ᠳᠠᠭᠠᠭᠤᠯᠢ ᠣᠳᠣᠨ ᠤ ᠠᠯᠤᠰ | ᠰᠡᠷᠡᠯ ᠤᠨ ᠵᠢᠷᠤᠭ ᠢᠶᠠᠷ ᠬᠠᠤᠯᠢ ᠬᠡᠷᠡᠭᠵᠢᠭᠦᠯᠬᠦ᠂ ᠬᠠᠤᠯᠢ ᠠᠴᠠ ᠵᠦᠷᠢᠴᠡᠵᠦ ᠭᠠᠵᠠᠷ ᠬᠡᠷᠡᠭᠯᠡᠭᠰᠡᠨ ᠢ ᠴᠠᠭ | ᠲᠤᠬᠠᠶ ᠳᠤ ᠨᠢ ᠬᠢᠨᠠᠨ ᠬᠠᠮᠢᠶᠠᠷᠬᠤ ᠵᠡᠷᠭᠡ ᠠᠵᠢᠯ ᠤᠨ ᠶᠠᠪᠤᠴᠠ ᠳᠤ ᠪᠠᠨ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ | ᠭᠠᠵᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠪᠠ ᠲᠠᠷᠢᠶᠠᠯᠠᠩ ᠬᠥᠳᠡᠭᠡ ᠲᠣᠰᠬᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯ ᠪᠦᠷᠢ ᠶᠢᠨ | ᠳᠣᠲᠣᠷ᠎ᠠ ᠭᠠᠳᠠᠨᠠᠬᠢ ᠠᠵᠢᠯ ᠲᠥᠷᠥᠯ ᠢ ᠪᠠᠶᠢᠴᠠᠭᠠᠬᠤ ᠬᠠᠷᠢᠴᠠᠯ ᠢᠶᠠᠨ 15% ᠠᠴᠠ ᠳᠤᠤᠷ᠎ᠠ ᠪᠠᠶᠢᠯᠭᠠᠵᠤ ᠪᠣᠯᠬᠤ | ᠥᠬᠡᠶ᠃ | ︵ᠠᠷᠪᠠᠨ ᠵᠢᠷᠭᠤᠭ᠎ᠠ︶ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ | ᠬᠡᠷᠡᠭᠯᠡᠬᠦ ᠭᠠᠵᠠᠷ ᠢᠶᠠᠷ ᠬᠡᠷᠡᠭᠯᠡᠬᠦ ᠶᠢ ᠴᠢᠩᠭ᠎ᠠ ᠵᠢᠷᠤᠮᠵᠢᠭᠤᠯᠤᠨ᠎ᠠ᠃ ᠡᠯ᠎ᠡ ᠲᠥᠷᠥᠯ ᠤᠨ ᠪᠡᠯᠡᠳᠬᠡᠮᠵᠢᠲᠦ | ᠲᠠᠷᠢᠶᠠᠯᠠᠩ ᠳᠤ ᠬᠡᠷᠡᠭᠯᠡᠬᠦ ᠭᠠᠵᠠᠷ ᠢ ᠠᠯᠢ ᠴᠢᠳᠠᠬᠤ ᠪᠠᠷ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠲᠠᠢ | ᠪᠠᠶᠢᠯᠭᠠᠵᠤ᠂ ᠦᠨᠡᠨ ᠬᠦ ᠵᠠᠶᠢᠲᠠᠢ ᠪᠠᠶᠢᠯᠭᠠᠬᠤ ᠶᠢᠨ ᠠᠷᠭ᠎ᠠ ᠦᠭᠡᠶ ᠪᠣᠯ ᠲᠣᠭᠲᠠᠭᠠᠭᠰᠠᠨ ᠳᠡᠰ ᠳᠠᠷᠠᠭᠠᠯᠠᠯ ᠤᠨ | ᠶᠣᠰᠣᠭᠠᠷ ᠨᠥᠬᠦᠵᠦ ᠬᠤᠪᠢᠶᠠᠷᠢᠯᠠᠬᠤ ᠬᠡᠷᠡᠭᠲᠡᠢ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠨᠥᠬᠦᠵᠦ | ᠬᠤᠪᠢᠶᠠᠷᠢᠯᠠᠬᠤ ᠲᠥᠰᠦᠯ ᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠬᠢᠨᠠᠨ | ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠵᠠᠯᠭᠠᠭᠠᠳ ᠪᠦᠷᠢᠳᠬᠡᠨ ᠳᠠᠩᠰᠠᠯᠠᠭᠤᠯᠵᠤ ᠪᠣᠯᠤᠨ᠎ᠠ᠂ ᠪᠦᠷᠢᠳᠬᠡᠨ | ᠳᠠᠩᠰᠠᠯᠠᠭᠤᠯᠤᠭᠠᠳᠤᠶ ᠪᠣᠯ ᠠᠵᠢᠯ ᠡᠬᠢᠯᠡᠭᠦᠯᠦᠨ ᠪᠠᠶᠢᠭᠤᠯᠬᠤ ᠶᠢ ᠨᠢ ᠴᠢᠩᠭ᠎ᠠ ᠴᠠᠭᠠᠵᠠᠯᠠᠨ᠎ᠠ᠃ ᠵᠠᠷᠴᠢᠮ ᠳᠡᠭᠡᠷ᠎ᠡ ᠪᠠᠨ | ᠪᠣᠯ ᠪᠦᠷᠢᠳᠬᠡᠨ ᠳᠠᠩᠰᠠᠯᠠᠭᠤᠯᠬᠤ ᠳᠤ ᠪᠠᠨ ᠡᠷᠬᠡᠪᠰᠢ ᠳᠠᠩ ᠲᠥᠷᠥᠯ ᠵᠦᠢᠯ ᠤᠨ ᠬᠡᠯᠪᠡᠷᠢ ᠪᠠᠷ ᠪᠦᠷᠢᠳᠬᠡᠨ | ᠳᠠᠩᠰᠠᠯᠠᠭᠤᠯᠬᠤ ᠬᠡᠷᠡᠭᠲᠡᠶ᠂ ᠣᠯᠠᠨ ᠴᠡᠭ ᠲᠤ ᠪᠠᠶᠢᠷᠢᠰᠢᠭᠤᠯᠤᠭᠰᠠᠨ ᠲᠥᠷᠥᠯ ᠵᠦᠢᠯ ᠢᠶᠠᠨ ᠨᠢᠭᠡ ᠶᠡᠷᠦᠩᠬᠡᠢ | ᠴᠣᠭᠴᠠᠲᠤ ᠲᠥᠷᠥᠯ ᠵᠦᠢᠯ ᠢᠶᠠᠷ ︽ᠬᠠᠮᠲᠤᠷᠠᠭᠤᠯᠵᠤ︾ ᠪᠦᠷᠢᠳᠬᠡᠨ ᠳᠠᠩᠰᠠᠯᠠᠭᠤᠯᠬᠤ ᠶᠢ ᠴᠢᠩᠭ᠎ᠠ ᠴᠠᠭᠠᠵᠠᠯᠠᠨ᠎ᠠ︔ | ᠪᠡᠯᠡᠳᠬᠡᠮᠵᠢᠲᠦ ᠪᠤᠰᠤ ᠲᠠᠷᠢᠶᠠᠯᠠᠩ ᠤᠨ ᠲᠥᠷᠥᠯ ᠵᠦᠢᠯ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ | ᠪᠦᠷᠢᠳᠬᠡᠨ ᠳᠠᠩᠰᠠᠯᠠᠭᠤᠯᠬᠤ ᠶᠢ ᠡᠷᠡᠰ ᠴᠠᠭᠠᠵᠠᠯᠠᠨ᠎ᠠ᠃ ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ | ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠡᠵᠡᠯᠡᠨ ᠬᠡᠷᠡᠭᠯᠡᠭᠡᠳ ᠨᠥᠬᠦᠵᠦ ᠬᠤᠪᠢᠶᠠᠷᠢᠯᠠᠬᠤ ᠴᠢᠬᠤᠯᠠᠲᠠᠶ | ᠪᠠᠶᠢᠪᠠᠯ᠂ ᠡᠷᠬᠡᠪᠰᠢ ᠤᠷᠢᠳ ᠢᠶᠠᠷ ᠨᠥᠬᠦᠵᠦ ᠬᠤᠪᠢᠶᠠᠷᠢᠯᠠᠨ ᠥᠭᠴᠦ ᠳᠠᠷᠠᠭ᠎ᠠ ᠨᠢ ᠡᠵᠡᠯᠡᠨ ᠬᠡᠷᠡᠭᠯᠡᠭᠦᠯᠦᠨ᠎ᠡ︔ | ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠪᠡᠯᠡᠳᠬᠡᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ ᠢᠶᠠᠷ ᠡᠵᠡᠯᠡᠨ | ᠬᠡᠷᠡᠭᠯᠡᠬᠦ ᠳᠤ ︽ᠬᠤᠤᠰ ᠳᠡᠭᠡᠳᠦ ᠬᠢᠵᠠᠭᠠᠷᠯᠠᠬᠤ ᠱᠤᠭᠤᠮ︾ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠡᠵᠡᠯᠡᠨ | ᠬᠡᠷᠡᠭᠯᠡᠬᠦ ᠲᠠᠯᠠᠪᠠᠶ ᠶᠢ ᠨᠢ ᠶᠡᠷᠦᠩᠬᠡᠶ ᠲᠠᠯᠠᠪᠠᠶ ᠶᠢᠨ 25% ᠶᠢᠨ ᠳᠣᠲᠣᠷ᠎ᠠ ᠬᠢᠵᠠᠭᠠᠷᠯᠠᠨ᠂ 30 ᠮᠥ ᠠᠴᠠ | ᠬᠡᠲᠦᠷᠡᠭᠦᠯᠵᠦ ᠪᠣᠯᠬᠤ ᠥᠬᠡᠶ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ |