| | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠢᠷᠭᠡᠳ ᠤᠨ ᠦᠨᠳᠦᠰᠦᠲᠡᠨ ᠤ | ᠪᠦᠷᠢᠯᠳᠦᠬᠦᠨ ᠢ ᠳᠡᠩᠰᠡᠯᠡᠨ ᠬᠠᠮᠢᠶᠠᠷᠬᠤ ᠬᠡᠷᠡᠭᠵᠢᠭᠦᠯᠬᠦ ᠠᠷᠭ᠎ᠠ︾ ︵ᠥᠪᠥᠷ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠲᠠᠷᠬᠠᠭᠠᠭᠰᠠᠨ ﹇2016﹈ 13 ᠳ᠋ᠤᠭᠠᠷ ᠲᠣᠭᠠᠲᠤ︶ ᠪᠠ ︽ᠦᠨᠳᠦᠰᠦᠲᠡᠨ ᠤ ᠪᠦᠷᠢᠯᠳᠦᠬᠦᠨ ᠢ | ᠥᠭᠡᠷᠡᠴᠢᠯᠡᠬᠦ ᠠᠵᠢᠯ ᠤᠨ ᠬᠤᠯᠪᠣᠭᠳᠠᠯ ᠪᠥᠬᠦᠶ ᠵᠦᠶᠯᠡᠰ ᠤᠨ ᠲᠤᠬᠠᠶ ᠠᠯᠠᠱᠠ ᠠᠶᠢᠮᠠᠭ ᠤᠨ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ ᠤᠨ ᠮᠡᠳᠡᠭᠳᠡᠯ︾ ︵ᠠᠷᠤ ᠠᠷᠠᠳ ᠲᠠᠷᠬᠠᠭᠠᠭᠰᠠᠨ ﹇2017﹈ 90 ᠳ᠋ᠦᠭᠡᠷ ᠲᠣᠭᠠᠲᠤ︶ | ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠠᠴᠠ ᠯᠢ ᠶᠤᠸᠠᠢ ᠶᠢᠨ ᠦᠨᠳᠦᠰᠦᠲᠡᠨ ᠤ ᠪᠦᠷᠢᠯᠳᠦᠬᠦᠨ ᠢᠶᠠᠨ ᠬᠤᠪᠢᠷᠠᠭᠤᠯᠬᠤ | ᠭᠤᠶᠤᠴᠢᠯᠠᠯ ᠤᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠪᠡ᠂ ᠡᠳᠦᠭᠡ ᠠᠭᠤᠯᠭ᠎ᠠ ᠶᠢ ᠨᠢ ᠳᠣᠣᠷᠠᠬᠢ ᠮᠡᠲᠦ | ᠨᠡᠶᠢᠲᠡᠯᠡᠶ᠎ᠡ᠄ | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠵᠠᠷᠯᠠᠨ ᠨᠡᠶᠢᠲᠡᠯᠡᠭᠰᠡᠨ ᠡᠲᠡᠭᠡᠳ ᠨᠢ ᠨᠥᠬᠦᠴᠡᠯ ᠪᠠ | ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠪᠠᠯ᠂ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠳᠤ ᠰᠢᠭᠤᠳ ᠲᠤᠰᠬᠠᠬᠤ ᠬᠡᠷᠡᠭᠲᠡᠶ᠃ ᠠᠭᠤᠯᠭ᠎ᠠ ᠶᠢ ᠲᠤᠰᠬᠠᠬᠤ ᠳᠤ ᠦᠨᠡᠨ ᠠᠴᠠ ᠵᠥᠪ ᠢ ᠡᠷᠢᠬᠦ᠂ ᠦᠨᠡᠨ | ᠪᠣᠳᠠᠲᠠᠶ ᠪᠠᠶᠢᠬᠤ ᠶᠢ ᠱᠠᠭᠠᠷᠳᠠᠨ᠎ᠠ᠂ ᠵᠠᠪᠰᠢᠶᠠᠨ ᠢ ᠳᠠᠯᠢᠮᠳᠠᠭᠤᠯᠤᠨ ᠵᠣᠷᠢᠭᠤᠳᠠ ᠣᠷᠣ ᠦᠭᠡᠢ ᠭᠠᠵᠠᠷ ᠤᠪᠤᠭ᠎ᠠ | ᠪᠤᠰᠬᠠᠵᠦ ᠪᠣᠯᠬᠤ ᠦᠭᠡᠢ᠃ ᠪᠢᠴᠢᠭ ᠢᠶᠠᠷ ᠲᠤᠰᠬᠠᠭᠰᠠᠨ ᠰᠠᠨᠠᠯ ᠳᠤ ᠡᠷᠬᠡᠪᠰᠢ ᠦᠨᠡᠨ ᠪᠣᠳᠠᠲᠠᠶ ᠤᠪᠤᠭ ᠨᠡᠷ᠎ᠡ ᠶᠢ | ᠪᠢᠴᠢᠬᠦ ᠬᠡᠷᠡᠭᠲᠡᠶ᠃ ᠮᠠᠨ ᠤ ᠬᠤᠷᠢᠶ᠎ᠠ ᠲᠤᠰᠬᠠᠭᠰᠠᠨ ᠬᠥᠮᠦᠨ ᠪᠠ ᠲᠤᠰᠬᠠᠭᠰᠠᠨ ᠤᠴᠢᠷ ᠶᠠᠪᠤᠳᠠᠯ ᠤᠨ ᠨᠢᠭᠤᠴᠠ ᠶᠢ | ᠴᠢᠩᠭ᠎ᠠ ᠬᠠᠮᠠᠭᠠᠯᠠᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠲᠤᠰᠬᠠᠭᠰᠠᠨ ᠠᠰᠠᠭᠤᠳᠠᠯ ᠢ ᠪᠢᠳᠡ ᠨᠠᠷᠢᠨ | ᠬᠢᠨᠠᠮᠠᠭᠠᠶ ᠪᠠᠶᠢᠴᠠᠭᠠᠨ ᠬᠠᠷᠭᠤᠭᠤᠯᠵᠤ᠂ ᠪᠠᠶᠢᠳᠠᠯ ᠢ ᠨᠢ ᠦᠵᠡᠵᠦ ᠪᠠᠶᠢᠭᠠᠳ ᠰᠤᠳᠤᠯᠤᠨ ᠰᠢᠶᠳᠪᠦᠷᠢᠯᠡᠨ᠎ᠡ᠃ | ᠵᠠᠷᠯᠠᠨ ᠨᠡᠶᠢᠲᠡᠯᠡᠬᠦ ᠶᠢ ᠭᠥᠯᠢᠶᠡᠨ ᠠᠪᠴᠤ ᠰᠢᠶᠳᠪᠦᠷᠢᠯᠡᠬᠦ ᠴᠠᠭ᠄ 2022 ᠣᠨ ᠤ 2 ᠰᠠᠷ᠎ᠠ ᠶᠢᠨ 11 ᠤ | ᠡᠳᠦᠷ ᠠᠴᠠ 2022 ᠣᠨ ᠤ 2 ᠰᠠᠷ᠎ᠠ ᠶᠢᠨ 18 ᠤ ᠡᠳᠦᠷ ᠪᠣᠯᠲᠠᠯ᠎ᠠ᠂ ᠦᠳᠡ ᠶᠢᠨ ᠡᠮᠦᠨᠡᠬᠢ 9᠄ 00 — | 12᠄ 00᠂ ᠦᠳᠡ ᠶᠢᠨ ᠬᠤᠶᠢᠨᠠᠬᠢ 15᠄ 00 — 18᠄ 00᠃ | ᠬᠦᠯᠢᠶᠡᠨ ᠠᠪᠴᠤ ᠰᠢᠶᠳᠪᠦᠷᠢᠯᠡᠬᠦ ᠨᠢᠭᠡᠴᠢ᠄ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ | ᠡᠷᠬᠢᠯᠡᠬᠦ ᠬᠤᠷᠢᠶ᠎ᠠ | ᠬᠠᠷᠢᠯᠴᠠᠬᠤ ᠤᠲᠠᠰᠤ᠄ 0483 — 8222674 | ᠳᠠᠭᠠᠯᠳᠤᠭᠤᠯᠤᠯ᠄ ᠦᠨᠳᠦᠰᠦᠲᠡᠨ ᠤ ᠪᠦᠷᠢᠯᠳᠦᠬᠦᠨ ᠢ ᠬᠤᠪᠢᠷᠠᠭᠤᠯᠬᠤ ᠳᠠᠩᠰᠠᠯᠠᠯᠲᠠ ᠶᠢᠨ ᠬᠦᠰᠦᠨᠦᠭᠲᠦ | | | | | | ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ | 2022 ᠣᠨ ᠤ 2 ᠰᠠᠷ᠎ᠠ ᠶᠢᠨ 11 | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |