| | | | | ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠤᠯᠤᠰ᠂ ᠥᠪᠡᠷᠲᠡᠭᠡᠨ ᠵᠠᠰᠠᠬᠤ ᠣᠷᠣᠨ | ᠶᠠᠳᠠᠭᠤ ᠶᠢ ᠲᠡᠳᠬᠦᠬᠦ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠶᠢ | ᠲᠡᠳᠬᠦᠬᠦ ᠶᠡᠭᠡ ᠬᠡᠮᠵᠢᠶᠡᠨ ᠤ ᠲᠦᠷᠦᠯ ᠵᠦᠢᠯ ᠢ ᠬᠡᠷᠡᠭᠵᠢᠭᠦᠯᠵᠦ᠂ ᠨᠡᠯᠢᠶᠡᠳ ᠶᠡᠭᠡ ᠬᠡᠪᠴᠢᠶᠡᠨ ᠤ ᠡᠳ᠋ | ᠬᠦᠷᠦᠩᠭᠡ ᠶᠢ ᠪᠦᠷᠢᠯᠳᠦᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ | ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ | ᠠᠩᠭᠢᠵᠢᠷᠠᠵᠤ ᠣᠷᠣᠯᠭ᠎ᠠ ᠪᠠᠨ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠴᠢᠬᠤᠯᠠ ᠰᠠᠭᠤᠷᠢ ᠶᠢ ᠲᠠᠯᠪᠢᠪᠠ᠃ ᠶᠠᠳᠠᠭᠤ ᠶᠢ ᠲᠡᠳᠬᠦᠬᠦ ᠲᠥᠷᠥᠯ | ᠵᠦᠢᠯ ᠤᠨ ᠡᠳ᠋ ᠬᠥᠷᠥᠩᠭᠡ ᠶᠢᠨ ᠦᠷᠭᠦᠯᠵᠢᠯᠡᠯ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ | ᠵᠢᠷᠤᠮᠵᠢᠭᠤᠯᠵᠤ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠳᠤᠮᠳᠠ ᠦᠷ᠎ᠡ ᠠᠰᠢᠭ ᠢ ᠨᠢ ᠦᠷᠭᠦᠯᠵᠢᠯᠡᠨ | ᠪᠠᠳᠠᠷᠠᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠦᠷᠭᠦᠯᠵᠢᠯᠡᠯ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ ᠰᠠᠨᠠᠯ ᠢ ᠳᠠᠮᠵᠢᠭᠤᠯᠤᠨ ᠲᠠᠷᠬᠠᠭᠠᠬᠤ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠵᠠᠬᠢᠳᠠᠯ ﹇ | 2021﹈ 51 ᠳ᠋ᠦ᠋ᠭᠡᠷ ᠲᠣᠭᠠᠲᠤ︶᠂ ︽ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ | ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ︵ᠥᠪᠥᠷ ᠵᠠᠰᠠᠭ ᠲᠠᠷᠬᠠᠭᠠᠭᠰᠠᠨ ﹇2019﹈ 18 ᠳ᠋ᠤᠭᠠᠷ | ᠲᠣᠭᠠᠲᠤ︶ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ᠂ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠬᠡᠷ᠂ ᠡᠳ᠋ ᠤᠨ ᠵᠠᠰᠠᠭ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠦᠷᠭᠦᠯᠵᠢᠯᠡᠯ ᠬᠠᠮᠢᠶᠠᠷᠤᠯᠲᠠ ᠶᠢᠨ | ᠠᠷᠭ᠎ᠠ ︵ᠲᠤᠷᠰᠢᠨ ᠬᠡᠷᠡᠭᠵᠢᠭᠦᠯᠬᠦ︶ ᠶᠢ ᠲᠣᠭᠲᠠᠭᠠᠪᠠ᠃ | | ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ | ᠬᠥᠷᠥᠩᠭᠡ ᠶᠢᠨ ᠦᠷᠭᠦᠯᠵᠢᠯᠡᠯ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠨᠢ ᠨᠡᠶᠢᠲᠡ 11 | ᠪᠦᠯᠦᠭ 46 ᠵᠦᠢᠯ ᠪᠠᠶᠢᠵᠤ᠂ ᠭᠤᠤᠯ ᠠᠭᠤᠯᠭ᠎ᠠ ᠳᠤ᠄ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠦᠨᠳᠦᠰᠦᠨ | ᠵᠠᠷᠴᠢᠮ᠂ ᠬᠦᠷᠢᠶ᠎ᠡ ᠬᠡᠪᠴᠢᠶ᠎ᠡ ᠲᠥᠷᠥᠯ ᠬᠡᠯᠪᠡᠷᠢ᠂ ᠡᠬᠡ ᠲᠠᠩᠰᠠ ᠪᠠᠶᠢᠭᠤᠯᠬᠤ᠂ ᠡᠷᠬᠡ ᠶᠢ ᠨᠤᠲᠠᠯᠠᠨ ᠰᠢᠯᠵᠢᠭᠦᠯᠦᠨ | ᠲᠤᠰᠢᠶᠠᠬᠤ᠂ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠬᠤ᠂ ᠬᠠᠮᠢᠶᠠᠷᠤᠨ ᠬᠠᠮᠠᠭᠠᠯᠠᠵᠤ ᠠᠵᠢᠯᠯᠠᠭᠤᠯᠤᠨ | ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ᠂ ᠡᠳ᠋ ᠬᠥᠷᠥᠩᠭᠡ ᠶᠢ ᠰᠢᠢᠳᠪᠦᠷᠢᠯᠡᠬᠦ᠂ ᠬᠠᠷᠢᠭᠤᠴᠠᠯᠭ᠎ᠠ ᠶᠢ | ᠬᠤᠪᠢᠶᠠᠷᠢᠯᠠᠬᠤ᠂ ᠵᠣᠬᠢᠶᠠᠨ ᠪᠠᠶᠢᠭᠤᠯᠤᠨ ᠪᠠᠲᠤᠯᠠᠬᠤ ᠵᠡᠷᠭᠡ ᠪᠠᠭᠲᠠᠨ᠎ᠠ᠃ | ᠲᠣᠰ ᠠᠷᠭ᠎ᠠ ᠳᠤ ᠬᠡᠯᠡᠵᠦ ᠪᠠᠶᠢᠭ᠎ᠠ ︽ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ︾ | ᠭᠡᠳᠡᠭ ᠨᠢ᠄ 2012 ᠣᠨ ᠠᠴᠠ ᠨᠠᠭᠠᠰᠢ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠠ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠳᠤ ᠬᠡᠷᠡᠭᠯᠡᠭᠰᠡᠨ ᠡᠯ᠎ᠡ ᠱᠠᠲᠤᠨ ᠤ ᠡᠯ᠎ᠡ ᠲᠥᠷᠥᠯ ᠤᠨ ᠡᠳ᠋ ᠤᠨ ᠵᠠᠰᠠᠭ ᠤᠨ ᠪᠡᠯᠡ | ᠮᠥᠩᠭᠦ ︵ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ᠂ ᠡᠳ᠋ ᠤᠨ ᠵᠠᠰᠠᠭ ᠤᠨ ᠲᠠᠷᠢᠶᠠᠯᠠᠩ | ᠮᠠᠯ ᠠᠵᠤ ᠠᠬᠤᠶ ᠳᠤ ᠬᠤᠯᠪᠣᠭᠳᠠᠭᠰᠠᠨ ᠪᠠᠯᠠ ᠮᠥᠩᠭᠦ ᠶᠢ ᠨᠢᠭᠡᠳᠦᠯᠲᠡᠢ ᠲᠥᠯᠥᠪᠯᠡᠨ ᠨᠢᠭᠡᠳᠬᠡᠬᠦ᠂ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ᠂ ᠠᠵᠢᠯ ᠲᠥᠷᠥᠯ ᠤᠨ ᠶᠠᠳᠠᠭᠤ ᠶᠢ ᠲᠡᠳᠬᠦᠬᠦ ᠪᠠᠯᠠ | ᠮᠥᠩᠭᠦ ᠵᠡᠷᠭᠡ︶᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠪᠠᠯᠠ ᠮᠥᠩᠭᠦ᠂ ᠬᠤᠯᠪᠣᠭᠠᠰᠤ ᠪᠠᠶᠢᠭᠤᠯᠤᠨ | ᠬᠠᠪᠰᠤᠷᠤᠨ ᠲᠡᠳᠬᠦᠬᠦ ᠪᠠᠯᠠ ᠮᠥᠩᠭᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭᠲᠦ ᠶᠢᠨ ᠪᠠᠯᠠ ᠮᠥᠩᠭᠦ ︵ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠳᠡᠮᠵᠢᠬᠦ ᠳᠤ ᠬᠡᠷᠡᠭᠯᠡᠨ᠎ᠡ︶᠂ | ᠣᠨᠳᠣᠣ ᠭᠠᠵᠠᠷ ᠲᠤ ᠶᠠᠳᠠᠭᠤ ᠶᠢ ᠲᠡᠳᠬᠦᠬᠦ ᠪᠠᠷ ᠨᠡᠭᠦᠯᠭᠡᠨ ᠰᠢᠯᠵᠢᠭᠦᠯᠦᠭᠰᠡᠨ ᠪᠠᠯᠠ ᠮᠥᠩᠭᠦ᠂ ᠴᠡᠭ ᠲᠣᠭᠲᠠᠭᠠᠨ | ᠬᠠᠪᠰᠤᠷᠤᠨ ᠲᠡᠳᠬᠦᠬᠦ ᠪᠠᠯᠠ ᠮᠥᠩᠭᠦ ᠵᠢᠴᠢ ᠨᠡᠶᠢᠭᠡᠮ ᠤᠨ ᠬᠠᠨᠳᠢᠪᠯᠠᠯ ᠵᠡᠷᠭᠡ ᠣᠷᠣᠭᠤᠯᠤᠯᠲᠠ ᠬᠢᠵᠦ | ᠪᠦᠷᠢᠯᠳᠦᠭᠦᠯᠦᠭᠰᠡᠨ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠵᠢᠭᠠᠨ᠎ᠠ᠃ ᠶᠠᠳᠠᠭᠤ ᠶᠢ | ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ᠂ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠪᠠ ᠡᠷᠦᠬᠡ ᠳᠤ ᠬᠦᠷᠭᠡᠬᠦ ᠲᠥᠷᠥᠯ ᠤᠨ ᠡᠳ᠋ ᠬᠥᠷᠥᠩᠭᠡ ᠶᠢᠨ ᠶᠣᠰᠣᠭᠠᠷ | ᠬᠠᠮᠢᠶᠠᠷᠤᠨ᠎ᠠ᠃ | ᠲᠣᠰ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ | ᠲᠣᠰ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | ᠂ ᠨᠠᠮ ᠤᠨ ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠬᠡᠷ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ ᠲᠠᠶᠢᠯᠪᠤᠷᠢᠯᠠᠨ᠎ᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |