| | | ᠨᠢᠭᠡ᠂ ᠲᠤᠭᠤᠷᠪᠢᠭᠰᠠᠨ ᠠᠬᠤᠶ ᠪᠠᠶᠢᠳᠠᠯ ᠤᠨ ᠲᠤᠬᠠᠶ | | ᠬᠤᠳᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠨᠢ ᠮᠠᠰᠢᠨᠲᠤ ᠲᠡᠷᠭᠡ ᠥᠮᠴᠢᠯᠡᠬᠦ ᠪᠠ ᠬᠡᠷᠡᠭᠯᠡᠬᠦ ᠶᠢ | ᠲᠣᠬᠢᠷᠠᠭᠤᠯᠬᠤ ᠭᠤᠣᠯ ᠪᠣᠯᠬᠤ ᠵᠠᠮ ᠬᠠᠷᠢᠯᠴᠠᠭᠠᠨ ᠤ ᠪᠡᠯᠡᠳᠬᠡᠮᠵᠢ ᠪᠣᠯᠤᠭᠰᠠᠨ ᠤ ᠬᠤᠪᠢ ᠳᠤ᠂ ᠮᠠᠰᠢᠨᠲᠤ | ᠲᠡᠷᠭᠡ ᠶᠢᠨ ᠠᠵᠢᠯᠯᠠᠭ᠎ᠠ ᠯᠤᠭ᠎ᠠ ᠬᠠᠷᠢᠯᠴᠠᠨ ᠬᠢᠵᠠᠭᠠᠷᠯᠠᠵᠤ᠂ ᠬᠠᠷᠢᠯᠴᠠᠨ ᠲᠦᠰᠢᠭᠯᠡᠯᠴᠡᠵᠦ᠂ ᠬᠤᠳᠠ ᠶᠢᠨ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠭᠲᠠᠯᠴᠠᠭ᠎ᠠ ᠵᠢᠴᠢ ᠬᠤᠳᠠ ᠶᠢᠨ ᠦᠷᠭᠦᠯᠵᠢᠯᠡᠬᠦ᠋ᠢᠴᠡ ᠬᠥᠭᠵᠢᠯᠲᠡ ᠶᠢ | ᠲᠤᠯᠭᠠᠭᠤᠷᠢᠯᠠᠬᠤ ᠳᠤ ᠴᠢᠬᠤᠯᠠ ᠦᠢᠯᠡᠳᠦᠯ ᠲᠠᠢ ᠶᠤᠮ᠃ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ | ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠡᠪᠴᠢᠶ᠎ᠡ ᠦᠷᠭᠦᠯᠵᠢᠯᠡᠨ ᠥᠷᠭᠡᠳᠴᠦ᠂ ᠲᠡᠷᠭᠡ ᠵᠣᠭᠰᠣᠭᠠᠬᠤ | ᠡᠮᠬᠢ ᠳᠢᠭᠯᠢᠮ ᠲᠠᠰᠤᠷᠠᠯᠲᠠ ᠥᠬᠡᠶ ᠲᠡᠭᠦᠯᠳᠡᠷᠵᠢᠵᠦ᠂ ᠠᠵᠤ ᠦᠶᠢᠯᠡᠰᠵᠢᠯᠲᠡ ᠶᠢᠨ ᠬᠥᠭᠵᠢᠯᠲᠡ ᠠᠯᠬᠤᠮ | ᠠᠯᠬᠤᠮ ᠢᠶᠠᠷ ᠭᠦᠨᠵᠡᠭᠡᠶᠢᠷᠡᠭᠰᠡᠨ ᠪᠣᠯᠪᠠᠴᠤ ᠬᠠᠩᠭᠠᠯᠭ᠎ᠠ ᠶᠢᠨ ᠴᠢᠳᠠᠪᠤᠷᠢ ᠳᠤᠲᠠᠮᠠᠭ᠂ ᠵᠠᠰᠠᠯᠲᠠ ᠶᠢᠨ ᠲᠦᠪᠰᠢᠨ | ᠳᠣᠣᠷ᠎ᠠ᠂ ᠵᠠᠬ᠎ᠠ ᠳᠡᠯᠭᠡᠭᠦᠷᠴᠢᠯᠡᠯᠲᠡ ᠶᠢᠨ ᠠᠬᠢᠴᠠ ᠤᠳᠠᠭᠠᠨ ᠵᠡᠷᠭᠡ ᠠᠰᠠᠭᠤᠳᠠᠯ ᠮᠥᠨ ᠯᠡ ᠣᠷᠣᠰᠢᠭᠰᠠᠭᠠᠷ | ᠪᠠᠶᠢᠨ᠎ᠠ᠃ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢᠨ ᠶᠠᠪᠤᠴᠠ ᠳᠤ ᠲᠣᠪᠤᠶᠢᠮ᠎ᠠ | ᠣᠷᠣᠰᠢᠵᠤ ᠪᠠᠶᠢᠭ᠎ᠠ ᠬᠦᠴᠢᠷ ᠠᠰᠠᠭᠤᠳᠠᠯ ᠳᠤ ᠴᠢᠭᠯᠡᠭᠦᠯᠦᠨ᠂ 2021 ᠣᠨ ᠤ 5 ᠳ᠋ᠤᠭᠠᠷ ᠰᠠᠷ᠎ᠠ ᠳᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠥᠷᠥ ᠠᠯᠪᠠᠨ ᠵᠠᠬᠢᠳᠠᠯ ﹇2021﹈ 46 ᠳ᠋ᠤᠭᠠᠷ | ᠲᠣᠭᠠᠲᠤ ᠪᠢᠴᠢᠭ ᠮᠠᠲ᠋ᠧᠷᠢᠶᠠᠯ ᠢᠶᠠᠷ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ | ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ | ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠮᠵᠢᠭᠤᠯᠤᠨ | ᠲᠠᠷᠬᠠᠭᠠᠪᠠ᠃ ︽ᠰᠠᠨᠠᠯ︾ ᠳᠤ᠂ 2025 ᠣᠨ ᠪᠣᠯᠬᠤ ᠳᠤ᠂ ᠪᠥᠬᠦ ᠤᠯᠤᠰ ᠤᠨ ᠲᠣᠮᠣ ᠳᠤᠮᠳᠠ ᠵᠢᠵᠢᠭ | ᠬᠤᠲᠠ ᠳᠤ ᠲᠡᠷᠭᠡ ᠵᠣᠭᠰᠣᠭᠠᠬᠤ ᠪᠠᠷ ᠭᠤᠣᠯᠯᠠᠭᠰᠠᠨ᠂ ᠵᠠᠮ ᠤᠨ ᠭᠠᠳᠠᠨ᠎ᠠ ᠣᠯᠠᠨ ᠨᠡᠶᠢᠲᠡ ᠶᠢᠨ ᠲᠡᠷᠭᠡ ᠶᠢ | ᠵᠣᠭᠰᠣᠭᠠᠬᠤ ᠪᠠᠷ ᠬᠠᠪᠰᠤᠷᠤᠭᠤᠯᠤᠭᠰᠠᠨ᠂ ᠵᠠᠮ ᠤᠨ ᠳᠣᠲᠣᠷ᠎ᠠ ᠲᠡᠷᠭᠡ ᠵᠣᠭᠰᠣᠭᠠᠬᠤ ᠪᠠᠷ ᠨᠥᠬᠦᠪᠦᠷᠢᠯᠡᠭᠦᠯᠦᠭᠰᠡᠨ | ᠬᠤᠲᠠ ᠶᠢᠨ ᠲᠡᠷᠭᠡ ᠵᠣᠭᠰᠣᠭᠠᠬᠤ ᠰᠢᠰᠲ᠋ᠧᠮ ᠢ ᠦᠨᠳᠦᠰᠦᠨ ᠳᠤ ᠪᠠᠨ ᠳᠣᠭᠢᠷᠠᠭᠤᠯᠤᠨ ᠪᠠᠶᠢᠭᠤᠯᠤᠨ᠎ᠠ ᠭᠡᠵᠦ | ᠲᠣᠳᠣᠷᠬᠠᠶ ᠲᠣᠭᠲᠠᠭᠠᠵᠠᠶ᠃ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠤᠭᠤᠷᠪᠢᠨ | ᠪᠢᠴᠢᠬᠦ ᠳᠤᠭᠤᠶᠢᠯᠠᠩ ᠪᠠᠶᠢᠭᠤᠯᠵᠤ᠂ ᠮᠠᠨ ᠤ ᠣᠷᠣᠨ ᠤ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ | ᠬᠥᠭᠵᠢᠯᠲᠡ ᠶᠢᠨ ᠣᠳᠣᠬᠢ ᠪᠠᠶᠢᠳᠠᠯ ᠢ ᠭᠦᠨᠵᠡᠭᠡᠶ ᠪᠠᠶᠢᠴᠠᠭᠠᠨ ᠰᠤᠳᠤᠯᠵᠤ᠂ ᠭᠠᠳᠠᠷ ᠮᠤᠵᠢ ᠶᠢᠨ ᠲᠤᠷᠰᠢᠯᠭᠠᠲᠤ | ᠠᠷᠭ᠎ᠠ ᠪᠠᠷ ᠬᠢᠨᠠᠮᠠᠭᠠᠶ ᠲᠣᠯᠢᠯᠠᠭᠤᠯᠤᠨ᠂ ᠮᠠᠨ ᠤ ᠣᠷᠣᠨ ᠤ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠤᠭᠰᠠᠨ ᠪᠥᠭᠡᠳ | ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠬᠤᠷᠢᠶᠠᠪᠠ᠃ 11 | ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠥᠪᠥᠷ ᠵᠠᠰᠠᠭ | ᠠᠯᠪᠠᠨ ᠲᠠᠷᠬᠠᠭᠠᠭᠰᠠᠨ ﹇2021﹈ 71 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠢᠶᠠᠷ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢ ᠠᠬᠢᠭᠤᠯᠬᠤ | ᠲᠤᠬᠠᠢ ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠪᠠ᠃ ᠤᠯᠤᠰ ᠤᠨ ︽ᠰᠠᠨᠠᠯ︾ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ | ᠭᠤᠤᠯᠳᠠᠯᠭ᠎ᠠ ᠲᠠᠢ ᠡᠭᠦᠷᠭᠡ ᠶᠢᠨ ᠪᠠᠷᠢᠮᠵᠢᠶ᠎ᠠ ᠲᠠᠢ ᠬᠠᠷᠭᠤᠭᠤᠯᠵᠤ᠂ ᠮᠠᠨ ᠤ ᠣᠷᠣᠨ ᠤ ᠪᠣᠳᠠᠲᠠᠶ ᠲᠠᠢ ᠪᠠᠨ | ᠤᠶᠠᠯᠳᠤᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠡᠭᠦᠷᠭᠡ ᠶᠢᠨ ᠬᠠᠷᠢᠭᠤᠴᠠᠯᠭᠠᠲᠤ | ᠭᠤᠤᠯ ᠴᠣᠭᠴᠠ ᠶᠢ ᠲᠣᠳᠣᠷᠬᠠᠶᠢᠯᠠᠪᠠ᠃ ︽ᠬᠡᠷᠡᠭᠵᠢᠭᠦᠯᠬᠦ ᠲᠥᠰᠦᠯ︾ ᠨᠢ ᠬᠤᠲᠠ ᠶᠢᠨ ᠲᠡᠷᠭᠡ ᠵᠣᠭᠰᠣᠭᠠᠬᠤ | ᠪᠡᠯᠡᠳᠬᠡᠮᠵᠢ ᠶᠢᠨ ᠬᠠᠩᠭᠠᠯᠭ᠎ᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠬᠦ᠂ ᠬᠤᠲᠠ ᠶᠢᠨ ᠵᠠᠮ ᠬᠠᠷᠢᠯᠴᠠᠭᠠᠨ ᠤ | ᠣᠷᠴᠢᠨ ᠲᠣᠭᠤᠷᠢᠨ ᠵᠢᠴᠢ ᠠᠵᠢᠯᠯᠠᠭᠠᠨ ᠤ ᠦᠷ᠎ᠡ ᠪᠦᠲᠦᠮᠵᠢ ᠶᠢ ᠰᠠᠶᠢᠵᠢᠷᠠᠭᠤᠯᠬᠤ᠂ ᠬᠤᠲᠠ ᠶᠢᠨ | ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠳᠤ ᠢᠳᠡᠪᠬᠢᠲᠡᠶ ᠦᠢᠯᠡᠳᠦᠯ ᠲᠠᠢ ᠶᠤᠮ᠃ | | ᠬᠤᠶᠠᠷ᠂ ᠭᠤᠣᠯ ᠠᠭᠤᠯᠭ᠎ᠠ ᠶᠢᠨ ᠲᠤᠬᠠᠶ | | ᠨᠢᠭᠡᠳᠦᠭᠡᠷ ᠬᠡᠰᠡᠭ ᠨᠢ ᠲᠡᠷᠭᠡ ᠵᠣᠭᠰᠣᠭᠠᠬᠤ ᠪᠡᠯᠡᠳᠬᠡᠮᠵᠢ ᠶᠢᠨ ᠲᠥᠯᠥᠪᠵᠢᠭᠦᠯᠭᠡ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠲᠤᠬᠠᠢ ᠪᠣᠯᠣᠨ᠎ᠠ᠃ ᠲᠡᠷᠭᠡ ᠵᠣᠭᠰᠣᠭᠠᠬᠤ ᠡᠬᠢ ᠪᠠᠶᠠᠯᠢᠭ ᠨᠢ ᠲᠠᠷᠠᠬᠠᠶ ᠪᠤᠲᠠᠷᠬᠠᠶ᠂ | ᠥᠮᠴᠢᠯᠡᠬᠦ ᠡᠷᠬᠡ ᠶᠢᠨ ᠬᠠᠷᠢᠶᠠᠯᠠᠯ ᠨᠢ ᠣᠯᠠᠨ ᠶᠠᠩᠵᠤᠲᠤ ᠴᠢᠨᠠᠷ ᠤᠨ ᠣᠨᠴᠠᠯᠢᠭ ᠲᠠᠢ ᠪᠠᠶᠢᠵᠤ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠪᠣᠯ ᠲᠡᠷᠭᠡ | ᠵᠣᠭᠰᠣᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢ ᠤᠷᠤᠭᠰᠢᠲᠠᠶ ᠠᠬᠢᠭᠤᠯᠬᠤ ᠶᠢᠨ | ᠦᠨᠳᠦᠰᠦᠨ ᠪᠠᠲᠤᠯᠠᠭ᠎ᠠ ᠪᠣᠯᠣᠨ᠎ᠠ᠃ ︽ᠬᠡᠷᠡᠭᠵᠢᠭᠦᠯᠬᠦ ᠲᠥᠰᠦᠯ︾ ᠳᠤ ᠲᠥᠯᠥᠪᠵᠢᠭᠦᠯᠦᠨ ᠨᠢᠭᠡᠳᠦᠯᠲᠡᠶ | ᠲᠥᠯᠥᠪᠯᠡᠬᠦ ᠶᠢ ᠴᠢᠩᠭᠠᠳᠬᠠᠬᠤ᠂ ᠬᠤᠲᠠ ᠶᠢᠨ ᠲᠡᠷᠭᠡ ᠵᠣᠭᠰᠣᠭᠠᠬᠤ ᠦᠨᠳᠦᠰᠦᠨ ᠬᠡᠷᠡᠭᠴᠡᠭᠡ ᠶᠢ ᠬᠦᠴᠦᠯᠡᠨ | ᠪᠠᠲᠤᠯᠠᠬᠤ᠂ ᠲᠡᠷᠭᠡ ᠵᠣᠭᠰᠣᠭᠠᠬᠤ ᠬᠡᠷᠡᠭᠴᠡᠭᠡ ᠶᠢ ᠬᠠᠩᠭᠠᠬᠤ᠂ ᠲᠡᠷᠭᠡ ᠵᠣᠭᠰᠣᠭᠠᠬᠤ ᠪᠠ ᠲᠡᠷᠭᠡ ᠰᠣᠯᠢᠵᠤ | ᠠᠶᠠᠯᠠᠬᠤ ᠶᠢ ᠵᠣᠯᠭᠠᠭᠤᠯᠬᠤ ᠲᠦᠪᠰᠢᠨ ᠢ ᠳᠡᠭᠡᠭᠰᠢᠯᠡᠭᠦᠯᠬᠦ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ᠂ | ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠬᠤ᠂ ᠲᠡᠷᠭᠡ | ᠵᠣᠭᠰᠣᠭᠠᠬᠤ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ | ᠃ | ᠬᠤᠶᠠᠳᠤᠭᠠᠷ ᠬᠡᠰᠡᠭ ᠨᠢ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢᠨ ᠲᠦᠪᠰᠢᠨ ᠢ | ᠳᠡᠭᠡᠭᠰᠢᠯᠡᠭᠦᠯᠬᠦ ᠲᠤᠬᠠᠢ ᠪᠣᠯᠣᠨ᠎ᠠ᠃ ᠬᠤᠲᠠᠴᠢᠯᠠᠯᠲᠠ ᠪᠠ ᠮᠠᠰᠢᠨᠴᠢᠯᠠᠯᠲᠠ ᠶᠢᠨ ᠲᠦᠷᠭᠡᠨ ᠬᠥᠭᠵᠢᠭᠰᠡᠨ ᠠᠬᠤᠶ | ᠪᠠᠶᠢᠳᠠᠯ ᠳᠣᠤᠷ᠎ᠠ᠂ ᠲᠡᠷᠭᠡ ᠵᠣᠭᠰᠣᠭᠠᠬᠤ ᠠᠰᠠᠭᠤᠳᠠᠯ ᠨᠢ ᠨᠢᠭᠡᠨᠲᠡ ᠬᠤᠲᠠ ᠶᠢᠨ ᠨᠡᠶᠢᠳᠡᠮ ᠤᠨ ᠴᠢᠨᠠᠷᠲᠠᠢ | ᠠᠰᠠᠭᠤᠳᠠᠯ ᠪᠣᠯᠵᠣ᠂ ᠤᠯᠠᠮᠵᠢᠯᠠᠯᠲᠤ ᠲᠡᠷᠭᠡ ᠵᠣᠭᠰᠣᠭᠠᠬᠤ ᠪᠡᠯᠡᠳᠬᠡᠮᠵᠢ ᠨᠢ ᠨᠢᠭᠡᠨᠲᠡ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠲᠡᠷᠭᠡ ᠵᠣᠭᠰᠣᠭᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠣᠯᠵᠠᠶ᠃ ︽ᠬᠡᠷᠡᠭᠵᠢᠭᠦᠯᠬᠦ ᠲᠥᠰᠦᠯ︾ | ᠳᠤ ᠲᠡᠷᠭᠡ ᠵᠣᠭᠰᠣᠭᠠᠬᠤ ᠪᠡᠯᠡᠳᠬᠡᠮᠵᠢ ᠲᠣᠨᠣᠭᠯᠠᠯ ᠤᠨ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠬᠦ᠂ ᠬᠤᠲᠠ ᠶᠢᠨ | ᠲᠡᠷᠭᠡ ᠵᠣᠭᠰᠣᠭᠠᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ᠂ ᠲᠡᠷᠭᠡ ᠵᠣᠭᠰᠣᠭᠠᠬᠤ | ᠦᠢᠯᠡᠴᠢᠯᠡᠭᠡ ᠶᠢᠨ ᠤᠶᠤᠨᠴᠢᠯᠠᠯᠲᠠ ᠶᠢ ᠲᠦᠷᠭᠡᠳᠬᠡᠨ ᠠᠬᠢᠭᠤᠯᠬᠤ᠂ ᠲᠡᠷᠭᠡ ᠵᠣᠭᠰᠣᠭᠠᠬᠤ ᠡᠬᠢ ᠪᠠᠶᠠᠯᠢᠭ ᠢ | ᠨᠡᠭᠡᠭᠡᠯᠲᠡ ᠲᠠᠢ ᠪᠠᠶᠢᠯᠭᠠᠵᠤ ᠬᠠᠮᠲᠤ ᠳᠤ ᠪᠠᠨ ᠬᠦᠷᠲᠡᠬᠦ ᠶᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠲᠡᠷᠭᠡ ᠵᠣᠭᠰᠣᠭᠠᠬᠤ ᠦᠷ᠎ᠡ ᠪᠦᠲᠦᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠡᠷᠭᠡ | ᠵᠣᠭᠰᠣᠭᠠᠬᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ ᠨᠠᠮᠳᠠᠭᠤᠯᠤᠨ᠎ᠠ ᠭᠡᠵᠡᠢ᠃ | ᠭᠤᠷᠪᠠᠳᠤᠭᠠᠷ ᠬᠡᠰᠡᠭ ᠨᠢ ᠪᠠᠯᠠ ᠮᠥᠩᠭᠦ ᠪᠠ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠳᠬᠠᠬᠤ ᠲᠤᠬᠠᠢ | ᠪᠣᠯᠣᠨ᠎ᠠ᠃ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠢ ᠤᠯᠬᠤ ᠠᠷᠭ᠎ᠠ ᠮᠠᠶ᠋ᠢᠭ᠂ ᠲᠡᠷᠭᠡ | ᠵᠣᠭᠰᠣᠭᠠᠬᠤ ᠳᠤ ᠬᠤᠯᠪᠣᠭᠳᠠᠭᠰᠠᠨ ᠬᠤᠳᠠᠯᠳᠤᠭᠠᠨ ᠤ ᠢᠵᠢ ᠲᠥᠬᠦᠷ ᠨᠡᠭᠡᠭᠡᠨ ᠬᠥᠭᠵᠢᠭᠦᠯᠬᠦ ᠡᠷᠴᠢᠮ᠂ ᠲᠡᠷᠭᠡ | ᠵᠣᠭᠰᠣᠭᠠᠬᠤ ᠪᠡᠯᠡᠳᠬᠡᠮᠵᠢ ᠶᠢᠨ ᠪᠠᠯᠠ ᠣᠷᠣᠭᠤᠯᠤᠯᠲᠠ ᠵᠢᠴᠢ ᠪᠥᠲᠥᠭᠡᠨ ᠪᠠᠶᠢᠭᠤᠯᠤᠯᠲᠠ ᠶᠢᠨ ᠵᠠᠭᠪᠤᠷ ᠵᠡᠷᠭᠡ ᠪᠣᠯ | ᠲᠡᠷᠭᠡ ᠵᠣᠭᠰᠣᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ | ᠭᠤᠤᠯ ᠡᠯᠧᠮᠧᠨ᠋ᠲ ᠪᠣᠯᠤᠨ᠎ᠠ᠃ ᠲᠡᠷᠭᠡ ᠵᠣᠭᠰᠣᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ | ᠨᠡᠶᠢᠭᠡᠮ ᠤᠨ ᠬᠥᠷᠥᠩᠭᠡ ᠶᠢᠨ ︽ᠪᠠᠯᠠ ᠣᠷᠣᠭᠤᠯᠬᠤ ᠳᠤᠷ᠎ᠠ ᠥᠬᠡᠶ︾᠂ ︽ᠪᠠᠯᠠ ᠣᠷᠣᠭᠤᠯᠬᠤ ᠵᠣᠷᠢᠭ ᠥᠬᠡᠶ︾ | ᠬᠦᠴᠢᠷᠳᠡᠯ ᠢ ᠰᠢᠢᠳᠪᠦᠷᠢᠯᠡᠬᠦ ᠶᠢᠨ ᠲᠤᠰᠠᠳᠠ᠂ ︽ᠬᠡᠷᠡᠭᠵᠢᠭᠦᠯᠬᠦ ᠲᠥᠰᠦᠯ︾ ᠳᠤ ᠨᠡᠶᠢᠭᠡᠮ ᠤᠨ ᠬᠥᠷᠥᠩᠭᠡ ᠶᠢᠨ | ᠣᠷᠣᠯᠴᠠᠬᠤ ᠶᠢ ᠵᠣᠷᠢᠭᠵᠢᠭᠤᠯᠬᠤ᠂ ᠣᠯᠠᠨ ᠡᠰᠢᠲᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠮᠠᠶ᠋ᠢᠭ ᠲᠤ | ᠰᠢᠨ᠎ᠡ ᠶᠢ ᠡᠭᠦᠳᠬᠦ᠂ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ | ᠵᠢᠷᠤᠮᠵᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠪᠠ᠃ | ᠳᠥᠷᠪᠡᠳᠦᠭᠡᠷ ᠬᠡᠰᠡᠭ ᠨᠢ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠬᠤ | ᠲᠤᠬᠠᠢ ᠪᠣᠯᠣᠨ᠎ᠠ᠃ ᠲᠡᠷᠭᠡ ᠵᠣᠭᠰᠣᠭᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ | ᠠᠰᠢᠭ ᠣᠯᠵᠠᠪᠤᠷᠢ ᠨᠢ ᠨᠡᠯᠢᠶᠡᠳ ᠳᠣᠤᠷ᠎ᠠ᠂ ᠠᠰᠢᠭ ᠣᠯᠵᠠᠪᠤᠷᠢ ᠶᠢᠨ ᠬᠤᠭᠤᠴᠠᠭ᠎ᠠ ᠨᠢ ᠨᠡᠯᠢᠶᠡᠳ ᠣᠷᠳᠣ᠂ ᠵᠠᠬ᠎ᠠ | ᠳᠡᠯᠭᠡᠭᠦᠷ ᠤᠨ ᠪᠠᠯᠠ ᠣᠷᠣᠭᠤᠯᠤᠯᠲᠠ ᠶᠢᠨ ᠢᠳᠡᠪᠬᠢᠵᠢᠯ ᠥᠨᠳᠥᠷ ᠪᠢᠰᠢ ᠪᠣᠯᠬᠤᠷ᠂ ᠣᠯᠠᠨ ᠠᠷᠭ᠎ᠠ ᠶᠢ ᠵᠡᠷᠭᠡ ᠪᠠᠷ | ᠬᠡᠷᠡᠭᠯᠡᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠴᠢᠬᠤᠯᠠᠲᠠᠶ᠃ ︽ᠬᠡᠷᠡᠭᠵᠢᠭᠦᠯᠬᠦ ᠲᠥᠰᠦᠯ︾ | ᠨᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠨᠥᠬᠦᠴᠡᠯ ᠢ ᠠᠭᠤᠵᠢᠭᠤ ᠪᠣᠯᠭᠠᠬᠤ᠂ ᠪᠥᠲᠥᠭᠡᠨ ᠪᠠᠶᠢᠭᠤᠯᠵᠤ | ᠠᠵᠢᠭᠯᠠᠭᠤᠯᠤᠨ ᠡᠵᠡᠩᠨᠡᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠵᠥᠷᠢᠶᠡᠴᠢᠯᠡᠭᠰᠡᠨ ᠲᠡᠷᠭᠡ ᠵᠣᠭᠰᠣᠭᠠᠬᠤ | ᠰᠦᠢᠳᠬᠡᠯ ᠬᠤᠷᠢᠶᠠᠯᠲᠠ ᠶᠢ ᠬᠡᠷᠡᠭᠵᠢᠭᠦᠯᠬᠦ᠂ ᠪᠠᠷᠢᠮᠵᠢᠶᠠᠵᠢᠭᠤᠯᠤᠨ ᠵᠢᠷᠤᠮᠵᠢᠭᠤᠯᠬᠤ ᠲᠣᠭᠲᠠᠯᠴᠠᠭ᠎ᠠ ᠶᠢ | ᠲᠡᠭᠦᠯᠳᠡᠷᠵᠢᠭᠦᠯᠬᠦ ᠵᠡᠷᠭᠡ ᠪᠠᠷ ᠳᠠᠮᠵᠢᠭᠤᠯᠤᠨ᠂ ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠶᠢᠨ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ ᠭᠡᠵᠡᠢ᠃ | ᠲᠠᠪᠤᠳᠤᠭᠠᠷ ᠬᠡᠰᠡᠭ ᠨᠢ ᠲᠡᠷᠭᠡ ᠵᠣᠭᠰᠣᠭᠠᠬᠤ ᠬᠠᠮᠢᠶᠠᠷᠤᠯᠲᠠ ᠶᠢᠨ ᠬᠠᠤᠯᠢ ᠪᠠᠷ ᠵᠠᠰᠠᠬᠤ ᠪᠠᠲᠤᠯᠠᠭ᠎ᠠ ᠶᠢ | ᠲᠡᠭᠦᠯᠳᠡᠷᠵᠢᠭᠦᠯᠬᠦ ᠲᠤᠬᠠᠢ ᠪᠣᠯᠣᠨ᠎ᠠ᠃ ᠲᠡᠷᠭᠡ ᠵᠣᠭᠰᠣᠭᠠᠬᠤ ᠬᠠᠤᠯᠢ ᠲᠣᠭᠲᠠᠭᠠᠯ ᠤᠨ ᠲᠣᠭᠲᠠᠯᠴᠠᠭ᠎ᠠ ᠲᠡᠭᠦᠯᠳᠡᠷ | ᠪᠤᠰᠤ᠂ ᠬᠠᠤᠯᠢ ᠬᠡᠷᠡᠭᠵᠢᠭᠦᠯᠦᠯᠲᠡ ᠨᠢ ᠭᠦᠢᠴᠡᠳ ᠥᠬᠡᠶ ᠵᠡᠷᠭᠡ ᠨᠢ ᠬᠤᠲᠠ ᠶᠢᠨ ᠲᠡᠷᠭᠡ ᠵᠣᠭᠰᠣᠭᠠᠬᠤ ᠳᠤ ᠬᠦᠴᠢᠷ | ᠂ ᠡᠷᠦᠢ ᠬᠤᠷᠤᠢ ᠲᠡᠷᠭᠡ ᠵᠣᠭᠰᠣᠭᠠᠬᠤ ᠪᠣᠯᠭᠠᠭᠰᠠᠨ ᠤ ᠴᠢᠬᠤᠯᠠ ᠰᠢᠯᠲᠠᠭᠠᠨ ᠪᠣᠯᠤᠨ᠎ᠠ᠃ ᠬᠠᠤᠯᠢ ᠶᠣᠰᠣᠭᠠᠷ | ᠤᠯᠤᠰ ᠢᠶᠠᠨ ᠵᠠᠰᠠᠬᠤ᠂ ᠬᠠᠤᠯᠢ ᠶᠣᠰᠣᠭᠠᠷ ᠣᠷᠣᠨ ᠢᠶᠠᠨ ᠵᠠᠰᠠᠬᠤ ᠶᠢ ᠴᠢᠩᠭᠠᠳᠬᠠᠬᠤ ᠶᠡᠷᠦᠩᠬᠡᠶ ᠱᠠᠭᠠᠷᠳᠠᠯᠭ᠎ᠠ | ᠶᠣᠰᠣᠭᠠᠷ᠂ ︽ᠬᠡᠷᠡᠭᠵᠢᠭᠦᠯᠬᠦ ᠲᠥᠰᠦᠯ︾ ᠳᠤ ᠲᠡᠷᠭᠡ ᠵᠣᠭᠰᠣᠭᠠᠬᠤ ᠬᠠᠮᠢᠶᠠᠷᠤᠯᠲᠠ ᠶᠢᠨ ᠬᠠᠤᠯᠢ ᠲᠣᠭᠲᠠᠭᠠᠯ ᠤᠨ | ᠲᠣᠭᠲᠠᠯᠴᠠᠭ᠎ᠠ ᠶᠢ ᠪᠦᠷᠢᠨᠰᠢᠭᠦᠯᠬᠦ ᠪᠠᠷ ᠳᠠᠮᠵᠢᠭᠤᠯᠤᠨ᠂ ᠲᠡᠷᠭᠡ ᠵᠣᠭᠰᠣᠭᠠᠬᠤ ᠡᠮᠬᠢ ᠵᠢᠷᠤᠮ ᠢ ᠬᠠᠤᠯᠢ ᠶᠣᠰᠣᠭᠠᠷ | ᠵᠢᠷᠤᠮᠵᠢᠭᠤᠯᠵᠤ᠂ ᠬᠠᠤᠯᠢ ᠲᠣᠭᠲᠠᠭᠠᠬᠤ ᠪᠠ ᠬᠠᠤᠯᠢ ᠬᠡᠷᠡᠭᠵᠢᠭᠦᠯᠬᠦ ᠬᠤᠶᠠᠷ ᠲᠠᠯ᠎ᠠ ᠪᠠᠷ ᠬᠠᠤᠯᠢᠵᠢᠯ ᠤᠨ ᠰᠠᠶᠢᠨ | ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ ᠭᠡᠵᠡᠢ᠃ | | ᠭᠤᠷᠪᠠ᠂ ᠢᠵᠢ ᠲᠥᠬᠦᠷ ᠠᠷᠭ᠎ᠠ ᠬᠡᠮᠵᠢᠶ᠎ᠡ ᠶᠢᠨ ᠲᠤᠬᠠᠶ | | ᠬᠤᠲᠠ ᠶᠢᠨ ᠲᠡᠷᠭᠡ ᠵᠣᠭᠰᠣᠭᠠᠬᠤ ᠪᠡᠯᠡᠳᠬᠡᠮᠵᠢ ᠲᠣᠭᠲᠠᠯᠴᠠᠭ᠎ᠠ ᠶᠢᠨ ᠲᠡᠭᠦᠯᠳᠡᠷᠵᠢᠭᠰᠡᠨ ᠬᠡᠮᠵᠢᠶ᠎ᠡ ᠪᠣᠯ | ᠬᠤᠲᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠲᠦᠪᠰᠢᠨ ᠢ ᠦᠨᠡᠯᠡᠬᠦ ᠴᠢᠬᠤᠯᠠ ᠭᠦᠢᠴᠡᠳᠬᠡᠯ ᠲᠤᠭ᠎ᠠ ᠶᠢᠨ | ᠨᠢᠭᠡ ᠪᠣᠯᠤᠨ᠎ᠠ᠃ ᠮᠠᠨ ᠤ ᠣᠷᠣᠨ ᠤ ᠲᠡᠷᠭᠡ ᠵᠣᠭᠰᠣᠭᠠᠬᠤ ᠪᠡᠯᠡᠳᠬᠡᠮᠵᠢ ᠶᠢᠨ ᠡᠮᠬᠢ ᠵᠢᠷᠤᠮ ᠲᠠᠢ ᠬᠥᠭᠵᠢᠯᠲᠡ ᠶᠢ | ᠠᠬᠢᠭᠤᠯᠬᠤ ᠳᠤ ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠶᠢᠨ ᠲᠥᠷᠥ ᠶᠢᠨ ᠪᠣᠳᠣᠯᠭ᠎ᠠ ᠶᠢᠨ | ᠲᠣᠭᠲᠠᠴᠠ ᠳᠤ ᠰᠢᠨ᠎ᠡ ᠶᠢ ᠡᠭᠦᠳᠬᠦ ᠶᠢ ᠱᠠᠭᠠᠷᠳᠠᠬᠤ ᠪᠠᠷ ᠪᠠᠷᠠᠬᠤ ᠥᠬᠡᠶ᠂ ᠨᠠᠩ ᠴᠤ ᠬᠤᠲᠠ ᠶᠢᠨ ᠵᠠᠰᠠᠭ ᠤᠨ | ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠶᠢ | ᠦᠨᠡᠨ ᠬᠦ ᠠᠬᠢᠭᠤᠯᠬᠤ ᠶᠢ ᠱᠠᠭᠠᠷᠳᠠᠵᠤ ᠪᠠᠶᠢᠨ᠎ᠠ᠃ ︽ᠬᠡᠷᠡᠭᠵᠢᠭᠦᠯᠬᠦ ᠲᠥᠰᠦᠯ︾ ᠳᠤ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠲᠣᠰ ᠭᠠᠵᠠᠷ ᠣᠷᠣᠨ ᠤ ᠲᠡᠷᠭᠡ ᠵᠣᠭᠰᠣᠭᠠᠬᠤ | ᠪᠡᠯᠡᠳᠬᠡᠮᠵᠢ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ | ᠭᠤᠤᠯ ᠴᠣᠭᠴᠠ ᠪᠠᠶᠢᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠪᠠᠷ ᠳᠠᠮᠵᠢᠭᠤᠯᠤᠨ᠂ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠤᠲᠠ ᠶᠢᠨ ᠲᠡᠷᠭᠡ ᠵᠣᠭᠰᠣᠭᠠᠬᠤ | ᠪᠡᠯᠡᠳᠬᠡᠮᠵᠢ ᠶᠢᠨ ᠬᠥᠭᠵᠢᠯᠲᠡ ᠶᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ︔ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠳᠠ | ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠪᠠᠴᠢᠮ ᠪᠠᠶᠢᠳᠠᠯ ᠢ | ᠠᠷᠭᠠᠴᠠᠭᠠᠬᠤ ᠲᠢᠩᠬᠢᠮ ᠵᠢᠴᠢ ᠥᠪᠥᠷ ᠮᠣᠩᠭᠤᠯ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠶᠡᠷᠦᠩᠬᠡᠶ ᠠᠩᠬᠢ | ᠵᠡᠷᠭᠡ ᠬᠤᠯᠪᠣᠭᠳᠠᠯ ᠪᠥᠬᠦᠢ ᠰᠠᠯᠠᠭ᠎ᠠ ᠮᠥᠴᠢᠷ᠂ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠣᠰᠣᠭᠠᠷ᠂ ᠠᠶᠢᠮᠠᠭ ᠬᠤᠳᠠ ᠶᠢ ᠵᠢᠯᠣᠭᠤᠳᠬᠤ ᠪᠠ ᠵᠣᠬᠢᠴᠠᠭᠤᠯᠤᠨ ᠰᠢᠮᠳᠠᠭᠤᠯᠵᠤ ᠪᠠᠶᠢᠭᠠᠳ ᠢᠵᠢ ᠲᠥᠬᠦᠷ | ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠪᠥᠳᠥᠭᠡᠨ | ᠪᠠᠶᠢᠭᠤᠯᠤᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠵᠤ᠂ ᠲᠥᠯᠥᠪᠵᠢᠭᠦᠯᠭᠡ ᠶᠢᠨ ᠬᠠᠷᠠᠯᠲᠠ ᠶᠢ ᠬᠤᠭᠤᠴᠠᠭ᠎ᠠ | ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠲᠣᠳᠣᠷᠬᠠᠢ ᠲᠣᠭᠲᠠᠭᠠᠪᠠ᠃ | ᠲᠡᠷᠭᠡ ᠵᠣᠭᠰᠣᠭᠠᠬᠤ ᠪᠡᠯᠡᠳᠬᠡᠮᠵᠢ ᠶᠢᠨ ᠬᠥᠭᠵᠢᠯᠲᠡ ᠨᠢ ᠨᠡᠶᠢᠭᠡᠮ ᠤᠨ ᠠᠮᠢᠳᠤᠷᠠᠯ ᠲᠠᠢ ᠨᠢᠭᠲᠠ | ᠬᠤᠯᠪᠣᠭ᠎ᠠ ᠲᠠᠢ ᠪᠠᠶᠢᠳᠠᠭ᠃ ︽ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠳᠤ | ᠨᠡᠶᠢᠭᠡᠮ ᠤᠨ ᠡᠯ᠎ᠡ ᠡᠲᠡᠭᠡᠳ ᠤᠨ ᠥᠷᠭᠡᠨ ᠣᠷᠣᠯᠴᠠᠯᠭ᠎ᠠ ᠪᠠ ᠳᠡᠮᠵᠢᠯᠭᠡ ᠠᠴᠠ ᠰᠠᠯᠵᠤ ᠴᠢᠳᠠᠬᠤ ᠥᠬᠡᠶ ᠶᠤᠮ᠃ ︽ | ᠬᠡᠷᠡᠭᠵᠢᠭᠦᠯᠬᠦ ᠲᠥᠰᠦᠯ︾ ᠳᠤ ᠭᠤᠷᠪᠠᠨ ᠲᠠᠯ᠎ᠠ ᠪᠠᠷ ᠤᠬᠠᠭᠤᠯᠬᠤ ᠪᠠ ᠬᠥᠲᠥᠯᠦᠨ ᠵᠢᠯᠣᠭᠤᠳᠬᠤ ᠠᠵᠢᠯ ᠢ | ᠰᠠᠶᠢᠲᠤᠷ ᠬᠢᠵᠦ᠂ ᠰᠠᠶᠢᠨ ᠰᠠᠶᠢᠬᠠᠨ ᠲᠥᠷᠥ ᠶᠢᠨ ᠪᠣᠳᠣᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ | ᠨᠢᠭᠡ ᠳᠤ᠂ ᠡᠯ᠎ᠡ ᠠᠶᠢᠮᠠᠭ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠳ ᠬᠤᠲᠠ ᠶᠢᠨ ᠲᠡᠷᠭᠡ ᠵᠣᠭᠰᠣᠭᠠᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ | ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠬᠦ ᠪᠠᠨ ᠴᠢᠩᠭᠠᠳᠬᠠᠵᠤ᠂ ᠬᠤᠲᠠ ᠶᠢᠨ ᠲᠡᠷᠭᠡ ᠵᠣᠭᠰᠣᠭᠠᠬᠤ | ᠪᠡᠯᠡᠳᠬᠡᠮᠵᠢ ᠶᠢᠨ ᠦᠨᠳᠦᠰᠦᠨ ᠪᠠᠶᠢᠳᠠᠯ᠂ ᠲᠤᠰᠬᠠᠶ ᠲᠥᠯᠥᠪᠵᠢᠭᠦᠯᠭᠡ᠂ ᠳᠣᠭᠢᠷᠠᠭᠤᠯᠤᠨ ᠪᠠᠶᠢᠭᠤᠯᠬᠤ ᠪᠠ | ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠶᠢ ᠴᠠᠭ ᠲᠤᠬᠠᠶ ᠳᠤ ᠨᠢ ᠨᠡᠶᠢᠭᠡᠮ ᠳᠤ ᠨᠡᠶᠢᠲᠡᠯᠡᠵᠦ᠂ ᠣᠯᠠᠨ ᠨᠡᠶᠢᠲᠡ ᠶᠢ | ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠣᠷᠣᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠳᠤ ᠪᠠᠨ | ᠬᠦᠷᠲᠡᠬᠦ᠂ ᠲᠥᠯᠥᠪᠦᠷᠢ ᠲᠠᠢ ᠪᠠᠷ ᠬᠡᠷᠡᠭᠯᠡᠬᠦ ᠵᠡᠷᠭᠡ ᠦᠵᠡᠯᠲᠡ ᠲᠠᠨᠢᠯᠲᠠ ᠶᠢ ᠪᠣᠶ ᠪᠣᠯᠭᠠᠬᠤ ᠬᠡᠷᠡᠭᠲᠡᠶ᠃ ᠬᠤᠶᠠᠷ ᠲᠤ | ᠂ ᠵᠠᠮ ᠬᠠᠷᠢᠯᠴᠠᠭᠠᠨ ᠤ ᠪᠣᠯᠪᠠᠰᠤᠨ ᠢ ᠡᠷᠬᠢᠮᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠶᠡᠭᠡ ᠪᠠᠷ ᠥᠷᠨᠢᠭᠦᠯᠵᠦ᠂ | ᠨᠡᠶᠢᠭᠡᠮ ᠤᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ ᠪᠠ ᠪᠣᠬᠢᠷᠲᠤᠯ ᠥᠬᠡᠶ ᠪᠠᠷ ᠶᠠᠪᠤᠵᠤ ᠰᠠᠭᠤᠬᠤ | ᠣᠨᠣᠯᠵᠢᠬᠤᠨ ᠢ ᠰᠠᠨᠠᠭᠠᠴᠢᠯᠠᠵᠤ᠂ ᠬᠤᠲᠠ ᠶᠢᠨ ᠠᠷᠠᠳ ᠤᠨ ᠲᠡᠷᠭᠡᠨ ᠵᠣᠭᠰᠣᠭᠠᠯ ᠢ ᠬᠠᠮᠲᠤ ᠳᠤ ᠪᠠᠨ ᠬᠦᠷᠲᠡᠬᠦ ᠪᠠ | ᠪᠣᠯᠪᠠᠰᠤᠨ ᠢᠶᠠᠷ ᠲᠡᠷᠭᠡ ᠵᠣᠭᠰᠣᠭᠠᠬᠤ ᠤᠬᠠᠮᠰᠠᠷ ᠢ ᠴᠢᠩᠭᠠᠳᠬᠠᠬᠤ ᠬᠡᠷᠡᠭᠲᠡᠢ᠃ ᠭᠤᠷᠪᠠ ᠳᠤ᠂ ᠲᠡᠷᠭᠡ | ᠵᠣᠭᠰᠣᠭᠠᠬᠤ ᠪᠡᠯᠡᠳᠬᠡᠮᠵᠢ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠠᠯ᠎ᠠ ᠶᠢᠨ | ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠴᠠᠭ ᠲᠤᠬᠠᠢ ᠳᠤ ᠨᠢ ᠳ᠋ᠦᠩᠨᠡᠨ ᠳᠡᠯᠭᠡᠷᠡᠭᠦᠯᠵᠦ᠂ ᠬᠤᠲᠠ ᠶᠢᠨ ᠵᠠᠮ | ᠬᠠᠷᠢᠯᠴᠠᠭᠠᠨ ᠤ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠬᠠᠮᠲᠤ ᠪᠠᠷ ᠠᠬᠢᠭᠤᠯᠵᠤ᠂ ᠬᠤᠲᠠ ᠶᠢᠨ ᠴᠢᠨᠠᠷᠯᠢᠭ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠳᠤᠷᠠᠳᠪᠠ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |