| | | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ | ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠵᠤ᠂ ᠡᠳᠦᠭᠡ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠪᠠ᠄ | | ᠨᠢᠭᠡ᠂ ᠨᠡᠶᠢᠲᠡᠯᠡᠭᠰᠡᠨ ᠠᠬᠤᠶ ᠪᠠᠶᠢᠳᠠᠯ | | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠤᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ ᠫᠢᠩ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠲᠤᠬᠠᠶ ᠣᠯᠠᠨ ᠤᠳᠠᠭ᠎ᠠ ᠴᠢᠬᠤᠯᠠ ᠥᠭᠦᠯᠡᠯᠲᠡ ᠨᠡᠶᠢᠲᠡᠯᠡᠵᠦ | ᠂ ︽ᠵᠠᠩᠭᠢᠯᠠᠭ᠎ᠠ ᠶᠢᠨ ᠭᠤᠭᠴᠤᠭ᠎ᠠ ᠪᠠ ᠴᠢᠬᠤᠯᠠ ᠬᠦᠷᠢᠶᠡᠨ ᠤ ᠥᠭᠡᠷᠡᠴᠢᠯᠡᠯᠲᠡ ᠶᠢᠨ ᠠᠯᠬᠤᠴᠠ ᠪᠠᠨ | ᠲᠦᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠶ︾ ᠭᠡᠵᠦ ᠴᠢᠬᠤᠯᠠᠴᠢᠯᠠᠪᠠ᠃ ᠤᠯᠤᠰ ᠤᠨ | ᠪᠠᠶᠢᠷᠢᠯᠠᠭᠤᠯᠤᠯᠲᠠ ᠶᠣᠰᠣᠭᠠᠷ᠂ 2019 ᠣᠨ ᠠᠴᠠ ᠡᠬᠢᠯᠡᠨ᠂ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠳᠣᠲᠣᠭᠠᠳᠤ ᠶᠢᠨ ᠬᠡᠰᠡᠭ ᠲᠤᠰᠬᠠᠢ ᠣᠷᠣᠨ ᠤ | ᠲᠡᠰ ᠠᠴᠠ ᠳᠡᠭᠡᠭᠰᠢᠬᠢ ᠬᠤᠳᠠ ᠶᠢ ᠰᠣᠩᠭᠤᠨ ᠠᠰᠠᠭᠤᠳᠠᠯ ᠳᠤᠲᠠᠭᠤᠳᠠᠯ ᠢ ᠪᠦᠬᠦ ᠲᠠᠯ᠎ᠠ ᠪᠠᠷ ᠡᠷᠢᠬᠦ᠂ | ᠲᠤᠷᠰᠢᠯᠭ᠎ᠠ ᠪᠠᠨ ᠳ᠋ᠦᠩᠨᠡᠬᠦ ᠠᠷᠭ᠎ᠠ ᠬᠢᠳᠡᠯ ᠨᠢ ᠨᠢᠭᠡᠨᠲᠡ ᠡᠯ᠎ᠡ ᠬᠤᠯᠪᠣᠭᠳᠠᠯ ᠪᠦᠬᠦᠢ ᠶᠠᠮᠤᠨ ᠵᠥᠪᠯᠡᠯ᠂ ᠮᠤᠵᠢ | ᠣᠷᠣᠨ ᠬᠤᠳᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠰᠢᠯᠢᠳᠡᠭᠵᠢᠭᠦᠯᠬᠦ ᠴᠢᠬᠤᠯᠠ | ᠦᠨᠳᠦᠰᠦᠯᠡᠯ ᠪᠣᠯᠵᠠᠢ᠃ ᠡᠯ᠎ᠡ ᠮᠤᠵᠢ ᠤᠯᠤᠰ ᠤᠨ ᠲᠤᠷᠰᠢᠯᠭᠠᠲᠤ ᠠᠷᠭ᠎ᠠ ᠶᠢ ᠵᠢᠷᠤᠮᠯᠠᠵᠤ᠂ ᠦᠨᠡᠯᠡᠨ ᠵᠢᠱᠢᠬᠦ ︵ | ᠦᠨᠡᠯᠡᠬᠦ︶ ᠪᠠᠷ ᠭᠠᠷᠳᠠᠴᠠ ᠪᠣᠯᠭᠠᠨ ᠠᠰᠠᠭᠤᠳᠠᠯ ᠵᠥᠷᠢᠶ᠎ᠡ ᠪᠠᠨ ᠤᠯᠠᠮ ᠨᠢᠭᠡ ᠠᠯᠬᠤᠮ ᠡᠷᠢᠵᠦ ᠪᠠᠶᠢᠨ᠎ᠠ᠃ 2018 | ᠣᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠪᠥᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠤᠨ ᠦᠨᠡᠯᠡᠨ ᠵᠢᠱᠢᠯᠲᠡ ︵ᠦᠨᠡᠯᠡᠯᠲᠡ︶ ᠶᠢ ᠤᠷᠢᠳ ᠬᠤᠵᠢᠳ 3 ᠤᠳᠠᠭ᠎ᠠ ᠥᠷᠨᠢᠭᠦᠯᠵᠦ᠂ ᠠᠯᠢ | ᠣᠯᠠᠨ ᠭᠠᠵᠠᠷ ᠣᠷᠣᠨ᠂ ᠬᠦᠷᠢᠶ᠎ᠡ ᠴᠠᠷᠠᠭ᠎ᠠ ᠬᠤᠪᠢᠶᠠᠭᠰᠠᠨ ᠮᠡᠳᠡᠭᠦᠯᠦᠯᠲᠡ ᠪᠠ ᠠᠰᠠᠭᠤᠳᠠᠯ ᠤᠨ ᠨᠠᠷᠢᠨ ᠲᠠᠩᠰᠠ ᠶᠢ | ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠢᠭᠠᠨ ᠵᠢᠯᠣᠭᠤᠳᠴᠤ ᠪᠠᠶᠢᠭᠠᠳ | ᠦᠨᠡᠯᠡᠬᠦ ᠪᠠᠷ ᠥᠭᠡᠷᠡᠴᠢᠯᠡᠯᠲᠡ ᠶᠢ ᠠᠬᠢᠭᠤᠯᠬᠤ᠂ ᠦᠨᠡᠯᠡᠬᠦ ᠪᠠᠷ ᠰᠢᠯᠢᠳᠡᠭ ᠢ ᠠᠬᠢᠭᠤᠯᠬᠤ ᠨᠢ ᠨᠢᠭᠡᠨᠲᠡ ᠥᠪᠡᠷᠲᠡᠭᠡᠨ | ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠭᠠᠷᠳᠠᠴᠠ | ᠪᠣᠯᠤᠭᠰᠠᠨ ᠪᠠᠶᠢᠨ᠎ᠠ᠃ | ᠦᠨᠡᠯᠡᠨ ᠵᠢᠱᠢᠯᠲᠡ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠨ | ᠳᠡᠭᠡᠭᠰᠢᠯᠡᠭᠦᠯᠬᠦ ᠳᠤ ᠦᠵᠡᠭᠦᠯᠬᠦ ᠠᠬᠢᠭᠤᠯᠬᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠶᠢᠨ ᠲᠤᠰᠠᠳᠠ᠂ | ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ | ᠬᠤᠷᠠᠯ ︽ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠬᠦ ᠭᠦᠢᠴᠡᠳᠬᠡᠯ ᠲᠤᠭ᠎ᠠ ᠪᠠᠷ | ᠪᠠᠷᠢᠮᠵᠢᠶᠠᠯᠠᠵᠤ ᠮᠠᠨ ᠤ ᠣᠷᠣᠨ ᠤ ᠰᠢᠯᠭᠠᠨ ᠦᠨᠡᠯᠡᠬᠦ ᠠᠷᠭ᠎ᠠ ᠶᠢ ᠲᠣᠭᠲᠠᠭᠠᠬᠤ ᠬᠡᠷᠡᠭᠲᠡᠢ︾ ᠭᠡᠵᠦ ᠱᠠᠭᠠᠷᠳᠠᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠤᠨ ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠶᠢ ᠦᠨᠡᠯᠡᠬᠦ ᠪᠠᠷᠢᠮᠵᠢᠶ᠎ᠠ᠂ ᠦᠨᠡᠯᠡᠬᠦ ᠠᠷᠭ᠎ᠠ ᠶᠢ | ᠰᠤᠳᠤᠯᠤᠨ ᠲᠣᠭᠲᠠᠭᠠᠵᠤ᠂ ᠬᠢᠨᠠᠯᠲᠠ ᠲᠠᠯᠪᠢᠨ ᠪᠠᠶᠢᠴᠠᠭᠠᠬᠤ ᠪᠠ ᠦᠨᠡᠯᠡᠬᠦ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠬᠤ ᠬᠡᠷᠡᠭᠲᠡᠢ︾ ᠭᠡᠵᠦ ᠱᠠᠭᠠᠷᠳᠠᠪᠠ᠃ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶ | ︾ ᠶᠢ ᠲᠣᠭᠲᠠᠭᠠᠨ ᠳᠠᠷᠤᠮᠠᠯᠯᠠᠨ ᠲᠠᠷᠬᠠᠭᠠᠪᠠ᠃ | | ᠬᠤᠶᠠᠷ᠂ ᠵᠢᠯᠣᠭᠤᠳᠬᠤ ᠦᠵᠡᠯ ᠰᠠᠨᠠᠭ᠎ᠠ | | ᠠᠷᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠢ ᠰᠢᠢᠳᠪᠦᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠠᠤᠯᠢ ᠶᠢ ᠵᠢᠷᠤᠮᠯᠠᠨ | ᠲᠣᠭᠲᠠᠭᠠᠯ ᠳᠤ ᠨᠡᠶᠢᠴᠡᠭᠦᠯᠵᠦ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ ᠪᠠᠷ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠤᠨ ᠦᠨᠡᠯᠡᠯᠲᠡ ᠶᠢ ᠥᠷᠨᠢᠭᠦᠯᠬᠦ ᠶᠢ ᠵᠢᠯᠣᠭᠤᠳᠤᠨ᠎ᠠ᠃ ᠦᠨᠡᠯᠡᠨ ᠵᠢᠱᠢᠬᠦ ᠳᠤ ᠵᠠᠬ᠎ᠠ ᠳᠡᠯᠭᠡᠭᠦᠷᠴᠢᠯᠡᠬᠦ᠂ | ᠬᠠᠤᠯᠢᠵᠢᠭᠤᠯᠬᠤ᠂ ᠳᠡᠯᠡᠬᠡᠶᠢᠴᠢᠯᠡᠬᠦ ᠵᠠᠷᠴᠢᠮ ᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠭᠦᠨᠵᠡᠭᠡᠶ | ᠬᠤᠪᠢᠷᠠᠭᠤᠯᠬᠤ ᠪᠠᠷ ᠭᠤᠤᠯᠳᠠᠯᠭ᠎ᠠ ᠪᠣᠯᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ | ᠲᠤᠷᠰᠢᠯᠭ᠎ᠠ ᠪᠠᠷ ᠲᠣᠯᠢᠯᠠᠭᠤᠯᠵᠤ᠂ ᠥᠪᠥᠷ ᠮᠣᠩᠭᠤᠯ ᠤᠨ ᠣᠨᠴᠠᠯᠢᠭ ᠲᠠᠢ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢᠨ ᠲᠣᠭᠲᠠᠯᠴᠠᠭ᠎ᠠ ᠪᠠ ᠦᠨᠡᠯᠡᠨ ᠵᠢᠱᠢᠬᠦ ᠲᠣᠭᠲᠠᠴᠠ ᠶᠢ | ᠪᠠᠶᠢᠭᠤᠯᠤᠨ᠂ ᠦᠨᠡᠯᠡᠬᠦ ᠪᠠᠷ ᠥᠭᠡᠷᠡᠴᠢᠯᠡᠯᠲᠡ ᠶᠢ ᠠᠬᠢᠭᠤᠯᠬᠤ᠂ ᠦᠨᠡᠯᠡᠬᠦ ᠪᠠᠷ ᠰᠢᠯᠢᠳᠡᠭᠵᠢᠭᠦᠯᠦᠯᠲᠡ ᠶᠢ | ᠠᠬᠢᠭᠤᠯᠬᠤ ᠶᠢ ᠪᠡᠶᠡᠯᠡᠭᠦᠯᠵᠦ᠂ ᠲᠣᠭᠲᠠᠭᠤᠨ᠂ ᠡᠷᠬᠡ ᠲᠡᠭᠰᠢ᠂ ᠢᠯᠡ ᠲᠣᠳᠣ᠂ ᠵᠢᠱᠢᠵᠦ ᠪᠣᠯᠬᠤᠶᠢᠴᠠ᠂ ᠠᠵᠤ | ᠠᠬᠤᠶᠢᠯᠠᠯ ᠪᠠ ᠣᠯᠠᠨ ᠲᠦᠮᠡᠨ ᠳᠤ ᠲᠠᠭᠠᠰᠢᠶᠠᠭᠳᠠᠭᠰᠠᠨ ᠲᠡᠷᠢᠭᠦᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠪᠣᠶ ᠪᠣᠯᠭᠠᠨ᠎ᠠ᠃ | | ᠭᠤᠷᠪᠠ᠂ ᠭᠤᠣᠯ ᠠᠭᠤᠯᠭ᠎ᠠ | | ᠠᠵᠤ ᠠᠬᠤᠶᠢᠯᠠᠯ ᠤᠨ ᠪᠠᠯᠠ ᠣᠷᠣᠭᠤᠯᠤᠨ ᠦᠢᠯᠡᠳᠪᠦᠷᠢᠯᠡᠵᠦ ᠡᠵᠡᠩᠨᠡᠬᠦ ᠵᠡᠷᠭᠡ ᠪᠥᠬᠦ ᠦᠶᠡᠯᠡᠯ ᠤᠨ | ᠬᠤᠭᠤᠴᠠᠭ᠎ᠠ ᠶᠢᠨ ᠲᠣᠭᠤᠷᠢᠨ ᠳᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠨ ᠬᠤᠳᠠᠯᠳᠤᠭᠠᠯᠠᠬᠤ | ᠣᠷᠴᠢᠨ ᠨᠥᠬᠦᠴᠡᠯ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠭᠤᠷᠪᠠᠳᠠᠭᠴᠢ ᠡᠲᠡᠭᠡᠳ ᠤᠨ ᠲᠤᠰᠬᠠᠶᠢᠵᠢᠭᠰᠠᠨ | ᠪᠠᠶᠢᠭᠤᠯᠤᠮᠵᠢ ᠳᠤ ᠨᠠᠶᠢᠳᠠᠬᠤ ᠵᠠᠭᠪᠤᠷ ᠢᠶᠠᠷ ᠶᠠᠪᠤᠭᠳᠠᠭᠤᠯᠤᠨ᠎ᠠ᠃ ᠦᠨᠡᠯᠡᠨ ᠵᠢᠱᠢᠬᠦ ᠪᠠᠷᠢᠮᠵᠢᠶ᠎ᠠ ᠨᠢ ᠳᠡᠯᠡᠬᠡᠶ ᠶᠢᠨ | ᠪᠠᠩᠬᠢ ᠪᠣᠯᠤᠨ ᠳᠤᠮᠳᠠᠳᠤ ᠤᠯᠤᠰ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠶᠢᠨ | ᠪᠠᠷᠢᠮᠵᠢᠶ᠎ᠠ ᠲᠠᠢ ᠬᠠᠷᠢᠴᠠᠭᠤᠯᠵᠤ᠂ ᠭᠤᠣᠯᠳᠠᠯᠭ᠎ᠠ ᠲᠠᠢ ᠪᠠᠷ ᠠᠵᠤ ᠠᠬᠤᠶᠢᠯᠠᠯ ᠨᠡᠭᠡᠭᠡᠨ ᠡᠷᠬᠢᠯᠡᠬᠦ᠂ ᠪᠠᠷᠢᠯᠭ᠎ᠠ ᠶᠢᠨ | ᠵᠥᠪᠰᠢᠶᠡᠷᠡᠯ ᠢ ᠭᠦᠢᠴᠡᠳᠬᠡᠬᠦ᠂ ᠴᠠᠬᠢᠯᠭᠠᠨ ᠬᠦᠴᠦ ᠶᠢ ᠤᠯᠬᠤ᠂ ᠤᠰᠤ ᠬᠡᠢ ᠤᠯᠬᠤ᠂ ᠳᠤᠯᠠᠭᠠᠯᠠᠭ᠎ᠠ ᠤᠯᠬᠤ᠂ | ᠰᠦᠯᠵᠢᠶ᠎ᠡ ᠤᠯᠬᠤ᠂ ᠡᠳ᠋ ᠬᠦᠷᠦᠩᠭᠡ ᠳᠠᠩᠰᠠᠯᠠᠭᠤᠯᠬᠤ᠂ ᠭᠠᠶᠢᠯᠢ ᠲᠤᠰᠢᠶᠠᠬᠤ᠂ ᠬᠢᠯᠢ ᠠᠯᠤᠰᠯᠠᠨ ᠠᠷᠠᠯᠵᠢᠶᠠᠯᠠᠬᠤ᠂ | ᠳᠠᠮᠫᠤᠷᠠᠭᠰᠠᠨ ᠢᠶᠠᠨ ᠭᠦᠢᠴᠡᠳᠬᠡᠬᠦ᠂ ᠢᠲᠡᠭᠡᠮᠵᠢᠲᠦ ᠵᠢᠭᠡᠯᠡᠯᠭᠡ ᠤᠯᠬᠤ᠂ ᠭᠡᠷ᠎ᠡ ᠭᠦᠢᠴᠡᠳᠬᠡᠬᠦ᠂ ᠳᠤᠮᠳᠠ ᠵᠢᠵᠢᠭ | ᠪᠡᠯᠡ ᠣᠷᠣᠭᠤᠯᠤᠭᠴᠢ ᠶᠢ ᠬᠠᠮᠠᠭᠠᠯᠠᠬᠤ᠂ ᠵᠠᠰᠠᠭ ᠤᠨ ᠣᠷᠳᠣᠨ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠡᠭᠦᠳᠦᠯᠲᠡ ᠪᠠ ᠬᠡᠷᠡᠭᠯᠡᠯᠲᠡ᠂ ᠠᠭᠤᠴᠢᠯᠠᠨ ᠪᠠᠭᠲᠠᠭᠠᠵᠤ | ᠲᠦᠭᠡᠮᠡᠯ ᠬᠠᠷᠠᠭᠠᠯᠵᠠᠬᠤ ᠶᠢ ᠰᠢᠨᠡᠴᠢᠯᠡᠬᠦ ᠭᠡᠬᠦ 20 ᠲᠠᠯ᠎ᠠ ᠪᠠᠷ 12 ᠠᠶᠢᠮᠠᠭ ᠬᠤᠲᠠ ᠶᠢᠨ ᠵᠠᠰᠠᠭ ᠤᠨ ᠣᠷᠳᠣᠨ ᠤ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠲᠦᠪᠰᠢᠨ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠨ᠎ᠡ᠃ | ᠦᠨᠡᠯᠡᠨ ᠵᠢᠱᠢᠬᠦ ᠳᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠢ ᠪᠥᠬᠦ ᠲᠠᠯ᠎ᠠ ᠪᠠᠷ | ᠡᠮᠬᠢᠯᠡᠨ ᠳᠢᠭᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤ ᠦᠨᠡᠯᠡᠬᠦ ᠪᠠᠷ ᠥᠭᠡᠷᠡᠴᠢᠯᠡᠯᠲᠡ ᠶᠢ | ᠠᠬᠢᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠳᠤᠮᠳᠠᠳᠤ ᠤᠯᠤᠰ ᠤᠨ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠦᠨᠡᠯᠡᠯᠲᠡ ᠶᠢᠨ ᠬᠠᠮᠤᠭ ᠤᠨ ᠰᠠᠶᠢᠨ ᠬᠡᠷᠡᠭ ᠤᠨ ᠵᠢᠱᠢᠶ᠎ᠡ᠂ | ᠬᠠᠮᠤᠭ ᠤᠨ ᠰᠢᠯᠢᠳᠡᠭ ᠭᠦᠢᠴᠡᠳᠬᠡᠯ ᠲᠤᠭ᠎ᠠ ᠪᠠᠷ ᠬᠤᠰᠢᠭᠤᠴᠢ ᠳᠠᠭᠤᠷᠢᠶᠠᠯ ᠪᠣᠯᠭᠠᠵᠤ᠂ ᠬᠦᠷᠦᠯᠴᠡᠬᠦ ᠥᠬᠡᠶ | ᠲᠠᠯ᠎ᠠ ᠶᠢ ᠭᠦᠨᠵᠡᠭᠡᠶ ᠵᠠᠳᠠᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠲᠡᠷᠢᠭᠦᠨ ᠤ | ᠲᠦᠪᠰᠢᠨ ᠲᠠᠢ ᠬᠠᠷᠢᠴᠠᠭᠤᠯᠵᠤ᠂ ᠦᠰᠦᠷᠦᠯᠲᠡ ᠳᠡᠭᠡᠭᠰᠢᠯᠡᠯᠲᠡ ᠶᠢ ᠪᠡᠶᠡᠯᠡᠭᠦᠯᠬᠦ ᠪᠠᠷ ᠰᠤᠳᠤᠯᠤᠨ ᠲᠥᠯᠥᠪᠯᠡᠨ᠎ᠡ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |