| | | ᠨᠢᠭᠡ᠂ ᠨᠡᠶᠢᠲᠡᠯᠡᠭᠰᠡᠨ ᠠᠬᠤᠶ ᠪᠠᠶᠢᠳᠠᠯ | | ᠠᠷᠠᠳ ᠤᠨ ᠠᠭᠠᠷ ᠤᠨ ᠰᠡᠷᠭᠡᠶᠢᠯᠡᠯᠲᠡ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠢᠬᠤᠯᠠ | ᠪᠦᠷᠢᠯᠳᠦᠬᠦᠨ ᠬᠡᠰᠡᠭ ᠪᠣᠯᠬᠤᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠤᠷᠲᠤ | ᠬᠤᠭᠤᠴᠠᠭᠠᠨ ᠤ ᠪᠡᠯᠡᠳᠬᠡᠯ ᠬᠢᠬᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ᠂ ᠡᠩ ᠤᠨ ᠦᠶ᠎ᠡ ᠪᠠ ᠳᠠᠶᠢᠨ ᠤ | ᠦᠶ᠎ᠡ ᠶᠢ ᠤᠶᠠᠯᠳᠤᠭᠤᠯᠬᠤ ᠴᠢᠭᠯᠡᠯᠲᠡ ᠶᠢ ᠬᠡᠷᠡᠭᠵᠢᠭᠦᠯᠵᠦ ᠪᠠᠶᠢᠨ᠎ᠠ᠃ ᠣᠶᠢᠷ᠎ᠠ ᠶᠢᠨ ᠵᠢᠯ ᠤᠳ ᠲᠤ᠂ ᠬᠤᠲᠠ ᠶᠢᠨ | ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠵᠣᠬᠢᠴᠠᠩᠭᠤᠶ ᠪᠠᠷ ᠬᠦᠭᠵᠢᠭᠦᠯᠬᠦ ᠶᠢ ᠠᠬᠢᠭᠤᠯᠬᠤ ᠲᠠᠯ᠎ᠠ ᠪᠠᠷ ᠮᠠᠨ ᠤ ᠣᠷᠣᠨ ᠢᠳᠡᠪᠬᠢᠲᠡᠶ ᠦᠷ᠎ᠡ ᠪᠦᠲᠦᠮᠵᠢ | ᠣᠯᠤᠭᠰᠠᠨ ᠪᠣᠯᠪᠠᠴᠤ ᠮᠥᠨ ᠬᠦ ᠮᠠᠰᠢ ᠣᠯᠠᠨ ᠬᠦᠴᠢᠷᠳᠡᠯ ᠵᠢᠴᠢ ᠥᠷᠢᠰᠥᠯᠳᠦᠭᠡᠨ ᠳᠤ ᠲᠤᠯᠭᠠᠷᠠᠵᠤ᠂ ᠵᠠᠷᠢᠮ | ᠳᠤᠲᠠᠭᠤᠳᠠᠯ ᠬᠢᠭᠡᠳ ᠪᠠᠭᠤᠷᠠᠶ ᠲᠠᠯ᠎ᠠ ᠨᠤᠭᠤᠳ ᠣᠷᠣᠰᠢᠭᠰᠠᠭᠠᠷ ᠪᠤᠶ᠃ | ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ | ᠪᠡᠯᠡᠳᠬᠡᠮᠵᠢ ᠶᠢᠨ ᠴᠡᠷᠢᠭ ᠠᠷᠠᠳ ᠢ ᠬᠠᠪᠰᠤᠷᠭᠠᠨ ᠬᠡᠷᠡᠭᠯᠡᠬᠦ ᠬᠢᠷᠢ ᠲᠥᠪᠰᠢᠨ ᠢ ᠳᠡᠭᠡᠭᠰᠢᠯᠡᠭᠦᠯᠬᠦ ᠲᠤᠬᠠᠶ ᠴᠢᠬᠤᠯᠠ | ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠪᠥᠲᠥᠭᠡᠨ ᠪᠠᠶᠢᠭᠤᠯᠬᠤ ᠨᠢᠭᠡᠴᠢ ᠶᠢᠨ ᠠᠷᠠᠳ ᠤᠨ | ᠬᠡᠷᠡᠭᠯᠡᠭᠡᠨ ᠤ ᠪᠠᠷᠢᠯᠭ᠎ᠠ ᠲᠠᠢ ᠤᠶᠠᠯᠳᠤᠭᠤᠯᠤᠨ ᠠᠭᠠᠷ ᠤᠨ ᠰᠡᠷᠭᠡᠶᠢᠯᠡᠯᠲᠡ ᠶᠢᠨ ᠨᠦᠬᠡᠨ ᠬᠡᠷ ᠵᠠᠰᠠᠨ ᠪᠠᠶᠢᠭᠤᠯᠬᠤ | ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠴᠢᠩᠭ᠎ᠠ ᠵᠢᠷᠤᠮᠵᠢᠭᠤᠯᠤᠭᠰᠠᠨ ᠰᠠᠭᠤᠷᠢᠨ ᠳᠡᠭᠡᠷ᠎ᠡ᠂ ᠬᠤᠲᠠ ᠶᠢᠨ | ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠶᠡᠭᠡ ᠴᠢᠭᠵᠢᠷᠡᠬᠦ ᠣᠯᠠᠨ ᠨᠡᠶᠢᠲᠡ ᠶᠢᠨ ᠲᠠᠯᠠᠪᠤᠷ ᠤᠨ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠶᠡᠭᠡ ᠪᠠᠷ | ᠠᠬᠢᠭᠤᠯᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠪᠡᠯᠡᠳᠬᠡᠮᠵᠢ ᠶᠢᠨ ᠴᠡᠷᠢᠭ ᠠᠷᠠᠳ ᠢ | ᠬᠠᠪᠰᠤᠷᠭᠠᠨ ᠬᠡᠷᠡᠭᠯᠡᠬᠦ ᠬᠢᠷᠢ ᠲᠥᠪᠰᠢᠨ ᠢ ᠳᠡᠭᠡᠭᠰᠢᠯᠡᠭᠦᠯᠦᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠬᠢ | ᠪᠠᠶᠠᠯᠢᠭ ᠢ ᠣᠯᠠᠨ ᠨᠡᠶᠢᠲᠡ ᠳᠤ ᠦᠢᠯᠡᠴᠢᠯᠡᠭᠦᠯᠬᠦ ᠴᠢᠳᠠᠮᠵᠢ ᠶᠢ ᠴᠢᠩᠭᠠᠳᠬᠠᠵᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ | ᠠᠭᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ | ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠳ ᠢ ᠦᠨᠳᠦᠰᠦᠯᠡᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠬᠤᠲᠠ ᠶᠢᠨ ᠰᠤᠷᠭᠠᠭᠤᠯᠢ ᠪᠠ ᠡᠮᠨᠡᠯᠭᠡ ᠶᠢᠨ | ᠬᠤᠷᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠥᠷᠨᠢᠭᠦᠯᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶ ᠢ | ᠲᠣᠭᠲᠠᠭᠠᠨ ᠨᠡᠶᠢᠲᠡᠯᠡᠪᠡ᠃ | | ᠬᠤᠶᠠᠷ᠂ ᠶᠡᠷᠦᠩᠬᠡᠶ ᠱᠠᠭᠠᠷᠳᠠᠯᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ | ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠤᠨ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠵᠢᠴᠢ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠬᠦᠷᠲᠡᠬᠦ ᠨᠡᠶᠢᠭᠡᠮ ᠤᠨ ᠵᠠᠰᠠᠯᠲᠠ ᠶᠢᠨ | ᠣᠨᠣᠯᠵᠢᠬᠤᠨ ᠢ ᠦᠶᠯᠡᠳᠦᠯᠭᠡᠵᠢᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢ ᠬᠤᠲᠠ ᠶᠢᠨ ᠪᠣᠬᠢᠷᠲᠤᠯ ᠥᠬᠡᠶ ᠬᠥᠭᠵᠢᠯᠲᠡ ᠯᠦᠭᠡ ᠤᠶᠠᠯᠳᠤᠭᠤᠯᠬᠤ ᠶᠢ ᠪᠠᠷᠢᠮᠲᠠᠯᠠᠨ᠎ᠠ᠃ | ᠲᠥᠯᠥᠪᠵᠢᠭᠦᠯᠭᠡ ᠪᠠᠷ ᠬᠥᠲᠥᠯᠥᠨ ᠵᠢᠯᠣᠭᠤᠳᠬᠤ᠂ ᠵᠢᠱᠢᠶ᠎ᠡ ᠦᠵᠡᠭᠦᠯᠦᠨ ᠳᠠᠶᠢᠴᠢᠯᠠᠬᠤ᠂ ᠬᠠᠷᠢᠭᠤᠴᠠᠯᠭ᠎ᠠ ᠶᠢ | ᠲᠣᠳᠣᠷᠬᠠᠶᠢᠯᠠᠬᠤ᠂ ᠮᠡᠷᠭᠡᠵᠢᠯ ᠢᠶᠠᠷ ᠬᠥᠲᠥᠯᠥᠨ ᠳᠠᠭᠠᠭᠤᠯᠬᠤ ᠪᠠᠷ ᠭᠤᠤᠯ ᠰᠢᠵᠢᠮ ᠪᠣᠯᠭᠠᠭᠰᠠᠨ ᠦᠨᠳᠦᠰᠦᠨ | ᠵᠠᠷᠴᠢᠮ ᠢ ᠳᠤᠷᠠᠳᠴᠤ᠂ ᠬᠤᠲᠠ ᠶᠢᠨ ᠰᠤᠷᠭᠠᠭᠤᠯᠢ ᠬᠢᠭᠡᠳ ᠡᠮᠨᠡᠯᠭᠡ ᠶᠢᠨ ᠬᠤᠷᠢᠶᠠᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠤᠤᠯ ᠬᠠᠷᠠᠯᠲᠠ ᠶᠢ ᠲᠣᠭᠲᠠᠭᠠᠵᠤ᠂ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠳᠬᠤᠨ᠂ ᠭᠠᠵᠠᠷ | ᠰᠢᠷᠣᠶ ᠶᠢᠨ ᠡᠬᠢ ᠪᠠᠶᠠᠯᠢᠭ ᠢ ᠠᠷᠪᠢᠴᠢ ᠡᠷᠴᠢᠮᠯᠢᠭ᠌ ᠠᠰᠢᠭᠯᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠰᠤᠷᠭᠠᠭᠤᠯᠢ ᠪᠠ ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠶᠡᠭᠡ | ᠬᠤᠷᠠᠨ ᠴᠤᠭᠯᠠᠷᠠᠳᠠᠭ ᠣᠯᠠᠨ ᠨᠡᠶᠢᠲᠡ ᠶᠢᠨ ᠲᠠᠯᠠᠪᠤᠷ ᠤᠨ ᠭᠠᠵᠠᠷ ᠳᠣᠤᠷᠠᠬᠢ ᠣᠷᠣᠨ ᠵᠠᠶ ᠶᠢ ᠨᠡᠭᠡᠭᠡᠨ | ᠠᠰᠢᠭᠯᠠᠬᠤ ᠯᠤᠭ᠎ᠠ ᠠᠭᠤᠰᠤᠯᠴᠠᠭᠤᠯᠤᠨ ᠬᠦᠭᠵᠢᠭᠦᠯᠬᠦ ᠶᠢ ᠶᠡᠭᠡ ᠪᠠᠷ ᠠᠭᠢᠭᠤᠯᠵᠤ᠂ ᠰᠤᠷᠭᠠᠭᠤᠯᠢ ᠪᠠ ᠡᠮᠨᠡᠯᠭᠡ ᠶᠢᠨ | ᠬᠤᠷᠢᠶ᠎ᠠ ᠵᠡᠷᠭᠡ ᠬᠥᠮᠦᠨ ᠶᠡᠭᠡ ᠨᠢᠭᠲᠠᠷᠠᠳᠠᠭ ᠣᠯᠠᠨ ᠨᠡᠶᠢᠲᠡ ᠶᠢᠨ ᠲᠠᠯᠠᠪᠤᠷ ᠤᠨ ᠣᠶᠢᠷ᠎ᠠ ᠬᠠᠪᠢ ᠶᠢᠨ ᠲᠡᠷᠭᠡ | ᠵᠣᠭᠰᠤᠭᠠᠬᠤ ᠪᠡᠯᠡᠳᠬᠡᠮᠵᠢ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ᠂ ᠵᠠᠮ ᠬᠠᠷᠢᠯᠴᠠᠭᠠᠨ ᠤ ᠲᠦᠭᠵᠢᠷᠡᠯ᠂ | ᠠᠷᠠᠳ ᠢ ᠬᠠᠮᠠᠭᠠᠯᠠᠬᠤ ᠬᠠᠯᠠᠬᠠᠪᠴᠢ ᠪᠠᠷᠢᠯᠭ᠎ᠠ ᠶᠢᠨ ᠬᠤᠪᠢ ᠶᠢᠨ ᠵᠢᠩ ᠳᠣᠣᠷ᠎ᠠ ᠪᠠᠶᠢᠬᠤ᠂ ᠡᠮᠴᠢᠯᠡᠭᠡᠨ ᠤ ᠠᠪᠤᠷᠠᠨ | ᠲᠤᠰᠠᠯᠠᠬᠤ ᠢᠨᠵᠧᠨᠧᠷᠢᠩ ᠳᠤᠲᠠᠭᠳᠠᠵᠤ ᠪᠠᠶᠢᠬᠤ ᠵᠡᠷᠭᠡ ᠳᠣᠪᠤᠶᠢᠮ᠎ᠠ ᠠᠰᠠᠭᠤᠳᠠᠯ ᠤᠳ ᠢ ᠬᠦᠴᠦᠯᠡᠨ | ᠰᠢᠢᠳᠪᠦᠷᠢᠯᠡᠨ᠎ᠡ᠃ | | ᠭᠤᠷᠪᠠ᠂ ᠭᠤᠣᠯᠳᠠᠯᠭ᠎ᠠ ᠲᠠᠢ ᠡᠭᠦᠷᠭᠡ | | ᠭᠤᠷᠪᠠᠨ ᠲᠠᠯ᠎ᠠ ᠶᠢᠨ 9 ᠵᠣᠷᠪᠤᠰ ᠪᠣᠳᠠᠲᠠᠶ ᠠᠵᠢᠯ ᠢ ᠲᠣᠳᠣᠷᠬᠠᠶᠢᠯᠠᠪᠠ᠃ ᠨᠢᠭᠡ ᠳᠤ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ ᠶᠢ ᠪᠠᠷᠢᠮᠲᠠᠯᠠᠨ᠂ ᠪᠥᠲᠥᠭᠡᠨ ᠪᠠᠶᠢᠭᠤᠯᠬᠤ ᠡᠷᠴᠢᠮ ᠢ ᠴᠢᠩᠭᠠᠷᠠᠭᠤᠯᠤᠨ᠎ᠠ᠃ | ᠡᠭᠦᠨ ᠳᠤ ᠭᠤᠣᠯᠳᠠᠭᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ ᠪᠠᠷ ᠬᠥᠲᠥᠯᠥᠨ ᠵᠢᠯᠤᠭᠤᠳᠤᠭᠤᠯᠬᠤ ᠶᠢ ᠴᠢᠩᠭᠠᠳᠬᠠᠵᠤ᠂ ᠬᠥᠮᠦᠨ ᠶᠡᠭᠡ | ᠬᠤᠷᠠᠵᠤ ᠴᠤᠭᠯᠠᠷᠠᠬᠤ ᠣᠯᠠᠨ ᠨᠡᠶᠢᠲᠡ ᠶᠢᠨ ᠲᠠᠯᠠᠪᠤᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ | ᠵᠦᠢᠯ ᠢ ᠴᠢᠨᠠᠷ ᠰᠠᠶᠢᠲᠠᠶ ᠪᠦᠲᠦᠭᠡᠨ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠵᠦ᠂ ᠭᠤᠣᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠪᠠᠭᠲᠠᠭᠠᠨ᠎ᠠ᠃ ᠬᠤᠶᠠᠷ ᠲᠤ ᠮᠡᠷᠭᠡᠵᠢᠯ ᠤᠨ | ᠬᠡᠷᠡᠭᠯᠡᠯᠲᠡ ᠶᠢ ᠴᠢᠩᠭᠠᠷᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠡᠭᠦᠨ ᠳᠤ ᠭᠤᠣᠯᠴᠠᠭᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠪᠠ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ | ᠴᠢᠩᠭᠠᠳᠬᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠴᠢᠩᠭᠠᠳᠬᠠᠬᠤ ᠶᠢ ᠬᠠᠮᠤᠷᠴᠤ ᠪᠤᠢ᠃ ᠭᠤᠷᠪᠠ ᠳᠤ᠂ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠰᠠᠶᠢᠨ | ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠡᠭᠦᠨ ᠳᠤ ᠭᠤᠤᠯᠳᠠᠭᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ᠤᠨ ᠬᠡᠷᠡᠭᠯᠡᠯᠲᠡ ᠪᠠ ᠬᠠᠮᠠᠭᠠᠯᠠᠯᠲᠠ ᠬᠠᠮᠢᠶᠠᠷᠤᠯᠲᠠ ᠶᠢ ᠵᠢᠷᠤᠮᠵᠢᠭᠤᠯᠵᠤ᠂ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢ ᠪᠠᠭᠲᠠᠭᠠᠵᠤ | ᠪᠤᠢ᠃ | | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | | ᠨᠢᠭᠡ ᠳᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠲᠤᠰ ᠵᠠᠰᠠᠭ ᠵᠠᠬᠢᠷᠭᠠᠨ ᠤ ᠣᠷᠣᠨ ᠤ ᠰᠤᠷᠭᠠᠭᠤᠯᠢ | ᠵᠢᠴᠢ ᠡᠮᠨᠡᠯᠭᠡ ᠶᠢᠨ ᠬᠤᠷᠢᠶ᠎ᠠ ᠵᠡᠷᠭᠡ ᠬᠦᠮᠦᠨ ᠶᠡᠭᠡ ᠴᠢᠭᠵᠢᠷᠡᠭᠰᠡᠨ ᠣᠯᠠᠨ ᠨᠡᠶᠢᠲᠡ ᠶᠢᠨ ᠲᠠᠯᠠᠪᠤᠷ ᠤᠨ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ | ᠬᠡᠷᠡᠭᠲᠡᠶ᠃ ᠬᠤᠶᠠᠷ ᠲᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠬᠤᠯᠪᠣᠭᠳᠠᠯ ᠪᠦᠬᠦᠢ | ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠵᠣᠬᠢᠴᠠᠭᠤᠯᠭ᠎ᠠ | ᠬᠠᠮᠵᠢᠯᠴᠠᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠪᠠᠨ ᠴᠢᠩᠭᠠᠷᠠᠭᠤᠯᠤᠨ᠂ | ᠬᠤᠲᠠ ᠶᠢᠨ ᠰᠤᠷᠭᠠᠭᠤᠯᠢ ᠬᠢᠭᠡᠳ ᠡᠮᠨᠡᠯᠭᠡ ᠶᠢᠨ ᠬᠤᠷᠢᠶᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃ | ᠭᠤᠷᠪᠠ ᠳᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠨᠢ ᠡᠯ᠎ᠡ ᠭᠠᠵᠠᠷ ᠣᠷᠣᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠠᠬᠢ ᠬᠢᠨᠠᠨ ᠵᠢᠯᠣᠭᠤᠳᠤᠯᠭ᠎ᠠ ᠪᠠᠨ ᠴᠢᠩᠭᠠᠳᠬᠠᠵᠤ | ᠂ ᠡᠯ᠎ᠡ ᠱᠠᠲᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠡᠨᠡ ᠬᠦ ᠠᠵᠢᠯ ᠢ ᠰᠢᠨ᠎ᠡ ᠶᠢ ᠡᠭᠦᠳᠬᠦ ᠴᠢᠨᠠᠷᠲᠠᠶ ᠠᠵᠢᠯ ᠪᠣᠯᠭᠠᠨ ᠪᠣᠳᠠᠲᠠᠶ ᠪᠠᠷ ᠰᠠᠶᠢᠲᠤᠷ ᠠᠳᠬᠤᠵᠤ᠂ ᠠᠵᠢᠯ ᠤᠨ | ᠡᠭᠦᠷᠭᠡ ᠪᠠᠨ ᠨᠠᠷᠢᠯᠢᠭᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠬᠤ ᠬᠡᠷᠡᠭᠲᠡᠶ᠃ ᠳᠥᠷᠪᠡ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ | ᠰᠠᠶᠢᠲᠤᠷ ᠬᠢᠬᠦ ᠬᠡᠷᠡᠭᠲᠡᠶ᠃ ᠵᠢᠱᠢᠶ᠎ᠡ ᠦᠵᠡᠭᠦᠯᠬᠦ ᠦᠢᠯᠡᠳᠦᠯ ᠢᠶᠠᠷ ᠴᠢᠩᠭ᠎ᠠ᠂ ᠰᠢᠨ᠎ᠡ ᠶᠢ ᠡᠭᠦᠳᠦᠨ ᠬᠥᠭᠵᠢᠭᠦᠯᠦᠭᠰᠡᠨ | ᠦᠷ᠎ᠡ ᠪᠦᠲᠦᠮᠵᠢ ᠪᠠᠷ ᠢᠯᠡᠷᠬᠡᠢ ᠲᠥᠷᠥᠯ ᠵᠦᠢᠯ ᠢ ᠶᠡᠭᠡ ᠪᠠᠷ ᠤᠬᠠᠭᠤᠯᠵᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠤᠲᠠ ᠶᠢᠨ ᠰᠤᠷᠭᠠᠭᠤᠯᠢ ᠪᠠ | ᠡᠮᠨᠡᠯᠭᠡ ᠶᠢᠨ ᠬᠤᠷᠢᠶ᠎ᠠ ᠵᠡᠷᠭᠡ ᠬᠥᠮᠦᠨ ᠨᠢᠭᠲᠠᠷᠠᠭᠰᠠᠨ ᠣᠯᠠᠨ ᠨᠡᠶᠢᠲᠡ ᠶᠢᠨ ᠲᠠᠯᠠᠪᠤᠷ ᠤᠨ ᠭᠠᠵᠠᠷ ᠳᠣᠣᠷᠠᠬᠢ ᠣᠷᠣᠨ | ᠵᠠᠢ ᠶᠢ ᠨᠡᠭᠡᠭᠡᠨ ᠬᠥᠭᠵᠢᠭᠦᠯᠵᠦ ᠠᠭᠤᠰᠤᠯᠴᠠᠭᠤᠯᠤᠨ ᠬᠥᠭᠵᠢᠭᠦᠯᠦᠭᠰᠡᠨ ᠳᠡᠯᠭᠡᠷᠡᠭᠦᠯᠵᠦ ᠪᠣᠯᠬᠤᠶᠢᠴᠠ᠂ ᠳᠠᠭᠤᠷᠢᠶᠠᠵᠤ | ᠪᠣᠯᠬᠤᠶᠢᠴᠠ ᠲᠤᠷᠰᠢᠯᠭ᠎ᠠ ᠤᠳ ᠢ ᠴᠠᠭ ᠲᠤᠬᠠᠢ ᠳᠤ ᠨᠢ ᠳ᠋ᠦᠩᠨᠡᠨ᠎ᠡ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |