| | | ᠨᠢᠭᠡ᠂ ᠲᠣᠭᠲᠠᠭᠠᠭᠰᠠᠨ ᠠᠬᠤᠶ ᠪᠠᠶᠢᠳᠠᠯ | | ᠰᠢᠨ᠎ᠡ ᠳᠤᠮᠳᠠᠳᠤ ᠤᠯᠤᠰ ᠤᠨ ᠴᠠᠭ ᠠᠭᠤᠷ ᠤᠨ ᠦᠶᠯᠡᠰ ᠤᠨ 70 ᠵᠢᠯ ᠤᠨ ᠣᠶ ᠶᠢᠨ ᠲᠠᠰᠢᠷᠠᠮ ᠳᠤ | ᠶᠡᠷᠦᠩᠬᠡᠢ ᠱᠦᠵᠢ ᠰᠢ ᠶᠢᠨ ᠫᠢᠩ ᠴᠠᠭ ᠠᠭᠤᠷ ᠤᠨ ᠠᠵᠢᠯ ᠳᠤ ᠴᠢᠬᠤᠯᠠ ᠵᠢᠭᠠᠪᠤᠷᠢ ᠥᠭᠴᠦ᠂ ᠴᠠᠭ ᠠᠭᠤᠷ ᠤᠨ | ᠠᠵᠢᠯ ᠠᠮᠢ ᠨᠠᠰᠤᠨ ᠤ ᠠᠮᠤᠷ ᠲᠦᠪᠰᠢᠨ᠂ ᠦᠢᠯᠡᠳᠪᠦᠷᠢᠯᠡᠯ ᠤᠨ ᠬᠥᠭᠵᠢᠯᠲᠡ᠂ ᠪᠠᠶᠠᠨ ᠴᠢᠨᠡᠭᠡᠯᠢᠭ ᠠᠮᠢᠳᠤᠷᠠᠯ᠂ | ᠰᠠᠶᠢᠨ ᠰᠠᠶᠢᠬᠠᠨ ᠠᠮᠢ ᠠᠬᠤᠶ ᠲᠠᠢ ᠬᠤᠯᠪᠤᠭᠳᠠᠳᠠᠭ ᠪᠣᠯᠬᠤᠷ ᠴᠠᠭ ᠠᠭᠤᠷ ᠤᠨ ᠠᠵᠢᠯ ᠢ ᠰᠠᠶᠢᠲᠤᠷ ᠬᠢᠬᠦ ᠶᠢᠨ ᠠᠴᠢ | ᠬᠤᠯᠪᠣᠭᠳᠠᠯ ᠴᠢᠬᠤᠯᠠ᠂ ᠬᠠᠷᠢᠭᠤᠴᠠᠯᠭ᠎ᠠ ᠠᠰᠤᠷᠤ ᠬᠦᠨᠳᠦ ᠪᠠᠶᠢᠳᠠᠭ ᠢ ᠵᠢᠭᠠᠨ ᠭᠠᠷᠭᠠᠵᠤ᠂ ᠥᠷᠭᠡᠨ ᠣᠯᠠᠨ ᠴᠠᠭ | ᠠᠭᠤᠷ ᠤᠨ ᠠᠵᠢᠯᠲᠠᠳ ᠢ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨᠡᠴᠢᠯᠡᠯᠲᠡ ᠶᠢ ᠲᠦᠷᠭᠡᠳᠬᠡᠵᠦ᠂ ᠨᠠᠷᠢᠨ ᠨᠢᠭᠲᠠ ᠬᠢᠨᠠᠨ ᠰᠢᠨᠵᠢᠯᠡᠬᠦ᠂ ᠨᠠᠷᠢᠯᠢᠭ ᠣᠨᠣᠪᠴᠢᠲᠠᠶ ᠤᠷᠢᠳᠴᠢᠯᠠᠨ | ᠮᠡᠳᠡᠭᠡᠯᠡᠬᠦ᠂ ᠨᠠᠷᠢᠯᠢᠭ ᠬᠢᠨᠠᠮᠠᠭᠠᠢ ᠦᠢᠯᠡᠴᠢᠯᠡᠬᠦ ᠶᠢ ᠪᠡᠶᠡᠯᠡᠭᠦᠯᠵᠦ᠂ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠭᠢᠭᠤᠯᠵᠤ᠂ ᠴᠠᠭ ᠠᠭᠤᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ | ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ | ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ | ᠳᠤᠮᠳᠠᠳᠤ ᠤᠯᠤᠰ ᠤᠨ ᠬᠦᠰᠡᠯᠡᠩ ᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ | ᠬᠡᠷᠡᠭᠲᠡᠢ ᠬᠡᠮᠡᠨ ᠱᠠᠭᠠᠷᠳᠠᠵᠠᠢ᠃ ᠶᠡᠷᠦᠩᠬᠡᠢ ᠰᠠᠶᠢᠳ ᠯᠢ ᠺᠧ ᠴᠢᠶᠠᠩ ᠴᠠᠭ ᠠᠭᠤᠷ ᠤᠨ ᠠᠵᠢᠯ ᠳᠤ ᠴᠣᠬᠤᠯᠠᠪᠤᠷᠢ | ᠥᠭᠴᠦ᠂ ᠳᠡᠳ᠋ ᠶᠡᠷᠦᠩᠬᠡᠢ ᠰᠠᠶᠢᠳ ᠬᠤ᠋ ᠴᠦᠨ ᠬᠤᠸᠠ ᠰᠢᠨ᠎ᠡ ᠳᠤᠮᠳᠠᠳᠤ ᠤᠯᠤᠰ ᠤᠨ ᠴᠠᠭ ᠠᠭᠤᠷ ᠤᠨ | ᠦᠢᠯᠡᠰ ᠤᠨ 70 ᠵᠢᠯ ᠤᠨ ᠤᠢ ᠶᠢᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠶ ᠱᠦᠵᠢ ᠰᠢ ᠶᠢᠨ ᠫᠢᠩ ᠥᠪᠥᠷ | ᠮᠣᠩᠭᠤᠯ ᠤᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠤᠷᠢᠳ ᠬᠤᠵᠢᠳ 2 ᠤᠳᠠᠭ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠤ ᠠᠵᠢᠯ ᠵᠢᠯᠤᠭᠤᠳᠴᠤ᠂ 4 | ᠤᠳᠠᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠭᠠᠳ ᠥᠪᠥᠷ | ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ ᠶᠢ ᠲᠣᠳᠣᠷᠬᠠᠶ | ᠵᠢᠭᠠᠨ ᠭᠠᠷᠭᠠᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ | ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ︽ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠬᠦᠰᠡᠯᠡᠩ ᠢ | ᠬᠠᠮᠲᠤ ᠪᠠᠷ ᠪᠡᠶᠡᠯᠡᠭᠦᠯᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠯ᠎ᠠ᠃ | ᠶᠡᠷᠦᠩᠬᠡᠶ ᠱᠦᠵᠢ ᠰᠢ ᠶᠢᠨ ᠫᠢᠩ ᠤᠨ ᠴᠠᠭ ᠠᠭᠤᠷ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠵᠢᠴᠢ | ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠨᠢ | ᠮᠠᠨ ᠤ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠦᠨᠳᠦᠰᠦᠨ ᠵᠢᠷᠤᠮᠯᠠᠯ | ᠬᠠᠩᠭᠠᠵᠤ᠂ ᠤᠯᠤᠰ ᠲᠤ ᠦᠶᠯᠡᠴᠢᠯᠡᠬᠦ᠂ ᠠᠷᠠᠳ ᠲᠦᠮᠡᠨ ᠳᠤ ᠦᠶᠯᠡᠴᠢᠯᠡᠬᠦ ᠦᠨᠳᠦᠰᠦᠨ ᠴᠢᠭᠯᠡᠯ ᠢ | ᠲᠣᠳᠤᠷᠬᠠᠶᠢᠯᠠᠭᠰᠠᠨ ᠪᠠᠶᠢᠨ᠎ᠠ᠃ ᠦᠨᠡᠯᠡᠨ ᠵᠢᠱᠢᠬᠦ ᠪᠠᠷ ᠳᠠᠮᠵᠢᠭᠠᠳ᠂ 2020 ᠣᠨ ᠪᠣᠯᠬᠤ ᠳᠤ᠂ ᠮᠠᠨ ᠤ ᠣᠷᠣᠨ | ᠬᠠᠩᠭᠠᠯᠭ᠎ᠠ ᠬᠡᠷᠡᠭᠴᠡᠭᠡ ᠳᠤ ᠳᠣᠭᠢᠷᠬᠠᠰᠠᠨ᠂ ᠪᠦᠷᠢᠨ ᠲᠡᠭᠦᠯᠳᠡᠷ ᠪᠦᠲᠦᠴᠡ᠂ ᠲᠡᠷᠢᠭᠦᠨ ᠤ ᠴᠢᠳᠠᠮᠵᠢ ᠪᠠ ᠬᠦᠴᠦᠲᠡᠢ | ᠪᠠᠲᠤᠯᠠᠭ᠎ᠠ ᠲᠠᠢ ᠥᠪᠥᠷ ᠮᠣᠩᠭᠤᠯ ᠤᠨ ᠣᠨᠴᠠᠯᠢᠭ ᠪᠦᠬᠦᠢ ᠴᠠᠭ ᠠᠭᠤᠷ ᠤᠨ ᠣᠳᠣᠬᠢᠴᠢᠯᠠᠯᠲᠠ ᠶᠢᠨ | ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠵᠤ᠂ ᠴᠠᠭ ᠠᠭᠤᠷ ᠤᠨ ᠣᠳᠣᠬᠢᠴᠢᠯᠠᠯᠲᠠ ᠶᠢᠨ ᠪᠦᠬᠦᠯᠢ | ᠴᠣᠭᠴᠠ ᠶᠢᠨ ᠬᠢᠷᠢ ᠲᠥᠪᠰᠢᠨ ᠢ ᠢᠯᠡᠳᠲᠡ ᠳᠡᠭᠡᠭᠰᠢᠯᠡᠭᠦᠯᠦᠨ᠂ ᠬᠡᠰᠡᠭ ᠬᠦᠷᠢᠶ᠎ᠡ ᠴᠠᠷᠠᠭ᠎ᠠ ᠶᠢ ᠮᠤᠵᠢ ᠶᠢᠨ | ᠱᠠᠲᠤᠨ ᠤ ᠲᠡᠷᠢᠭᠦᠨ ᠤ ᠬᠢᠷᠢ ᠲᠥᠪᠰᠢᠨ ᠳᠤ ᠬᠦᠷᠦᠭᠦᠯᠪᠡ᠃ ᠭᠡᠪᠡᠴᠦ ᠬᠥᠭᠵᠢᠭᠰᠡᠨ ᠮᠤᠵᠢ ᠣᠷᠣᠨ ᠲᠠᠢ | ᠬᠠᠷᠢᠴᠠᠭᠤᠯᠪᠠᠯ᠂ ᠮᠠᠨ ᠤ ᠣᠷᠣᠨ ᠤ ᠴᠠᠭ ᠠᠭᠤᠷ ᠤᠨ ᠦᠶᠯᠡᠰ ᠲᠤ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ | ᠰᠢᠨᠡᠴᠢᠯᠡᠯᠲᠡ ᠬᠢᠬᠦ ᠲᠣᠭᠲᠠᠯᠴᠠᠭ᠎ᠠ ᠦᠢᠯᠡᠳᠦᠯ ᠨᠢ ᠳᠣᠣᠷ᠎ᠠ᠂ ᠴᠠᠭ ᠠᠭᠤᠷ ᠢ ᠠᠵᠢᠭᠯᠠᠨ ᠰᠢᠨᠵᠢᠯᠡᠬᠦ | ᠶᠡᠷᠦᠩᠬᠡᠶᠢᠯᠡᠭᠰᠡᠨ ᠴᠢᠳᠠᠪᠤᠷᠢ ᠶᠢ ᠴᠢᠩᠭᠠᠳᠬᠠᠵᠤ᠂ ᠤᠷᠢᠳᠴᠢᠯᠠᠨ ᠮᠡᠳᠡᠭᠡᠯᠡᠵᠦ ᠲᠥᠰᠦᠭᠡᠯᠡᠬᠦ ᠶᠢ ᠨᠠᠷᠢᠯᠢᠬᠵᠢᠭᠤᠯᠬᠤ | ᠬᠢᠷᠢ ᠲᠥᠪᠰᠢᠨ ᠢ ᠳᠡᠭᠡᠭᠰᠢᠯᠡᠭᠦᠯᠬᠦ ᠴᠢᠬᠤᠯᠠᠲᠠᠶ᠂ ᠴᠠᠭ ᠠᠭᠤᠷ ᠤᠨ ᠦᠶᠯᠡᠴᠢᠯᠡᠭᠡᠨ ᠤ ᠬᠠᠩᠭᠠᠯᠭ᠎ᠠ ᠶᠢᠨ ᠪᠦᠲᠦᠴᠡ | ᠲᠡᠩᠴᠡᠭᠦᠷᠢ ᠦᠭᠡᠢ ᠵᠡᠷᠭᠡ ᠠᠰᠠᠭᠤᠳᠠᠯ ᠤᠳ ᠣᠷᠣᠰᠢᠵᠤ ᠪᠤᠢ᠃ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ᠂ ᠶᠡᠷᠦᠩᠬᠡᠶ ᠰᠠᠶᠢᠳ ᠯᠢ ᠺᠧ ᠴᠢᠶᠠᠩ ᠤᠨ | ᠴᠣᠬᠤᠯᠠᠪᠤᠷᠢ ᠪᠠ ᠳᠡᠳ᠋ ᠶᠡᠷᠦᠩᠬᠡᠶ ᠰᠠᠶᠢᠳ ᠬᠤ᠋ ᠴᠦᠨ ᠬᠤᠸᠠ ᠶᠢᠨ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠭᠤᠰᠢᠯᠠᠭᠤᠯᠵᠤ᠂ ᠮᠠᠨ ᠤ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠢᠨ ᠲᠤᠯᠠᠳᠠ᠂ ᠪᠥᠬᠦ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠵᠢᠯᠣᠭᠤᠳᠬᠤ ᠴᠢᠨᠠᠷᠲᠠᠶ ᠰᠠᠨᠠᠯ ᠢ ᠨᠡᠶᠢᠲᠡᠯᠡᠨ᠂ ᠰᠢᠨ᠎ᠡ ᠴᠠᠭ ᠤᠨ ᠪᠠᠶᠢᠳᠠᠯ ᠳᠠᠬᠢ ᠪᠥᠬᠦ ᠣᠷᠣᠨ ᠤ | ᠴᠠᠭ ᠠᠭᠤᠷ ᠤᠨ ᠦᠶᠯᠡᠰ ᠤᠨ ᠬᠥᠭᠵᠢᠯᠲᠡ ᠶᠢᠨ ᠭᠤᠤᠯ ᠰᠡᠳᠬᠢᠮᠵᠢ᠂ ᠭᠤᠤᠯᠳᠠᠯᠭ᠎ᠠ ᠲᠠᠢ ᠡᠭᠦᠷᠭᠡ ᠵᠢᠴᠢ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠥᠬᠦ ᠣᠷᠣᠨ ᠤ ᠴᠠᠭ ᠠᠭᠤᠷ ᠤᠨ ᠦᠶᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠᠲᠠᠶ᠃ | | ᠬᠤᠶᠠᠷ᠂ ᠵᠢᠯᠣᠭᠤᠳᠬᠤ ᠦᠵᠡᠯ ᠰᠠᠨᠠᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠳᠤ ᠲᠤᠭᠤᠰᠢᠯᠠᠭᠤᠯᠤᠨ ᠶᠡᠷᠦᠩᠬᠡᠢ ᠱᠦᠵᠢ ᠰᠢ ᠶᠢᠨ | ᠫᠢᠩ ᠤᠨ ᠴᠠᠭ ᠠᠭᠤᠷ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠵᠢᠴᠢ ᠥᠪᠥᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠤᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ ᠪᠠ ︽ᠬᠤᠶᠠᠷ | ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ ᠴᠢᠩᠭ᠎ᠠ ᠨᠢᠭᠲᠠᠷᠠᠵᠤ᠂ ︽ᠨᠠᠷᠢᠨ ᠨᠢᠭᠲᠠ ᠬᠢᠨᠠᠨ ᠰᠢᠨᠵᠢᠯᠡᠬᠦ᠂ ᠨᠠᠷᠢᠯᠢᠭ | ᠣᠨᠣᠪᠴᠢᠲᠠᠶ ᠤᠷᠢᠳᠴᠢᠯᠠᠨ ᠮᠡᠳᠡᠭᠡᠯᠡᠬᠦ᠂ ᠨᠠᠷᠢᠯᠢᠭ ᠬᠢᠨᠠᠮᠠᠭᠠᠢ ᠦᠢᠯᠡᠴᠢᠯᠡᠬᠦ︾ ᠳᠤ ᠠᠩᠬᠠᠷᠤᠯ ᠢᠶᠠᠨ | ᠲᠥᠪᠯᠡᠷᠡᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ | ᠰᠡᠷᠭᠡᠶᠢᠯᠡᠯᠲᠡ ᠶᠢᠨ ᠱᠤᠭᠤᠮ ᠤᠨ ᠦᠶᠯᠡᠳᠦᠯ ᠢ ᠭᠦᠶᠴᠡᠳ ᠪᠠᠳᠠᠷᠠᠭᠤᠯᠤᠨ᠂ ᠠᠮᠢ ᠨᠠᠰᠤᠨ ᠤ ᠠᠮᠤᠷ ᠲᠦᠪᠰᠢᠨ᠂ | ᠦᠢᠯᠡᠳᠪᠦᠷᠢᠯᠡᠯ ᠤᠨ ᠬᠥᠭᠵᠢᠯᠲᠡ᠂ ᠠᠮᠢᠳᠤᠷᠠᠯ ᠤᠨ ᠪᠠᠶᠠᠨ ᠴᠢᠨᠡᠭᠡᠯᠢᠭ᠂ ᠠᠮᠢ ᠠᠬᠤᠶ ᠶᠢᠨ ᠰᠠᠶᠢᠨ ᠰᠠᠶᠢᠬᠠᠨ | ᠪᠠᠶᠢᠬᠤ ᠶᠢ ᠦᠨᠡᠨ ᠬᠦ ᠪᠠᠲᠤᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ᠂ | ᠠᠭᠤᠤ ᠶᠡᠭᠡ ᠳᠤᠮᠳᠠᠳᠤ ᠶᠢᠨ ᠬᠦᠰᠡᠯᠡᠩ ᠢ ᠬᠠᠮᠲᠤ ᠪᠠᠷ ᠪᠡᠶᠡᠯᠡᠭᠦᠯᠬᠦ ᠳᠤ ᠪᠠᠲᠤ ᠪᠠᠬᠢ ᠠᠭᠤᠷ ᠠᠮᠢᠰᠬᠤᠯ ᠤᠨ | ᠪᠠᠲᠤᠯᠠᠭ᠎ᠠ ᠬᠠᠩᠭᠠᠨ᠎ᠠ᠃ | | ᠭᠤᠷᠪᠠ᠂ ᠬᠥᠭᠵᠢᠯᠲᠡ ᠶᠢᠨ ᠬᠠᠷᠠᠯᠲᠠ | | 2025 ᠣᠨ ᠪᠣᠯᠬᠤ ᠳᠤ᠂ ᠬᠠᠩᠭᠠᠯᠭ᠎ᠠ ᠬᠡᠷᠡᠭᠴᠡᠭᠡ ᠳᠤ ᠲᠣᠬᠢᠷᠠᠭᠰᠠᠨ᠂ ᠪᠦᠷᠢᠨ ᠲᠡᠭᠦᠯᠳᠡᠷ ᠪᠦᠲᠦᠴᠡ᠂ | ᠲᠡᠷᠢᠭᠦᠨ ᠤ ᠴᠢᠳᠠᠮᠵᠢ ᠪᠠ ᠬᠦᠴᠦᠲᠡᠶ ᠪᠠᠲᠤᠯᠠᠭ᠎ᠠ ᠲᠠᠢ ᠣᠲᠣ ᠦᠶ᠎ᠡ ᠶᠢᠨ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨᠡᠴᠢᠯᠡᠯᠲᠡ᠂ ᠦᠶᠯᠡᠴᠢᠯᠡᠭᠡ᠂ ᠲᠤᠬᠠᠶᠢᠯᠠᠭᠰᠠᠨ ᠠᠵᠢᠯ ᠪᠠ ᠵᠠᠰᠠᠯᠲᠠ ᠶᠢᠨ ᠲᠣᠭᠲᠠᠯᠴᠠᠭ᠎ᠠ ᠶᠢ | ᠪᠠᠶᠢᠭᠤᠯᠵᠤ᠂ ᠠᠮᠢ ᠠᠬᠤᠶ ᠶᠢᠨ ᠴᠠᠭ ᠠᠭᠤᠷ᠂ ᠳᠠᠭᠠᠭᠤᠯᠢ ᠣᠳᠣᠨ ᠤ ᠠᠯᠤᠰ ᠰᠡᠷᠡᠯ᠂ ᠬᠥᠮᠦᠨ ᠤ ᠬᠦᠴᠦ ᠪᠠᠷ | ᠴᠠᠭ ᠠᠭᠤᠷ ᠢ ᠨᠥᠯᠥᠭᠡᠯᠡᠬᠦ ᠪᠠ ᠴᠠᠭ ᠠᠭᠤᠷ ᠤᠨ ᠮᠡᠳᠡᠭᠡ ᠵᠠᠩᠭᠢᠵᠢᠯᠲᠠ ᠵᠡᠷᠭᠡ ᠬᠦᠷᠢᠶ᠎ᠡ ᠴᠠᠷᠠᠭ᠎ᠠ ᠶᠢ ᠪᠥᠬᠦ | ᠤᠯᠤᠰ ᠤᠨ ᠲᠡᠷᠢᠭᠦᠨ ᠤ ᠬᠢᠷᠢ ᠲᠦᠪᠰᠢᠨ ᠳᠤ ᠬᠦᠷᠦᠭᠦᠯᠵᠦ᠂ ᠴᠠᠭ ᠠᠭᠤᠷ ᠤᠨ ᠶᠡᠷᠦᠩᠬᠡᠶᠢᠯᠡᠭᠰᠡᠨ ᠪᠣᠳᠠᠲᠤ | ᠬᠦᠴᠦᠨ ᠢ ᠪᠥᠬᠦ ᠤᠯᠤᠰ ᠤᠨ ᠲᠡᠷᠢᠭᠦᠨ ᠤ ᠡᠩᠨᠡᠭᠡᠨ ᠳᠤ ᠣᠷᠣᠭᠤᠯᠤᠨ᠎ᠠ᠃ 2035 ᠣᠨ ᠪᠣᠯᠬᠤ ᠳᠤ᠂ | ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ᠂ ᠣᠨᠴᠠᠯᠢᠭ ᠢᠯᠡ ᠲᠣᠳᠣ᠂ ᠮᠡᠷᠭᠡᠵᠢᠯ ᠲᠡᠷᠢᠭᠦᠨ ᠤ᠂ ᠠᠮᠢᠵᠢᠷᠠᠯ ᠤᠨ | ᠬᠦᠴᠦᠨ ᠢᠶᠠᠷ ᠪᠢᠯᠬᠠᠮ᠎ᠠ ᠴᠠᠭ ᠠᠭᠤᠷ ᠤᠨ ᠣᠳᠣᠬᠢᠴᠢᠯᠠᠭᠰᠠᠨ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠵᠤ᠂ | ᠴᠠᠭ ᠠᠭᠤᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠯᠭᠤᠬᠤ ᠦᠷ᠎ᠡ ᠪᠦᠲᠦᠮᠵᠢ ᠶᠢ ᠨᠠᠩ ᠢᠯᠡᠷᠬᠡᠶ | ᠪᠣᠯᠭᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠥᠬᠦ ᠤᠯᠤᠰ ᠤᠨ ᠲᠡᠷᠢᠭᠦᠨ ᠤ ᠲᠦᠪᠰᠢᠨ ᠳᠤ ᠬᠦᠷᠭᠡᠨ ᠴᠠᠭ | ᠠᠭᠤᠷ ᠤᠨ ᠲᠣᠮᠣ ᠣᠷᠣᠨ ᠠᠴᠠ ᠴᠠᠭ ᠠᠭᠤᠷ ᠤᠨ ᠬᠦᠴᠦᠷᠬᠡᠭ ᠣᠷᠣᠨ ᠲᠠᠶᠢᠰᠢ ᠳᠡᠪᠰᠢᠯᠲᠡ ᠲᠠᠢ ᠪᠣᠯᠭᠠᠨ᠎ᠠ᠃ | | ᠳᠥᠷᠪᠡ᠂ ᠭᠤᠣᠯ ᠡᠭᠦᠷᠭᠡ | | ︽ᠰᠠᠨᠠᠯ︾ ᠳᠤ ᠲᠤᠯᠤᠭᠠᠨ ᠲᠠᠯ᠎ᠠ ᠶᠢᠨ ᠭᠤᠤᠯ ᠡᠭᠦᠷᠭᠡ ᠶᠢ ᠳᠤᠷᠠᠳᠤᠨ ᠭᠠᠷᠭᠠᠪᠠ᠄ ᠨᠢᠭᠡ᠂ ᠴᠠᠭ | ᠠᠭᠤᠷ ᠤᠨ ᠭᠠᠮᠰᠢᠭ ᠠᠴᠠ ᠰᠡᠷᠭᠡᠶᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠶᠯᠡᠳᠦᠯ ᠢ | ᠭᠦᠶᠴᠡᠳ ᠪᠠᠳᠠᠷᠠᠭᠤᠯᠤᠨ᠎ᠠ︔ ᠬᠤᠶᠠᠷ᠂ ᠠᠮᠢ ᠠᠬᠤᠢ ᠶᠢᠨ ᠪᠣᠯᠪᠠᠰᠤᠨ ᠳᠠᠬᠢ ᠴᠠᠭ ᠠᠭᠤᠷ ᠤᠨ ᠪᠠᠲᠤᠯᠠᠭ᠎ᠠ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠳᠤ | ᠦᠢᠯᠡᠴᠢᠯᠡᠬᠦ ᠴᠠᠭ ᠠᠭᠤᠷ ᠤᠨ ᠪᠠᠲᠤᠯᠠᠭ᠎ᠠ ᠶᠢᠨ ᠦᠢᠯᠡᠳᠦᠯ ᠢ ᠨᠢ ᠪᠠᠳᠠᠷᠠᠭᠤᠯᠤᠨ᠎ᠠ︔ ᠭᠤᠷᠪᠠ᠂ ᠣᠲᠣ ᠦᠶ᠎ᠡ ᠶᠢᠨ | ᠮᠠᠯ ᠠᠵᠤ ᠠᠬᠤᠶ ᠲᠠᠷᠢᠶᠠᠯᠠᠩ ᠳᠠᠬᠢ ᠴᠠᠭ ᠠᠭᠤᠷ ᠤᠨ ᠦᠶᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ | ᠠᠬᠢᠭᠤᠯᠤᠨ᠎ᠠ︔ ᠳᠥᠷᠪᠡ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠤᠬᠢᠷᠠᠯ ᠠᠴᠠ ᠵᠠᠶᠢᠯᠠᠭᠤᠯᠬᠤ ᠦᠶᠯᠡᠴᠢᠯᠡᠭᠡᠨ ᠤ ᠪᠠᠲᠤᠯᠠᠭ᠎ᠠ ᠶᠢᠨ ᠦᠷ᠎ᠡ | ᠠᠰᠢᠭ ᠢ ᠪᠠᠳᠠᠷᠠᠭᠤᠯᠤᠨ᠎ᠠ︔ ᠲᠠᠪᠤ᠂ ᠤᠯᠠᠨ ᠨᠡᠶᠢᠲᠡ ᠶᠢᠨ ᠴᠠᠭ ᠠᠭᠤᠷ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠳᠤ | ᠦᠢᠯᠡᠴᠢᠯᠡᠬᠦ ᠬᠢᠷᠢ ᠲᠥᠪᠰᠢᠨ ᠢ ᠳᠡᠭᠡᠭᠰᠢᠯᠡᠭᠦᠯᠦᠨ᠎ᠡ︔ ᠵᠢᠷᠭᠤᠭ᠎ᠠ᠂ ᠴᠠᠭ ᠠᠭᠤᠷ ᠤᠨ ᠰᠢᠨᠵᠢᠯᠡᠬᠦ ᠤᠬᠠᠭᠠᠨ | ᠮᠡᠷᠭᠡᠵᠢᠯ ᠳᠤ ᠰᠢᠨᠡᠴᠢᠯᠡᠯᠲᠡ ᠬᠢᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ ᠠᠭᠤᠷ ᠤᠨ | ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ︔ ᠳᠣᠯᠤᠭ᠎ᠠ᠂ ᠣᠳᠣ ᠦᠶ᠎ᠡ ᠶᠢᠨ ᠴᠠᠭ ᠠᠭᠤᠷ ᠤᠨ | ᠲᠤᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠠᠭ | ᠠᠭᠤᠷ ᠢ ᠬᠢᠨᠠᠨ ᠰᠢᠨᠵᠢᠯᠡᠵᠦ ᠤᠷᠢᠳᠴᠢᠯᠠᠨ ᠮᠡᠳᠡᠭᠡᠯᠡᠬᠦ ᠪᠠ ᠰᠡᠷᠡᠮᠵᠢᠯᠡᠭᠦᠯᠬᠦ ᠦᠢᠯᠡᠴᠢᠯᠡᠭᠡᠨ ᠤ ᠬᠢᠷᠢ ᠲᠥᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ | ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠴᠠᠭ | ᠠᠭᠤᠷ ᠤᠨ ᠦᠢᠯᠡᠰ ᠤᠨ ᠬᠥᠭᠵᠢᠯᠲᠡ ᠶᠢᠨ ᠳᠤᠮᠳᠠ ᠲᠤᠯᠭᠠᠷᠠᠬᠤ ᠳᠣᠪᠤᠶᠢᠮ᠎ᠠ ᠠᠰᠠᠭᠤᠳᠠᠯ ᠤᠳ ᠢ ᠴᠠᠭ | ᠲᠤᠬᠠᠶ ᠳᠤ ᠨᠢ ᠵᠣᠬᠢᠴᠠᠭᠤᠯᠤᠨ ᠰᠢᠶᠳᠪᠦᠷᠢᠯᠡᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ᠂ ᠬᠠᠤᠯᠢᠵᠢᠯ ᠤᠨ ᠪᠠᠲᠤᠯᠠᠭ᠎ᠠ᠂ ᠴᠢᠳᠠᠪᠤᠷᠢᠲᠠᠨ ᠤ ᠪᠠᠲᠤᠯᠠᠭ᠎ᠠ ᠪᠠ ᠰᠢᠯᠭᠠᠨ | ᠬᠢᠨᠠᠵᠤ ᠦᠨᠡᠯᠡᠬᠦ ᠶᠢ ᠴᠢᠩᠭᠠᠳᠬᠠᠨ ᠪᠥᠬᠦ ᠣᠷᠣᠨ ᠤ ᠴᠠᠭ ᠠᠭᠤᠷ ᠤᠨ ᠦᠶᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |