| | | ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠠᠵᠢᠯ ᠤᠨ ᠡᠷᠭᠢᠴᠡᠭᠦᠯᠦᠯ | | ᠵᠡᠮᠳᠡᠭᠴᠦᠳ ᠤᠨ ᠦᠢᠯᠡᠰ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠡᠮᠳᠡᠭᠴᠦᠳ ᠢ | ᠣᠨᠴᠠᠭᠠᠶ ᠬᠠᠯᠠᠮᠵᠢᠯᠠᠵᠤ᠂ ᠣᠨᠴᠠᠭᠠᠶ ᠠᠩᠬᠠᠷᠴᠤ ᠪᠤᠢ᠃ ᠶᠡᠷᠦᠩᠬᠡᠶ ᠱᠦᠵᠢ ᠰᠢ ᠶᠢᠨ ᠫᠢᠩ | ᠴᠢᠬᠤᠯᠠᠴᠢᠯᠠᠬᠤ ᠳᠤ ᠪᠠᠨ᠂ ︽ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ | ᠥᠬᠡᠶ ᠬᠠᠩᠭᠠᠬᠤ ᠳᠤ ᠡᠷᠬᠡᠪᠰᠢ ᠵᠡᠮᠳᠡᠭᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ | ᠦᠢᠯᠡᠰ ᠢ ᠵᠠᠪᠠᠯ ᠦᠷᠭᠦᠯᠵᠢᠯᠡᠨ ᠠᠬᠢᠭᠤᠯᠬᠤ ᠬᠡᠷᠡᠭᠲᠡᠶ︾᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠵᠡᠮᠳᠡᠭᠴᠦᠳ ᠢ ᠶᠠᠭᠠᠬᠢᠭᠰᠠᠨ ᠴᠤ ᠡᠩᠨᠡᠭᠡ ᠠᠴᠠ | ᠬᠤᠴᠣᠷᠭᠠᠵᠤ ᠪᠣᠯᠬᠤ ᠥᠬᠡᠶ ᠭᠡᠵᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ | ᠣᠷᠳᠣᠨ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠵᠡᠮᠳᠡᠭᠴᠦᠳ ᠤᠨ | ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠦᠨᠢᠷ ᠪᠦᠲᠦᠭᠡᠯ ᠦᠯᠡᠮᠵᠢ ᠠᠮᠵᠢᠯᠲᠠ ᠣᠯᠪᠠ᠃ | ᠵᠡᠮᠳᠡᠭᠴᠦᠳ ᠢ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ | ᠢᠯᠠᠯᠲᠠ ᠶᠢ ᠣᠯᠵᠤ᠂ 11.2 ᠲᠦᠮᠡᠨ ᠳᠠᠩᠰᠠ ᠺᠠᠷᠲ ᠲᠠᠢ ᠶᠠᠳᠠᠭᠤ ᠬᠦᠴᠢᠷᠳᠡᠯᠲᠡᠢ ᠵᠡᠮᠳᠡᠭᠴᠦᠳ ᠢ ᠪᠦᠬᠦᠨ ᠢ | ᠶᠠᠳᠠᠭᠤ ᠠᠴᠠ ᠠᠩᠭᠢᠵᠢᠷᠠᠭᠤᠯᠵᠤ᠂ ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ᠂ ᠵᠡᠮᠳᠡᠭᠴᠦᠳ ᠢ | ᠨᠢᠭᠡ ᠶᠢ ᠴᠦ ᠣᠷᠬᠢᠭᠳᠠᠭᠤᠯᠬᠤ ᠦᠭᠡᠢ︾ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ | ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠲᠣᠳᠣᠷᠬᠠᠶᠢᠯᠠᠭᠰᠠᠨ ᠬᠠᠷᠠᠯᠲᠠ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠪᠡ᠃ 31 ᠲᠦᠮᠡᠨ ᠬᠦᠴᠢᠷᠳᠡᠯᠲᠡᠢ ᠵᠡᠮᠳᠡᠭᠴᠦᠳ ᠲᠤ ᠠᠮᠢᠳᠤᠷᠠᠯ ᠤᠨ ᠨᠥᠬᠦᠪᠥᠷᠢ | ᠣᠯᠭᠤᠵᠤ᠂ 28.5 ᠲᠦᠮᠡᠨ ᠬᠦᠨᠳᠦ ᠳᠡᠰ ᠤᠨ ᠵᠡᠮᠳᠡᠭᠴᠦᠳ ᠲᠤ ᠰᠤᠪᠢᠯᠠᠯᠲᠠ ᠶᠢᠨ ᠨᠥᠬᠦᠪᠥᠷᠢ ᠣᠯᠭᠤᠵᠤ᠂ | 17.5 ᠲᠦᠮᠡᠨ ᠵᠡᠮᠳᠡᠭᠴᠦᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠢ ᠣᠷᠣᠯᠠᠨ | ᠲᠤᠰᠢᠶᠠᠵᠤ᠂ ᠵᠡᠮᠳᠡᠭᠴᠦᠳ ᠤᠨ ᠬᠡᠨᠡᠳᠲᠡ ᠶᠢᠨ ᠰᠢᠷᠬᠠᠲᠤᠯ ᠤᠨ ᠳᠠᠭᠠᠳᠬᠠᠯ ᠢ ᠨᠡᠶᠢᠳᠡᠮ ᠳᠤ ᠨᠢ ᠬᠠᠮᠤᠷᠤᠭᠤᠯᠬᠤ ᠶᠢ | ᠪᠡᠶᠡᠯᠡᠭᠦᠯᠵᠦ᠂ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠥᠮᠦᠨ ᠤ ᠲᠤᠭ᠎ᠠ 40.1 | ᠲᠦᠮᠡᠨ ᠬᠥᠮᠦᠨ ᠤᠳᠠᠭ᠎ᠠ ᠳᠤ ᠬᠦᠷᠴᠦ᠂ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠤᠨ ᠳᠣᠭᠢᠷᠠᠭᠤᠯᠤᠨ | ᠦᠢᠯᠡᠴᠢᠯᠡᠬᠦ ᠬᠥᠮᠦᠨ ᠤ ᠲᠤᠭ᠎ᠠ 20.3 ᠲᠦᠮᠡᠨ ᠬᠥᠮᠦᠨ ᠤᠳᠠᠭ᠎ᠠ ᠳᠤ ᠬᠦᠷᠴᠦ᠂ ᠵᠡᠮᠳᠡᠭ ᠬᠡᠤᠬᠡᠳ | ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠬᠠᠷᠢᠴᠠᠯ 95.3% ᠳᠤ ᠬᠦᠷᠴᠦ᠂ ᠬᠤᠲᠠ | ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠵᠡᠮᠳᠡᠭᠴᠦᠳ ᠤᠨ ᠲᠣᠭᠲᠠᠪᠤᠷᠢᠲᠠᠶ ᠠᠵᠢᠯ ᠣᠯᠣᠭᠰᠠᠨ ᠬᠥᠮᠦᠨ ᠤ | ᠲᠤᠭ᠎ᠠ ᠲᠣᠰ ᠲᠣᠰ 1.5 ᠲᠦᠮᠡ ᠪᠠ 12.8 ᠲᠦᠮᠡ ᠳᠤ ᠬᠦᠷᠴᠦ᠂ ᠵᠡᠮᠳᠡᠭᠴᠦᠳ ᠤᠨ ᠨᠠᠶᠢᠳᠠᠨ ᠠᠰᠠᠷᠠᠭᠤᠯᠬᠤ | ᠦᠢᠯᠡᠴᠢᠯᠡᠭᠡ ᠬᠦᠷᠲᠡᠭᠰᠡᠨ ᠬᠥᠮᠦᠨ ᠤ ᠲᠤᠭ᠎ᠠ 1.3 ᠲᠦᠮᠡ ᠳᠤ ᠬᠦᠷᠴᠦ᠂ ᠪᠥᠬᠦ ᠣᠷᠣᠨ ᠳᠤ ᠵᠡᠮᠳᠡᠭᠴᠦᠳ ᠤᠨ | ᠪᠡᠶ᠎ᠡ ᠴᠢᠬᠢᠷᠠᠭᠵᠢᠭᠤᠯᠵᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ 290 ᠪᠠᠶᠢᠭᠤᠯᠵᠤ᠂ ᠵᠡᠮᠳᠡᠭᠴᠦᠳ ᠢ | ᠲᠤᠰᠠᠯᠠᠬᠤ ᠰᠠᠶᠢᠨ ᠳᠤᠷ᠎ᠠ ᠶᠢᠨ ᠠᠵᠢᠯᠯᠠᠭᠴᠢ ᠪᠠᠷ ᠳᠠᠩᠰᠠᠯᠠᠭᠤᠯᠤᠭᠰᠠᠨ ᠬᠥᠮᠦᠨ ᠤ ᠲᠤᠭ᠎ᠠ 3.8 ᠲᠦᠮᠡ ᠳᠤ | ᠬᠦᠷᠪᠡ᠃ ᠡᠲᠡᠭᠡᠷ ᠠᠮᠵᠢᠯᠲᠠ ᠶᠢ ᠣᠯᠤᠭᠰᠠᠨ ᠨᠢ ᠵᠡᠮᠳᠡᠭᠴᠦᠳ ᠤᠨ ᠠᠮᠢᠳᠤᠷᠠᠯ ᠢ ᠪᠦᠲᠦᠮᠵᠢᠲᠡᠶ ᠰᠠᠶᠢᠵᠢᠷᠠᠭᠤᠯᠵᠤ᠂ | ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠬᠦᠴᠦᠲᠡᠶ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ | ᠃ | | ᠬᠤᠶᠠᠷ᠂ ︽ᠲᠥᠯᠥᠪᠵᠢᠭᠦᠯᠭᠡ︾ ᠶᠢᠨ ᠦᠨᠳᠦᠰᠦᠨ ᠪᠦᠳᠦᠭᠦᠪᠴᠢ ᠲᠥᠰᠥᠪ ᠪᠠ ᠭᠤᠣᠯ ᠠᠭᠤᠯᠭ᠎ᠠ | | ︽ᠲᠥᠯᠥᠪᠵᠢᠭᠦᠯᠭᠡ︾ ᠨᠢ ᠥᠪᠡᠷᠲᠡᠭᠡᠨ ᠵᠠᠰᠠᠬᠤ ᠣᠷᠣᠨ ᠤ ᠪᠣᠳᠠᠲᠠᠶ ᠠᠴᠠ ᠡᠭᠦᠰᠴᠦ᠂ ᠮᠠᠨ ᠤ | ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠪᠠᠶᠢᠳᠠᠯ ᠡᠭᠦᠷᠭᠡ ᠶᠢ ᠪᠥᠬᠦ ᠲᠠᠯ᠎ᠠ ᠪᠠᠷ ᠵᠠᠳᠠᠯᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠶᠡᠷᠦᠩᠬᠡᠶ ᠰᠡᠳᠬᠢᠴᠡ᠂ | ᠭᠤᠤᠯᠳᠠᠯᠭ᠎ᠠ ᠲᠠᠢ ᠡᠭᠦᠷᠭᠡ ᠪᠠ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠡᠭᠦᠨ ᠳᠤ ᠨᠠᠶᠢᠳᠠ ᠲᠦᠷᠪᠡᠨ | ᠬᠡᠰᠡᠭ ᠬᠤᠪᠢᠶᠠᠪᠠ᠄ | ᠨᠢᠭᠡᠳᠦᠭᠡᠷ ᠬᠡᠰᠡᠭ ᠨᠢ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ᠃ ᠭᠤᠣᠯᠳᠠᠭᠤ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠢ ᠳ᠋ᠦᠩᠨᠡᠨ ᠡᠷᠭᠢᠴᠡᠭᠦᠯᠵᠦ᠂ | ᠣᠷᠣᠰᠢᠵᠤ ᠪᠠᠶᠢᠭ᠎ᠠ ᠠᠰᠠᠭᠤᠳᠠᠯ ᠪᠠ ᠲᠤᠯᠭᠠᠷᠠᠵᠤ ᠪᠠᠶᠢᠭ᠎ᠠ ᠠᠵᠠ ᠲᠣᠬᠢᠶᠠᠯ ᠢ ᠵᠠᠳᠠᠯᠪᠠ᠃ | ᠬᠤᠶᠠᠳᠤᠭᠠᠷ ᠬᠡᠰᠡᠭ ᠨᠢ ᠶᠡᠷᠦᠩᠬᠡᠶ ᠱᠠᠭᠠᠷᠳᠠᠯᠭ᠎ᠠ᠃ ᠡᠭᠦᠨ ᠳᠤ ᠭᠤᠣᠯᠳᠠᠭᠤ ᠵᠢᠯᠣᠭᠤᠳᠬᠤ ᠦᠵᠡᠯ | ᠰᠠᠨᠠᠭ᠎ᠠ᠂ ᠦᠨᠳᠦᠰᠦᠨ ᠵᠠᠷᠴᠢᠮ ᠪᠠ ᠭᠤᠣᠯ ᠬᠠᠷᠠᠯᠲᠠ ᠵᠡᠷᠭᠡ ᠭᠤᠷᠪᠠᠨ ᠲᠠᠯ᠎ᠠ ᠶᠢ ᠪᠠᠭᠲᠠᠭᠠᠪᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠡᠮᠳᠡᠭᠴᠦᠳ ᠤᠨ ᠠᠮᠢᠳᠤᠷᠠᠯ ᠢ | ᠪᠠᠲᠤᠯᠠᠬᠤ᠂ ᠵᠡᠮᠳᠡᠭᠴᠦᠳ ᠤᠨ ᠬᠥᠭᠵᠢᠯᠲᠡ ᠶᠢ ᠠᠬᠢᠭᠤᠯᠬᠤ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠵᠤ᠂ ᠠᠭᠤᠯᠭ᠎ᠠ ᠶᠢᠨ ᠲᠠᠯ᠎ᠠ ᠪᠠᠷ ᠴᠢᠨᠠᠷᠯᠢᠭ ᠬᠥᠭᠵᠢᠯᠲᠡ ᠶᠢᠨ ᠭᠤᠣᠯ ᠰᠡᠳᠦᠪ ᠢ ᠲᠤᠭᠤᠰᠢᠯᠠᠭᠤᠯᠵᠤ | ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠪᠣᠯᠤᠨ ᠬᠠᠮᠲᠤ ᠪᠠᠷ ᠴᠢᠨᠡᠭᠡᠯᠢᠭᠵᠢᠬᠦ ᠶᠢ | ᠠᠬᠢᠭᠤᠯᠬᠤ ᠭᠤᠣᠯ ᠱᠤᠭᠤᠮ ᠢ ᠲᠤᠪᠤᠶᠢᠯᠭᠠᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠬᠤ᠂ ᠦᠨᠳᠦᠰᠦᠨ ᠵᠦᠢᠯ ᠢ ᠪᠠᠲᠤᠯᠠᠬᠤ ᠪᠠ ᠬᠤᠷᠢᠭ᠎ᠠ | ᠱᠤᠭᠤᠮ ᠢ ᠪᠠᠲᠤᠯᠠᠬᠤ ᠶᠢ ᠪᠠᠷᠢᠮᠲᠠᠯᠠᠬᠤ᠂ ᠰᠠᠭᠤᠷᠢ ᠶᠢ ᠪᠠᠲᠤᠳᠬᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ | ᠪᠠᠷᠢᠮᠲᠠᠯᠠᠬᠤ᠂ ᠬᠠᠤᠯᠢ ᠶᠣᠰᠣᠭᠠᠷ ᠬᠥᠭᠵᠢᠭᠦᠯᠬᠦ ᠶᠢ ᠪᠠᠷᠢᠮᠲᠠᠯᠠᠬᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠶᠢ ᠪᠠᠷᠢᠮᠲᠠᠯᠠᠬᠤ᠂ ᠬᠠᠮᠲᠤᠷᠠᠯ ᠬᠦᠴᠦᠨ ᠢ ᠪᠦᠷᠢᠯᠳᠦᠭᠦᠯᠬᠦ ᠵᠢᠷᠭᠤᠭᠠᠨ ᠵᠠᠷᠴᠢᠮ ᠢ ᠲᠣᠳᠣᠷᠬᠠᠶᠢᠯᠠᠪᠠ᠃ | 2025 ᠣᠨ ᠪᠣᠯᠬᠤ ᠳᠤ᠂ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ | ᠴᠢᠨᠠᠭᠰᠢᠳᠠ ᠳᠡᠭᠡᠭᠰᠢᠯᠡᠭᠦᠯᠵᠦ᠂ ᠵᠡᠮᠳᠡᠭᠴᠦᠳ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠴᠢᠨᠠᠷᠯᠢᠭ | ᠬᠥᠭᠵᠢᠭᠦᠯᠬᠦ ᠬᠠᠷᠠᠯᠲᠠ ᠶᠢ ᠪᠡᠶᠡᠯᠡᠭᠦᠯᠬᠦ ᠪᠠᠷ ᠲᠣᠭᠲᠠᠭᠠᠪᠠ᠃ 2035 ᠣᠨ ᠪᠣᠯᠬᠤ ᠳᠤ᠂ ᠵᠡᠮᠳᠡᠭᠴᠦᠳ ᠤᠨ | ᠦᠢᠯᠡᠰ ᠬᠢᠭᠡᠳ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠵᠦ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠠᠯᠤᠰ ᠬᠡᠲᠦ ᠶᠢᠨ ᠬᠠᠷᠠᠯᠲᠠ ᠯᠤᠭ᠎ᠠ ᠲᠣᠬᠢᠷᠠᠯᠴᠠᠭᠤᠯᠤᠨ᠎ᠠ᠃ | ᠭᠤᠷᠪᠠᠳᠤᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠠ ᠭᠤᠣᠯ ᠠᠷᠭ᠎ᠠ ᠬᠡᠮᠵᠢᠶ᠎ᠡ᠃ ᠡᠭᠦᠨ ᠳᠤ | ᠭᠤᠣᠯᠳᠠᠭᠤ ᠲᠤᠯᠤᠭᠠᠨ ᠲᠠᠯ᠎ᠠ ᠶᠢ ᠪᠠᠭᠲᠠᠭᠠᠨ᠎ᠠ᠄ ᠨᠢᠭᠡ ᠳᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ | ᠲᠣᠭᠲᠠᠭᠤᠨ ᠪᠥᠭᠡᠳ ᠨᠠᠶᠢᠳᠠᠪᠤᠷᠢᠲᠠᠶ ᠲᠣᠭᠲᠠᠴᠠ ᠶᠢ ᠪᠠᠶᠢᠭᠤᠯᠵᠤ᠂ ᠵᠡᠮᠳᠡᠭᠴᠦᠳ ᠤᠨ ᠦᠨᠳᠦᠰᠦᠨ ᠵᠦᠢᠯ ᠢ | ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠎ᠡ︔ ᠬᠤᠶᠠᠷ ᠲᠤ᠂ ᠰᠠᠶᠢᠨ ᠰᠠᠶᠢᠬᠠᠨ ᠠᠵᠢᠯ | ᠣᠯᠭᠤᠯᠲᠠ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠵᠡᠮᠳᠡᠭᠴᠦᠳ ᠤᠨ ᠦᠢᠯᠡᠰ ᠪᠤᠰᠬᠠᠵᠤ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠭᠤᠷᠪᠠ ᠳᠤ᠂ ᠡᠷᠡᠭᠦᠯᠵᠢᠯ ᠤᠨ ᠦᠢᠯᠡᠴᠢᠯᠡᠭᠡᠨ ᠤ ᠬᠠᠩᠭᠠᠯᠭ᠎ᠠ ᠶᠢ | ᠰᠠᠶᠢᠵᠢᠷᠠᠭᠤᠯᠵᠤ᠂ ᠵᠡᠮᠳᠡᠭᠴᠦᠳ ᠤᠨ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠦᠨ᠎ᠡ︔ ᠲᠦᠷᠪᠡ ᠳᠤ᠂ | ᠵᠡᠮᠳᠡᠭᠴᠦᠳ ᠤᠨ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ | ᠵᠡᠮᠳᠡᠭᠴᠦᠳ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠎ᠡ︔ ᠲᠠᠪᠤ ᠳᠤ᠂ ᠬᠠᠤᠯᠢ ᠪᠠᠷ ᠵᠠᠰᠠᠬᠤ ᠪᠠ | ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠮᠳᠡᠭᠴᠦᠳ ᠤᠨ ᠠᠳᠠᠯᠢ ᠲᠡᠭᠰᠢ ᠡᠷᠬᠡ | ᠡᠳ᠋ᠯᠡᠬᠦ ᠶᠢ ᠪᠠᠲᠤᠯᠠᠨ᠎ᠠ︔ ᠵᠢᠷᠭᠤᠭ᠎ᠠ ᠳᠤ᠂ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ | ᠪᠦᠷᠢᠯᠳᠦᠭᠦᠯᠵᠦ ᠥᠭᠭᠦᠨ᠎ᠡ︔ ᠲᠤᠯᠤᠭ᠎ᠠ ᠳᠤ᠂ ᠴᠢᠩᠭ᠎ᠠ ᠬᠦᠴᠦᠲᠡᠢ ᠲᠤᠯᠭᠠᠭᠤᠷᠢᠯᠠᠯ ᠤᠨ ᠲᠣᠭᠲᠠᠴᠯᠠᠭᠠ ᠶᠢ | ᠪᠠᠶᠢᠭᠤᠯᠵᠤ᠂ ᠵᠡᠮᠳᠡᠭᠴᠦᠳ ᠤᠨ ᠠᠭᠤᠰᠤᠯᠴᠠᠨ ᠪᠦᠬᠦ ᠲᠠᠯ᠎ᠠ ᠪᠠᠷ ᠬᠥᠭᠵᠢᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ᠃ | | ᠳᠥᠷᠪᠡᠳᠦᠭᠡᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤᠨ ᠤ ᠵᠠᠰᠠᠭ ᠤᠨ | ᠣᠷᠳᠣᠨ᠂ ᠵᠡᠮᠳᠡᠭᠴᠦᠳ ᠤᠨ ᠠᠵᠢᠯ ᠤᠨ ᠵᠥᠪᠯᠡᠯ ᠪᠣᠯᠤᠨ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠤᠨ | ᠲᠥᠯᠥᠪᠵᠢᠭᠦᠯᠭᠡ ᠶᠢ ᠬᠡᠷᠡᠭᠵᠢᠭᠦᠯᠬᠦ ᠶᠠᠪᠤᠴᠠ ᠳᠠᠬᠢ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠠᠷᠤᠳᠠᠯ ᠪᠣᠯᠤᠨ | ᠪᠤᠰᠤᠳ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠭᠤᠣᠯ ᠬᠢᠵᠠᠭᠠᠷᠯᠠᠬᠤ ᠴᠢᠨᠠᠷᠲᠠᠶ ᠭᠦᠢᠴᠡᠳᠬᠡᠯ | ᠲᠤᠭ᠎ᠠ ᠶᠢ ᠲᠣᠭᠲᠠᠭᠠᠵᠤ᠂ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠢᠨᠠᠨ ᠰᠢᠨᠵᠢᠯᠡᠯᠲᠡ ᠪᠠ ᠠᠮᠵᠢᠯᠲᠠ | ᠪᠦᠲᠦᠮᠵᠢ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠂ ᠬᠡᠷᠡᠭᠵᠢᠭᠦᠯᠬᠦ ᠲᠥᠰᠦᠯ ᠲᠣᠭᠲᠠᠭᠠᠬᠤ ᠪᠠ ᠡᠯ᠎ᠡ | ᠠᠶᠢᠮᠠᠭ ᠬᠤᠳᠠ ᠶᠢᠨ ᠵᠡᠮᠳᠡᠭᠴᠦᠳ ᠤᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠱᠠᠭᠠᠷᠳᠠᠯᠭ᠎ᠠ ᠳᠤᠷᠠᠳᠪᠠ᠃ | | ᠭᠤᠷᠪᠠ᠂ ︽ᠲᠥᠯᠥᠪᠵᠢᠭᠦᠯᠭᠡ︾ ᠶᠢᠨ ᠭᠤᠣᠯ ᠣᠨᠴᠠᠯᠢᠭ | | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ | ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ | ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ | ᠲᠠᠪᠤᠨ ᠵᠢᠯ ᠪᠣᠯᠣᠨ᠎ᠠ᠃ ᠰᠢᠨ᠎ᠡ ᠠᠶᠠᠨ ᠵᠠᠮ ᠤᠨ ᠠᠩᠬᠠᠳᠤᠭᠠᠷ ᠲᠠᠪᠤᠨ ᠵᠢᠯ ᠤᠨ ᠬᠥᠭᠵᠢᠯᠲᠡ ᠶᠢᠨ ᠵᠢᠷᠤᠭ | ᠲᠥᠯᠥᠪᠯᠡᠭᠡ ᠶᠢ ᠵᠢᠷᠤᠭᠯᠠᠬᠤ ᠨᠢ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ᠂ | ᠵᠡᠮᠳᠡᠭᠴᠦᠳ ᠤᠨ ᠠᠭᠤᠰᠤᠯᠴᠠᠨ ᠬᠥᠭᠵᠢᠬᠦ ᠪᠠ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ᠂ ᠬᠠᠮᠲᠤ ᠪᠠᠷ | ᠴᠢᠨᠡᠭᠡᠯᠢᠭᠵᠢᠬᠦ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠲᠥᠯᠥᠪᠵᠢᠭᠦᠯᠭᠡ︾ ᠨᠢ | ᠭᠤᠣᠯᠳᠠᠭᠤ ᠳᠣᠣᠷᠠᠬᠢ ᠮᠡᠲᠦ ᠣᠨᠴᠠᠯᠢᠭ ᠲᠠᠢ᠄ | ᠨᠢᠭᠡ ᠳᠤ᠂ ᠬᠠᠷᠠᠯᠲᠠ ᠲᠣᠳᠣᠷᠬᠠᠶ᠃ ︽ᠲᠥᠯᠥᠪᠵᠢᠭᠦᠯᠭᠡ︾ ᠳᠤ ᠪᠠᠭᠲᠠᠭᠠᠭᠰᠠᠨ ᠬᠢᠵᠠᠭᠠᠷᠯᠠᠬᠤ ᠴᠢᠨᠠᠷᠲᠠᠶ | ᠭᠦᠢᠴᠡᠳᠬᠡᠯ ᠲᠤᠭ᠎ᠠ 6 ᠵᠦᠢᠯ ᠪᠠᠶᠢᠵᠤ᠂ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ 5 ᠵᠦᠢᠯ ᠪᠤᠢ᠃ | ᠬᠢᠵᠠᠭᠠᠷᠯᠠᠬᠤ ᠴᠢᠨᠠᠷᠲᠠᠶ ᠭᠦᠢᠴᠡᠳᠬᠡᠯ ᠲᠤᠭ᠎ᠠ ᠳᠤ ᠭᠤᠤᠯᠳᠠᠭᠤ ᠨᠥᠬᠦᠴᠡᠯ ᠳᠤ ᠨᠡᠶᠢᠴᠡᠭᠰᠡᠨ ᠵᠡᠮᠳᠡᠭᠴᠦᠳ ᠢ | 100% ᠪᠠᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠤᠨ᠎ᠠ︔ ᠬᠦᠴᠢᠷᠳᠡᠯᠲᠡᠶ | ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢ ᠬᠠᠮᠤᠷᠤᠭᠤᠯᠬᠤ ᠨᠤᠷᠮ᠎ᠠ ᠶᠢ 100% ᠳᠤ ᠬᠦᠷᠦᠭᠦᠯᠦᠨ᠎ᠡ︔ | ᠬᠦᠨᠳᠦ ᠳᠡᠰ ᠤᠨ ᠵᠡᠮᠳᠡᠭᠴᠦᠳ ᠢ ᠠᠰᠠᠷᠠᠨ ᠰᠤᠪᠢᠯᠠᠬᠤ ᠨᠥᠬᠦᠪᠥᠷᠢ ᠶᠢᠨ ᠬᠠᠮᠤᠷᠤᠭᠤᠯᠬᠤ ᠨᠣᠷᠮ᠎ᠠ ᠶᠢ 100% ᠳᠤ | ᠬᠦᠷᠦᠭᠦᠯᠦᠨ᠎ᠡ︔ ᠵᠡᠮᠳᠡᠭᠴᠦᠳ ᠤᠨ ᠦᠨᠳᠦᠰᠦᠨ ᠡᠷᠡᠭᠦᠯᠵᠢᠯ ᠤᠨ ᠦᠢᠯᠡᠴᠢᠯᠡᠭᠡᠨ ᠤ ᠬᠠᠮᠤᠷᠤᠭᠤᠯᠬᠤ ᠨᠣᠷᠮ᠎ᠠ ᠶᠢ | 90% ᠠᠴᠠ ᠳᠡᠭᠡᠭᠰᠢ ᠪᠠᠶᠢᠯᠭᠠᠨ᠎ᠠ︔ ᠵᠡᠮᠳᠡᠭᠴᠦᠳ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ | ᠬᠠᠩᠭᠠᠬᠤ ᠨᠣᠷᠮ᠎ᠠ ᠶᠢ 90% ᠠᠴᠠ ᠳᠡᠭᠡᠭᠰᠢ ᠪᠠᠶᠢᠯᠭᠠᠨ᠎ᠠ︔ 3 ᠲᠦᠮᠡᠨ ᠡᠷᠦᠬᠡ ᠠᠴᠠ ᠳᠡᠭᠡᠭᠰᠢ ᠬᠦᠴᠢᠷᠳᠡᠯᠲᠡᠶ | ᠬᠦᠨᠳᠦ ᠳᠡᠰ ᠤᠨ ᠵᠡᠮᠳᠡᠭᠴᠦᠳ ᠤᠨ ᠬᠡᠷ ᠪᠦᠯᠢ ᠳᠤ ᠬᠠᠷᠰᠢ ᠰᠠᠭᠠᠳ ᠥᠬᠡᠶ ᠥᠭᠡᠷᠡᠴᠢᠯᠡᠯᠲᠡ ᠶᠢᠨ ᠠᠵᠢᠯ ᠢ | ᠥᠷᠨᠢᠭᠦᠯᠦᠨ᠎ᠡ᠃ ᠵᠢᠱᠢᠯᠲᠡ ᠶᠢᠨ ᠴᠢᠨᠠᠷᠲᠠᠶ ᠭᠦᠢᠴᠡᠳᠬᠡᠯ ᠲᠤᠭ᠎ᠠ ᠳᠤ ᠭᠤᠤᠯᠳᠠᠭᠤ ᠵᠡᠮᠳᠡᠭᠴᠦᠳ ᠤᠨ ᠬᠡᠷ | ᠪᠦᠯᠢ ᠶᠢᠨ ᠬᠥᠮᠦᠨ ᠳᠤᠮᠳᠠᠴᠢ ᠣᠷᠣᠯᠭ᠎ᠠ ᠶᠢ ᠵᠢᠯ ᠪᠦᠷᠢ ᠳᠤᠮᠳᠠᠴᠢ ᠪᠠᠷ 7.5% ᠠᠴᠠ ᠳᠡᠭᠡᠭᠰᠢ ᠨᠡᠮᠡᠭᠳᠡᠭᠦᠯᠦᠨ᠎ᠡ︔ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠤᠲᠠ ᠬᠥᠳᠡᠭᠡ ᠶᠢᠨ | 4 ᠲᠦᠮᠡ ᠠᠴᠠ ᠳᠡᠭᠡᠭᠰᠢ ᠵᠡᠮᠳᠡᠭᠴᠦᠳ ᠲᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠨ᠎ᠡ | ︔ ᠵᠡᠮᠳᠡᠭᠴᠦᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 90% ᠠᠴᠠ ᠳᠡᠭᠡᠭᠰᠢ | ᠪᠠᠶᠢᠯᠭᠠᠨ᠎ᠠ︔ ᠵᠡᠮᠳᠡᠭᠴᠦᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ | 95% ᠠᠴᠠ ᠳᠡᠭᠡᠭᠰᠢ ᠪᠠᠶᠢᠯᠭᠠᠨ᠎ᠠ︔ ᠵᠡᠮᠳᠡᠭ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠣᠷᠣᠬᠤ ᠨᠤᠷᠮ᠎ᠠ ᠶᠢ 97% ᠠᠴᠠ ᠳᠡᠭᠡᠭᠰᠢ ᠪᠠᠶᠢᠯᠭᠠᠨ᠎ᠠ᠃ | ᠬᠤᠶᠠᠷ ᠲᠤ᠂ ᠠᠭᠤᠯᠭ᠎ᠠ ᠪᠦᠷᠢᠨ᠃ ︽ᠲᠥᠯᠥᠪᠵᠢᠭᠦᠯᠭᠡ︾ ᠨᠢ 7 ᠲᠠᠯ᠎ᠠ᠂ 31 ᠪᠣᠳᠠᠲᠠᠶ ᠡᠭᠦᠷᠭᠡ᠂ 7 | ᠲᠤᠰᠬᠠᠶ ᠪᠤᠯᠤᠩ ᠢᠶᠠᠷ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠦᠢᠯᠡᠰ ᠴᠣᠭᠴᠠᠯᠠᠯᠲᠠ᠂ | ᠡᠷᠡᠭᠦᠯᠵᠢᠯ ᠤᠨ ᠬᠡᠷᠡᠭᠴᠡᠭᠡ᠂ ᠰᠣᠶᠣᠯ ᠪᠡᠶ᠎ᠡ ᠶᠢᠨ ᠲᠠᠮᠢᠷ᠂ ᠬᠠᠤᠯᠢᠵᠢᠯᠲᠠ᠂ ᠬᠠᠷᠰᠢ ᠰᠠᠭᠠᠳ ᠥᠬᠡᠶ ᠪᠥᠲᠥᠭᠡᠨ | ᠪᠠᠶᠢᠭᠤᠯᠤᠯᠲᠠ᠂ ᠴᠢᠨᠠᠷᠯᠢᠭ ᠬᠥᠭᠵᠢᠯᠲᠡ ᠵᠡᠷᠭᠡ ᠲᠠᠯ᠎ᠠ ᠶᠢᠨ ᠠᠵᠢᠯ ᠢ ᠨᠠᠷᠢᠯᠢᠬᠵᠢᠭᠤᠯᠪᠠ᠃ ᠡᠯ᠎ᠡ ᠵᠦᠢᠯ ᠤᠨ | ᠭᠤᠣᠯᠳᠠᠯᠭ᠎ᠠ ᠲᠠᠢ ᠡᠭᠦᠷᠭᠡ᠂ ᠠᠷᠭ᠎ᠠ ᠬᠡᠮᠵᠢᠶ᠎ᠡ ᠪᠣᠯᠤᠨ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ | ᠲᠣᠳᠣᠷᠬᠠᠶ᠂ ᠪᠣᠳᠠᠲᠠᠶ ᠪᠥᠭᠡᠳ ᠨᠠᠷᠢᠯᠢᠭ ᠪᠠᠶᠢᠵᠤ᠂ ︽ᠬᠠᠭᠤᠷᠠᠶ ᠬᠦᠨᠡᠰᠦ︾ ᠠᠷᠪᠢᠨ᠂ ᠬᠡᠷᠡᠭᠵᠢᠭᠦᠯᠵᠦ | ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ᠂ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠪᠣᠯᠤᠨ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡᠨ ᠤ ᠡᠯ᠎ᠡ ᠬᠦᠷᠢᠶ᠎ᠡ᠂ ᠡᠯ᠎ᠡ ᠭᠤᠭᠴᠤᠭ᠎ᠠ ᠶᠢ ᠬᠠᠮᠤᠷᠴᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠳᠥᠭᠡᠨ ᠪᠠᠶᠢᠭᠤᠯᠬᠤ ᠰᠢᠨ᠎ᠡ ᠠᠶᠠᠨ ᠤ ᠠᠩᠬᠠᠳᠤᠭᠠᠷ ᠲᠠᠪᠤᠨ | ᠵᠢᠯ ᠤᠨ ᠮᠠᠨ ᠤ ᠣᠷᠣᠨ ᠤ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠬᠠᠮᠤᠭ ᠤᠨ ᠳᠡᠭᠡᠳᠦ | ᠳᠠᠪᠬᠤᠷᠭ᠎ᠠ ᠶᠢᠨ ᠵᠢᠷᠤᠭ ᠲᠥᠯᠥᠪᠯᠡᠭᠡ᠂ ᠵᠠᠮ ᠱᠤᠭᠤᠮ ᠤᠨ ᠵᠢᠷᠤᠭ ᠪᠠ ᠬᠠᠮᠲᠤ ᠶᠢᠨ ᠠᠵᠢᠯᠯᠠᠭᠠᠨ ᠤ ᠵᠦᠭᠯᠡᠭᠦᠷ | ᠪᠣᠯᠤᠨ᠎ᠠ᠃ | ᠭᠤᠷᠪᠠ ᠳᠤ᠂ ᠬᠠᠷᠢᠭᠤᠴᠠᠯᠭ᠎ᠠ ᠲᠣᠳᠣᠷᠬᠠᠢ᠃ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ | ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ | ᠠᠬᠢᠭᠤᠯᠬᠤ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠬᠤ | ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠮᠵᠢ ᠪᠠ ᠠᠵᠢᠯ ᠤᠨ ᠲᠣᠭᠲᠠᠴᠠ ᠶᠢ ᠪᠠᠷᠢᠮᠲᠠᠯᠠᠵᠤ᠂ ︽ | ᠲᠥᠯᠥᠪᠵᠢᠭᠦᠯᠭᠡ︾ ᠳᠠᠬᠢ ᠡᠭᠦᠷᠭᠡ ᠨᠢᠭᠡᠪᠦᠷᠢ ᠶᠢᠨ ᠲᠦᠷᠦᠭᠦᠯᠡᠬᠦ ᠰᠠᠯᠠᠭ᠎ᠠ ᠮᠥᠴᠢᠷ ᠪᠠ ᠬᠠᠷᠢᠭᠤᠴᠠᠯᠭᠠᠲᠤ ᠰᠠᠯᠠᠭ᠎ᠠ | ᠮᠥᠴᠢᠷ ᠢ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠴᠢᠩᠭᠠᠷᠠᠭᠤᠯᠤᠭᠰᠠᠨ ᠨᠢ | ᠵᠡᠮᠳᠡᠭᠴᠦᠳ ᠤᠨ ᠠᠵᠢᠯ ᠢ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠪᠠ | ᠬᠠᠷᠠᠯᠲᠠᠲᠤ ᠬᠠᠮᠢᠶᠠᠷᠤᠯᠲᠠ ᠳᠤ ᠣᠷᠣᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠮᠠᠨ ᠤ ᠣᠷᠣᠨ ᠤ | ᠵᠡᠮᠳᠡᠭᠴᠦᠳ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠬᠠᠮᠲᠤ ᠪᠠᠷ ᠠᠬᠢᠭᠤᠯᠬᠤ ᠳᠤ ᠠᠰᠢᠭᠲᠠᠶ ᠶᠤᠮ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |