| | | ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ | ᠰᠡᠳᠬᠢᠯ ᠤᠨ ᠢᠨᠵᠧᠨᠧᠷᠢᠩ ᠮᠥᠨ᠂ ᠪᠠᠰᠠ ᠴᠤ ᠠᠵᠤ ᠠᠬᠤᠶ ᠶᠢᠨ ᠬᠥᠭᠵᠢᠯᠲᠡ ᠶᠢᠨ ᠦᠨᠳᠦᠰᠦᠨ ᠲᠤᠯᠭᠠᠭᠤᠷᠢᠯᠠᠯ | ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠴᠢᠬᠤᠯᠠ ᠪᠠᠲᠤᠯᠠᠭ᠎ᠠ ᠮᠥᠨ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ | ᠣᠯᠭᠤᠯᠲᠠ ᠶᠢ ᠠᠬᠢᠭᠤᠯᠬᠤ ᠲᠥᠯᠥᠪᠵᠢᠭᠦᠯᠭᠡ︾ ᠨᠢ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ | ᠳ᠋ᠦᠩᠨᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ | ᠣᠯᠭᠤᠯᠲᠠ ᠶᠢᠨ ᠠᠵᠢᠯ ᠢ ᠰᠢᠰᠲ᠋ᠧᠮ ᠲᠠᠢ ᠲᠥᠯᠥᠪᠵᠢᠭᠦᠯᠦᠭᠰᠡᠨ ᠪᠥᠭᠡᠳ ᠢᠷᠡᠭᠡᠳᠦᠶ ᠶᠢᠨ ᠨᠢᠭᠡ ᠬᠡᠰᠡᠭ | ᠬᠤᠭᠤᠴᠠᠭᠠᠨ ᠤ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠭᠰᠠᠨ ᠪᠠᠶᠢᠨ᠎ᠠ᠃ | | ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ | ᠣᠯᠭᠤᠯᠲᠠ ᠶᠢᠨ ᠠᠵᠢᠯ ᠤᠨ ᠦᠷ᠎ᠡ ᠪᠦᠲᠦᠮᠵᠢ | | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠰᠢ ᠶᠢᠨ ᠫᠢᠩ | ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯ ᠣᠯᠭᠤᠯᠲᠠ ᠪᠠᠷ ᠴᠢᠬᠤᠯᠠ ᠶᠡᠭᠡ ᠤᠯᠤᠰ ᠲᠥᠷᠥ ᠶᠢᠨ ᠡᠭᠦᠷᠭᠡ | ᠪᠣᠯᠭᠠᠵᠤ᠂ ᠡᠯ᠎ᠡ ᠲᠠᠯ᠎ᠠ ᠶᠢᠨ ᠬᠢᠨ ᠲᠠᠢ ᠬᠠᠮᠲᠤᠷᠠᠨ ᠡᠷᠡᠮᠡᠬᠡᠶᠢᠯᠡᠨ ᠤᠷᠤᠭᠰᠢᠯᠠᠵᠤ᠂ ᠪᠡᠷᠬᠡ ᠶᠢ ᠳᠠᠪᠠᠨ ᠬᠦᠴᠢᠷ ᠢ | ᠰᠢᠢᠳᠪᠦᠷᠢᠯᠡᠵᠦ᠂ ᠠᠵᠢᠯ ᠣᠯᠭᠤᠯᠲᠠ ᠶᠢ ᠠᠬᠢᠭᠤᠯᠬᠤ ᠠᠵᠢᠯ ᠢᠳᠡᠪᠬᠢᠲᠡᠢ ᠠᠬᠢᠴᠠ ᠲᠠᠢ ᠪᠣᠯᠵᠣ᠂ ᠪᠠᠰᠠ ᠪᠥᠬᠦ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢ ᠬᠤᠪᠢ ᠨᠡᠮᠡᠷᠢ | ᠦᠵᠡᠭᠦᠯᠦᠭᠰᠡᠨ ᠪᠠᠶᠢᠨ᠎ᠠ᠃ | ᠨᠢᠭᠡ ᠳᠤ᠂ ᠠᠵᠢᠯ ᠣᠯᠭᠤᠯᠲᠠ ᠶᠢᠨ ᠬᠡᠪᠴᠢᠶ᠎ᠡ ᠲᠣᠭᠲᠠᠭᠤᠨ ᠪᠠᠶᠢᠬᠤ ᠶᠢ ᠪᠠᠲᠤᠯᠠᠪᠠ᠃ ᠬᠤᠲᠠ | ᠪᠠᠯᠭᠠᠰᠤᠨ ᠤ 128.4 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ 125 ᠲᠦᠮᠡᠨ ᠬᠥᠮᠦᠨ ᠳᠤ ᠠᠵᠢᠯ | ᠣᠯᠭᠤᠬᠤ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠤᠷᠮ᠎ᠠ 3.8% ᠣᠷᠴᠢᠮ ᠪᠠᠶᠢᠵᠤ᠂ 4% ᠠᠴᠠ ᠳᠣᠣᠷ᠎ᠠ ᠪᠠᠶᠢᠯᠭᠠᠬᠤ ᠪᠠᠷ ᠵᠢᠱᠢᠭᠰᠡᠨ | ᠬᠢᠵᠠᠭᠠᠷᠯᠠᠬᠤ ᠬᠠᠷᠠᠯᠲᠠ ᠶᠢ ᠪᠡᠶᠡᠯᠡᠭᠦᠯᠪᠡ᠃ | ᠬᠤᠶᠠᠷ ᠲᠤ᠂ ᠭᠤᠤᠯᠳᠠᠯᠭ᠎ᠠ ᠲᠠᠢ ᠬᠦᠮᠦᠰ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠨ᠎ᠠ᠃ | ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 72.8 ᠲᠦᠮᠡᠨ ᠬᠥᠮᠥᠨ ᠳᠤ ᠠᠵᠢᠯ ᠣᠯᠭᠤᠵᠤ᠂ ᠠᠵᠢᠯ | ᠣᠯᠭᠤᠯᠲᠠ ᠶᠢᠨ ᠬᠢᠷᠢ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠪᠠ᠃ 1264.3 ᠲᠦᠮᠡᠨ ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠡᠭᠦᠨ ᠳᠤ 1034.2 ᠲᠦᠮᠡᠨ ᠮᠠᠯᠴᠢᠨ ᠲᠠᠷᠢᠶᠠᠴᠢᠨ ᠢ 6 | ᠰᠠᠷ᠎ᠠ ᠠᠴᠠ ᠳᠡᠭᠡᠭᠰᠢ ᠰᠢᠯᠵᠢᠭᠦᠯᠦᠨ ᠠᠵᠢᠯ ᠣᠯᠭᠤᠪᠠ᠃ ᠬᠦᠴᠢᠷᠳᠡᠯᠲᠡᠢ ᠬᠦᠮᠦᠰ ᠢ ᠪᠦᠲᠦᠮᠵᠢᠲᠡᠶ ᠪᠠᠷ | ᠬᠠᠪᠰᠤᠷᠤᠨ ᠲᠡᠳᠬᠦᠵᠦ᠂ ᠬᠤᠳᠠ ᠪᠠᠯᠭᠠᠰᠤᠨ ᠤ 36.9 ᠲᠦᠮᠡᠨ ᠠᠵᠢᠯ ᠠᠯᠳᠠᠭᠰᠠᠳ ᠲᠤ ᠲᠠᠬᠢᠨ ᠠᠵᠢᠯ | ᠣᠯᠭᠤᠵᠤ᠂ ᠠᠵᠢᠯ ᠤᠯᠬᠤ ᠳᠤ ᠬᠦᠴᠢᠷᠳᠡᠯ ᠲᠠᠢ 31.1 ᠲᠦᠮᠡᠨ ᠬᠥᠮᠦᠨ ᠳᠤ ᠠᠵᠢᠯ ᠣᠯᠭᠤᠪᠠ᠃ | ᠭᠤᠷᠪᠠ ᠳᠤ᠂ ᠠᠵᠢᠯ ᠣᠯᠭᠤᠯᠲᠠ ᠶᠢᠨ ᠶᠠᠰᠤ ᠴᠢᠨᠠᠷ ᠠᠯᠬᠤᠮ ᠠᠯᠬᠤᠮ ᠢᠶᠠᠷ ᠳᠡᠭᠡᠭᠰᠢᠯᠡᠪᠡ᠃ | ᠬᠥᠳᠡᠯᠮᠦᠷᠢᠴᠢᠳ ᠤᠨ ᠬᠡᠪ ᠴᠢᠨᠠᠷ ᠨᠡᠶᠢᠳᠡᠮ ᠳᠤ ᠪᠠᠨ ᠳᠡᠭᠡᠭᠰᠢᠯᠡᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠤ | ᠶᠡᠷᠦᠩᠬᠡᠶ ᠬᠡᠮᠵᠢᠶ᠎ᠡ 106 ᠲᠦᠮᠡᠨ ᠬᠥᠮᠦᠨ ᠳᠤ ᠬᠦᠷᠴᠦ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠤ ᠶᠡᠷᠦᠩᠬᠡᠶ | ᠬᠡᠮᠵᠢᠶ᠎ᠡ 74.1 ᠲᠦᠮᠡᠨ ᠬᠥᠮᠦᠨ ᠳᠤ ᠬᠦᠷᠴᠡᠶ᠃ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠶᠡᠷᠦᠩᠬᠡᠶ ᠬᠡᠮᠵᠢᠶ᠎ᠡ | ᠲᠣᠭᠲᠠᠭᠤᠨ ᠢᠶᠠᠷ ᠨᠡᠮᠡᠭᠳᠡᠵᠦ᠂ ᠪᠦᠲᠦᠴᠡ ᠨᠢ ᠲᠠᠰᠤᠷᠠᠯᠳᠠ ᠦᠭᠡᠢ ᠰᠠᠶᠢᠵᠢᠷᠠᠨ᠂ ᠠᠵᠢᠯᠳᠠᠨ ᠠᠵᠢᠯᠴᠢᠨ ᠤ ᠴᠠᠯᠢᠩ | ᠬᠥᠯᠥᠰᠥ ᠵᠦᠢ ᠵᠣᠬᠢᠰᠲᠠᠶ ᠪᠠᠷ ᠨᠡᠮᠡᠭᠳᠡᠵᠦ᠂ ᠬᠥᠳᠡᠯᠮᠦᠷᠢ ᠶᠢᠨ ᠡᠷᠬᠡ ᠠᠰᠢᠭ ᠤᠨ ᠪᠠᠲᠤᠯᠠᠭ᠎ᠠ ᠴᠢᠩᠭᠠᠷᠠᠵᠤ᠂ | ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠦᠷᠭᠦᠯᠵᠢᠯᠡᠨ ᠥᠷᠭᠡᠳᠴᠦ᠂ ᠪᠠᠲᠤᠯᠠᠭ᠎ᠠ ᠶᠢᠨ ᠬᠢᠷᠢ ᠲᠦᠪᠰᠢᠨ | ᠠᠯᠬᠤᠮ ᠠᠯᠬᠤᠮ ᠢᠶᠠᠷ ᠳᠡᠭᠡᠭᠰᠢᠯᠡᠪᠡ᠃ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠭᠠᠳᠠᠭᠠᠳᠤ | ᠣᠷᠴᠢᠨ ᠨᠥᠬᠦᠴᠡᠯ ᠤᠨ ᠪᠤᠳᠤᠯᠢᠶᠠᠨᠲᠠᠶ ᠬᠤᠪᠢᠷᠠᠯᠲᠠ᠂ ᠭᠡᠨᠡᠳᠲᠡ ᠡᠭᠦᠰᠦᠭᠰᠡᠨ ᠰᠢᠨ᠎ᠡ ᠲᠢᠶ᠋ᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠣᠯᠠᠨ ᠳᠠᠪᠬᠤᠷ ᠬᠦᠨᠳᠦ ᠨᠣᠴᠢᠲᠠᠶ ᠲᠠᠭᠠᠷᠢᠯᠲᠠ ᠶᠢᠨ ᠡᠮᠦᠨ᠎ᠡ᠂ | ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠳᠠᠯ ᠢ ᠪᠠᠲᠤᠯᠠᠪᠠ᠃ | | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢᠨ ᠣᠨᠴᠠᠯᠢᠭ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢ | ᠲᠣᠭᠲᠠᠭᠠᠬᠤ ᠳᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠨᠢᠭᠲᠠ ᠤᠶᠠᠯᠳᠤᠭᠤᠯᠤᠨ᠂ ᠳᠣᠤᠷᠠᠬᠢ | ᠭᠤᠷᠪᠠᠨ ᠲᠠᠯ᠎ᠠ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠪᠠ᠄ | ︵ᠨᠢᠭᠡ︶ ᠠᠵᠢᠯ ᠣᠯᠭᠤᠯᠲᠠ ᠶᠢᠨ ᠠᠵᠢᠯ ᠤᠨ ᠭᠤᠣᠯᠳᠠᠯᠭ᠎ᠠ ᠶᠢ ᠳᠣᠪᠤᠶᠢᠯᠭᠠᠪᠠ᠃ ᠲᠥᠯᠥᠪᠵᠢᠭᠦᠯᠭᠡ ᠳᠤ | ︽ᠶᠡᠷᠦᠩᠬᠡᠶ ᠬᠡᠮᠵᠢᠶ᠎ᠡ ᠶᠢ ᠥᠷᠭᠡᠳᠬᠡᠵᠦ᠂ ᠶᠠᠰᠤ ᠴᠢᠨᠠᠷ ᠢ ᠳᠡᠭᠡᠭᠰᠢᠯᠡᠭᠦᠯᠬᠦ︾ ᠪᠠᠷ ᠦᠨᠳᠦᠰᠦᠨ ᠵᠣᠭᠰᠣᠴᠠ | ᠪᠣᠯᠭᠠᠵᠤ᠂ ᠨᠠᠩ ᠭᠦᠢᠴᠡᠳ ᠪᠥᠭᠡᠳ ᠨᠠᠩ ᠴᠢᠨᠠᠷᠯᠢᠭ ᠠᠵᠢᠯ ᠣᠯᠭᠤᠯᠲᠠ ᠶᠢ ᠪᠡᠶᠡᠯᠡᠭᠦᠯᠬᠦ ᠳᠤ ᠭᠤᠷᠪᠠᠨ ᠲᠠᠯ᠎ᠠ ᠶᠢ | ᠳᠣᠪᠤᠶᠢᠯᠭᠠᠨ ᠡᠵᠡᠮᠳᠡᠪᠡ᠄ ᠨᠢᠭᠡ ᠳᠤ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠨ ᠬᠦᠴᠦᠯᠡᠬᠦ ᠶᠢ ᠳᠣᠪᠤᠶᠢᠯᠭᠠᠪᠠ᠃ | ᠠᠵᠢᠯ ᠣᠯᠭᠤᠯᠲᠠ ᠶᠢ ᠬᠤᠷᠸ᠎ᠠ ᠲᠦᠷᠦ ᠶᠢᠨ ᠪᠤᠳᠤᠯᠭ᠎ᠠ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠵᠠᠰᠠᠭ ᠤᠨ | ᠣᠷᠳᠣᠨ ᠤ ᠲᠤᠬᠢᠷᠠᠭᠤᠯᠤᠯ ᠡᠵᠡᠮᠳᠡᠯ ᠤᠨ ᠲᠡᠷᠢᠭᠦᠨ ᠬᠠᠷᠠᠯᠲᠠ ᠪᠠ ᠠᠵᠤ ᠠᠬᠤᠶ ᠶᠢᠨ ᠠᠵᠢᠯᠯᠠᠭᠠᠨ ᠤ ᠵᠦᠢ | ᠵᠣᠬᠢᠰᠲᠠᠶ ᠣᠷᠣᠨ ᠵᠠᠶ ᠶᠢᠨ ᠳᠤᠤᠷᠠᠳᠤ ᠬᠢᠵᠠᠭᠠᠷ ᠪᠣᠯᠭᠠᠵᠤ᠂ ᠡᠯ᠎ᠡ ᠲᠠᠯ᠎ᠠ ᠶᠢᠨ ᠲᠦᠷᠦ ᠶᠢᠨ ᠪᠤᠳᠤᠯᠭ᠎ᠠ ᠪᠠᠷ ᠠᠵᠢᠯ | ᠣᠯᠭᠤᠯᠲᠠ ᠶᠢ ᠳᠡᠮᠵᠢᠬᠦ ᠤᠳᠤᠷᠢᠳᠤᠮᠵᠢ ᠶᠢ ᠴᠢᠩᠭᠠᠳᠬᠠᠪᠠ︔ ᠬᠤᠶᠠᠷ ᠲᠤ᠂ ᠪᠦᠲᠦᠴᠡ ᠶᠢᠨ ᠴᠢᠨᠠᠷᠲᠠᠶ ᠠᠵᠢᠯ | ᠣᠯᠭᠤᠯᠲᠠ ᠶᠢᠨ ᠵᠥᠷᠢᠴᠡᠯ ᠢ ᠳᠣᠪᠤᠶᠢᠯᠭᠠᠨ ᠨᠠᠮᠳᠠᠭᠤᠯᠤᠨ᠎ᠠ᠃ ᠤᠷ᠎ᠠ ᠴᠢᠳᠠᠪᠤᠷᠢᠲᠠᠨ ᠢ ᠬᠥᠮᠦᠵᠢᠭᠦᠯᠬᠦ ᠶᠢ ᠨᠡᠩ | ᠲᠤᠪᠤᠶᠢᠮ᠎ᠠ ᠪᠠᠶᠢᠷᠢᠨ ᠳᠤ ᠲᠠᠯᠪᠢᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠶᠡᠭᠡ ᠬᠡᠪᠴᠢᠶ᠎ᠡ᠂ | ᠤᠯᠠᠨ ᠲᠡᠰ ᠳᠠᠪᠬᠤᠷᠭ᠎ᠠ ᠪᠠᠷ ᠥᠷᠨᠢᠭᠦᠯᠵᠦ᠂ ᠬᠥᠳᠡᠯᠮᠦᠷᠢ ᠬᠦᠴᠦᠨ ᠤ ᠡᠯᠧᠮᠧᠨ᠋ᠲ ᠤᠨ ᠶᠠᠰᠤ ᠴᠢᠨᠠᠷ ᠢ | ᠰᠠᠶᠢᠵᠢᠷᠠᠭᠤᠯᠤᠨ᠎ᠠ︔ ᠭᠤᠷᠪᠠ ᠳᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ ᠶᠢ | ᠳᠣᠪᠤᠶᠢᠯᠭᠠᠪᠠ᠃ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ | ᠬᠥᠳᠡᠯᠮᠦᠷᠢ ᠶᠢᠨ ᠬᠥᠯᠥᠰᠥ ᠣᠯᠭᠤᠮᠵᠢ ᠶᠢ ᠳᠡᠭᠡᠭᠰᠢᠯᠡᠭᠦᠯᠬᠦ᠂ ᠠᠵᠢᠯ ᠣᠯᠭᠤᠬᠤ ᠦᠢᠯᠡᠴᠢᠯᠡᠭᠡ ᠶᠢ ᠰᠠᠶᠢᠵᠢᠷᠠᠭᠤᠯᠬᠤ | ᠂ ᠬᠥᠳᠡᠯᠮᠦᠷᠢ ᠶᠢᠨ ᠡᠷᠬᠡ ᠠᠰᠢᠭ ᠢ ᠪᠠᠲᠤᠯᠠᠬᠤ ᠵᠡᠷᠭᠡ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ | ᠤᠶᠠᠯᠳᠤᠭᠤᠯᠤᠨ᠂ ᠪᠣᠳᠠᠲᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ︵ᠬᠤᠶᠠᠷ︶ ᠠᠵᠢᠯ ᠣᠯᠭᠤᠯᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢ ᠰᠢᠨᠵᠢᠯᠡᠬᠦ | ᠤᠬᠠᠭᠠᠨᠴᠢ ᠪᠠᠷ ᠲᠥᠰᠦᠭᠡᠯᠡᠨ ᠪᠣᠳᠣᠪᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ | ᠦᠨᠳᠦᠰᠦᠯᠡᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠣᠳᠣᠪᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠶᠡᠷᠦᠩᠬᠡᠶ ᠬᠥᠮᠦᠨ ᠠᠮᠠ᠂ ᠬᠤᠳᠠ | ᠬᠥᠳᠡᠭᠡ ᠶᠢᠨ ᠬᠥᠳᠡᠯᠮᠦᠷᠢ ᠶᠢᠨ ᠬᠥᠮᠦᠨ ᠠᠮᠠ ᠶᠢᠨ ᠪᠠᠭᠤᠷᠠᠯᠲᠠ ᠶᠢᠨ ᠬᠠᠨᠳᠤᠰᠢ ᠳᠤ ᠰᠠᠭᠤᠷᠢᠯᠠᠪᠠᠯ᠂ ᠬᠤᠳᠠ | ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ᠂ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ | ᠣᠯᠭᠤᠬᠤ ᠵᠡᠷᠭᠡ ᠭᠦᠢᠴᠡᠳᠬᠡᠯ ᠲᠤᠭ᠎ᠠ ᠨᠢ ᠪᠠᠭᠤᠷᠠᠬᠤ ᠬᠠᠨᠳᠤᠰᠢ ᠲᠠᠢ ᠪᠠᠶᠢᠵᠤ᠂ ᠡᠨᠡ ᠨᠢ ᠤᠯᠤᠰ ᠤᠨ | ᠲᠥᠯᠥᠪᠵᠢᠭᠦᠯᠭᠡ ᠳᠤ ᠳᠤᠷᠠᠳᠤᠭᠰᠠᠨ ᠬᠠᠨᠳᠤᠰᠢ ᠲᠠᠢ ᠨᠢᠭᠡᠳᠦᠯᠲᠡᠶ ᠪᠠᠶᠢᠨ᠎ᠠ᠃ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠶᠢᠨ ᠬᠥᠭᠵᠢᠯᠲᠡ ᠶᠢᠨ ᠠᠵᠢᠯ ᠣᠯᠭᠤᠬᠤ | ᠴᠢᠳᠠᠪᠤᠷᠢ᠂ ᠪᠦᠲᠦᠴᠡ ᠶᠢᠨ ᠴᠢᠨᠠᠷᠲᠠᠶ ᠠᠵᠢᠯ ᠣᠯᠭᠤᠯᠲᠠ ᠶᠢᠨ ᠵᠥᠷᠢᠴᠡᠯ ᠵᠡᠷᠭᠡ ᠪᠠᠶᠢᠳᠠᠯ ᠢ ᠦᠨᠳᠦᠰᠦᠯᠡᠪᠡᠯ᠂ | ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ᠂ ᠪᠠᠶᠢᠴᠠᠭᠠᠯᠲᠠ ᠬᠢᠭᠰᠡᠨ ᠠᠵᠢᠯ | ᠠᠯᠳᠠᠯᠲᠠ ᠶᠢᠨ ᠨᠣᠷᠮ᠎ᠠ ᠨᠡᠮᠡᠭᠳᠡᠬᠦ ᠬᠠᠨᠳᠤᠰᠢ ᠲᠠᠢ ᠪᠠᠶᠢᠵᠤ᠂ ᠪᠥᠬᠦ ᠠᠵᠢᠯᠲᠠᠨ ᠤ ᠬᠥᠳᠡᠯᠮᠦᠷᠢ ᠦᠢᠯᠡᠳᠪᠦᠷᠢᠯᠡᠯ ᠤᠨ | ᠨᠣᠷᠮ᠎ᠠ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ ᠥᠪᠡᠷᠲᠡᠭᠡᠨ | ᠵᠠᠰᠠᠬᠤ ᠣᠷᠣᠨ ᠤ ᠲᠥᠯᠥᠪᠵᠢᠭᠦᠯᠭᠡ ᠶᠢᠨ ᠬᠥᠲᠥᠯᠪᠦᠷᠢ ᠯᠦᠭᠡ ᠨᠢᠭᠡᠳᠦᠯᠲᠡᠶ ᠪᠠᠶᠢᠯᠭᠠᠨ᠎ᠠ᠃ | ︵ᠭᠤᠷᠪᠠ︶ ᠲᠥᠷᠥᠯ ᠵᠦᠢᠯ ᠤᠨ ᠲᠤᠯᠭᠠᠭᠤᠷᠢᠯᠠᠯ ᠢᠶᠠᠷ ᠳᠠᠮᠵᠢᠨ ᠭᠤᠤᠯᠳᠠᠯᠭ᠎ᠠ ᠲᠠᠢ ᠡᠭᠦᠷᠭᠡ ᠶᠢ | ᠨᠠᠶᠢᠳᠠᠪᠤᠷᠢᠵᠢᠭᠤᠯᠪᠠ᠃ ᠲᠥᠯᠥᠪᠵᠢᠭᠦᠯᠭᠡ ᠳᠤ 9 ᠲᠥᠯᠥᠪᠯᠡᠭᠡ ᠶᠢᠨ ᠲᠤᠰᠬᠠᠢ ᠪᠤᠯᠤᠩ᠂ 29 ᠪᠣᠳᠠᠲᠠᠢ ᠲᠦᠷᠦᠯ | ᠵᠦᠢᠯ ᠢ ᠲᠤᠬᠢᠷᠠᠭᠤᠯᠵᠤ᠂ ᠲᠦᠷᠦᠯ ᠵᠦᠢᠯ ᠨᠢᠭᠡᠪᠦᠷᠢ ᠳᠤ ᠴᠥᠮ ᠬᠠᠷᠠᠯᠲᠠ ᠡᠭᠦᠷᠭᠡ᠂ ᠪᠣᠳᠠᠲᠠᠢ ᠠᠷᠭ᠎ᠠ ᠬᠡᠮᠵᠢᠶ᠎ᠡ | ᠪᠠ ᠬᠡᠷᠡᠭᠵᠢᠭᠦᠯᠬᠦ ᠦᠷ᠎ᠡ ᠪᠦᠲᠦᠮᠵᠢ ᠶᠢ ᠲᠣᠳᠣᠷᠬᠠᠶᠢᠯᠠᠪᠠ᠃ ᠡᠭᠦᠨ ᠤ ᠵᠣᠷᠢᠯᠭ᠎ᠠ ᠨᠢ ᠳᠠᠷᠤᠢ ᠲᠦᠷᠦᠯ ᠵᠦᠢᠯ ᠢ | ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢᠨ | ᠲᠥᠯᠥᠭᠡ ᠶᠤᠮ᠃ ᠵᠢᠱᠢᠶᠡᠯᠡᠪᠡᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠬᠤ ᠳᠤ᠂ | ᠪᠢᠳᠡ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠣᠭᠢᠷᠠᠭᠤᠯᠵᠤ᠂ ᠡᠯ᠎ᠡ ᠭᠠᠵᠠᠷ ᠤᠨ ︽ᠪᠠᠶᠢᠷᠢ ᠲᠣᠭᠲᠠᠭᠠᠯᠲᠠ | ᠲᠣᠳᠣᠷᠬᠠᠶ᠂ ᠣᠨᠴᠠᠯᠢᠭ ᠢᠯᠡ ᠲᠣᠳᠣ᠂ ᠦᠢᠯᠡᠴᠢᠯᠡᠭᠡ ᠲᠤᠰᠬᠠᠶ ᠮᠡᠷᠭᠡᠵᠢᠭᠰᠡᠨ᠂ ᠵᠠᠭᠪᠤᠷ ᠰᠢᠨᠡᠴᠢᠯᠡᠭᠰᠡᠨ᠂ ᠢᠵᠢ | ᠪᠦᠷᠢᠳᠦᠭᠰᠡᠨ᠂ ᠴᠢᠳᠠᠮᠵᠢ ᠪᠦᠷᠢᠨ ᠲᠡᠭᠦᠯᠳᠡᠷ︾ ᠪᠠᠶᠢᠬᠤ ᠬᠠᠷᠠᠯᠲᠠ ᠶᠣᠰᠣᠭᠠᠷ ᠬᠥᠮᠦᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠲᠠᠰ ᠲᠥᠷᠥᠯ ᠬᠤᠪᠢᠶᠠᠨ ᠪᠥᠲᠥᠭᠡᠨ | ᠪᠠᠶᠢᠭᠤᠯᠬᠤ ᠶᠢ ᠳᠡᠮᠵᠢᠬᠦ ᠪᠠᠷ ᠪᠤᠢ᠃ 2022 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ 1 — 2 | ᠪᠠᠶᠢᠭᠤᠯᠤᠨ᠎ᠠ︔ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠮᠦᠨ ᠤ ᠬᠦᠴᠦᠨ ᠤ | ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ 3 — 4 ᠪᠠᠶᠢᠭᠤᠯᠤᠨ᠎ᠠ᠃ ᠪᠣᠳᠠᠲᠠᠶ | ᠲᠥᠷᠥᠯ ᠵᠦᠢᠯ ᠤᠨ ᠳᠡᠮᠵᠢᠯᠭᠡ ᠪᠠᠶᠢᠮᠠᠨᠵᠢᠨ᠂ ᠪᠥᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ | ᠳᠡᠯᠭᠡᠭᠦᠷ ᠤᠨ ᠲᠣᠭᠲᠠᠯᠴᠠᠭ᠎ᠠ ᠶᠢ ᠰᠠᠶ᠋ᠢ ᠨᠠᠩ ᠰᠠᠶᠢᠨ ᠪᠦᠷᠢᠨᠰᠢᠬᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠠᠷᠭ᠎ᠠ ᠬᠡᠮᠵᠢᠶ᠎ᠡ ᠶᠢ ᠰᠠᠶ᠋ᠢ ᠨᠠᠩ ᠰᠠᠶᠢᠲᠤᠷ ᠨᠠᠶᠢᠳᠠᠪᠤᠷᠢᠵᠢᠭᠤᠯᠵᠤ ᠴᠢᠳᠠᠨ᠎ᠠ᠃ | | ᠭᠤᠷᠪᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠠᠵᠢᠯ ᠣᠯᠭᠤᠯᠲᠠ ᠶᠢ ᠠᠬᠢᠭᠤᠯᠬᠤ ᠲᠥᠯᠥᠪᠵᠢᠭᠦᠯᠭᠡ ᠶᠢᠨ ᠭᠤᠣᠯ ᠠᠭᠤᠯᠭ᠎ᠠ | | ᠲᠥᠯᠥᠪᠵᠢᠭᠦᠯᠭᠡ ᠶᠢ ᠠᠷᠪᠠᠨ ᠨᠢᠭᠡᠨ ᠬᠡᠰᠡᠭ᠂ 40 ᠵᠦᠢᠯ ᠤᠨ ᠠᠭᠤᠯᠭ᠎ᠠ ᠬᠤᠪᠢᠶᠠᠪᠠ᠃ | ᠨᠢᠭᠡ ᠠᠴᠠ ᠬᠤᠶᠠᠳᠤᠭᠠᠷ ᠬᠡᠰᠡᠭ ᠲᠤ ᠡᠭᠦᠨ ᠳᠤ ᠬᠥᠭᠵᠢᠯᠲᠡ ᠶᠢᠨ ᠰᠠᠭᠤᠷᠢ᠂ ᠲᠤᠯᠭᠠᠷᠠᠵᠤ ᠪᠠᠶᠢᠭ᠎ᠠ | ᠠᠰᠠᠭᠤᠳᠠᠯ᠂ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠭᠤᠣᠯ ᠬᠠᠷᠠᠯᠲᠠ ᠶᠢ ᠪᠠᠭᠲᠠᠭᠠᠪᠠ᠃ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢᠬᠢ ᠠᠵᠢᠯ | ᠣᠯᠭᠤᠯᠲᠠ ᠶᠢ ᠠᠬᠢᠭᠤᠯᠤᠭᠰᠠᠨ ᠠᠵᠢᠯ ᠤᠨ ᠦᠷ᠎ᠡ ᠪᠦᠲᠦᠮᠵᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ ᠲᠤᠯᠭᠠᠷᠠᠵᠤ ᠮᠡᠳᠡᠬᠦ ᠠᠵᠠ ᠲᠣᠬᠢᠶᠠᠯ ᠪᠠ ᠥᠷᠢᠰᠥᠯᠳᠦᠭᠡᠨ ᠢ | ᠰᠢᠰᠲ᠋ᠧᠮ ᠲᠠᠢ ᠲᠣᠳᠣᠷᠬᠠᠶᠢᠯᠠᠨ ᠥᠭᠦᠯᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠣᠷᠣᠨ ᠤ ᠠᠵᠢᠯ ᠣᠯᠭᠤᠯᠲᠠ ᠶᠢᠨ ᠠᠵᠢᠯ ᠤᠨ ᠵᠢᠯᠣᠭᠤᠳᠬᠤ | ᠦᠵᠡᠯ ᠰᠠᠨᠠᠭ᠎ᠠ ᠪᠠ ᠦᠨᠳᠦᠰᠦᠨ ᠵᠠᠷᠴᠢᠮ ᠢ ᠲᠣᠳᠣᠷᠬᠠᠶᠢᠯᠠᠪᠠ᠃ ᠠᠵᠢᠯ ᠣᠯᠭᠤᠯᠲᠠ ᠶᠢᠨ ᠪᠠᠶᠢᠳᠠᠯ ᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠪᠦᠲᠦᠴᠡ ᠶᠢᠨ ᠴᠢᠨᠠᠷᠲᠠᠶ | ᠠᠵᠢᠯ ᠣᠯᠭᠤᠯᠲᠠ ᠶᠢᠨ ᠵᠥᠷᠢᠴᠡᠯ ᠢ ᠨᠠᠮᠳᠠᠭᠤᠯᠬᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠪᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠬᠦ ᠵᠡᠷᠭᠡ ᠲᠠᠪᠤᠨ ᠲᠠᠯ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠠᠵᠢᠯ ᠣᠯᠭᠤᠯᠲᠠ ᠶᠢᠨ 17 ᠵᠦᠢᠯ ᠤᠨ ᠭᠤᠣᠯ ᠭᠦᠢᠴᠡᠳᠬᠡᠯ ᠲᠤᠭ᠎ᠠ ᠶᠢ ᠲᠣᠳᠣᠷᠬᠠᠶᠢᠯᠠᠪᠠ᠃ | | ᠭᠤᠷᠪᠠ ᠠᠴᠠ ᠠᠷᠪᠠᠳᠤᠭᠠᠷ ᠬᠡᠰᠡᠭ ᠲᠤ ᠨᠠᠢᠮᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠠᠭᠲᠠᠭᠠᠪᠠ᠂ | ᠡᠨᠡ ᠨᠢ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ | ᠠᠵᠢᠯ ᠣᠯᠭᠤᠯᠲᠠ ᠶᠢᠨ ᠠᠵᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ | ᠨᠢᠭᠡᠳᠦᠭᠡᠷ ᠵᠦᠢᠯ ᠨᠢ ᠠᠵᠤ ᠠᠬᠤᠶ ᠶᠢᠨ ᠬᠥᠭᠵᠢᠯᠲᠡ ᠪᠠᠷ ᠠᠵᠢᠯ ᠣᠯᠭᠤᠯᠲᠠ ᠶᠢᠨ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ | ᠴᠢᠩᠭᠠᠳᠬᠠᠬᠤ᠂ ᠤᠳᠤ ᠦᠶ᠎ᠡ ᠶᠢᠨ ᠠᠵᠤ ᠦᠢᠯᠡᠰ ᠤᠨ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠬᠦ᠂ | ᠦᠢᠯᠡᠴᠢᠯᠡᠭᠡᠨ ᠤ ᠦᠢᠯᠡᠰ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠬᠢᠷᠢ ᠲᠦᠪᠰᠢᠨ ᠢ ᠳᠡᠭᠡᠭᠰᠢᠯᠡᠭᠦᠯᠬᠦ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠰᠢᠩᠭᠡᠭᠡᠨ ᠠᠪᠬᠤ ᠶᠢ ᠳᠡᠮᠵᠢᠬᠦ ᠲᠦᠷᠪᠡᠨ | ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ ᠠᠵᠤ ᠠᠬᠤᠶ ᠪᠠᠷ ᠠᠵᠢᠯ ᠣᠯᠭᠤᠯᠲᠠ ᠶᠢ | ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠵᠦ᠂ ᠠᠵᠢᠯ | ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠤᠳᠠ ᠪᠠᠯᠭᠠᠰᠤᠨ ᠤ 100 ᠲᠦᠮᠡ ᠠᠴᠠ ᠳᠡᠭᠡᠭᠰᠢ ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠠᠵᠢᠯ ᠠᠯᠳᠠᠯᠲᠠ ᠶᠢᠨ ᠪᠠᠶᠢᠴᠠᠭᠠᠯᠲᠠ ᠶᠢᠨ ᠨᠤᠷᠮ᠎ᠠ ᠶᠢ | 6% ᠣᠷᠴᠢᠮ ᠳᠤ ᠬᠢᠵᠠᠭᠠᠷᠯᠠᠬᠤ ᠪᠠᠷ ᠴᠢᠷᠮᠠᠶᠢᠨ᠎ᠠ᠃ | ᠬᠤᠶᠠᠳᠤᠭᠠᠷ ᠵᠦᠢᠯ ᠨᠢ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠳᠡᠮᠵᠢᠬᠦ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ | ᠠᠵᠢᠯ ᠣᠯᠭᠤᠯᠲᠠ ᠶᠢ ᠲᠤᠪᠤᠶᠢᠯᠭᠠᠬᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ | ᠠᠵᠢᠯ ᠣᠯᠭᠤᠬᠤ ᠶᠢ ᠠᠬᠢᠭᠤᠯᠬᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢᠨ ᠪᠠᠲᠤᠯᠠᠭ᠎ᠠ ᠶᠢ | ᠴᠢᠩᠭᠠᠳᠬᠠᠬᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ | ᠂ ᠪᠤᠰᠤᠳ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠬᠦ ᠵᠡᠷᠭᠡ ᠲᠠᠪᠤᠨ ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ ᠠᠵᠢᠯ | ᠣᠯᠭᠤᠯᠲᠠ ᠶᠢᠨ ᠰᠠᠭᠤᠷᠢ ᠶᠢ ᠪᠠᠲᠤᠳᠬᠠᠵᠤ᠂ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠶᠢᠨ | ᠲᠥᠯᠥᠭᠡ ᠶᠤᠮ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ | ᠬᠤᠳᠠ ᠪᠠᠯᠭᠠᠰᠤᠨ ᠤ 25 ᠲᠦᠮᠡᠨ ᠠᠵᠢᠯ ᠠᠯᠳᠠᠭᠰᠠᠳ ᠲᠤ ᠲᠠᠬᠢᠨ ᠠᠵᠢᠯ ᠣᠯᠭᠤᠵᠤ᠂ ᠠᠵᠢᠯ ᠤᠯᠬᠤ ᠳᠤ | ᠬᠦᠴᠢᠷᠲᠡᠶ 25 ᠲᠦᠮᠡᠨ ᠬᠥᠮᠥᠨ ᠳᠤ ᠠᠵᠢᠯ ᠣᠯᠭᠤᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ 65 | ᠲᠦᠮᠡᠨ ᠬᠥᠮᠥᠨ ᠳᠤ ᠠᠵᠢᠯ ᠣᠯᠭᠤᠵᠤ᠂ 1200 ᠲᠦᠮᠡᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠢ | ᠰᠢᠯᠵᠢᠭᠦᠯᠦᠨ ᠠᠵᠢᠯ ᠣᠯᠭᠤᠨ᠎ᠠ᠃ | ᠭᠤᠷᠪᠠᠳᠤᠭᠠᠷ ᠵᠦᠢᠯ ᠨᠢ ︽ᠦᠢᠯᠡᠰ ᠪᠤᠰᠬᠠᠵᠤ ᠰᠢᠨ᠎ᠡ ᠶᠢ ᠡᠭᠦᠳᠬᠦ︾ ᠶᠢ ᠬᠥᠭᠵᠢᠭᠡᠵᠦ ᠠᠵᠢᠯ | ᠣᠯᠭᠤᠯᠲᠠ ᠶᠢᠨ ᠠᠮᠢᠵᠢᠷᠠᠯ ᠤᠨ ᠬᠦᠴᠦᠨ ᠢ ᠳᠠᠶᠢᠴᠢᠯᠠᠨ᠎ᠠ᠃ ᠰᠢᠨ᠎ᠡ ᠶᠢ ᠡᠭᠦᠳᠬᠦ ᠪᠠ ᠠᠳᠠᠯ ᠦᠢᠯᠡᠰ ᠴᠣᠭᠴᠠᠯᠠᠬᠤ | ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ᠂ ᠡᠯ᠎ᠡ ᠲᠦᠷᠦᠯ ᠤᠨ ᠭᠤᠣᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠬᠤ ᠳᠤ | ᠣᠷᠣᠯᠴᠠᠬᠤ ᠶᠢ ᠳᠡᠮᠵᠢᠬᠦ ᠭᠤᠷᠪᠠᠨ ᠲᠠᠯ᠎ᠠ ᠠᠴᠠ ᠪᠠᠶᠢᠷᠢᠯᠠᠭᠤᠯᠤᠯᠲᠠ ᠬᠢᠵᠦ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠭᠰᠠᠨ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ | ᠪᠥᠬᠦᠳᠡ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ | ᠪᠣᠳᠠᠲᠠᠶ ᠠᠷᠭ᠎ᠠ ᠬᠡᠮᠵᠢᠶ᠎ᠡ ᠶᠢ ᠭᠦᠨᠵᠡᠭᠡᠶ ᠬᠡᠷᠡᠭᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ | ᠳᠠᠶᠢᠴᠢᠯᠠᠬᠤ ᠶᠢᠨ ᠲᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠪᠥᠬᠦ ᠣᠷᠣᠨ ᠳᠤ | ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠠᠳᠠᠯ ᠦᠢᠯᠡᠰ ᠴᠣᠭᠴᠠᠯᠠᠬᠤ ᠬᠦᠷᠢᠶᠡᠯᠡᠩ ︵ᠠᠳᠠᠯ | ᠦᠢᠯᠡᠰ ᠴᠣᠭᠴᠠᠯᠠᠬᠤ ᠶᠢ ᠨᠡᠪᠴᠢᠭᠦᠯᠬᠦ ᠰᠠᠭᠤᠷᠢᠨ ᠭᠠᠵᠠᠷ︶ ᠢ 20 ᠪᠠᠶᠢᠭᠤᠯᠤᠨ᠎ᠠ᠃ | ᠳᠥᠷᠪᠡᠳᠦᠭᠡᠷ ᠵᠦᠢᠯ ᠨᠢ ᠤᠯᠠᠨ ᠠᠷᠭ᠎ᠠ ᠵᠠᠮ ᠢᠶᠠᠷ ᠳᠠᠮᠵᠢᠨ ᠠᠮᠢᠳᠤᠯᠢᠭ ᠢᠶᠠᠷ ᠠᠵᠢᠯ ᠣᠯᠭᠤᠬᠤ ᠶᠢ | ᠳᠡᠮᠵᠢᠨ᠎ᠡ᠃ ᠬᠠᠨᠳᠤᠰᠢ ᠪᠠᠶᠢᠳᠠᠯ ᠢ ᠲᠠᠭᠠᠨ ᠲᠣᠬᠢᠷᠠᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠵᠦᠢ ᠵᠣᠬᠢᠰ | ᠦᠭᠡᠶ ᠬᠢᠵᠠᠭᠠᠷᠯᠠᠯ ᠢ ᠡᠪᠳᠡᠵᠦ᠂ ᠠᠮᠢᠳᠤᠯᠢᠭ ᠢᠶᠠᠷ ᠠᠵᠢᠯ ᠣᠯᠭᠤᠬᠤ ᠬᠥᠭᠵᠢᠯᠲᠡ ᠶᠢᠨ ᠠᠷᠭ᠎ᠠ ᠵᠠᠮ ᠢ | ᠥᠷᠭᠡᠳᠬᠡᠬᠦ ᠲᠠᠢ ᠤᠶᠠᠯᠳᠤᠭᠤᠯᠤᠨ᠂ ᠬᠤᠪᠢ ᠶᠢᠨ ᠡᠵᠡᠩᠨᠡᠯᠲᠡ ᠶᠢᠨ ᠬᠥᠭᠵᠢᠯᠲᠡ ᠶᠢ ᠵᠣᠷᠢᠭᠵᠢᠭᠤᠯᠬᠤ᠂ ᠪᠦᠬᠦᠯᠢ | ᠡᠳᠦᠷ ᠤᠨ ᠪᠤᠰᠤ ᠳᠦᠷᠢᠮᠲᠦ ᠠᠵᠢᠯ ᠣᠯᠭᠤᠯᠲᠠ ᠶᠢᠨ ᠲᠣᠬᠢᠶᠠᠯ ᠢ ᠨᠡᠮᠡᠭᠳᠡᠭᠦᠯᠬᠦ᠂ ᠰᠢᠨ᠎ᠡ ᠠᠵᠢᠯ ᠣᠯᠭᠤᠯᠲᠠ ᠶᠢᠨ | ᠬᠡᠯᠪᠡᠷᠢ ᠪᠠᠶᠢᠳᠠᠯ ᠢ ᠳᠡᠮᠵᠢᠬᠦ ᠪᠠ ᠵᠢᠷᠤᠮᠵᠢᠭᠤᠯᠤᠨ ᠬᠥᠭᠵᠢᠭᠦᠯᠬᠦ ᠭᠤᠷᠪᠠᠨ ᠲᠠᠯ᠎ᠠ ᠪᠠᠷ ᠪᠠᠶᠢᠷᠢᠯᠠᠭᠤᠯᠤᠯᠲᠠ ᠬᠢᠵᠦ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠢᠨ᠎ᠡ ᠠᠵᠢᠯ | ᠣᠯᠭᠤᠯᠲᠠ ᠶᠢᠨ ᠬᠡᠯᠪᠡᠷᠢ ᠪᠠᠶᠢᠳᠠᠯ ᠤᠨ ᠳᠣᠣᠷᠠᠬᠢ ᠠᠮᠢᠳᠤᠯᠢᠭ ᠢᠶᠠᠷ ᠠᠵᠢᠯ ᠣᠯᠭᠤᠬᠤ ᠪᠠᠲᠤᠯᠠᠭ᠎ᠠ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠰᠢᠨ᠎ᠡ ᠠᠵᠤ ᠠᠬᠤᠶ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠳᠣᠣᠷᠠᠬᠢ | ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠎ᠡ᠃ | ᠲᠠᠪᠤᠳᠤᠭᠠᠷ ᠵᠦᠢᠯ ᠨᠢ ᠬᠥᠳᠡᠯᠮᠦᠷᠢᠴᠢᠳ ᠤᠨ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠳᠣᠬᠠᠨ ᠤ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠲᠣᠬᠢᠷᠠᠯᠴᠠᠬᠤ ᠦᠭᠡᠶ᠂ ᠤᠷ᠎ᠠ | ᠮᠡᠷᠭᠡᠵᠢᠯ ᠤᠨ ᠴᠢᠳᠠᠪᠤᠷᠢᠲᠠᠨ ᠳᠤᠲᠠᠭᠳᠠᠵᠤ ᠪᠠᠶᠢᠭ᠎ᠠ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠬᠥᠮᠦᠨ ᠤ | ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠ ᠴᠢᠳᠠᠪᠤᠷᠢᠲᠠᠨ ᠢ | ᠬᠥᠮᠦᠵᠢᠭᠦᠯᠬᠦ ᠶᠢ ᠴᠢᠩᠭᠠᠳᠬᠠᠵᠤ᠂ ᠬᠥᠳᠡᠯᠮᠦᠷᠢ ᠬᠦᠴᠦᠨ ᠤ ᠡᠯᠧᠮᠧᠨ᠋ᠲ ᠤᠨ ᠶᠠᠰᠤ ᠴᠢᠨᠠᠷ ᠢ ᠬᠦᠴᠦᠯᠡᠨ | ᠰᠠᠶᠢᠵᠢᠷᠠᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠣᠭᠲᠠᠯᠴᠠᠭ᠎ᠠ ᠶᠢ | ᠲᠡᠭᠦᠯᠳᠡᠷᠵᠢᠭᠦᠯᠬᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ | ᠲᠡᠭᠦᠯᠳᠡᠷᠵᠢᠭᠦᠯᠬᠦ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ | ᠲᠦᠷᠪᠡᠨ ᠲᠠᠯ᠎ᠠ ᠠᠴᠠ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠷᠠᠯᠲᠠ ᠪᠣᠯ ᠨᠥᠬᠦᠪᠥᠷᠢ ᠶᠢᠨ ᠴᠢᠨᠠᠷᠲᠠᠶ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ 125 ᠲᠦᠮᠡᠨ ᠬᠥᠮᠦᠨ ᠤᠳᠠᠭ᠎ᠠ ᠥᠷᠨᠢᠭᠦᠯᠦᠨ᠎ᠡ︔ ᠳᠡᠭᠡᠳᠦ | ᠮᠡᠷᠭᠡᠵᠢᠯ ᠤᠨ ᠴᠢᠳᠠᠪᠤᠷᠢᠲᠠᠨ ᠢ 14 ᠲᠦᠮᠡ ᠬᠥᠮᠦᠵᠢᠭᠦᠯᠵᠦ᠂ ᠪᠥᠬᠦ ᠣᠷᠣᠨ ᠤ ᠳᠡᠭᠡᠳᠦ ᠮᠡᠷᠭᠡᠵᠢᠯ ᠤᠨ | ᠴᠢᠳᠠᠪᠤᠷᠢᠲᠠᠨ ᠤ ᠶᠡᠷᠦᠩᠬᠡᠶ ᠲᠤᠭ᠎ᠠ ᠶᠢ 88 ᠲᠦᠮᠡᠨ ᠬᠥᠮᠦᠨ ᠳᠤ ᠬᠦᠷᠭᠡᠨ᠎ᠡ᠃ | ᠵᠢᠷᠭᠤᠳᠤᠭᠠᠷ ᠵᠦᠢᠯ ᠨᠢ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠬᠠᠩᠭᠠᠯᠭ᠎ᠠ ᠶᠢ | ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠳᠤᠲᠠᠭᠤᠳᠠᠯ ᠢ ᠨᠥᠬᠦᠪᠥᠷᠢᠯᠡᠬᠦ ᠶᠢᠨ ᠲᠣᠭᠤᠷᠢᠨ ᠳᠤ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠵᠦ᠂ ᠬᠥᠮᠦᠨ ᠤ ᠬᠦᠴᠦᠨ ᠤ | ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠪᠦᠷᠢᠨᠰᠢᠬᠦᠯᠬᠦ᠂ ᠤᠯᠠᠨ ᠨᠡᠶᠢᠲᠡ ᠶᠢᠨ ᠠᠵᠢᠯ ᠣᠯᠵᠤ | ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠬᠦ᠂ ᠤᠯᠠᠨ ᠨᠡᠶᠢᠲᠡ ᠶᠢᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ | ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠦᠷᠪᠡᠨ | ᠲᠠᠯ᠎ᠠ ᠠᠴᠠ ᠪᠠᠶᠢᠷᠢᠯᠠᠭᠤᠯᠤᠯᠲᠠ ᠬᠢᠵᠦ᠂ ᠪᠦᠬᠦ ᠶᠠᠪᠤᠴᠠ ᠶᠢ ᠬᠤᠯᠪᠣᠭᠰᠠᠨ᠂ ᠪᠦᠬᠦ ᠣᠷᠣᠨ ᠪᠦᠰᠡ ᠶᠢ | ᠨᠥᠯᠥᠭᠡᠯᠡᠭᠰᠡᠨ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠪᠠᠶᠢᠬᠤ ᠪᠦᠬᠦ ᠲᠠᠯ᠎ᠠ ᠶᠢᠨ ᠴᠢᠨᠠᠷᠲᠠᠢ ᠤᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠬᠦ ᠬᠦᠴᠦᠨ ᠢᠶᠠᠷ ᠢᠶᠠᠨ ᠪᠤᠢ | ᠪᠣᠯᠭᠠᠵᠤ᠂ ᠬᠥᠳᠡᠯᠮᠦᠷᠢᠴᠢᠳ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ | ᠳᠣᠯᠣᠳᠤᠭᠠᠷ ᠵᠦᠢᠯ ᠨᠢ ᠬᠥᠳᠡᠯᠮᠦᠷᠢᠴᠢᠳ ᠤᠨ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ | ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢ ᠨᠡᠩ ᠭᠦᠢᠴᠡᠳ ᠠᠬᠢᠭᠤᠯᠤᠭᠰᠠᠨ ᠰᠠᠭᠤᠷᠢᠨ ᠳᠡᠭᠡᠷ᠎ᠡ᠂ | ᠬᠥᠳᠡᠯᠮᠦᠷᠢᠴᠢᠳ ᠤᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠬᠦ᠂ ᠬᠥᠳᠡᠯᠮᠦᠷᠢ ᠶᠢᠨ ᠬᠠᠷᠢᠴᠠᠭ᠎ᠠ ᠶᠢ | ᠵᠣᠬᠢᠴᠠᠭᠤᠯᠬᠤ ᠲᠣᠭᠲᠠᠴᠠ ᠶᠢ ᠪᠦᠷᠢᠨᠰᠢᠬᠦᠯᠬᠦ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ | ᠴᠢᠩᠭᠠᠳᠬᠠᠬᠤ ᠭᠤᠷᠪᠠᠨ ᠲᠠᠯ᠎ᠠ ᠠᠴᠠ ᠪᠠᠶᠢᠷᠢᠯᠠᠭᠤᠯᠤᠯᠲᠠ ᠬᠢᠪᠡ᠃ ᠡᠭᠦᠨ ᠤ ᠵᠣᠷᠢᠯᠭ᠎ᠠ ᠨᠢ ᠬᠥᠳᠡᠯᠮᠦᠷᠢᠴᠢᠳ ᠤᠨ | ᠠᠵᠢᠯ ᠤᠯᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠯᠮᠦᠷᠢ ᠶᠢᠨ ᠡᠷᠬᠡ ᠠᠰᠢᠭ ᠤᠨ ᠬᠠᠮᠠᠭᠠᠯᠠᠯᠲᠠ | ᠪᠠ ᠪᠠᠲᠤᠯᠠᠭ᠎ᠠ ᠶᠢ ᠴᠢᠩᠭᠠᠳᠬᠠᠵᠤ᠂ ᠬᠥᠳᠡᠯᠮᠦᠷᠢᠴᠢᠳ ᠤᠨ ᠠᠵᠢᠯ ᠤᠨ ᠪᠠᠶᠢᠷᠢ ᠶᠢᠨ ᠬᠠᠷᠠᠭᠠᠯᠵᠠᠯ ᠢ | ᠳᠡᠭᠡᠭᠰᠢᠯᠡᠭᠦᠯᠵᠦ᠂ ᠬᠥᠳᠡᠯᠮᠦᠷᠢᠴᠢᠳ ᠤᠨ ᠠᠵᠢᠯ ᠤᠯᠬᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ | ᠬᠡᠮᠵᠢᠶ᠎ᠡ ᠶᠢ ᠳᠡᠭᠡᠭᠰᠢᠯᠡᠭᠦᠯᠵᠦ᠂ ᠨᠡᠩ ᠴᠢᠨᠠᠷᠯᠢᠭ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ ᠶᠤᠮ᠃ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠠᠵᠢᠯᠳᠠᠨ ᠤ | ᠬᠥᠳᠡᠯᠮᠦᠷᠢ ᠦᠢᠯᠡᠳᠪᠦᠷᠢᠯᠡᠯ ᠤᠨ ᠨᠤᠷᠮ᠎ᠠ ᠶᠢ 5% ᠣᠷᠴᠢᠮ ᠨᠡᠮᠡᠭᠳᠡᠭᠦᠯᠬᠦ ᠪᠠᠷ ᠴᠢᠷᠮᠠᠶᠢᠵᠤ᠂ ᠬᠥᠳᠡᠯᠮᠦᠷᠢ ᠶᠢᠨ | ᠬᠥᠯᠥᠰᠥ ᠣᠯᠭᠤᠮᠵᠢ ᠶᠢᠨ ᠡᠵᠡᠯᠡᠬᠦ ᠬᠠᠷᠢᠴᠠᠯ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ | ᠨᠠᠢᠮᠠᠳᠤᠭᠠᠷ ᠵᠦᠢᠯ ᠨᠢ ᠠᠵᠢᠯ ᠣᠯᠭᠤᠯᠲᠠ ᠪᠠ ᠠᠵᠢᠯ ᠠᠯᠳᠠᠯᠲᠠ ᠶᠢᠨ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠨᠠᠮᠳᠠᠭᠠᠨ᠎ᠠ᠃ ᠤᠷᠢᠳᠴᠢᠯᠠᠨ ᠪᠡᠯᠡᠳᠬᠡᠬᠦ ᠶᠢ ᠪᠠᠷᠢᠮᠲᠠᠯᠠᠵᠤ᠂ ᠠᠵᠢᠯ ᠣᠯᠭᠤᠯᠲᠠ ᠭᠡᠬᠦ ᠡᠨᠡ ᠬᠦ | ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠠᠵᠢᠯ ᠢ ᠰᠠᠶᠢᠲᠤᠷ ᠬᠢᠵᠦ᠂ ᠠᠵᠢᠯ ᠣᠯᠭᠤᠯᠲᠠ ᠶᠢᠨ ᠪᠠᠶᠢᠳᠠᠯ ᠢ | ᠵᠠᠳᠠᠯᠤᠨ ᠰᠤᠳᠤᠯᠬᠤ ᠪᠠ ᠮᠠᠭᠠᠳᠯᠠᠬᠤ ᠲᠣᠭᠲᠠᠴᠠ ᠶᠢ ᠪᠦᠷᠢᠨᠰᠢᠬᠦᠯᠬᠦ᠂ ᠠᠵᠢᠯ ᠣᠯᠭᠤᠯᠲᠠ ᠪᠠ ᠠᠵᠢᠯ | ᠠᠯᠳᠠᠯᠲᠠ ᠶᠢ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ᠂ ᠠᠵᠢᠯ ᠠᠯᠳᠠᠯᠲᠠ ᠶᠢᠨ | ᠲᠦᠭᠰᠢᠭᠦᠷᠢ ᠶᠢ ᠠᠷᠭᠠᠴᠠᠭᠠᠬᠤ ᠶᠢ ᠪᠦᠬᠦ ᠲᠠᠯ᠎ᠠ ᠪᠠᠷ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ | ᠪᠠᠶᠢᠷᠢᠯᠠᠭᠤᠯᠤᠯᠲᠠ ᠬᠢᠵᠦ᠂ ᠬᠡᠪᠴᠢᠶᠡᠵᠢᠭᠰᠡᠨ ᠴᠢᠨᠠᠷᠲᠠᠶ ᠠᠵᠢᠯ ᠠᠯᠳᠠᠯᠲᠠ ᠶᠢᠨ ᠲᠦᠭᠰᠢᠭᠦᠷᠢ ᠡᠭᠦᠰᠬᠦ ᠦᠭᠡᠢ | ᠬᠢᠵᠠᠭᠠᠷ ᠱᠤᠭᠤᠮ ᠢ ᠡᠷᠡᠰ ᠰᠠᠬᠢᠨ᠎ᠠ᠃ | ᠠᠷᠪᠠᠨ ᠨᠢᠭᠡᠳᠦᠭᠡᠷ ᠬᠡᠰᠡᠭ ᠲᠤ ᠭᠤᠣᠯᠳᠠᠭᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ | ᠲᠥᠯᠥᠪᠵᠢᠭᠦᠯᠭᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠪᠠᠷᠢᠮᠲᠠᠯᠠᠬᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ᠂ ᠲᠦᠷᠦ ᠶᠢᠨ ᠪᠤᠳᠤᠯᠭ᠎ᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ᠂ ᠬᠢᠨᠠᠨ ᠰᠢᠨᠵᠢᠯᠡᠵᠦ ᠦᠨᠡᠯᠡᠨ ᠵᠢᠱᠢᠬᠦ ᠶᠢ ᠴᠢᠩᠭᠠᠳᠬᠠᠬᠤ ᠪᠠ ᠤᠬᠠᠭᠤᠯᠵᠤ | ᠬᠥᠲᠥᠯᠥᠨ ᠵᠢᠯᠣᠭᠤᠳᠬᠤ ᠶᠢ ᠰᠠᠶᠢᠲᠤᠷ ᠬᠢᠬᠦ ᠵᠡᠷᠭᠡ ᠵᠢᠷᠭᠤᠭᠠᠨ ᠲᠠᠯ᠎ᠠ ᠠᠴᠠ ᠪᠣᠳᠠᠲᠠᠢ ᠱᠠᠭᠠᠷᠳᠠᠯᠭ᠎ᠠ ᠶᠢ | ᠲᠣᠳᠣᠷᠬᠠᠶᠢᠯᠠᠵᠤ᠂ ᠲᠥᠯᠥᠪᠵᠢᠭᠦᠯᠭᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |