| | | ᠨᠢᠭᠡ᠂ ᠠᠵᠢᠯ ᠤᠨ ᠬᠠᠷᠠᠯᠲᠠ | | 2025 ᠣᠨ ᠤ ᠰᠡᠭᠦᠯᠴᠢ ᠪᠣᠯᠬᠤ ᠳᠤ᠂ ᠪᠦᠬᠦ ᠣᠷᠣᠨ ᠤ ᠬᠤᠲᠠ ᠬᠥᠳᠡᠭᠡ ᠶᠢᠨ ᠨᠠᠰᠤᠲᠠᠨ ᠢ ᠠᠰᠠᠷᠠᠵᠤ | ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠯᠥᠪᠵᠢᠭᠦᠯᠭᠡ᠂ ᠬᠡᠷᠡᠭᠯᠡᠬᠦ | ᠭᠠᠵᠠᠷ᠂ ᠡᠳ᠋ ᠤᠨ ᠵᠠᠰᠠᠭ ᠭᠠᠶᠢᠯᠢ ᠵᠡᠷᠭᠡ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠶ | ᠲᠡᠭᠦᠯᠳᠡᠷᠵᠢᠭᠦᠯᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠡᠷᠴᠢᠮ ᠢ ᠲᠠᠰᠤᠷᠠᠯᠲᠠ ᠦᠭᠡᠶ | ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ | ᠪᠦᠬᠦ ᠲᠠᠯ᠎ᠠ ᠪᠠᠷ ᠥᠷᠨᠢᠭᠦᠯᠵᠦ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ | ᠲᠤᠰᠬᠠᠶᠢᠵᠢᠭᠰᠠᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠠᠰᠤᠲᠠᠨ ᠢ ᠠᠰᠠᠷᠠᠵᠤ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠶ | ᠲᠦᠷᠭᠡᠳᠬᠡᠵᠦ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ | ᠲᠦᠷᠢᠮ ᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠰᠤᠲᠠᠨ ᠢ ᠠᠰᠠᠷᠠᠵᠤ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠪᠠ ᠦᠢᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ | ᠲᠣᠭᠲᠠᠯᠴᠠᠭ᠎ᠠ ᠶᠢ ᠠᠩᠬ᠎ᠠ ᠠᠯᠬᠤᠮ ᠪᠣᠶ ᠪᠣᠯᠭᠠᠵᠤ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠬᠠᠩᠭᠠᠯᠭ᠎ᠠ ᠶᠢ ᠢᠯᠡᠳᠲᠡ ᠨᠡᠮᠡᠭᠳᠡᠭᠦᠯᠦᠨ᠂ ᠨᠠᠰᠤᠲᠠᠨ ᠢ ᠠᠰᠠᠷᠠᠬᠤ ᠪᠠᠶᠢᠭᠤᠯᠤᠮᠵᠢ ᠶᠢᠨ | ᠰᠤᠪᠢᠯᠠᠯᠲᠠ ᠶᠢᠨ ᠬᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ ᠢ 55% ᠠᠴᠠ ᠳᠡᠭᠡᠭᠰᠢ ᠳᠤ ᠬᠦᠷᠦᠭᠦᠯᠵᠦ᠂ | ᠬᠤᠲᠠ ᠶᠢᠨ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠴᠢᠨᠠᠷᠲᠠᠶ ᠨᠠᠰᠤᠲᠠᠨ ᠢ ᠠᠰᠠᠷᠠᠬᠤ ᠦᠢᠯᠡᠴᠢᠯᠡᠭᠡᠨ ᠤ | ᠪᠠᠶᠢᠭᠤᠯᠤᠮᠵᠢ ︵ᠲᠥᠪ︶ ᠶᠢᠨ ᠬᠠᠮᠤᠷᠬᠤ ᠨᠣᠷᠮ᠎ᠠ ᠶᠢ 100% ᠳᠤ ᠬᠦᠷᠦᠭᠦᠯᠵᠦ᠂ ᠮᠢᠩᠭᠠᠨ ᠬᠥᠮᠦᠨ ᠪᠦᠷᠢ ᠳᠤ | 3 ᠨᠠᠰᠤᠨ ᠠᠴᠠ ᠳᠣᠷᠣᠭᠰᠢᠬᠢ ᠨᠢᠯᠬ᠎ᠠ ᠬᠡᠤᠬᠡᠳ ᠢ ᠰᠠᠭᠠᠲᠠᠭᠤᠯᠵᠤ ᠳᠡᠶᠢᠯᠬᠦ ᠲᠤᠭ᠎ᠠ ᠶᠢ 4 ᠠᠴᠠ ᠳᠡᠭᠡᠭᠰᠢ ᠳᠤ | ᠬᠦᠷᠦᠭᠦᠯᠦᠨ᠎ᠡ᠃ | | ᠬᠤᠶᠠᠷ᠂ ᠭᠤᠣᠯ ᠡᠭᠦᠷᠭᠡ | | ︵ᠨᠢᠭᠡ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠥᠷᠥ ᠶᠢᠨ | ᠪᠣᠳᠣᠯᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ | ᠨᠠᠰᠤᠲᠠᠨ ᠢ ᠠᠰᠠᠷᠠᠬᠤ ᠪᠠ ᠬᠡᠦᠬᠡᠳ ᠰᠠᠭᠠᠲᠠᠭᠤᠯᠬᠤ ᠬᠤᠶᠠᠷ ᠶᠡᠭᠡ ᠦᠢᠯᠡᠴᠢᠯᠡᠭᠡᠨ ᠤ ᠲᠣᠭᠲᠠᠯᠴᠠᠭ᠎ᠠ ᠶᠢ | ᠨᠢᠭᠡᠳᠦᠯᠲᠡᠶ ᠲᠥᠯᠥᠪᠵᠢᠭᠦᠯᠦᠨ᠎ᠡ᠃ 2025 ᠣᠨ ᠪᠣᠯᠬᠤ ᠳᠤ᠂ ᠬᠡᠷ ᠲᠤ ᠪᠠᠨ ᠰᠠᠭᠤᠬᠤ ᠨᠡᠶᠢᠭᠡᠮ ᠲᠣᠭᠤᠷᠢᠭ | ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠵᠤ᠂ ᠡᠮᠴᠢᠯᠡᠵᠦ ᠠᠰᠠᠷᠠᠬᠤ ᠪᠠ ᠰᠤᠪᠢᠯᠠᠵᠤ ᠠᠰᠠᠷᠠᠬᠤ ᠶᠢ | ᠤᠶᠠᠯᠳᠤᠭᠤᠯᠤᠭᠰᠠᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠣᠭᠲᠠᠯᠴᠠᠭ᠎ᠠ ᠪᠠ ᠡᠷᠡᠭᠦᠯ ᠮᠡᠨᠳᠦ ᠶᠢᠨ | ᠲᠤᠯᠭᠠᠭᠤᠷᠢᠯᠠᠯ ᠤᠨ ᠲᠣᠭᠲᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠭᠤᠤᠯ ᠴᠣᠭᠴᠠ ᠨᠢ ᠣᠯᠠᠨ | ᠡᠰᠢᠵᠢᠭ᠍ᠰᠡᠨ᠂ ᠨᠡᠶᠢᠭᠡᠮ ᠲᠣᠭᠤᠷᠢᠭ ᠲᠤ ᠲᠦᠰᠢᠭᠯᠡᠭᠰᠡᠨ᠂ ᠴᠢᠨᠠᠷᠯᠢᠭ ᠮᠥᠷᠲᠡᠭᠡᠨ ᠲᠦᠭᠡᠮᠡᠯ ᠬᠠᠷᠠᠭᠠᠯᠵᠠᠭᠰᠠᠨ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠪᠠᠨ ᠪᠠᠶᠢᠭᠤᠯᠤᠨ᠎ᠠ᠃ | ᠰᠠᠭᠤᠭᠠᠯᠢ ᠲᠣᠭᠤᠷᠢᠭ ᠤᠨ ᠢᠵᠢ ᠪᠦᠷᠢᠳᠦᠭᠦᠯᠦᠭᠰᠡᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠪᠠᠷ ᠪᠠᠶᠢᠭᠤᠯᠤᠭᠰᠠᠨ | ᠬᠤᠲᠠ ᠪᠠᠯᠭᠠᠰᠤ ᠶᠢᠨ ᠰᠠᠭᠤᠭᠠᠯᠢ ᠲᠣᠭᠤᠷᠢᠭ ᠲᠤ ᠬᠠᠮᠢᠶ᠎ᠠ ᠪᠥᠬᠦᠶ ᠪᠠᠷᠢᠮᠵᠢᠶ᠎ᠠ ᠶᠣᠰᠣᠭᠠᠷ ᠨᠡᠶᠢᠭᠡᠮ ᠲᠣᠭᠤᠷᠢᠭ ᠤᠨ | ᠨᠠᠰᠤᠲᠠᠨ ᠢ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠪᠠ ᠨᠢᠯᠬ᠎ᠠ ᠬᠡᠤᠬᠡᠳ ᠢ ᠰᠠᠭᠠᠲᠠᠭᠤᠯᠤᠨ ᠠᠰᠠᠷᠠᠬᠤ | ᠦᠢᠯᠡᠴᠢᠯᠡᠭᠡᠨ ᠤ ᠲᠠᠯᠠᠪᠤᠷ ᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠵᠤ᠂ ᠨᠡᠶᠢᠭᠡᠮ ᠲᠣᠭᠤᠷᠢᠭ ᠤᠨ | ᠨᠠᠰᠤᠲᠠᠨ ᠢ ᠠᠰᠠᠷᠠᠵᠤ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠢᠵᠢ ᠪᠦᠷᠢᠳᠦᠭᠦᠯᠦᠭᠰᠡᠨ ᠬᠡᠷ ᠪᠠᠶᠢᠰᠢᠩ ᠤᠨ ᠪᠥᠲᠥᠭᠡᠨ | ᠪᠠᠶᠢᠭᠤᠯᠤᠯᠲᠠ ᠶᠢᠨ ᠬᠡᠪᠴᠢᠶᠡᠨ ᠳᠤ ᠣᠷᠣᠭᠤᠯᠤᠨ᠎ᠠ᠃ 2021 ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠤᠭᠰᠠᠨ | ᠰᠠᠭᠤᠭᠠᠯᠢ ᠲᠣᠭᠤᠷᠢᠭ ᠤᠨ ᠢᠵᠢ ᠪᠥᠷᠢᠳᠦᠭᠦᠯᠦᠭᠰᠡᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠡᠯᠡᠳᠬᠡᠮᠵᠢ ᠶᠢᠨ ︽ᠳᠥᠷᠪᠡ ᠶᠢ ᠵᠡᠷᠭᠡ ᠳᠤ ᠨᠢ ᠭᠦᠢᠴᠡᠳᠬᠡᠬᠦ︾ ︵ᠵᠡᠷᠭᠡ ᠳᠤ ᠨᠢ | ᠲᠥᠯᠥᠪᠵᠢᠭᠦᠯᠬᠦ᠂ ᠵᠡᠷᠭᠡ ᠳᠤ ᠨᠢ ᠪᠠᠶᠢᠭᠤᠯᠬᠤ᠂ ᠵᠡᠷᠭᠡ ᠳᠤ ᠨᠢ ᠰᠢᠯᠭᠠᠬᠤ᠂ ᠵᠡᠷᠭᠡ ᠳᠤ ᠨᠢ ᠲᠤᠰᠢᠶᠠᠬᠤ︶ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠲᠣᠭᠤᠷᠢᠭ ᠲᠤ ᠨᠡᠶᠢᠭᠡᠮ | ᠲᠣᠭᠤᠷᠢᠭ ᠤᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠶᠢ ᠢᠵᠢ | ᠪᠦᠷᠢᠳᠦᠭᠦᠯᠦᠨ ᠪᠠᠶᠢᠭᠤᠯᠤᠭᠰᠠᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100% ᠳᠤ ᠬᠦᠷᠦᠭᠦᠯᠦᠨ᠎ᠡ᠃ | ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠬᠡᠷᠡᠭᠯᠡᠨ | ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠨᠥᠬᠦᠴᠡᠯ ᠳᠤ ᠨᠡᠶᠢᠴᠡᠭᠰᠡᠨ ᠬᠥᠳᠡᠯᠮᠦᠷᠢᠴᠢᠨ ᠢ ᠰᠢᠩᠭᠡᠭᠡᠨ ᠠᠪᠤᠭᠰᠠᠨ ᠨᠠᠰᠤᠲᠠᠨ ᠢ ᠠᠰᠠᠷᠠᠵᠤ ᠬᠡᠦᠬᠡᠳ | ᠰᠠᠭᠠᠲᠠᠭᠤᠯᠬᠤ ᠪᠠᠶᠢᠭᠤᠯᠤᠮᠵᠢ ᠳᠤ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠨ᠎ᠠ᠃ | ᠨᠥᠬᠦᠴᠡᠯ ᠲᠠᠢ ᠭᠠᠵᠠᠷ ᠣᠷᠣᠨ ᠨᠢ ᠲᠦᠭᠡᠮᠡᠯ ᠬᠠᠷᠠᠭᠠᠯᠵᠠᠯᠲᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠱᠠᠩᠨᠠᠵᠤ ᠨᠥᠬᠦᠪᠥᠷᠢ ᠥᠭᠬᠦ ᠶᠢ ᠵᠣᠷᠢᠭᠵᠢᠭᠤᠯᠬᠤ ᠲᠦᠷᠢᠮ ᠢ ᠰᠦᠪᠡᠭᠴᠢᠯᠡᠨ ᠪᠠᠶᠢᠭᠤᠯᠵᠤ᠂ | ᠲᠦᠭᠡᠮᠡᠯ ᠬᠠᠷᠠᠭᠠᠯᠵᠠᠯᠲᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠵᠣᠬᠢᠬᠤ ᠪᠥᠲᠥᠭᠡᠨ | ᠪᠠᠶᠢᠭᠤᠯᠤᠯᠲᠠ ᠪᠤᠶᠤ ᠡᠵᠡᠩᠨᠡᠯᠲᠡ ᠶᠢᠨ ᠨᠥᠬᠦᠪᠥᠷᠢ ᠣᠯᠭᠤᠨ᠎ᠠ᠃ ᠨᠢᠷᠠᠢ ᠨᠢᠯᠬ᠎ᠠ ᠬᠡᠤᠬᠡᠳ ᠤᠨ ᠬᠡᠤᠬᠡᠳ | ᠰᠠᠭᠠᠲᠠᠭᠤᠯᠬᠤ ᠦᠢᠯᠡᠴᠢᠯᠡᠭᠡᠨ ᠤ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ | ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠬᠥᠲᠥᠯᠦᠨ ᠵᠢᠯᠣᠭᠤᠳᠬᠤ ᠶᠢ ᠵᠣᠷᠢᠭᠵᠢᠭᠤᠯᠤᠨ᠎ᠠ᠃ | ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠴᠢ ᠬᠥᠮᠦᠵᠢᠭᠦᠯᠬᠦ ᠠᠷᠭ᠎ᠠ ᠵᠠᠮ ᠢ | ᠥᠷᠭᠡᠳᠬᠡᠨ᠎ᠡ᠃ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠵᠢᠭᠠᠨ ᠰᠤᠷᠭᠠᠬᠤ ᠪᠠᠷᠢᠮᠵᠢᠶ᠎ᠠ ᠶᠢ | ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠠᠨᠠᠭᠠᠬᠤ ᠤᠬᠠᠭᠠᠨ᠂ ᠨᠠᠰᠤᠲᠠᠶᠢᠴᠤᠳ ᠢ ᠠᠰᠠᠷᠠᠨ ᠰᠤᠪᠢᠯᠠᠬᠤ᠂ | ᠨᠡᠶᠢᠭᠡᠮ ᠤᠨ ᠠᠵᠢᠯ᠂ ᠨᠢᠷᠠᠢ ᠨᠢᠯᠬ᠎ᠠ ᠬᠡᠦᠬᠡᠳ ᠤᠨ ᠬᠥᠭᠵᠢᠯᠲᠡ ᠬᠢᠭᠡᠳ ᠡᠷᠡᠭᠦᠯ ᠮᠡᠨᠳᠦ ᠶᠢᠨ ᠬᠠᠮᠢᠶᠠᠷᠤᠯᠲᠠ᠂ | ᠨᠢᠷᠠᠢ ᠨᠢᠯᠬ᠎ᠠ ᠬᠡᠦᠬᠡᠳ ᠢ ᠠᠰᠠᠷᠠᠨ ᠬᠥᠮᠦᠵᠢᠭᠦᠯᠬᠦ ᠵᠡᠷᠭᠡ ᠰᠢᠨᠵᠢᠯᠡᠭᠡᠨ ᠤ ᠰᠠᠯᠠᠭ᠎ᠠ ᠶᠢᠨ ᠮᠡᠷᠭᠡᠵᠢᠯ ᠤᠨ | ᠪᠠᠶᠢᠭᠤᠯᠤᠯᠲᠠ ᠶᠢ ᠴᠢᠩᠭᠠᠳᠬᠠᠨ᠎ᠠ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠡᠯ᠎ᠡ ᠲᠥᠷᠥᠯ ᠤᠨ ᠦᠢᠯᠡᠰ ᠴᠣᠭᠴᠠᠯᠠᠵᠤ ᠪᠠᠯᠠ ᠣᠷᠣᠭᠤᠯᠬᠤ ᠰᠠᠭᠤᠷᠢ ᠮᠥᠩᠭᠦ᠂ | ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠶᠢᠨ ᠰᠠᠭᠤᠷᠢ ᠮᠥᠩᠭᠦ ᠵᠡᠷᠭᠡ ᠶᠢᠨ ᠵᠠᠬ᠎ᠠ ᠳᠡᠯᠭᠡᠭᠦᠷᠴᠢᠯᠡᠬᠦ᠂ | ᠬᠠᠤᠯᠢᠵᠢᠬᠤ ᠵᠠᠷᠴᠢᠮ ᠶᠣᠰᠣᠭᠠᠷ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠬᠦᠷᠢᠶᠡᠨ ᠳᠠᠬᠢ ᠪᠠᠯᠠ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ ᠶᠢ ᠵᠣᠷᠢᠭᠵᠢᠭᠤᠯᠤᠨ᠎ᠠ᠃ ᠳᠠᠭᠠᠳᠬᠠᠯ ᠤᠨ ᠪᠠᠶᠢᠭᠤᠯᠤᠮᠵᠢ ᠶᠢᠨ | ᠬᠠᠮᠢᠶ᠎ᠠ ᠪᠥᠬᠦᠶ ᠬᠠᠷᠢᠭᠤᠴᠠᠯᠭ᠎ᠠ ᠶᠢᠨ ᠳᠠᠭᠠᠳᠬᠠᠯ᠂ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ | ᠪᠠᠶᠢᠭᠤᠯᠤᠮᠵᠢ ᠶᠢᠨ ᠡᠵᠡᠩᠨᠡᠯᠲᠡ ᠶᠢᠨ ᠬᠠᠮᠢᠶ᠎ᠠ ᠪᠥᠬᠦᠶ ᠳᠠᠭᠠᠳᠬᠠᠯ ᠵᠢᠴᠢ ᠣᠷᠳᠣ ᠬᠤᠭᠤᠴᠠᠭ᠎ᠠ ᠪᠠᠷ ᠬᠠᠷᠠᠭᠠᠯᠵᠠᠨ | ᠠᠰᠠᠷᠠᠬᠤ ᠬᠤᠳᠠᠯᠳᠤᠭᠠᠨ ᠤ ᠳᠠᠭᠠᠳᠬᠠᠯ ᠵᠡᠷᠭᠡ ᠦᠢᠯᠡᠳᠬᠦᠨ ᠨᠡᠭᠡᠭᠡᠨ ᠬᠥᠭᠵᠢᠭᠦᠯᠬᠦ ᠶᠢ ᠳᠡᠮᠵᠢᠨ᠎ᠡ᠃ | ︵ᠬᠤᠶᠠᠷ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠦᠲᠦᠮᠵᠢᠲᠡᠶ | ᠬᠠᠩᠭᠠᠯᠭ᠎ᠠ ᠶᠢ ᠥᠷᠭᠡᠳᠬᠡᠨ᠎ᠡ᠃ | ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠨ᠎ᠠ᠃ 2025 ᠣᠨ | ᠪᠣᠯᠬᠤ ᠳᠤ᠂ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ ᠳᠡᠶᠢᠯᠬᠦ ᠥᠬᠡᠶ ᠣᠨᠴᠠ ᠬᠦᠴᠢᠷᠳᠡᠯᠲᠡᠶ ᠬᠥᠮᠦᠰ ᠢ | ᠲᠥᠪᠯᠡᠷᠡᠭᠦᠯᠦᠨ ᠠᠰᠠᠷᠠᠨ ᠲᠡᠵᠢᠭᠡᠬᠦ ᠨᠣᠷᠮ᠎ᠠ᠂ ᠲᠥᠪᠯᠡᠷᠡᠭᠦᠯᠦᠨ ᠠᠰᠠᠷᠠᠨ ᠲᠡᠵᠢᠭᠡᠯᠭᠡᠬᠦ ᠰᠠᠨᠠᠭ᠎ᠠ ᠲᠠᠢ ᠣᠨᠴᠠ | ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠨᠣᠷᠮ᠎ᠠ ᠶᠢ 100% ᠳᠤ ᠬᠦᠷᠦᠭᠦᠯᠦᠨ᠎ᠡ᠃ | ᠤᠯᠤᠰ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ 65 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠴᠢᠳᠠᠪᠤᠷᠢ ᠶᠢᠨ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ | ᠠᠵᠤ ᠠᠬᠤᠶ ᠨᠢ ᠬᠦᠴᠢᠷᠳᠡᠯᠲᠡᠢ ᠨᠠᠰᠤᠲᠠᠶᠢᠴᠤᠳ ᠲᠤ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ ᠬᠠᠩᠭᠠᠵᠤ᠂ | ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ ᠳᠡᠶᠢᠯᠬᠦ ᠥᠬᠡᠶ ᠠᠵᠤ ᠠᠬᠤᠶ ᠨᠢ ᠬᠦᠴᠢᠷᠳᠡᠯᠲᠡᠢ | ᠨᠠᠰᠤᠲᠠᠶᠢᠴᠤᠳ ᠲᠤ ᠠᠰᠠᠷᠠᠨ ᠰᠤᠪᠢᠯᠠᠬᠤ ᠨᠥᠬᠦᠪᠥᠷᠢ ᠬᠠᠩᠭᠠᠨ᠎ᠠ᠃ | ᠬᠡᠷ ᠪᠦᠯᠢ ᠶᠢᠨ ᠬᠠᠷᠠᠭᠠᠯᠵᠠᠨ ᠠᠰᠠᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠷ ᠪᠦᠯᠢ ᠶᠢᠨ | ᠨᠠᠰᠤᠲᠠᠨ ᠢᠶᠠᠨ ᠠᠰᠠᠷᠠᠵᠤ ᠬᠠᠷᠠᠭᠠᠯᠵᠠᠨ ᠬᠠᠮᠠᠭᠠᠯᠠᠬᠤ ᠣᠷᠣ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ | ᠨᠥᠬᠦᠴᠡᠯ ᠪᠥᠷᠢᠳᠦᠭᠰᠡᠨ ᠭᠠᠵᠠᠷ ᠣᠷᠣᠨ ᠠᠴᠠ ᠤᠯᠤᠰ ᠤᠨ ︽ᠬᠡᠷ ᠲᠤ ᠪᠠᠨ ᠰᠠᠭᠤᠬᠤ ᠪᠠ ᠨᠡᠶᠢᠭᠡᠮ | ᠲᠣᠭᠤᠷᠢᠭ ᠤᠨ ᠨᠠᠰᠤᠲᠠᠨ ᠢ ᠠᠰᠠᠷᠠᠬᠤ ᠦᠨᠳᠦᠰᠦᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ︾ ᠶᠢᠨ | ᠲᠤᠷᠰᠢᠯᠲᠠ ᠶᠢᠨ ᠴᠡᠭ ᠢ ᠭᠤᠶᠤᠴᠢᠯᠠᠨ ᠮᠡᠳᠡᠭᠦᠯᠵᠦ ᠪᠣᠯᠤᠨ᠎ᠠ᠃ ᠬᠡᠷ ᠪᠦᠯᠢ ᠶᠢᠨ ᠬᠡᠤᠬᠡᠳ ᠪᠤᠶᠢᠵᠢᠭᠤᠯᠬᠤ ᠶᠢ | ᠵᠢᠯᠣᠭᠤᠳᠤᠨ ᠳᠡᠮᠵᠢᠬᠦ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠬᠡ ᠨᠢᠯᠬᠠᠰ ᠤᠨ | ᠡᠷᠡᠭᠦᠯᠵᠢᠯ᠂ ᠨᠢᠷᠠᠢ ᠨᠢᠯᠬ᠎ᠠ ᠬᠡᠤᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ | ᠲᠣᠭᠤᠷᠢᠭ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠬᠦᠴᠦᠨ ᠳᠤ ᠲᠦᠰᠢᠭᠯᠡᠨ᠂ ᠨᠢᠷᠠᠢ ᠨᠢᠯᠬ᠎ᠠ | ᠬᠡᠤᠬᠡᠳ ᠲᠠᠢ ᠬᠡᠷ ᠪᠦᠯᠢ ᠳᠤ ᠬᠠᠷᠠᠭᠠᠯᠵᠠᠨ ᠠᠰᠠᠷᠠᠬᠤ ᠶᠢ ᠵᠢᠯᠣᠭᠤᠳᠬᠤ ᠦᠢᠯᠡᠴᠢᠯᠡᠭᠡ ᠥᠷᠨᠢᠭᠦᠯᠦᠨ᠎ᠡ᠃ | ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ | ᠰᠠᠶᠢᠵᠢᠷᠠᠭᠤᠯᠤᠨ᠎ᠠ᠃ ᠨᠡᠶᠢᠭᠡᠮ ᠲᠣᠭᠤᠷᠢᠭ ᠤᠨ ᠬᠤᠭᠤᠯᠠ ᠤᠮᠳᠠ ᠠᠷᠢᠭᠤᠨ ᠴᠡᠪᠡᠷ ᠲᠤ ᠬᠠᠪᠰᠤᠷᠬᠤ᠂ ᠡᠮᠴᠢᠯᠡᠭᠡ | ᠶᠠᠪᠤᠵᠤ ᠰᠠᠭᠤᠬᠤ ᠳᠤ ᠬᠠᠪᠰᠤᠷᠬᠤ᠂ ᠡᠳᠦᠷ ᠲᠤᠳᠤᠮ ᠤᠨ ᠬᠠᠷᠠᠭᠠᠯᠵᠠᠯ᠂ ᠡᠷᠡᠭᠦᠯᠵᠢᠯ ᠰᠤᠪᠢᠯᠠᠯᠲᠠ᠂ ᠤᠶᠤᠨ | ᠰᠠᠨᠠᠭᠠᠨ ᠤ ᠲᠠᠶᠢᠳᠬᠤᠷᠠᠭᠤᠯᠤᠯ᠂ ᠨᠢᠯᠬ᠎ᠠ ᠬᠡᠦᠬᠡᠳ ᠢ ᠬᠥᠮᠥᠵᠢᠭᠦᠯᠬᠦ ᠵᠢᠯᠣᠭᠤᠳᠤᠯᠭ᠎ᠠ ᠵᠡᠷᠭᠡ ᠦᠢᠯᠡᠴᠢᠯᠡᠭᠡ ᠶᠢ | ᠶᠡᠭᠡ ᠪᠠᠷ ᠬᠥᠭᠵᠢᠭᠦᠯᠦᠨ᠎ᠡ᠃ ᠨᠡᠶᠢᠭᠡᠮ ᠲᠣᠭᠤᠷᠢᠭ ᠤᠨ ᠬᠡᠤᠬᠡᠳ ᠬᠥᠮᠦᠵᠢᠭᠦᠯᠬᠦ ᠪᠠ ᠨᠠᠰᠤᠲᠠᠨ ᠢ ᠠᠰᠠᠷᠠᠬᠤ ᠶᠢ | ᠬᠠᠷᠢᠯᠴᠠᠨ ᠬᠠᠪᠰᠤᠷᠤᠯᠴᠠᠭᠤᠯᠤᠭᠰᠠᠨ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠨ᠎ᠡ᠃ | ᠬᠤᠳᠠ ᠬᠥᠳᠡᠭᠡ ᠶᠢᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠬᠥᠭᠵᠢᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠤᠨ᠎ᠠ᠃ ᠬᠡᠷ ᠪᠦᠯᠢ ᠶᠢᠨ ᠠᠰᠠᠷᠠᠨ ᠲᠡᠵᠢᠭᠡᠬᠦ ᠪᠠᠷ ᠰᠠᠭᠤᠷᠢᠯᠠᠭᠰᠠᠨ᠂ ᠰᠢᠶᠠᠨ ᠰᠢᠶᠠᠩ ᠬᠤᠶᠠᠷ | ᠱᠠᠲᠤᠨ ᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ᠂ ᠮᠠᠯᠵᠢᠬᠤ | ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ ᠳᠤ ᠲᠦᠰᠢᠭᠯᠡᠭᠰᠡᠨ ᠮᠠᠯᠵᠢᠬᠤ ᠲᠠᠷᠢᠶᠠᠯᠠᠬᠤ | ᠣᠷᠣᠨ ᠤ ᠨᠠᠰᠤᠲᠠᠨ ᠢ ᠠᠰᠠᠷᠠᠬᠤ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ ᠪᠠᠬᠢᠵᠢᠭᠦᠯᠦᠨ ᠰᠢᠯᠢᠳᠡᠭᠵᠢᠭᠦᠯᠦᠨ᠎ᠡ᠃ | ᠨᠠᠰᠤᠲᠠᠶᠢᠴᠤᠳ ᠲᠤ ᠬᠤᠭᠤᠯᠠ ᠤᠮᠳᠠ ᠬᠠᠩᠭᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠤᠨ ᠬᠤᠭᠤᠯᠠᠨ ᠰᠢᠷᠡᠭᠡᠨ ᠤ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠎ᠠ᠃ | ᠪᠣᠯᠪᠠᠰᠤᠷᠠᠯ ᠰᠤᠪᠢᠯᠠᠯᠲᠠ ᠶᠢᠨ ᠡᠬᠢ ᠪᠠᠶᠠᠯᠢᠭ ᠤᠨ ᠬᠡᠯᠪᠡᠷᠢ ᠶᠢ ᠬᠤᠪᠢᠷᠠᠭᠤᠯᠤᠨ ᠨᠠᠰᠤᠲᠠᠨ ᠢ ᠠᠰᠠᠷᠠᠬᠤ | ᠦᠢᠯᠡᠴᠢᠯᠡᠭᠡ ᠶᠢ ᠬᠥᠭᠵᠢᠭᠦᠯᠬᠦ ᠶᠢ ᠠᠬᠢᠭᠤᠯᠤᠨ᠎ᠠ᠃ ︽ᠥᠭᠡᠷᠡᠴᠢᠯᠡᠬᠦ ᠶᠣᠰᠣᠲᠠᠶ ᠶᠢ ᠨᠢ ᠪᠦᠬᠦᠨ ᠢ ᠥᠭᠡᠷᠡᠴᠢᠯᠡᠵᠦ᠂ | ᠬᠤᠪᠢᠷᠠᠭᠤᠯᠵᠤ ᠪᠣᠯᠬᠤ ᠶᠢ ᠨᠢ ᠬᠤᠪᠢᠷᠠᠭᠤᠯᠬᠤ︾ ᠵᠠᠷᠴᠢᠮ ᠶᠣᠰᠣᠭᠠᠷ ᠨᠠᠰᠤᠲᠠᠨ ᠢ ᠠᠰᠠᠷᠠᠬᠤ ᠦᠢᠯᠡᠴᠢᠯᠡᠭᠡ ᠶᠢᠨ | ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠨᠠᠮ ᠵᠠᠰᠠᠭ ᠤᠨ ᠪᠠᠶᠢᠭᠤᠯᠭ᠎ᠠ ᠪᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠶ᠎ᠠ ᠪᠣᠯᠪᠠᠰᠤᠷᠠᠯ ᠰᠤᠪᠢᠯᠠᠯᠲᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠭᠤᠤᠯ ᠴᠢᠭᠯᠡᠯ ᠪᠣᠯᠭᠠᠨ᠎ᠠ᠃ | ᠲᠦᠭᠡᠮᠡᠯ ᠬᠠᠷᠠᠭᠠᠯᠵᠠᠭᠰᠠᠨ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠲᠤᠰᠬᠠᠶ ᠠᠵᠢᠯᠯᠠᠭ᠎ᠠ ᠶᠢ | ᠬᠡᠷᠡᠭᠵᠢᠭᠦᠯᠦᠨ᠎ᠡ᠃ ᠲᠥᠯᠥᠪᠵᠢᠭᠦᠯᠭᠡ᠂ ᠭᠠᠵᠠᠷ ᠰᠢᠷᠣᠶ᠂ ᠣᠷᠣᠨ ᠰᠠᠭᠤᠴᠠ᠂ ᠡᠳ᠋ ᠤᠨ ᠵᠠᠰᠠᠭ᠂ ᠪᠡᠯᠡ | ᠣᠷᠣᠭᠤᠯᠤᠯᠲᠠ᠂ ᠪᠡᠯᠡ ᠲᠣᠬᠢᠷᠠᠭᠤᠯᠭ᠎ᠠ᠂ ᠴᠢᠳᠠᠪᠤᠷᠢᠲᠠᠨ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠶᠢ | ᠶᠡᠷᠦᠩᠬᠡᠶᠢᠯᠡᠨ ᠬᠡᠷᠡᠭᠯᠡᠵᠦ᠂ ᠨᠡᠶᠢᠭᠡᠮ ᠤᠨ ᠬᠦᠴᠦᠨ ᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠴᠢᠨᠠᠷᠯᠢᠭ | ᠪᠡᠯᠡᠳᠬᠡᠮᠵᠢ ᠪᠠᠶᠢᠭᠤᠯᠬᠤ ᠶᠢ ᠲᠡᠮᠵᠢᠵᠤ᠂ ᠨᠡᠶᠢᠭᠡᠮ ᠳᠤ ᠦᠨ᠎ᠡ ᠬᠠᠩᠰᠢ ᠨᠢ ᠲᠣᠬᠢᠷᠠᠮᠵᠢᠲᠠᠶ᠂ ᠳᠥᠭᠦᠮ ᠳᠥᠲᠡ᠂ | ᠶᠠᠰᠤ ᠴᠢᠨᠠᠷ ᠨᠢ ᠨᠠᠶᠢᠳᠠᠪᠤᠷᠢᠲᠠᠶ ᠲᠦᠭᠡᠮᠡᠯ ᠬᠠᠷᠠᠭᠠᠯᠵᠠᠯ ᠤᠨ ᠴᠢᠨᠠᠷᠲᠠᠶ ᠦᠢᠯᠡᠴᠢᠯᠡᠭᠡ ᠬᠠᠩᠭᠠᠨ᠎ᠠ᠃ ᠠᠯᠪᠠᠨ ᠠᠴᠠ | ᠪᠠᠶᠢᠭᠤᠯᠵᠤ ᠠᠷᠠᠳ ᠠᠴᠠ ᠡᠵᠡᠩᠨᠡᠭᠰᠡᠨ᠂ ᠠᠯᠪᠠᠨ ᠠᠴᠠ ᠲᠤᠰᠠᠯᠠᠵᠤ ᠠᠷᠠᠳ ᠠᠴᠠ ᠡᠵᠡᠩᠨᠡᠭᠰᠡᠨ᠂ ᠠᠰᠢᠭ | ᠬᠤᠨᠵᠢᠪᠣᠷᠢ ᠶᠢᠨ ᠪᠤᠰᠤ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠪᠠᠶᠢᠭᠤᠯᠤᠮᠵᠢ ᠨᠤᠭᠤᠳ ᠲᠦᠭᠡᠮᠡᠯ ᠬᠠᠷᠠᠭᠠᠯᠵᠠᠯ ᠤᠨ ᠦᠢᠯᠡᠴᠢᠯᠡᠭᠡ ᠬᠠᠩᠭᠠᠬᠤ ᠪᠠᠷ ᠭᠤᠣᠯᠯᠠᠨ᠎ᠠ᠃ ︽ᠬᠡᠤᠬᠡᠳ | ᠰᠠᠭᠠᠲᠠᠭᠤᠯᠬᠤ ᠠᠵᠢᠯ ᠢ ᠨᠢᠭᠡ ᠴᠤᠭᠴᠠᠵᠢᠭᠤᠯᠬᠤ︾ ᠶᠢ ᠠᠬᠢᠭᠤᠯᠵᠤ᠂ ᠨᠥᠬᠦᠴᠡᠯ ᠲᠠᠢ ᠬᠡᠤᠬᠡᠳ ᠤᠨ | ᠴᠡᠴᠡᠷᠯᠢᠭ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠵᠢᠷᠤᠮᠵᠢᠯ ᠶᠣᠰᠣᠭᠠᠷ ᠬᠡᠤᠬᠡᠳ ᠰᠠᠭᠠᠲᠠᠭᠤᠯᠬᠤ ᠠᠩᠭᠢ | ᠡᠷᠭᠢᠯᠡᠬᠦ ᠶᠢ ᠵᠣᠷᠢᠭᠵᠢᠭᠤᠯᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠰᠲᠠᠶ ᠲᠣᠭᠲᠠᠭᠠᠨ᠎ᠠ᠃ | ︵ᠭᠤᠷᠪᠠ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠨᠡᠶᠢᠭᠡᠮ ᠤᠨ ᠣᠷᠴᠢᠨ | ᠲᠣᠭᠤᠷᠢᠨ ᠢ ᠪᠣᠶ ᠪᠣᠯᠭᠠᠨ᠎ᠠ᠃ | ᠡᠷᠡᠭᠦᠯᠵᠢᠯ ᠠᠰᠠᠷᠠᠮᠵᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠵᠢᠭᠤᠯᠴᠢᠯᠠᠨ ᠰᠠᠭᠤᠬᠤ | ᠬᠡᠯᠪᠡᠷᠢ ᠶᠢᠨ ᠨᠠᠰᠤᠲᠠᠨ ᠢ ᠠᠰᠠᠷᠠᠬᠤ ᠦᠢᠯᠡᠴᠢᠯᠡᠭᠡ ᠶᠢ ᠬᠥᠭᠵᠢᠭᠦᠯᠬᠦ ᠶᠢ ᠳᠡᠮᠵᠢᠨ᠎ᠡ᠃ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠡᠬᠢ ᠪᠠᠶᠠᠯᠢᠭ ᠢᠶᠠᠷ ᠨᠠᠰᠤᠲᠠᠶᠢᠴᠤᠳ ᠲᠤ ᠥᠷᠭᠡᠨ ᠢᠶᠠᠷ ᠦᠢᠯᠡᠴᠢᠯᠡᠬᠦ ᠶᠢ | ᠠᠬᠢᠭᠤᠯᠤᠨ᠎ᠠ᠃ ᠨᠠᠰᠤᠲᠠᠶᠢᠴᠤᠳ ᠤᠨ ᠶᠡᠭᠡ ᠰᠤᠷᠭᠠᠭᠤᠯᠢ᠂ ᠨᠡᠶᠢᠭᠡᠮ ᠲᠣᠭᠤᠷᠢᠭ ᠤᠨ ᠰᠤᠷᠭᠠᠭᠤᠯᠢ ᠪᠠᠶᠢᠭᠤᠯᠬᠤ ᠶᠢ | ᠵᠣᠷᠢᠭᠵᠢᠭᠤᠯᠤᠨ ᠲᠡᠮᠵᠢᠨ᠎ᠡ᠃ ᠨᠠᠰᠤᠲᠠᠶᠢᠴᠤᠳ ᠤᠨ ᠣᠶᠣᠨ ᠰᠠᠨᠠᠭᠠᠨ ᠤ ᠬᠠᠶᠢᠷ᠎ᠠ ᠬᠠᠯᠠᠮᠵᠢ᠂ ᠰᠡᠳᠬᠢᠴᠡ ᠶᠢᠨ | ᠲᠠᠶᠢᠳᠬᠤᠷᠠᠭᠤᠯᠤᠯ᠂ ᠬᠢᠮᠤᠷᠠᠯ ᠳᠤ ᠭᠠᠷ ᠲᠦᠷᠦᠭᠦ ᠦᠢᠯᠡᠴᠢᠯᠡᠭᠡᠨ ᠤ ᠲᠣᠣᠷ ᠢ ᠪᠦᠷᠢᠨᠰᠢᠭᠦᠯᠦᠨ᠎ᠡ᠃ | ᠨᠠᠰᠤᠲᠠᠶᠢᠴᠤᠳ ᠤᠨ ᠪᠡᠶ᠎ᠡ ᠶᠢᠨ ᠲᠠᠮᠢᠷ ᠢ ᠬᠥᠭᠵᠢᠭᠦᠯᠵᠦ᠂ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠪᠠ ᠤᠷᠤᠯᠳᠤᠭᠠᠨ ᠤ ᠲᠥᠷᠥᠯ ᠲᠡᠮᠳᠡᠭ ᠢ ᠪᠤᠢ ᠪᠣᠯᠭᠠᠨ᠎ᠠ᠃ | ᠡᠮᠴᠢᠯᠡᠭᠡ ᠰᠤᠪᠢᠯᠠᠯᠲᠠ ᠶᠢ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠤᠨ᠎ᠠ᠃ ᠶᠡᠷᠦᠩᠬᠡᠶᠢᠯᠡᠨ | ᠵᠠᠯᠭᠠᠯᠳᠤᠭᠤᠯᠤᠭᠰᠠᠨ ᠬᠤᠲᠠ ᠬᠥᠳᠡᠭᠡ ᠶᠢ ᠬᠠᠮᠤᠷᠤᠭᠰᠠᠨ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠦ᠂ 2025 ᠣᠨ ᠪᠣᠯᠬᠤ ᠳᠤ᠂ ᠪᠥᠬᠦ ᠣᠷᠣᠨ ᠤ ᠬᠤᠶᠠᠳᠤᠭᠠᠷ | ᠳᠡᠰ ᠵᠢᠴᠢ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠡᠮᠨᠡᠯᠭᠡ ᠶᠢᠨ ᠬᠤᠷᠢᠶ᠎ᠠ ᠳᠤ | ᠨᠠᠰᠤᠲᠠᠶᠢᠴᠤᠳ ᠤᠨ ᠠᠨᠠᠭᠠᠬᠤ ᠤᠬᠠᠭᠠᠨ ᠤ ᠰᠠᠯᠠᠭ᠎ᠠ ᠳᠣᠭᠢᠷᠠᠭᠤᠯᠬᠤ ᠬᠠᠷᠢᠴᠠᠯ ᠢ 60% ᠠᠴᠠ ᠳᠡᠭᠡᠭᠰᠢ ᠳᠤ | ᠬᠦᠷᠦᠭᠦᠯᠵᠦ᠂ ᠨᠠᠰᠤᠲᠠᠨ ᠢ ᠠᠰᠠᠷᠠᠬᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠨᠠᠰᠤᠲᠠᠨ ᠢ ᠠᠰᠠᠷᠠᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠦᠬᠦᠨ ᠢ | ᠬᠠᠮᠤᠷᠤᠭᠤᠯᠬᠤ ᠶᠢ ᠪᠡᠶᠡᠯᠡᠭᠦᠯᠦᠨ᠎ᠡ᠃ | ᠣᠶᠤᠨᠴᠢ ᠪᠠᠷ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠰᠢᠨ᠎ᠡ ᠡᠵᠡᠩᠨᠡᠯᠲᠡ ᠶᠢᠨ ᠬᠡᠯᠪᠡᠷᠢ ᠶᠢ | ᠪᠤᠶᠢᠵᠢᠭᠤᠯᠤᠨ᠎ᠠ᠃ ᠨᠠᠰᠤᠲᠠᠶᠢᠴᠤᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ | ᠰᠦᠯᠵᠢᠶᠡᠨ ᠤ ᠥᠷᠲᠡᠭᠡ᠂ APP ᠵᠡᠷᠭᠡ ᠣᠶᠤᠨᠴᠢ ᠨᠡᠷᠡᠳᠬᠦᠨ ᠢ ᠨᠠᠰᠤᠵᠢᠯᠲᠠ ᠳᠤ ᠲᠣᠬᠢᠷᠠᠭᠤᠯᠤᠨ | ᠥᠭᠡᠷᠡᠴᠢᠯᠡᠬᠦ ᠶᠢ ᠠᠬᠢᠭᠤᠯᠤᠨ᠎ᠠ᠃ ᠨᠡᠶᠢᠭᠡᠮ ᠲᠣᠭᠤᠷᠢᠭ᠂ ᠨᠠᠰᠤᠲᠠᠨ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ᠂ | ᠨᠠᠰᠤᠲᠠᠶᠢᠴᠤᠳ ᠤᠨ ᠶᠡᠭᠡ ᠰᠤᠷᠭᠠᠭᠤᠯᠢ ᠶᠢ ᠬᠥᠲᠥᠯᠦᠨ ᠵᠢᠯᠣᠭᠤᠳᠴᠤ ᠪᠠᠶᠢᠭᠠᠳ ᠨᠠᠰᠤᠲᠠᠶᠢᠴᠤᠳ ᠲᠤ | ᠬᠠᠨᠳᠤᠭᠤᠯᠤᠭᠰᠠᠨ ᠣᠶᠤᠨᠴᠢ ᠮᠡᠳᠡᠭᠡ ᠵᠠᠩᠭᠢ ᠶᠢᠨ ᠮᠡᠷᠭᠡᠵᠢᠯ ᠤᠨ ᠪᠣᠯᠪᠠᠰᠤᠷᠠᠯ ᠳᠣᠭᠢᠷᠠᠭᠤᠯᠤᠨ᠎ᠠ᠃ ᠨᠠᠰᠤᠲᠠᠨ ᠢ | ᠠᠰᠠᠷᠠᠬᠤ ᠦᠢᠯᠡᠴᠢᠯᠡᠭᠡᠨ ᠤ ᠠᠵᠤ ᠠᠬᠤᠶᠢᠯᠠᠯ ᠤᠨ ︽ᠦᠷ᠎ᠡ ᠬᠡᠤᠬᠡᠳ ᠨᠢ ᠰᠦᠯᠵᠢᠶᠡᠨ ᠳᠡᠭᠡᠷ᠎ᠡ ᠵᠠᠬᠢᠶᠠᠯᠠᠵᠤ᠂ | ᠨᠠᠰᠤᠲᠠᠶᠢᠴᠤᠳ ᠦᠢᠯᠡᠴᠢᠯᠡᠭᠡ ᠶᠢ ᠪᠡᠶᠡᠴᠢᠯᠡᠨ ᠬᠦᠷᠲᠡᠬᠦ︾ ᠵᠡᠷᠭᠡ ᠬᠡᠷᠡᠭᠯᠡᠭᠡᠨ ᠤ ᠵᠠᠭᠪᠤᠷ ᠰᠦᠪᠡᠭᠴᠢᠯᠡᠬᠦ ᠶᠢ | ᠵᠣᠷᠢᠭᠵᠢᠭᠤᠯᠤᠨ᠎ᠠ᠃ ᠢᠨᠲ᠋ᠧᠷ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠠᠷᠢᠯᠴᠠᠨ ᠦᠢᠯᠡᠳᠦᠯᠴᠡᠬᠦ | ᠮᠠᠶ᠋ᠢᠭ ᠤᠨ ᠬᠡᠷ ᠪᠦᠯᠢ ᠶᠢᠨ ᠬᠡᠤᠬᠡᠳ ᠪᠤᠶᠢᠵᠢᠭᠤᠯᠬᠤ ᠦᠢᠯᠡᠴᠢᠯᠡᠭᠡ ᠶᠢ ᠬᠥᠭᠵᠢᠭᠦᠯᠵᠦ᠂ ᠨᠢᠷᠠᠢ ᠨᠢᠯᠬ᠎ᠠ ᠬᠡᠤᠬᠡᠳ ᠢ | ᠥᠰᠬᠡᠨ ᠬᠥᠮᠦᠵᠢᠭᠦᠯᠬᠦ ᠬᠢᠴᠢᠶᠡᠯ᠂ ᠡᠴᠢᠭᠡ ᠡᠬᠡ ᠶᠢᠨ ᠬᠢᠴᠢᠶᠡᠯ ᠤᠨ ᠲᠠᠩᠬᠢᠮ ᠵᠡᠷᠭᠡ ᠶᠢ ᠨᠡᠭᠡᠭᠡᠨ ᠬᠥᠭᠵᠢᠭᠦᠯᠬᠦ ᠶᠢ | ᠵᠣᠷᠢᠭᠵᠢᠭᠤᠯᠤᠨ᠎ᠠ᠃ | ᠨᠠᠰᠤᠲᠠᠶᠢᠴᠤᠳ ᠪᠠ ᠬᠡᠦᠬᠡᠳ ᠤᠨ ᠨᠥᠬᠦᠷᠰᠡᠭ ᠨᠡᠶᠢᠭᠡᠮ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠪᠠᠶᠢᠭᠤᠯᠤᠮᠵᠢ ᠶᠢᠨ ︽ᠨᠢᠭᠡ | ᠨᠠᠰᠤᠲᠠᠨ ᠨᠢᠭᠡ ᠨᠢᠯᠬ᠎ᠠ︾ ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃ ᠨᠠᠰᠤᠲᠠᠶᠢᠴᠤᠳ ᠲᠤ | ᠬᠤᠯᠪᠣᠭᠳᠠᠭᠰᠠᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠨᠢ ᠰᠦᠯᠵᠢᠶᠡᠨ ᠠᠴᠠ ᠭᠠᠳᠠᠭᠤᠷᠬᠢ ᠪᠠ | ᠬᠥᠮᠦᠨ ᠤ ᠬᠦᠴᠦᠨ ᠤ ᠦᠢᠯᠡᠴᠢᠯᠡᠭᠡ ᠶᠢ ᠦᠯᠡᠳᠡᠭᠡᠬᠦ ᠬᠡᠷᠡᠭᠲᠡᠢ᠃ ᠨᠠᠰᠤᠲᠠᠶᠢᠴᠤᠳ ᠪᠠ ᠡᠬᠡ ᠨᠢᠯᠬᠠᠰ ᠤᠨ | ᠪᠡᠯᠡᠳᠬᠡᠮᠵᠢ ᠶᠢ ᠢᠵᠢ ᠪᠥᠷᠢᠳᠦᠭᠦᠯᠬᠦ ᠶᠢ ᠴᠢᠩᠭᠠᠳᠬᠠᠵᠤ᠂ ᠨᠥᠬᠦᠴᠡᠯ ᠪᠥᠷᠢᠳᠦᠭᠰᠡᠨ ᠣᠯᠠᠨ ᠨᠡᠶᠢᠲᠡ ᠶᠢᠨ | ᠲᠠᠯᠠᠪᠤᠷ ᠲᠤ ᠲᠤᠰᠬᠠᠶ ᠰᠠᠭᠤᠳᠠᠯ ᠵᠢᠴᠢ ᠰᠠᠭᠠᠳ ᠥᠬᠡᠶ ᠨᠡᠪᠲᠡᠷᠡᠬᠦ ᠵᠠᠮ ᠢ ᠨᠡᠶᠢᠳᠡᠮ ᠳᠣᠭᠢᠷᠠᠭᠤᠯᠤᠨ᠎ᠠ᠃ ᠨᠢᠷᠠᠢ | ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ | ᠠᠵᠢᠯᠯᠠᠭ᠎ᠠ ᠪᠠ ᠬᠡᠦᠬᠡᠳ ᠤᠨ ᠨᠥᠬᠦᠷᠰᠡᠭ ᠬᠤᠳᠠ ᠶᠢᠨ ᠪᠦᠳᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ | ︵ᠳᠥᠷᠪᠡ︶ ᠨᠠᠰᠤᠲᠠᠨ ᠢ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠢᠨᠠᠯᠲᠠ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠶᠡᠷᠦᠩᠬᠡᠶᠢᠯᠡᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠎ᠠ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ | ᠵᠢᠷᠤᠮᠵᠢᠯ ᠢ ᠴᠢᠩᠭᠠᠳᠬᠠᠨ᠎ᠠ᠃ | ᠡᠯ᠎ᠡ ᠵᠦᠢᠯ ᠤᠨ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ᠎ᠡ᠃ ᠨᠠᠰᠤᠲᠠᠨ ᠢ ᠠᠰᠠᠷᠠᠵᠤ ᠬᠡᠦᠬᠡᠳ | ᠰᠠᠭᠠᠲᠠᠭᠤᠯᠬᠤ ᠪᠠᠶᠢᠭᠤᠯᠤᠮᠵᠢ ᠶᠢᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠬᠢᠭᠡᠳ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ᠂ ᠬᠢᠨᠠᠨ ᠰᠢᠨᠵᠢᠯᠡᠬᠦ ᠬᠢᠭᠡᠳ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠬᠢᠭᠡᠳ ᠠᠪᠤᠷᠠᠨ ᠲᠤᠰᠠᠯᠠᠬᠤ᠂ ᠬᠡᠷᠡᠭ ᠤᠨ ᠳᠠᠷᠠᠭ᠎ᠠ ᠰᠡᠷᠭᠦᠭᠡᠬᠦ ᠪᠠ ᠳᠠᠬᠢᠨ | ᠪᠠᠶᠢᠭᠤᠯᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |