| | | | ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠰᠠᠭᠤᠷᠢ ᠮᠥᠩᠭᠦ ᠶᠢᠨ | ᠦᠢᠯᠡᠳᠦᠯ ᠢ ᠪᠦᠲᠦᠮᠵᠢᠲᠡᠶ ᠪᠠᠳᠠᠷᠠᠭᠤᠯᠵᠤ ᠵᠢᠵᠢᠭ ᠪᠢᠴᠢᠯ ᠠᠵᠤ ᠠᠬᠤᠶᠢᠯᠠᠯ ᠪᠠ ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ ᠤ ᠬᠥᠭᠵᠢᠯᠲᠡ ᠶᠢ ᠦᠨᠡᠨ ᠬᠦ ᠳᠡᠮᠵᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 6 ᠳ᠋ᠤᠭᠠᠷ ᠲᠣᠭᠠᠲᠤ︶᠂ | ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠵᠡᠷᠭᠡ ᠲᠤᠯᠤᠭᠠᠨ ᠰᠠᠯᠠᠭ᠎ᠠ ᠮᠥᠴᠢᠷ ᠤᠨ ᠮᠡᠳᠡᠭᠳᠡᠯ︾ ︵ᠪᠠᠩᠬᠢ ᠳᠠᠭᠠᠳᠬᠠᠯ ᠤᠨ | ᠬᠢᠨᠠᠯᠲᠠ ᠲᠠᠷᠬᠠᠭᠠᠭᠰᠠᠨ ﹇2020﹈ 39 ᠳ᠋ᠦ᠋ᠭᠡᠷ ᠲᠣᠭᠠᠲᠤ︶᠂ ︽ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠬᠤ ᠳᠠᠭᠠᠭᠠᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠵᠢᠵᠢᠭ ᠪᠢᠴᠢᠯ ᠠᠵᠤ ᠠᠬᠤᠶᠢᠯᠠᠯ ᠪᠠ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠭᠤᠣᠯ ᠴᠣᠭᠴᠠ ᠶᠢᠨ ᠪᠡᠯᠡ ᠲᠣᠬᠢᠷᠠᠭᠤᠯᠬᠤ ᠢᠲᠡᠭᠡᠮᠵᠢ ᠶᠢ | ᠨᠡᠮᠡᠭᠳᠡᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠡᠳ᠋ ᠮᠥᠩᠭᠦᠨ ﹇2020﹈ 19 ᠳ᠋ᠦ᠋ᠭᠡᠷ | ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ | ᠳᠠᠭᠠᠭᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ | ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠪᠠᠷ ᠢᠶᠠᠨ ︽ | ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ | ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | | ᠨᠢᠭᠡ᠂ ︽ᠰᠠᠨᠠᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ | | ᠣᠶᠢᠷ᠎ᠠ ᠶᠢᠨ ᠵᠢᠯ ᠤᠳ ᠲᠤ᠂ ᠤᠯᠤᠰ ᠠᠴᠠ ᠪᠡᠯᠡ ᠲᠣᠬᠢᠷᠠᠭᠤᠯᠬᠤ ᠳᠠᠭᠠᠭᠠᠯᠲᠠ ᠶᠢᠨ ᠠᠵᠢᠯ ᠲᠥᠷᠥᠯ ᠤᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ | ᠳᠠᠭᠠᠭᠠᠯᠲᠠ ᠶᠢᠨ ᠪᠠᠶᠢᠭᠤᠯᠤᠮᠵᠢ ᠶᠢ ᠵᠢᠵᠢᠭ ᠪᠢᠴᠢᠯ ᠠᠵᠤ ᠠᠬᠤᠶᠢᠯᠠᠯ ᠪᠠ ︽ᠮᠠᠯ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠭᠤᠣᠯ ᠴᠣᠭᠴᠠ ᠪᠠ ᠠᠵᠢᠯ ᠲᠥᠷᠥᠯ ᠤᠨ ᠬᠥᠭᠵᠢᠯᠲᠡ ᠶᠢ | ᠲᠤᠯᠭᠠᠭᠤᠷᠢᠯᠠᠬᠤ ᠭᠤᠣᠯ ᠬᠦᠴᠦᠨ ᠪᠣᠯᠭᠠᠪᠠ᠃ 2020 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ | ᠳᠠᠭᠠᠭᠠᠯᠲᠠ ᠶᠢᠨ ᠬᠠᠮᠤᠷᠬᠤ ᠬᠡᠪᠴᠢᠶ᠎ᠡ ᠶᠢ ᠶᠡᠭᠡ ᠪᠠᠷ ᠥᠷᠭᠡᠳᠬᠡᠬᠦ ᠶᠢᠨ ᠬᠠᠮᠲᠤ ᠵᠠᠷᠤᠳᠠᠯ ᠤᠨ ᠨᠤᠷᠮ᠎ᠠ ᠶᠢ | ᠮᠡᠳᠡᠭᠳᠡᠮ᠎ᠡ ᠪᠠᠭᠤᠷᠠᠭᠤᠯᠤᠨ᠎ᠠ︾ ᠭᠡᠵᠦ ᠳᠤᠷᠠᠳᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠪᠡᠯᠡ ᠲᠣᠬᠢᠷᠠᠭᠤᠯᠬᠤ ᠳᠠᠭᠠᠭᠠᠯᠲᠠ ᠶᠢᠨ ᠠᠵᠢᠯ ᠲᠥᠷᠥᠯ ᠳᠤ | ᠳᠠᠭᠠᠭᠤᠯᠤᠭᠴᠢ ᠪᠠᠶᠢᠭᠤᠯᠤᠮᠵᠢ ᠦᠭᠡᠢ᠂ ᠤᠯᠤᠰ ᠤᠨ ᠪᠡᠯᠡ ᠲᠣᠬᠢᠷᠠᠭᠤᠯᠬᠤ ᠳᠠᠭᠠᠭᠠᠯᠲᠠ ᠶᠢᠨ ᠰᠠᠭᠤᠷᠢ | ᠮᠥᠩᠭᠦ ᠶᠢᠨ ᠬᠠᠮᠲᠤᠷᠠᠯᠴᠠᠭᠠᠨ ᠤ ᠬᠡᠪᠴᠢᠶᠡᠨ ᠳᠤ ᠣᠷᠣᠭᠤᠯᠬᠤ ᠶᠢᠨ ᠠᠷᠭ᠎ᠠ ᠦᠭᠡᠢ᠂ ᠭᠤᠣᠯ ᠠᠵᠢᠯ ᠨᠢ | ᠲᠣᠪᠤᠶᠢᠮ᠎ᠠ ᠪᠤᠰᠤ᠂ ᠳᠠᠭᠠᠭᠠᠯᠲᠠ ᠶᠢᠨ ᠴᠢᠳᠠᠪᠤᠷᠢ ᠨᠢ ᠴᠢᠩᠭ᠎ᠠ ᠪᠤᠰᠤ᠂ ᠪᠠᠩᠬᠢ ᠪᠠ ᠳᠠᠭᠠᠭᠠᠯᠲᠠ ᠶᠢᠨ | ᠪᠠᠶᠢᠭᠤᠯᠤᠮᠵᠢ ᠶᠢᠨ ᠬᠠᠮᠲᠤᠷᠠᠯᠴᠠᠭ᠎ᠠ ᠨᠢ ᠰᠢᠯᠤᠭᠤᠨ ᠪᠤᠰᠤ᠂ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ | ᠥᠯᠥ ᠨᠠᠶᠢᠳᠠᠪᠤᠷᠢᠵᠢᠭᠤᠯᠬᠤ ᠵᠡᠷᠭᠡ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ | ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ︽ᠰᠠᠨᠠᠯ︾ ᠢ ᠰᠤᠳᠤᠯᠤᠨ ᠲᠣᠭᠲᠠᠭᠠᠵᠤ ᠵᠢᠯᠤᠭᠤᠳᠬᠤ | ᠪᠢᠴᠢᠭ ᠮᠠᠲ᠋ᠧᠷᠢᠶᠠᠯ ᠪᠣᠯᠭᠠᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ | ᠲᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠵᠠᠰᠠᠭ ᠪᠠᠩᠬᠢ ᠬᠠᠮᠲᠤᠷᠠᠨ ᠠᠵᠢᠯᠯᠠᠬᠤ ᠰᠢᠨ᠎ᠡ ᠮᠠᠶ᠋ᠢᠭ ᠤᠨ | ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ | ᠳᠠᠭᠠᠭᠠᠯᠲᠠ ᠶᠢᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠭᠤᠣᠯ ᠠᠵᠢᠯ ᠦᠢᠯᠡᠰ ᠲᠤ | ᠠᠩᠬᠠᠷᠤᠯ ᠢᠶᠠᠨ ᠲᠥᠪᠯᠡᠷᠡᠭᠦᠯᠦᠨ᠂ ᠵᠢᠷᠤᠮᠵᠢᠭᠤᠯᠤᠨ ᠬᠥᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠳᠤ | ᠦᠢᠯᠡᠴᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ | | ᠬᠤᠶᠠᠷ᠂ ︽ᠰᠠᠨᠠᠯ︾ ᠤᠨ ᠭᠤᠣᠯ ᠠᠭᠤᠯᠭ᠎ᠠ | | ︽ᠰᠠᠨᠠᠯ︾ ᠢ ᠶᠡᠷᠦᠩᠬᠡᠢ ᠱᠠᠭᠠᠷᠳᠠᠯᠭ᠎ᠠ᠂ ᠭᠤᠣᠯ ᠠᠷᠭ᠎ᠠ ᠬᠡᠮᠵᠢᠶ᠎ᠡ᠂ ᠠᠵᠢᠯ ᠤᠨ ᠪᠠᠲᠤᠯᠠᠭ᠎ᠠ ᠭᠡᠵᠦ | ᠭᠤᠷᠪᠠᠨ ᠬᠡᠰᠡᠭ ᠲᠤ ᠬᠤᠪᠢᠶᠠᠪᠠ᠂ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠄ | ︵ᠨᠢᠭᠡ︶ ᠶᠡᠷᠦᠩᠬᠡᠢ ᠱᠠᠭᠠᠷᠳᠠᠯᠭ᠎ᠠ ᠶᠢᠨ ᠬᠡᠰᠡᠭ᠃ ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠨᠢ ᠳᠡᠰᠯᠡᠬᠦ ᠣᠯᠠᠨ ᠨᠡᠶᠢᠲᠡ ᠶᠢᠨ ᠪᠠᠶᠢᠷᠢ ᠲᠣᠭᠲᠠᠭᠠᠯᠲᠠ ᠶᠢ | ᠪᠠᠷᠢᠮᠲᠠᠯᠠᠵᠤ᠂ ︽ᠵᠢᠵᠢᠭ ᠠᠵᠤ ᠠᠬᠤᠶᠢᠯᠠᠯ ᠪᠠ ᠲᠠᠷᠢᠶᠠᠯᠠᠩ ᠢ ᠳᠡᠮᠵᠢᠬᠦ︾ ᠪᠡᠯᠡ ᠲᠣᠬᠢᠷᠠᠭᠤᠯᠬᠤ ᠳᠠᠭᠠᠭᠠᠯᠲᠠ ᠶᠢᠨ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠨ᠎ᠠ ᠭᠡᠵᠦ ᠲᠣᠳᠣᠷᠬᠠᠢ ᠲᠣᠭᠲᠠᠭᠠᠪᠠ᠃ ᠵᠠᠰᠠᠭ ᠤᠨ | ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠪᠠ ᠪᠠᠩᠬᠢ ᠶᠢᠨ ᠦᠢᠯᠡᠰ ᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠬᠠᠮᠲᠤ ᠪᠠᠷ ᠣᠷᠣᠯᠴᠠᠭᠰᠠᠨ᠂ ᠵᠦᠢ ᠵᠣᠬᠢᠰᠲᠠᠢ ᠲᠦᠭᠰᠢᠭᠦᠷᠢ | ᠪᠦᠬᠦᠢ ᠪᠠᠩᠬᠢ ᠪᠠ ᠳᠠᠭᠠᠭᠠᠯᠲᠠ ᠶᠢᠨ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ | ᠨᠠᠶᠢᠳᠠᠪᠤᠷᠢᠵᠢᠭᠤᠯᠤᠨ᠎ᠠ ᠭᠡᠵᠦ ᠲᠣᠳᠣᠷᠬᠠᠢ ᠲᠣᠭᠲᠠᠭᠠᠪᠠ᠃ | ︵ᠬᠤᠶᠠᠷ︶ ᠭᠤᠣᠯ ᠠᠷᠭ᠎ᠠ ᠬᠡᠮᠵᠢᠶ᠎ᠡ ᠶᠢᠨ ᠬᠡᠰᠡᠭ᠃ ᠡᠭᠦᠨ ᠳᠤ ᠭᠤᠣᠯᠳᠠᠭᠤ ᠥᠪᠡᠷᠲᠡᠭᠡᠨ ᠵᠠᠰᠠᠬᠤ | ᠣᠷᠣᠨ ᠤ ᠳᠠᠭᠠᠭᠠᠯᠲᠠ ᠶᠢᠨ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠬᠥᠷᠥᠩᠭᠡ ᠮᠥᠩᠭᠦ ᠶᠢ | ᠦᠷᠭᠦᠯᠵᠢᠯᠡᠨ ᠨᠥᠬᠦᠪᠦᠷᠢᠯᠡᠬᠦ ᠲᠣᠭᠲᠠᠴᠠ ᠶᠢ ᠪᠠᠶᠢᠭᠤᠯᠬᠤ᠂ ᠠᠶᠢᠮᠠᠭ ᠬᠤᠲᠠ ᠶᠢᠨ ᠵᠠᠰᠠᠭ ᠤᠨ ᠣᠷᠳᠣᠨ ᠤ | ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠪᠤᠶᠢᠵᠢᠭᠤᠯᠬᠤ᠂ ᠵᠠᠰᠠᠭ ᠤᠨ ᠣᠷᠳᠣᠨ ᠤ | ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠨᠡᠷᠡᠰ ᠤᠨ ᠬᠥᠳᠡᠯᠦᠩᠭᠦᠢ ᠬᠠᠮᠢᠶᠠᠷᠤᠯᠲᠠ ᠶᠢ | ᠰᠠᠶᠢᠲᠤᠷ ᠬᠢᠬᠦ᠂ ᠵᠠᠰᠠᠭ ᠪᠠᠩᠬᠢ ᠳᠠᠭᠠᠭᠠᠯᠲᠠ ᠶᠢᠨ ᠪᠠᠶᠢᠭᠤᠯᠤᠮᠵᠢ ᠶᠢᠨ ᠬᠠᠮᠲᠤᠷᠠᠯᠴᠠᠭᠠᠨ ᠤ ᠰᠢᠨ᠎ᠡ ᠬᠡᠯᠪᠡᠷᠢ ᠶᠢᠨ | ᠵᠠᠭᠪᠤᠷ ᠢ ᠳᠡᠯᠭᠡᠷᠡᠭᠦᠯᠬᠦ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ | ᠪᠠᠶᠢᠭᠤᠯᠤᠮᠵᠢ ᠶᠢᠨ ᠵᠠᠰᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠶᠢ | ᠪᠠᠭᠲᠠᠭᠠᠨ᠎ᠠ᠃ | ︵ᠭᠤᠷᠪᠠ︶ ᠠᠵᠢᠯ ᠤᠨ ᠪᠠᠲᠤᠯᠠᠭ᠎ᠠ ᠶᠢᠨ ᠬᠡᠰᠡᠭ᠃ ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠰᠠᠶᠢᠲᠤᠷ ᠬᠢᠬᠦ ᠳᠤ ᠵᠠᠰᠠᠭ ᠤᠨ | ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠵᠤ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠴᠢᠳᠠᠪᠤᠷᠢᠲᠠᠨ ᠤ ᠪᠠᠶᠢᠭᠤᠯᠤᠯᠲᠠ ᠪᠠ | ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ | | ᠭᠤᠷᠪᠠ᠂ ︽ᠰᠠᠨᠠᠯ︾ ᠤᠨ ᠣᠨᠴᠠᠯᠢᠭᠲᠤ ᠭᠢᠯᠠᠰ ᠴᠡᠭ | | ︵ᠨᠢᠭᠡ︶ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠭᠰᠡᠨ ᠵᠠᠰᠠᠭ ᠤᠨ ᠣᠷᠳᠣᠨ ᠤ | ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ ᠤ ᠳᠠᠭᠠᠭᠠᠯᠲᠠ ᠶᠢᠨ ᠪᠦᠯᠦᠭᠯᠡᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠬᠠᠮᠲᠤ ᠰᠲ᠋ᠣᠺ ᠤᠨ | ᠡᠷᠬᠡ ᠶᠢᠨ ᠪᠡᠯᠡ ᠣᠷᠣᠭᠤᠯᠤᠯᠲᠠ ᠪᠠ ᠳᠠᠬᠢᠨ ᠳᠠᠭᠠᠭᠠᠯᠲᠠ ᠬᠢᠬᠦ ᠲᠤᠬᠠᠶᠢᠯᠠᠭᠰᠠᠨ ᠠᠵᠢᠯ ᠢᠶᠠᠷ ᠬᠤᠯᠪᠣᠭᠠᠰᠤ | ᠪᠣᠯᠭᠠᠵᠤ᠂ ᠳᠠᠭᠠᠭᠤᠯᠤᠭᠴᠢ ᠪᠠᠷ ᠳᠠᠶᠢᠴᠢᠯᠠᠬᠤ᠂ ᠴᠤᠭᠯᠠᠷᠠᠭᠤᠯᠤᠨ ᠢᠲᠡᠭᠡᠮᠵᠢ ᠶᠢ ᠨᠡᠮᠡᠭᠳᠡᠭᠦᠯᠬᠦ ᠦᠢᠯᠡᠳᠦᠯ ᠢ | ᠪᠠᠳᠠᠷᠠᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ | ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠳᠠᠶᠢᠴᠢᠯᠠᠨ ᠪᠣᠳᠠᠲᠤ ᠴᠣᠭᠴᠠᠲᠤ ᠠᠵᠤ | ᠠᠬᠤᠢ ᠳᠤ ᠨᠠᠩ ᠰᠠᠶᠢᠨ ᠦᠢᠯᠡᠴᠢᠯᠡᠭᠦᠯᠦᠨ᠎ᠡ᠃ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠢ ᠪᠡᠯᠡ | ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢ ᠪᠤᠶᠢᠵᠢᠭᠤᠯᠵᠤ᠂ ᠣᠷᠣᠨ ᠪᠦᠰᠡ ᠶᠢᠨ ︽ᠳᠠᠭᠠᠭᠤᠯᠤᠭᠴᠢ︾ | ᠶᠢᠨ ᠦᠢᠯᠡᠳᠦᠯ ᠢ ᠪᠠᠳᠠᠷᠠᠭᠤᠯᠤᠨ᠂ ᠬᠠᠷᠢᠶ᠎ᠠ ᠣᠷᠣᠨ ᠤ ᠳᠣᠲᠣᠷᠠᠬᠢ ᠵᠢᠵᠢᠭ ᠪᠢᠴᠢᠯ ᠠᠵᠤ ᠠᠬᠤᠶᠢᠯᠠᠯ ᠪᠠ ︽ᠮᠠᠯ | ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠪᠡᠯᠡ ᠲᠣᠬᠢᠷᠠᠭᠤᠯᠬᠤ ᠳᠠᠭᠠᠭᠠᠯᠲᠠ ᠶᠢᠨ | ᠲᠤᠬᠠᠶᠢᠯᠠᠭᠰᠠᠨ ᠠᠵᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ︵ᠬᠤᠶᠠᠷ︶ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠵᠦᠢ ᠵᠣᠬᠢᠰᠲᠠᠢ | ᠲᠣᠭᠲᠠᠴᠠ ᠶᠢ ᠪᠦᠷᠢᠨᠰᠢᠭᠦᠯᠦᠨ᠎ᠡ᠃ ᠪᠠᠩᠬᠢ ᠪᠠ ᠳᠠᠭᠠᠭᠠᠯᠲᠠ ᠶᠢᠨ ᠪᠠᠶᠢᠭᠤᠯᠤᠮᠵᠢ ᠬᠤᠶᠠᠷ ᠲᠠᠯ᠎ᠠ ᠶᠢᠨ ︽ᠶᠡᠷᠦᠩᠬᠡᠢ | ᠺᠣᠮᠫᠠᠨᠢ ᠨᠢ ᠺᠣᠮᠫᠠᠨᠢ ᠲᠠᠢ ᠬᠡᠯᠡᠯᠴᠡᠭᠡᠷ ᠲᠣᠭᠲᠠᠬᠤ︾ ᠬᠠᠮᠲᠤᠷᠠᠯᠴᠠᠭ᠎ᠠ ᠶᠢ ᠠᠬᠢᠭᠤᠯᠵᠤ᠂ ︽ᠬᠤᠳᠠᠯᠳᠤᠭᠠᠨ ᠤ | ᠦᠢᠯᠡᠰ ᠢ ᠦᠷᠭᠦᠯᠵᠢᠯᠡᠭᠦᠯᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ ᠪᠣᠯᠬᠤ︾ ᠬᠠᠮᠲᠤᠷᠠᠯᠴᠠᠭᠠᠨ ᠤ ᠵᠠᠭᠪᠤᠷ ᠢ | ᠨᠢᠭᠡᠳᠦᠯᠲᠡᠢ ᠲᠥᠯᠥᠪᠯᠡᠨ ᠲᠣᠭᠲᠠᠭᠠᠨ᠎ᠠ᠃ ᠰᠢᠨ᠎ᠡ ᠬᠡᠯᠪᠡᠷᠢ ᠶᠢᠨ ᠵᠠᠰᠠᠭ ᠪᠠᠩᠬᠢ ᠳᠠᠭᠠᠭᠠᠯᠲᠠ ᠶᠢᠨ ᠪᠠᠶᠢᠭᠤᠯᠤᠮᠵᠢ | ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠪᠠᠷ ᠪᠠᠶᠢᠭᠤᠯᠵᠤ᠂ ᠳᠠᠭᠠᠭᠠᠯᠲᠠ ᠶᠢᠨ ᠵᠣᠭᠤᠰ ᠤᠨ ᠲᠤᠭ᠎ᠠ ᠨᠢ 1000 | ᠲᠦᠮᠡᠨ ᠲᠥᠭᠦᠷᠢᠭ ᠠᠴᠠ ᠳᠣᠷᠣᠭᠰᠢᠬᠢ ᠵᠢᠵᠢᠭ ᠪᠢᠴᠢᠯ ᠠᠵᠤ ᠠᠬᠤᠶᠢᠯᠠᠯ ᠪᠠ ︽ᠮᠠᠯ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤᠨ ᠪᠡᠯᠡ ᠲᠣᠬᠢᠷᠠᠭᠤᠯᠬᠤ ᠳᠠᠭᠠᠭᠠᠯᠲᠠ ᠶᠢᠨ ᠲᠤᠬᠠᠶᠢᠯᠠᠭᠰᠠᠨ | ᠠᠵᠢᠯ ᠳᠤ ᠤᠤᠯ ᠤᠨ ᠳᠠᠭᠠᠭᠠᠯᠲᠠ ᠶᠢᠨ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠳᠠᠭᠠᠭᠠᠯᠲᠠ ᠶᠢᠨ | ᠪᠦᠯᠦᠭᠯᠡᠯ᠂ ᠬᠠᠮᠲᠤᠷᠠᠯᠴᠠᠭᠠᠨ ᠤ ᠪᠠᠩᠬᠢ ᠠᠴᠠ 4᠄ 3᠄ 3 ᠶᠢᠨ ᠬᠠᠷᠢᠴᠠᠯ ᠢᠶᠠᠷ ᠣᠷᠣᠯᠠᠨ ᠳᠥᠯᠥᠬᠦ | ᠬᠠᠷᠢᠭᠤᠴᠠᠯᠭ᠎ᠠ ᠶᠢ ᠡᠭᠦᠷᠭᠡᠯᠡᠨ᠎ᠡ᠃ ᠡᠭᠦᠨ ᠤ ᠬᠠᠮᠲᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ | ᠳᠠᠭᠠᠭᠠᠯᠲᠠ ᠶᠢᠨ ᠪᠠᠶᠢᠭᠤᠯᠤᠮᠵᠢ ᠶᠢᠨ ᠺᠣᠮᠫᠠᠨᠢ ᠳᠤ ᠵᠠᠰᠠᠯᠲᠠ ᠶᠢ ᠲᠡᠭᠦᠯᠳᠡᠷᠵᠢᠭᠦᠯᠬᠦ᠂ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠬᠤ ᠲᠠᠯ᠎ᠠ ᠪᠠᠷ ᠪᠠᠰᠠ ᠪᠣᠳᠠᠲᠠᠢ ᠱᠠᠭᠠᠷᠳᠠᠯᠭ᠎ᠠ ᠳᠤᠷᠠᠳᠪᠠ᠃ | ︵ᠭᠤᠷᠪᠠ︶ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ | ᠪᠠᠶᠢᠭᠤᠯᠤᠮᠵᠢ ᠶᠢᠨ ᠤᠷᠮᠠᠰᠢᠭᠤᠯᠵᠤ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠬᠥᠷᠥᠩᠭᠡ ᠮᠥᠩᠭᠦ ᠶᠢ | ᠦᠷᠭᠦᠯᠵᠢᠯᠡᠨ ᠨᠥᠬᠦᠪᠦᠷᠢᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠲᠣᠰ | ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠳᠤ | ᠬᠥᠷᠥᠩᠭᠡ ᠮᠥᠩᠭᠦ ᠶᠢᠨ ᠣᠷᠣᠭᠤᠯᠤᠯᠲᠠ ᠬᠢᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠬᠤ ᠶᠢ ᠳᠡᠮᠵᠢᠨ᠎ᠡ᠃ | ᠳᠠᠭᠠᠳᠬᠠᠯ ᠤᠨ ᠰᠦᠢᠳᠬᠡᠯ ᠤᠨ ᠨᠥᠬᠦᠪᠦᠷᠢ᠂ ᠲᠦᠭᠰᠢᠭᠦᠷᠢ ᠶᠢᠨ ᠨᠥᠬᠦᠪᠦᠷᠢ ᠵᠡᠷᠭᠡ ᠡᠳ᠋ ᠤᠨ ᠵᠠᠰᠠᠭ ᠤᠨ | ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ︽ᠵᠢᠵᠢᠭ ᠠᠵᠤ ᠠᠬᠤᠶᠢᠯᠠᠯ ᠪᠠ ᠲᠠᠷᠢᠶᠠᠯᠠᠩ ᠢ | ᠳᠡᠮᠵᠢᠬᠦ︾ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ | ᠃ ᠤᠷᠮᠠᠰᠢᠭᠤᠯᠵᠤ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠶᠢ | ᠰᠢᠯᠭᠠᠨ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |