| | ︽ᠪᠥᠬᠦ ᠤᠯᠤᠰ ᠤᠨ ᠲᠡᠤᠬᠡ ᠶᠢᠨ ᠠᠷᠬᠠᠭ ᠠᠰᠠᠭᠤᠳᠠᠯ ᠲᠠᠢ ᠠᠭᠤᠷᠬᠠᠶ ᠶᠢ ᠬᠢᠨᠠᠨ ᠪᠠᠶᠢᠴᠠᠭᠠᠬᠤ ᠠᠵᠢᠯ ᠢ | ᠥᠷᠨᠢᠭᠦᠯᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ | ᠪᠠᠶᠢᠭᠠᠯᠢ ᠶᠢᠨ ᠡᠬᠢ ᠪᠠᠶᠠᠯᠢᠭ ᠤᠨ ᠠᠯᠪᠠᠨ ᠪᠢᠴᠢᠭ ︹ 2021 ︺ 1283 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠬᠢᠨᠠᠨ ᠬᠠᠷᠭᠤᠭᠤᠯᠬᠤ ᠪᠠᠷ ᠳᠡᠮᠵᠢᠨ᠂ ᠮᠠᠨ ᠤ ᠬᠤᠰᠢᠭᠤᠨ ᠤ ᠲᠡᠤᠬᠡ ᠶᠢᠨ | ᠠᠷᠬᠠᠭ ᠠᠰᠠᠭᠤᠳᠠᠯ ᠲᠠᠢ ᠠᠭᠤᠷᠬᠠᠶ ᠶᠢᠨ ᠵᠢᠷᠤᠭ ᠤᠨ ᠲᠣᠯᠪᠤ ᠨᠡᠶᠢᠲᠡ 80 ᠪᠠᠶᠢᠵᠤ᠂ ᠲᠠᠯᠠᠪᠠᠶ ᠨᠢ 1034 | ᠪᠣᠯᠤᠨ᠎ᠠ᠃ 4263 ᠾᠧᠺᠲ᠋ᠠᠷ ᠲᠤ ᠴᠥᠮ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠰᠡᠷᠭᠦᠭᠡᠨ | ᠵᠠᠰᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠵᠢᠷᠤᠭ ᠤᠨ ᠲᠣᠯᠪᠤ ᠶᠢᠨ ᠪᠣᠳᠠᠲᠠᠶ ᠮᠡᠳᠡᠭᠡ ᠵᠠᠩᠭᠢ ᠶᠢ | ᠳᠠᠭᠠᠯᠳᠤᠭᠤᠯᠤᠭᠰᠠᠨ ᠬᠦᠰᠦᠨᠦᠭᠲᠦ ᠳᠤ ᠦᠵᠡ᠃ ︽ᠭᠠᠵᠠᠷ ᠰᠢᠷᠣᠶ ᠶᠢ ᠰᠡᠷᠭᠦᠭᠡᠨ ᠬᠠᠭᠠᠯᠪᠤᠷᠢᠯᠠᠬᠤ ᠲᠦᠷᠢᠮ ᠢ | ᠬᠡᠷᠡᠭᠵᠢᠭᠦᠯᠬᠦ ᠠᠷᠭ᠎ᠠ︾ ︵ᠤᠯᠤᠰ ᠤᠨ ᠨᠤᠲᠤᠭ ᠳᠡᠪᠢᠰᠬᠡᠷ ᠡᠬᠢ ᠪᠠᠶᠠᠯᠢᠭ ᠤᠨ ᠶᠠᠮᠤᠨ ᠤ 56 ᠳ᠋ᠤᠭᠠᠷ ᠲᠣᠭᠠᠲᠤ | ᠵᠠᠷᠯᠢᠭ︶ ᠶᠢᠨ ᠬᠤᠷᠢ ᠶᠢᠰᠦᠳᠦᠭᠡᠷ ᠵᠦᠶᠯ ᠤᠨ ᠲᠣᠭᠲᠠᠭᠠᠯ ᠢ ᠦᠨᠳᠦᠰᠦᠯᠡᠨ ᠮᠠᠭᠠᠳᠯᠠᠨ ᠲᠣᠭᠲᠠᠭᠠᠭᠰᠠᠨ ᠦᠷ᠎ᠡ | ᠳ᠋ᠦᠩ ᠢ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 30 ᠡᠳᠦᠷ ︵ᠳᠠᠷᠤᠶ 2022 ᠣᠨ ᠤ 2 | ᠳ᠋ᠤᠭᠠᠷ ᠰᠠᠷ᠎ᠠ ᠶᠢᠨ 15 ᠤ ᠡᠳᠦᠷ ᠠᠴᠠ 2022 ᠣᠨ ᠤ 3 ᠰᠠᠷ᠎ᠠ ᠶᠢᠨ 17 ᠤ ᠡᠳᠦᠷ︶ ᠪᠣᠯᠤᠨ᠎ᠠ᠂ ᠵᠠᠷᠯᠠᠨ | ᠨᠡᠶᠢᠲᠡᠯᠡᠬᠦ ᠬᠤᠭᠤᠴᠠᠭᠠᠨ ᠳᠤ᠂ ᠬᠡᠷᠪᠡ ᠵᠠᠷᠯᠠᠨ ᠨᠡᠶᠢᠲᠡᠯᠡᠭᠰᠡᠨ ᠠᠭᠤᠯᠭ᠎ᠠ ᠳᠤ ᠣᠨᠳᠣᠤ ᠰᠠᠨᠠᠯ ᠲᠠᠢ ᠪᠠᠶᠢᠪᠠᠯ᠂ | ᠤᠲᠠᠰᠤ ᠢᠷᠡᠬᠦ᠂ ᠵᠠᠬᠢᠳᠠᠯ ᠢᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠠᠯᠠᠱᠠ ᠵᠡᠭᠦᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠳᠤ ᠲᠤᠰᠬᠠᠵᠤ ᠪᠣᠯᠤᠨ᠎ᠠ᠃ | ᠬᠠᠷᠢᠯᠴᠠᠬᠤ ᠤᠲᠠᠰᠤ᠄ 0483-8228103 | ᠬᠠᠶ᠋ᠢᠭ᠄ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠪᠠᠷᠠᠭᠤᠨ ᠴᠡᠴᠡᠷᠯᠢᠭ ᠵᠡᠭᠡᠯᠢ ᠶᠢᠨ 9 ᠳ᠋ᠦᠭᠡᠷ | ᠨᠣᠮᠧᠷ | ᠬᠠᠪᠰᠤᠷᠤᠯᠲᠠ᠄ ᠠᠯᠠᠱᠠ ᠵᠡᠭᠦᠨ ᠬᠤᠰᠢᠭᠤᠨ ᠤ ᠲᠡᠤᠬᠡ ᠶᠢᠨ ᠠᠷᠬᠠᠭ ᠠᠰᠠᠭᠤᠳᠠᠯ ᠲᠠᠢ ᠠᠭᠤᠷᠬᠠᠶ ᠶᠢᠨ | ᠮᠡᠳᠡᠭᠡ ᠵᠠᠩᠭᠢ ᠶᠢᠨ ᠬᠦᠰᠦᠨᠦᠭᠲᠦ | | ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 2 ᠳ᠋ᠤᠭᠠᠷ ᠰᠠᠷ᠎ᠠ ᠶᠢᠨ 15 | ᠠᠯᠠᠱᠠ ᠵᠡᠭᠦᠨ ᠬᠤᠰᠢᠭᠤᠨ ᠤ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠮᠡᠳᠡᠭᠡ ᠵᠠᠩᠭᠢ ᠶᠢᠨ | ᠬᠦᠰᠦᠨᠦᠭᠲᠦ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |