ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠤᠨ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠭᠰᠡᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ
ᠨᠡᠶᠢᠲᠡᠯᠡᠭᠰᠡᠨ ᠴᠠᠭ᠄
2022/2/24
     ︽ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠥᠯᠭᠢᠨ ᠠᠬᠢᠭᠤᠯᠬᠤ ᠲᠤᠰᠬᠠᠶ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ︾ ᠶᠣᠰᠣᠭᠠᠷ ︽ᠪᠥᠬᠦ ᠣᠷᠣᠨ ᠤ 2021 ᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠭᠤᠤᠯᠳᠠᠯᠭ᠎ᠠ ᠶᠢᠨ ᠲᠤᠬᠠᠶ ᠮᠡᠳᠡᠭᠳᠡᠯ︾ ︵ᠥᠪᠥᠷ ᠠᠵᠤ ᠦᠶᠯᠡᠳᠪᠦᠷᠢ ᠥᠭᠡᠷᠡᠴᠢᠯᠡᠯᠲᠡ ᠠᠯᠪᠠᠨ ︹ 2021 ︺ 22 ᠳ᠋ᠤᠭᠠᠷ ᠲᠣᠭᠠᠲᠤ︶ ᠪᠠ ︽ᠳᠡᠭᠡᠭᠰᠢ ᠮᠡᠳᠡᠭᠦᠯᠬᠦ ︿ᠣᠷᠣᠨ ᠪᠦᠰᠡ ᠶᠢᠨ ᠦᠨᠡᠯᠡᠨ ᠵᠢᠱᠢᠬᠦ﹀ ᠠᠵᠢᠯ ᠢ ᠠᠬᠢᠭᠤᠯᠬᠤ ᠲᠥᠰᠦᠯ ᠵᠢᠴᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ︿ᠨᠢᠭᠡ ᠬᠠᠭᠤᠳᠠᠰᠤ ᠵᠢᠷᠤᠭ﹀᠎ ᠤᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠮᠡᠳᠡᠭᠳᠡᠯ︾ ︵ᠥᠪᠥᠷ ᠪᠠᠶᠢᠭᠠᠯᠢ ᠡᠬᠢ ᠥᠰᠥᠭ ︹ 2021 ︺ 179 ᠳ᠋ᠦᠭᠡᠷ ᠲᠣᠭᠠᠲᠤ︶᠎ ᠤᠨ ᠱᠠᠭᠠᠷᠳᠠᠯᠭ᠎ᠠ᠂ ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠳᠤ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠥᠷᠨᠢᠭᠦᠯᠪᠡ᠃ ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠤᠨ ᠠᠵᠤ ᠦᠶᠯᠡᠰ ᠤᠨ ᠪᠠᠶᠢᠷᠢᠰᠢᠭᠤᠯᠤᠯᠲᠠ ᠶᠢ ᠦᠨᠳᠦᠰᠦᠯᠡᠨ᠂ ᠲᠣᠰ ᠤᠳᠠᠭᠠᠨ ᠤ ᠦᠨᠡᠯᠡᠨ ᠵᠢᠱᠢᠬᠦ ᠲᠠᠯᠠᠪᠠᠶ ᠶᠢ 30᠎ ᠪᠠᠷ ᠲᠣᠭᠲᠠᠭᠠᠪᠠ᠃ 223672 ᠲᠡᠭᠰᠢ ᠳᠥᠷᠪᠡᠯᠵᠢᠨ ᠺᠢᠯᠣᠮᠧᠲᠷ᠂ ᠪᠣᠳᠠᠲᠠᠶ ᠪᠠᠷ ᠢᠵᠢ ᠪᠦᠷᠢᠳᠦᠭᠦᠯᠬᠦ ᠦᠢᠯᠡᠴᠢᠯᠡᠭᠡᠨ ᠤ ᠭᠤᠣᠯᠳᠠᠯᠭ᠎ᠠ ᠪᠣᠯᠭᠠᠨ ᠬᠤᠪᠢᠶᠠᠵᠤ᠂ ᠣᠯᠠᠨ ᠤᠯᠤᠰ ᠤᠨ ᠬᠤᠳᠠᠯᠳᠤᠭ᠎ᠠ ᠠᠷᠠᠯᠵᠢᠶ᠎ᠠ ᠶᠢᠨ ᠪᠠᠷᠠᠭᠠᠨ ᠤ ᠭᠦᠶᠯᠭᠡᠭᠡᠨ ᠤ ᠲᠥᠪ᠂ ᠪᠠᠯ ᠴᠢᠯᠠᠭᠤᠨ ᠤ ᠠᠵᠤ ᠦᠶᠯᠡᠰ ᠤᠨ ᠰᠠᠭᠤᠷᠢᠨ ᠭᠠᠵᠠᠷ᠂ ᠮᠣᠩᠭᠤᠯ ᠣᠷᠣᠰ ᠤᠨ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠨᠠᠷᠢᠯᠢᠭ ᠭᠦᠨᠵᠡᠭᠡᠶ ᠡᠳ᠋ᠰᠢᠭᠦᠯᠬᠦ ᠠᠵᠤ ᠦᠶᠯᠡᠰ ᠤᠨ ᠰᠠᠭᠤᠷᠢᠨ ᠭᠠᠵᠠᠷ᠂ ᠴᠢᠯᠠᠭᠤᠨ ᠲᠣᠰᠣ ᠬᠢᠮᠢ ᠶᠢᠨ ᠠᠵᠤ ᠦᠶᠯᠡᠰ ᠤᠨ ᠰᠠᠭᠤᠷᠢᠨ ᠭᠠᠵᠠᠷ᠂ ᠰᠢᠨ᠎ᠡ ᠡᠨᠧᠷᠭᠢ ᠶᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠣᠨᠤᠭ ᠲᠥᠬᠦᠭᠡᠷᠦᠮᠵᠢ ᠦᠶᠯᠡᠳᠬᠦ ᠠᠵᠤ ᠦᠶᠯᠡᠰ ᠤᠨ ᠰᠠᠭᠤᠷᠢᠨ ᠭᠠᠵᠠᠷ᠂ ᠪᠣᠬᠢᠷᠲᠤᠯ ᠥᠬᠡᠶ ᠠᠮᠢ ᠠᠬᠤᠶ ᠶᠢᠨ ᠠᠵᠤ ᠦᠶᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠶᠯᠡᠰ ᠤᠨ ᠰᠠᠭᠤᠷᠢᠨ ᠭᠠᠵᠠᠷ᠂ ᠠᠵᠤ ᠦᠶᠯᠡᠰ ᠤᠨ ᠬᠦᠷᠢᠶᠡᠯᠡᠩ ᠤᠨ ᠵᠠᠮ᠂ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠶ᠂ ᠡᠩ ᠤᠨ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠦᠶᠯᠡᠳᠪᠦᠷᠢ᠃      ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠤᠨ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠬᠡᠪᠴᠢᠶ᠎ᠡ ᠶᠢ 2021 ᠣᠨ ᠤ 6 ᠳ᠋ᠤᠭᠠᠷ ᠰᠠᠷ᠎ᠠ ᠪᠠᠷ ᠲᠣᠭᠲᠠᠭᠠᠵᠠᠶ᠂ ᠭᠡᠬᠦ ᠳᠡᠭᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠲᠣᠭᠤᠷᠢᠭ ᠤᠨ ᠬᠢᠨᠠᠨ ᠬᠠᠷᠭᠤᠭᠤᠯᠬᠤ ᠠᠯᠪᠠᠨ ᠵᠠᠷ ᠤᠨ ᠭᠠᠷᠴᠠᠭ︾᠎ ᠤᠨ ᠨᠡᠭᠡᠭᠡᠯᠲᠡ ᠶᠢᠨ ᠲᠣᠭᠤᠷᠢᠭ ᠤᠨ ᠲᠠᠯᠠᠪᠠᠶ ᠶᠢ ᠬᠢᠨᠠᠨ ᠵᠥᠪᠰᠢᠶᠡᠷᠡᠬᠦ ᠪᠠ ᠳᠥᠷᠪᠡᠨ ᠵᠠᠬ᠎ᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ 2021 ᠣᠨ ᠤ 10 ᠳ᠋ᠤᠭᠠᠷ ᠰᠠᠷ᠎ᠠ ᠳᠤ ᠥᠷᠨᠢᠭᠦᠯᠵᠦ ᠂ ᠬᠢᠨᠠᠨ ᠵᠥᠪᠰᠢᠶᠡᠷᠡᠭᠰᠡᠨ ᠨᠡᠭᠡᠭᠡᠯᠲᠡ ᠶᠢᠨ ᠲᠣᠭᠤᠷᠢᠭ ᠤᠨ ᠲᠠᠯᠠᠪᠠᠶ 13 ᠪᠣᠯᠤᠨ᠎ᠠ᠃ 1283 ᠲᠡᠭᠰᠢ ᠳᠥᠷᠪᠡᠯᠵᠢᠨ ᠺᠢᠯᠣᠮᠧᠲᠷ ︵ᠬᠢᠨᠠᠨ ᠵᠥᠪᠰᠢᠶᠡᠷᠡᠵᠦ ᠨᠡᠭᠡᠭᠡᠨ ᠬᠥᠭᠵᠢᠭᠦᠯᠬᠦ ᠣᠷᠣᠨ ᠤ ᠲᠠᠯᠠᠪᠠᠢ 13.1283 ᠲᠡᠭᠰᠢ ᠳᠥᠷᠪᠡᠯᠵᠢᠨ ᠺᠢᠯᠣᠮᠧᠲᠷ ᠨᠢ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠠᠶᠤᠯᠲᠤ ᠴᠢᠨᠠᠷ ᠤᠨ ᠦᠨᠡᠯᠡᠨ ᠵᠢᠱᠢᠯᠲᠡ 30.223672 ᠲᠡᠭᠰᠢ ᠳᠥᠷᠪᠡᠯᠵᠢᠨ ᠺᠢᠯᠣᠮᠧᠲᠷ ᠤᠨ ᠬᠡᠪᠴᠢᠶᠡᠨ ᠳᠤ ᠪᠠᠭᠲᠠᠨ᠎ᠠ︶᠃ ᠡᠶᠢᠮᠦ ᠠᠴᠠ ᠲᠣᠰ ᠤᠳᠠᠭᠠᠨ ᠤ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠲᠠᠯᠠᠪᠠᠶ ᠶᠢ 30 223672 ᠲᠡᠭᠰᠢ ᠳᠥᠷᠪᠡᠯᠵᠢᠨ ᠺᠢᠯᠣᠮᠧᠲᠷ ᠲᠤ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠣᠰ ᠤᠳᠠᠭᠠᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠭᠰᠡᠨ ᠦᠷ᠎ᠡ ᠪᠦᠲᠦᠭᠡᠯ ᠢ ᠮᠡᠳᠡᠷᠡᠭᠰᠡᠨ ᠪᠠᠶᠢᠨ᠎ᠠ᠃      ᠣᠨᠴᠠᠭᠠᠶᠢᠯᠠᠨ ᠲᠣᠳᠣᠷᠬᠠᠶᠢᠯᠠᠪᠠ      ᠬᠠᠪᠰᠤᠷᠤᠯᠲᠠ᠄ ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠤᠨ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠬᠦᠷᠢᠶ᠎ᠡ ᠬᠡᠪᠴᠢᠶ᠎ᠡ ᠶᠢᠨ ᠪᠠᠶᠢᠷᠢᠰᠢᠯ ︵2000︶      ᠥᠪᠥᠷ ᠮᠣᠩᠭᠤᠯ ᠤᠨ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠶᠯᠡᠰ ᠤᠨ ᠨᠡᠭᠡᠭᠡᠯᠲᠡ ᠶᠢᠨ ᠲᠣᠭᠤᠷᠢᠭ ᠤᠨ ᠣᠯᠠᠨᠪᠤᠯᠠᠭ ᠠᠵᠤ ᠦᠶᠯᠡᠰ ᠤᠨ ᠬᠦᠷᠢᠶᠡᠯᠡᠩ ᠤᠨ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠬᠦᠷᠢᠶ᠎ᠡ ᠬᠡᠪᠴᠢᠶ᠎ᠡ ᠶᠢᠨ ᠪᠠᠶᠢᠷᠢᠰᠢᠯ   ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ      2022 ᠣᠨ ᠤ 2 ᠳ᠋ᠤᠭᠠᠷ ᠰᠠᠷ᠎ᠠ ᠶᠢᠨ 17      ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号