ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠰᠠᠶᠢᠲᠤᠷ ᠰᠤᠷᠤᠯᠴᠠᠶ᠎ᠠ
ᠨᠡᠶᠢᠲᠡᠯᠡᠭᠰᠡᠨ ᠴᠠᠭ᠄
2022/2/28
                 ᠨᠢᠭᠡ      ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠵᠤ ᠬᠥᠮᠥᠨ ᠬᠥᠮᠥᠵᠢᠭᠦᠯᠬᠦ ᠪᠦᠭᠦ ᠶᠠᠪᠤᠴᠠ ᠳᠤ ᠲᠤᠭᠤᠰᠢᠯᠠᠭᠤᠯᠵᠤ᠂ ᠡᠬᠡ ᠣᠷᠣᠨᠴᠢ ᠦᠵᠡᠯ ᠢᠶᠠᠷ ᠭᠤᠣᠯᠯᠠᠭᠤᠯᠤᠭᠰᠠᠨ ᠦᠨᠳᠦᠰᠦᠲᠡᠨ ᠤ ᠵᠣᠷᠢᠭ ᠰᠠᠨᠠᠭ᠎ᠠ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠪᠠᠷ ᠭᠤᠣᠯᠯᠠᠭᠤᠯᠤᠭᠰᠠᠨ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠮᠡᠳᠡᠯᠭᠡ ᠶᠢᠨ ᠬᠥᠮᠦᠵᠢᠯ ᠢ ᠬᠥᠲᠥᠯᠥᠨ ᠵᠢᠯᠤᠭᠤᠳᠬᠤ ᠶᠢ ᠪᠠᠷᠢᠮᠲᠠᠯᠠᠵᠤ᠂ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠠ ᠬᠤᠪᠢᠰᠬᠠᠯᠲᠤ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠤᠨ ᠬᠥᠮᠦᠵᠢᠯ ᠢ ᠴᠢᠩᠭᠠᠳᠬᠠᠵᠤ᠂ ᠨᠠᠮ ᠤᠨ ᠲᠡᠦᠬᠡ᠂ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠬᠥᠮᠦᠵᠢᠯ ᠢ ᠴᠢᠩᠭᠠᠳᠬᠠᠵᠤ᠂ ᠤᠯᠤᠰ ᠣᠷᠣᠨ ᠤ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠨᠡᠶᠢᠭᠡᠮ ᠤᠨ ᠬᠠᠷᠢᠭᠤᠴᠠᠯᠭᠠᠲᠤ ᠤᠬᠠᠮᠰᠠᠷ ᠤᠨ ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ᠂ ᠤᠯᠤᠰ ᠤᠨ ᠠᠮᠤᠷ ᠲᠦᠪᠰᠢᠨ ᠤ ᠬᠥᠮᠦᠵᠢᠯ᠂ ᠰᠢᠨᠵᠢᠯᠡᠬᠦ ᠤᠬᠠᠭᠠᠨᠴᠢ ᠵᠣᠷᠢᠭ ᠰᠠᠨᠠᠭᠠᠨ ᠤ ᠬᠥᠮᠦᠵᠢᠯ ᠢ ᠴᠢᠩᠭᠠᠳᠬᠠᠬᠤ ᠬᠡᠷᠡᠭᠲᠡᠢ᠃      ︵ᠰᠢ ᠶᠢᠨ ᠫᠢᠩ ᠤᠨ 2016 ᠣᠨ ᠤ 12 ᠰᠠᠷ᠎ᠠ ᠶᠢᠨ 7᠎ ᠤ ᠡᠳᠦᠷ      ᠪᠦᠭᠦ ᠤᠯᠤᠰ ᠤᠨ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠬᠤᠷᠠᠯ ᠳᠡᠭᠡᠷ᠎ᠡ ᠶᠠᠷᠢᠭᠰᠠᠨ ᠶᠠᠷᠢᠶ᠎ᠠ︶      ᠬᠤᠶᠠᠷ      ᠱᠠᠩᠬᠠᠢ ᠪᠣᠯ ᠮᠠᠨ ᠤ ᠨᠠᠮ ᠤᠨ ᠮᠡᠨᠳᠦᠯᠡᠭᠰᠡᠨ ᠭᠠᠵᠠᠷ ᠮᠥᠨ᠂ ᠨᠠᠮ ᠪᠠᠶᠢᠭᠤᠯᠤᠭᠳᠠᠭᠰᠠᠨ ᠤ ᠳᠠᠷᠠᠭ᠎ᠠ ᠨᠠᠮ ᠤᠨ ᠲᠥᠪ ᠬᠤᠷᠢᠶᠠᠨ ᠤ ᠪᠠᠶᠢᠭᠤᠯᠭ᠎ᠠ ᠣᠷᠳᠣ ᠬᠤᠭᠤᠴᠠᠭ᠎ᠠ ᠪᠠᠷ ᠱᠠᠩᠬᠠᠢ ᠳᠤ ᠰᠠᠭᠤᠪᠠ᠃ ᠪᠢ ᠨᠠᠮ ᠤᠨ ᠠᠩᠬᠠᠳᠤᠭᠠᠷ ᠶᠡᠭᠡ ᠬᠤᠷᠠᠯ ᠤᠨ ᠬᠤᠷᠠᠯᠳᠤᠭᠰᠠᠨ ᠭᠠᠵᠠᠷ ᠢ ᠣᠯᠠᠨᠲᠠ ᠪᠠᠷᠠᠯᠠᠭᠰᠠᠨ᠂ ᠤᠳᠠᠭ᠎ᠠ ᠪᠣᠯᠭᠠᠨ ᠮᠠᠰᠢ ᠭᠦᠨ ᠲᠥᠷᠥᠭᠳᠡᠯ ᠲᠠᠢ᠃ ᠱᠠᠩᠬᠠᠢ ᠶᠢᠨ ᠬᠢᠨ ᠡᠳᠡᠭᠡᠷ ᠡᠯᠪᠡᠭ ᠪᠠᠶᠠᠯᠢᠭ ᠬᠤᠪᠢᠰᠬᠠᠯ ᠤᠨ ᠡᠬᠢ ᠪᠠᠶᠠᠯᠢᠭ ᠢᠶᠠᠷ ᠭᠤᠣᠯ ᠰᠡᠳᠦᠪᠲᠦ ᠬᠥᠮᠦᠵᠢᠯ ᠤᠨ ᠠᠮᠢᠳᠤᠯᠢᠭ ᠵᠢᠭᠠᠬᠤ ᠮᠠᠲ᠋ᠧᠷᠢᠶᠠᠯ ᠪᠤᠯᠭᠠᠵᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ ᠶᠢ ᠭᠦᠨᠵᠡᠭᠡᠢ ᠰᠤᠷᠤᠯᠴᠠᠬᠤ ᠶᠢ ᠬᠥᠲᠥᠯᠥᠨ ᠵᠢᠯᠤᠭᠤᠳᠴᠤ᠂ ᠤᠭ ᠰᠠᠨᠠᠭ᠎ᠠ ᠪᠠᠨ ᠤᠯᠠᠮᠵᠢᠯᠠᠨ ᠵᠠᠯᠭᠠᠮᠵᠢᠯᠠᠵᠤ ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ︽ᠬᠤᠣᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠬᠢᠴᠠ ᠳᠤᠮᠳᠠ ᠦᠨᠡᠨ ᠬᠦ ᠲᠡᠷᠢᠭᠦᠨ ᠳᠤ ᠬᠤᠰᠢᠭᠤᠷᠠᠵᠤ᠂ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ᠃      ︵ᠰᠢ ᠶᠢᠨ ᠫᠢᠩ ᠤᠨ 2019 ᠣᠨ ᠤ 11 ᠰᠠᠷ᠎ᠠ ᠶᠢᠨ 3᠎ ᠤ ᠡᠳᠦᠷ      ᠱᠠᠩᠬᠠᠢ ᠳᠤ ᠠᠵᠢᠯ ᠪᠠᠶᠢᠴᠠᠭᠠᠵᠤ ᠳᠠᠭᠤᠰᠬᠤ ᠦᠶ᠎ᠡ ᠳᠤ ᠶᠠᠷᠢᠭᠰᠠᠨ ᠶᠠᠷᠢᠶ᠎ᠠ︶      ᠭᠤᠷᠪᠠ      ᠤᠨᠤᠯ ᠤᠨ ᠰᠢᠨ᠎ᠡ ᠡᠭᠦᠳᠦᠯᠲᠡ ᠨᠢᠭᠡ ᠠᠯᠬᠤᠮ ᠤᠷᠤᠭᠰᠢᠯᠠᠬᠤ ᠪᠦᠷᠢ ᠤᠨᠤᠯ ᠤᠨ ᠵᠡᠪᠰᠡᠭᠯᠡᠯ ᠴᠦ ᠨᠢᠭᠡ ᠠᠯᠬᠤᠮ ᠲᠠᠭᠠᠨ ᠤᠷᠤᠭᠰᠢᠯᠠᠬᠤ ᠬᠡᠷᠡᠭᠲᠡᠢ᠃ ᠨᠠᠮ ᠤᠨ ᠤᠳᠠᠭ᠎ᠠ ᠪᠦᠷᠢ ᠶᠢᠨ ᠲᠥᠪᠯᠡᠷᠡᠩᠭᠦᠢ ᠬᠥᠮᠦᠵᠢᠯ ᠤᠨ ᠠᠵᠢᠯᠯᠠᠭ᠎ᠠ ᠶᠢ ᠴᠥᠮ ᠦᠵᠡᠯ ᠰᠠᠨᠠᠭᠠᠨ ᠤ ᠬᠥᠮᠦᠵᠢᠯ ᠢᠶᠠᠷ ᠡᠬᠢᠯᠡᠭᠦᠯᠵᠦ᠂ ᠰᠤᠷᠤᠯᠴᠠᠯᠭ᠎ᠠ ᠭᠦᠨᠵᠡᠭᠡᠢ ᠪᠤᠰᠤ᠂ ᠦᠵᠡᠯ ᠰᠠᠨᠠᠭ᠎ᠠ ᠨᠢᠭᠡᠳᠦᠯ ᠦᠭᠡᠢ᠂ ᠦᠢᠯᠡ ᠠᠵᠢᠯᠯᠠᠭ᠎ᠠ ᠳᠠᠭᠠᠵᠤ ᠠᠮᠵᠢᠬᠤ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠷᠭᠦᠯᠵᠢᠯᠡᠨ ᠬᠦᠴᠦᠯᠡᠬᠦ ᠮᠥᠷᠲᠡᠭᠡᠨ ᠪᠠᠰᠠ ᠲᠥᠪᠯᠡᠷᠡᠭᠦᠯᠦᠨ ᠬᠦᠴᠦᠯᠡᠵᠦ᠂ ᠪᠦᠭᠦ ᠨᠠᠮ ᠤᠨ ᠦᠵᠡᠯ ᠰᠠᠨᠠᠭᠠᠨ ᠤ ᠲᠠᠯ᠎ᠠ ᠪᠠᠷ ᠨᠢᠭᠡᠳᠦᠯᠲᠡᠢ᠂ ᠤᠯᠤᠰ ᠲᠦᠷᠦ ᠶᠢᠨ ᠲᠠᠯ᠎ᠠ ᠪᠠᠷ ᠪᠦᠯᠬᠦᠮᠳᠡᠯ ᠲᠠᠢ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠢᠭᠡᠳᠦᠯᠲᠡᠢ ᠪᠠᠶᠢᠬᠤ ᠶᠢ ᠠᠬᠢᠭᠤᠯᠪᠠ᠃ ᠨᠠᠮ ᠤᠨ ᠰᠢᠨ᠎ᠡ ᠶᠢ ᠡᠭᠦᠳᠭᠦ ᠤᠨᠤᠯ ᠢ ᠰᠤᠷᠤᠯᠴᠠᠨ ᠲᠤᠭᠤᠰᠢᠯᠠᠭᠤᠯᠬᠤ ᠶᠢ ᠦᠵᠡᠯ ᠰᠠᠨᠠᠭ᠎ᠠ ᠪᠠᠨ ᠵᠡᠪᠰᠡᠭᠯᠡᠬᠦ ᠶᠢᠨ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠰᠤᠷᠤᠯᠴᠠᠬᠤ ᠲᠠᠢ ᠤᠶᠠᠯᠳᠤᠭᠤᠯᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ ᠰᠤᠷᠤᠯᠴᠠᠬᠤ ᠲᠠᠢ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠪᠢᠳᠡᠨ ᠤ ᠠᠭᠤᠤ ᠶᠡᠭᠡ ᠲᠡᠮᠡᠴᠡᠯ ᠬᠢᠬᠦ᠂ ᠠᠭᠤᠤ ᠶᠡᠭᠡ ᠢᠨᠵᠧᠨᠧᠷᠢᠩ ᠢ ᠪᠦᠲᠦᠭᠡᠨ ᠪᠠᠶᠢᠭᠤᠯᠬᠤ᠂ ᠠᠭᠤᠤ ᠶᠡᠭᠡ ᠦᠢᠯᠡᠰ ᠢ ᠠᠬᠢᠭᠤᠯᠬᠤ᠂ ᠠᠭᠤᠤ ᠶᠡᠭᠡ ᠬᠦᠰᠡᠯ ᠵᠡᠭᠦᠳᠦ ᠶᠢ ᠪᠡᠶᠡᠯᠡᠭᠦᠯᠬᠦ ᠡᠯᠪᠡᠭ ᠪᠠᠶᠠᠯᠢᠭ ᠦᠢᠯᠡᠳᠦᠯᠭᠡ ᠲᠠᠢ ᠤᠶᠠᠯᠳᠤᠭᠤᠯᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠣᠷᠣᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠬᠦ ᠳᠤᠮᠳᠠ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠭᠦᠨᠵᠡᠭᠡᠶᠢᠷᠡᠭᠦᠯᠬᠦ ᠳᠤᠮᠳᠠ ᠲᠠᠨᠢᠯᠲᠠ ᠪᠠᠨ ᠳᠡᠭᠡᠭᠰᠢᠯᠡᠭᠦᠯᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃      ︵ᠰᠢ ᠶᠢᠨ ᠫᠢᠩ ᠤᠨ 2020 ᠣᠨ ᠤ 1 ᠰᠠᠷ᠎ᠠ ᠶᠢᠨ 8᠎ ᠤ ᠡᠳᠦᠷ      ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠶᠡᠭᠡ ᠬᠤᠷᠠᠯ ᠳᠡᠭᠡᠷ᠎ᠡ ᠶᠠᠷᠢᠭᠰᠠᠨ ᠶᠠᠷᠢᠶ᠎ᠠ︶      ᠢᠷᠡᠯᠲᠡ᠄ ︽ᠲᠤᠮᠳᠠᠳᠦ ᠤᠯᠤᠰ ᠤᠨ ᠡᠪ ᠬᠠᠮᠲᠤ ᠨᠠᠮ ᠤᠨ ᠲᠡᠦᠬᠡ ᠶᠢ ᠥᠭᠦᠯᠡᠭᠰᠡᠨ ᠨᠢ︾
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号