| | ᠨᠠᠮᠴᠢ ᠴᠢᠨᠠᠷ ᠤᠨ ᠬᠥᠮᠦᠵᠢᠯ ᠤᠨ ᠲᠠᠯ᠎ᠠ ᠪᠠᠷ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠦᠢᠯᠡᠳᠦᠯ ᠢ | ᠪᠠᠳᠠᠷᠠᠭᠤᠯᠬᠤ ᠶᠢ ᠴᠢᠬᠤᠯᠠᠴᠢᠯᠠᠵᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠪᠠ ᠪᠠᠭᠠᠲᠤᠷ ᠬᠥᠮᠥᠰ ᠤᠨ | ᠡᠷᠬᠢᠮ ᠳᠡᠭᠡᠳᠦ ᠬᠡᠪ ᠰᠤᠷᠲᠠᠯ ᠢ ᠢᠯᠡᠭᠦᠬᠡᠨ ᠶᠠᠷᠢᠵᠤ᠂ ᠵᠢᠶᠣᠣ ᠢᠦᠢ ᠯᠦ᠂ ᠶᠠᠩ ᠱᠠᠨ ᠵᠧᠦ᠂ ᠭᠦ᠋ ᠸᠧᠨ ᠴᠠᠩ | ᠵᠡᠷᠭᠡ ᠡᠯ᠎ᠡ ᠹᠷᠣᠨᠲ ᠤᠨ ᠰᠢᠯᠢᠳᠡᠭ ᠺᠠᠳ᠋ᠷᠴᠤᠳ ᠤᠨ ᠵᠢᠱᠢᠶᠡᠴᠢ ᠤᠢᠢᠯᠠ ᠠᠵᠢᠯᠯᠠᠭ᠎ᠠ ᠶᠢ ᠢᠯᠡᠭᠦᠬᠡᠨ ᠶᠠᠷᠢᠵᠤ᠂ | ᠲᠡᠷᠢᠭᠦᠨ ᠤ ᠵᠢᠱᠢᠶᠡᠴᠢ ᠬᠥᠮᠥᠰ ᠢ ᠢᠯᠡᠭᠦᠬᠡᠨ ᠤᠷᠢᠵᠤ ᠦᠯᠢᠭᠡᠷ ᠦᠢᠯᠡ ᠶᠠᠪᠤᠳᠠᠯ ᠢ ᠨᠢ ᠶᠠᠷᠢᠭᠤᠯᠵᠤ᠂ ᠨᠠᠮ ᠤᠨ | ᠭᠡᠰᠢᠭᠦᠨ᠂ ᠺᠠᠳ᠋ᠷ ᠢ ᠤᠷᠢᠵᠤ ᠪᠣᠯᠣᠨ᠎ᠠ᠂ ᠡᠩ ᠤᠨ ᠤᠯᠠᠨ ᠲᠦᠮᠡᠨ ᠤ ᠲᠡᠷᠢᠭᠦᠨ ᠤ ᠵᠢᠱᠢᠶᠡᠴᠢ ᠶᠢ ᠴᠦ ᠤᠷᠢᠵᠤ | ᠪᠣᠯᠣᠨ᠎ᠠ᠃ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠲᠡᠳᠡᠭᠡᠷ ᠬᠥᠮᠥᠰ ᠤᠨ ᠰᠡᠳᠬᠢᠯ ᠢ | ᠳᠣᠭᠳᠣᠯᠤᠭᠤᠯᠤᠮ᠎ᠠ ᠵᠣᠬᠢᠶᠠᠯ᠂ ᠰᠢᠯᠦᠭ ᠨᠠᠶᠢᠷᠠᠭᠤᠯᠤᠯ᠂ ᠭᠡᠷ ᠲᠡᠭᠡᠨ ᠪᠢᠴᠢᠭᠰᠡᠨ ᠵᠠᠬᠢᠳᠠᠯ ᠢ ᠳᠡᠪᠲᠡᠷ ᠪᠣᠯᠭᠠᠨ | ᠨᠠᠶᠢᠷᠠᠭᠤᠯᠵᠤ᠂ ᠺᠠᠳ᠋ᠷ ᠤᠨ ᠬᠥᠮᠦᠵᠢᠯ ᠳᠤ ᠠᠰᠢᠭᠯᠠᠵᠤ᠂ ᠡᠯ᠎ᠡ ᠱᠠᠲᠤᠨ ᠤ ᠺᠠᠳ᠋ᠷᠴᠤᠳ ᠦᠷᠭᠦᠯᠵᠢ ᠦᠵᠡᠵᠦ᠂ | ᠦᠷᠭᠦᠯᠵᠢ ᠰᠡᠳᠬᠢᠵᠦ᠂ ᠦᠷᠭᠦᠯᠵᠢ ᠪᠡᠶ᠎ᠡ ᠪᠠᠨ ᠱᠠᠭᠠᠷᠳᠠᠬᠤ ᠬᠡᠷᠡᠭᠲᠡᠢ᠂ ᠨᠠᠮ ᠤᠨ ᠰᠤᠷᠭᠠᠭᠤᠯᠢ ᠤᠷᠢᠳ ᠢᠶᠠᠷ ᠬᠢᠵᠦ | ᠪᠣᠯᠣᠨ᠎ᠠ ᠭᠡᠵᠦ ᠪᠢ ᠬᠡᠯᠡᠵᠦ ᠥᠩᠭᠡᠷᠡᠭᠰᠡᠨ ᠶᠤᠮ᠃ | ( ᠰᠢ ᠶᠢᠨ ᠫᠢᠩ ᠤᠨ 2015 ᠣᠨ ᠤ 12 ᠰᠠᠷ᠎ᠠ ᠶᠢᠨ 11 ᠤ ᠡᠳᠦᠷ ᠤᠨ ᠪᠦᠭᠦ ᠤᠯᠤᠰ ᠤᠨ ᠨᠠᠮ ᠤᠨ | ᠰᠤᠷᠭᠠᠭᠤᠯᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ ᠠᠴᠠ ) | ᠳᠤᠮᠳᠠᠳᠤ ᠶᠢᠨ ᠦᠨᠳᠦᠰᠦᠲᠡᠨ ᠪᠣᠯ ᠪᠠᠭᠠᠲᠤᠷᠴᠤᠳ ᠢ ᠳᠡᠭᠡᠳᠦᠯᠡᠳᠡᠭ᠂ ᠪᠠᠭᠠᠲᠤᠷᠴᠤᠳ ᠢ ᠪᠤᠢ ᠪᠣᠯᠭᠠᠳᠠᠭ᠂ | ᠪᠠᠭᠠᠲᠤᠷᠴᠤᠳ ᠴᠣᠯᠭᠤᠷᠠᠨ ᠭᠠᠷᠳᠠᠭ ᠦᠨᠳᠦᠰᠦᠲᠡᠨ ᠮᠥᠨ᠂ ᠡᠩᠬᠡ ᠲᠠᠶᠢᠪᠤᠩ ᠴᠠᠭ ᠦᠶ᠎ᠡ ᠳᠤ ᠭᠡᠰᠡᠨ | ᠪᠠᠭᠠᠲᠤᠷᠴᠤᠳ ᠤᠨ ᠬᠠᠶᠢᠷ᠎ᠠ ᠰᠡᠳᠬᠢᠯᠭᠡ ᠱᠠᠭᠠᠷᠳᠠᠭᠳᠠᠨ᠎ᠠ᠃ ᠪᠢᠳᠡ ᠨᠠᠮ᠂ ᠤᠯᠤᠰ ᠣᠷᠣᠨ᠂ ᠠᠷᠠᠳ ᠲᠦᠮᠡᠨ ᠤ | ᠲᠥᠯᠥᠭᠡ ᠬᠤᠪᠢ ᠨᠡᠮᠡᠷᠢ ᠦᠵᠡᠭᠦᠯᠦᠭᠰᠡᠨ ᠪᠠ ᠦᠷᠡᠭᠳᠡᠯ ᠭᠠᠷᠭᠠᠭᠰᠠᠨ ᠠᠯᠢᠪᠠ ᠪᠠᠭᠠᠲᠤᠷ ᠵᠢᠱᠢᠶᠡᠴᠢ ᠬᠥᠮᠥᠰ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠳᠡᠨ ᠤ ᠪᠡᠶ᠎ᠡ ᠳᠡᠭᠡᠷ᠎ᠡ ᠠᠴᠠ ᠴᠤᠭ ᠪᠠᠳᠠᠷᠠᠩᠭᠤᠢ ᠬᠦᠴᠦᠨ ᠴᠢᠳᠠᠯ ᠢ | ᠰᠢᠩᠭᠡᠬᠡᠨ ᠠᠪᠴᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ | ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠬᠠᠮᠲᠤ ᠪᠠᠷ ᠨᠤᠭᠤᠷᠠᠰᠢ ᠦᠭᠡᠢ ᠲᠡᠮᠡᠴᠡᠵᠦ᠂ ᠲᠡᠰᠪᠦᠷᠢ ᠬᠠᠲᠠᠭᠤᠵᠢᠯᠲᠠᠢ | ᠲᠡᠮᠡᠴᠡᠵᠦ᠂ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃ | ( ᠰᠢ ᠶᠢᠨ ᠫᠢᠩ ᠤᠨ 2016 ᠣᠨ ᠤ 2 ᠰᠠᠷ᠎ᠠ ᠶᠢᠨ 1 ᠤ ᠡᠳᠦᠷ ᠠᠴᠠ 3 ᠤ ᠡᠳᠦᠷ ᠪᠤᠯᠲᠠᠯᠠᠭᠢ ᠴᠠᠭᠠᠨ | ᠰᠠᠷ᠎ᠠ ᠠᠴᠠ ᠡᠮᠦᠨ᠎ᠡ ᠵᠢᠶᠠᠩᠰᠢ ᠳᠤ ᠬᠦᠷᠴᠦ ᠥᠷᠭᠡᠨ ᠤᠯᠠᠨ ᠺᠠᠳ᠋ᠷ ᠤᠯᠠᠨ ᠲᠦᠮᠡᠨ ᠢ ᠡᠷᠭᠢᠵᠦ ᠦᠵᠡᠬᠦ ᠦᠶ᠎ᠡ ᠶᠢᠨ | ᠶᠠᠷᠢᠶ᠎ᠠ ᠠᠴᠠ ) | ᠢᠷᠡᠯᠲᠡ᠄ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠥᠭᠦᠯᠡᠭᠰᠡᠨ ᠨᠢ︾ |