| ◆ ᠸᠠᠩ ᡁᠢ ᠮᠢᠨ | | ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | ᠵᠠᠭᠤᠨ ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠳᠤ᠄ ︽ᠮᠠᠨ ᠤ ᠨᠠᠮ ᠤᠳᠤ | ᠳᠠᠪᠲᠠᠭᠳᠠᠨ ᠪᠣᠯᠪᠠᠰᠤᠷᠠᠭᠠᠳ ᠴᠤᠭ ᠪᠠᠳᠠᠷᠠᠩᠭᠤᠢ ᠪᠠᠶᠢᠬᠤ ᠶᠢᠨ ᠨᠢᠭᠡᠨ ᠮᠠᠰᠢ ᠴᠢᠬᠤᠯᠠ ᠰᠢᠯᠲᠠᠭᠠᠨ ᠪᠣᠯ ᠳᠠᠷᠤᠢ | ᠪᠢᠳᠠ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠶᠢ ᠢᠮᠠᠭᠲᠠ ᠪᠠᠷᠢᠮᠲᠠᠯᠠᠵᠤ᠂ | ᠲᠤᠰ ᠪᠡᠶ᠎ᠡ ᠶᠢᠨ ᠡᠯ᠎ᠡ ᠲᠡᠦᠬᠡᠨ ᠴᠠᠭ ᠦᠶ᠎ᠡ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠪᠠ ᠰᠢᠯᠭᠠᠯᠲᠠ ᠶᠢ | ᠲᠠᠰᠤᠷᠠᠯᠲᠠ ᠦᠭᠡᠢ ᠰᠠᠶᠢᠲᠤᠷ ᠠᠷᠭᠠᠴᠠᠭᠠᠵᠤ᠂ ᠮᠠᠨ ᠤ ᠨᠠᠮ ᠤᠨ ᠳᠡᠯᠡᠬᠡᠢ ᠶᠢᠨ ᠪᠠᠶᠢᠳᠠᠯ ᠤᠨ ᠭᠦᠨᠵᠡᠭᠡᠢ | ᠬᠤᠪᠢᠷᠠᠯᠲᠠ ᠶᠢᠨ ᠲᠡᠦᠬᠡᠨ ᠠᠬᠢᠴᠠ ᠳᠤᠮᠳᠠ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠬᠤ ᠶᠢ ᠦᠨᠡᠨ | ᠬᠦ ᠪᠠᠲᠤᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠦᠯᠳᠦᠭᠡᠨ ᠢ ᠠᠷᠭᠠᠴᠠᠭᠠᠬᠤ ᠲᠡᠦᠬᠡᠨ ᠶᠠᠪᠤᠴᠠ ᠳᠤ ᠢᠮᠠᠭᠲᠠ ᠪᠦᠭᠦ ᠤᠯᠤᠰ ᠤᠨ ᠠᠷᠠᠳ ᠲᠦᠮᠡᠨ ᠤ ᠲᠦᠰᠢᠭ | ᠲᠤᠯᠭᠠᠭᠤᠷᠢ ᠪᠣᠯᠣᠭᠰᠠᠭᠠᠷ ᠢᠷᠡᠭᠰᠡᠨ ᠳᠤ ᠣᠷᠣᠰᠢᠨ᠎ᠠ︕︾ ᠭᠡᠵᠦ ᠵᠢᠭᠠᠵᠤ ᠭᠠᠷᠭᠠᠪᠠ᠃ ᠰᠢᠨ᠎ᠡ | ᠠᠷᠠᠳᠴᠢᠯᠠᠭᠰᠠᠨ ᠬᠤᠪᠢᠰᠬᠠᠯ ᠤᠨ ᠦᠶ᠎ᠡ ᠳᠤ ᠳᠤᠮᠳᠠᠳᠤ ᠤᠯᠤᠰ ᠤᠨ ᠡᠪ ᠬᠠᠮᠲᠤ ᠨᠠᠮ ᠨᠠᠮ ᠤᠨ ᠪᠠᠶᠢᠭᠤᠯᠤᠯᠲᠠ ᠶᠢ | ︽ᠠᠭᠤᠤ ᠶᠡᠭᠡ ᠢᠨᠵᠧᠨᠧᠷᠢᠩ︾ ᠭᠡᠵᠦ ᠪᠦᠲᠦᠭᠡᠯᠴᠢ ᠪᠠᠷ ᠨᠡᠷᠡᠶᠢᠳᠦᠭᠰᠡᠨ ᠶᠤᠮ᠃ ᠥᠭᠡᠷᠡᠴᠢᠯᠡᠯᠲᠡ | ᠨᠡᠭᠡᠭᠡᠯᠲᠡ ᠶᠢᠨ ᠰᠢᠨ᠎ᠡ ᠴᠠᠭ ᠦᠶ᠎ᠡ ᠳᠤ᠂ ᠨᠠᠮ ᠠᠴᠠ ᠲᠤᠰ ᠪᠡᠶ᠎ᠡ ᠶᠢᠨ ᠪᠠᠶᠢᠭᠤᠯᠤᠯᠲᠠ ᠪᠠᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠠᠮ ᠤᠨ ᠪᠠᠶᠢᠭᠤᠯᠤᠯᠲᠠ ᠶᠢ ᠰᠢᠨ᠎ᠡ ᠠᠭᠤᠤ ᠶᠡᠭᠡ ᠢᠨᠵᠧᠨᠧᠷᠢᠩ ᠤᠨ ᠳᠡᠭᠡᠳᠦ ᠬᠡᠮᠵᠢᠶᠡᠨ ᠳᠤ | ᠭᠦᠷᠲᠡᠯ᠎ᠡ ᠳᠡᠭᠡᠭᠰᠢᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠢ ᠦᠷᠭᠦᠯᠵᠢᠯᠡᠨ ᠠᠬᠢᠭᠤᠯᠪᠠ᠃ | ᠵᠠᠭᠤᠨ ᠵᠢᠯ ᠤᠨ ᠲᠤᠷᠰᠢᠬᠢ ᠨᠠᠮ ᠤᠨ ᠪᠠᠶᠢᠭᠤᠯᠤᠯᠲᠠ ᠶᠢᠨ ᠲᠡᠦᠬᠡᠨ ᠲᠤᠷᠰᠢᠯᠭ᠎ᠠ ᠶᠢ ᠡᠷᠭᠢᠴᠡᠭᠦᠯᠦᠨ | ᠳ᠋ᠦᠩᠨᠡᠭᠦ ᠨᠢ ᠪᠢᠳᠡᠨ ᠤ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣᠨ ᠤ ᠲᠤᠬᠠᠢ ᠲᠠᠨᠢᠯᠲᠠ ᠪᠠᠨ | ᠴᠢᠨᠠᠭᠰᠢᠳᠠ ᠭᠦᠨᠵᠡᠭᠡᠶᠢᠷᠡᠭᠦᠯᠵᠦ᠂ ᠰᠢᠨ᠎ᠡ ᠠᠶᠠᠨ ᠵᠠᠮ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠦᠨ ᠠᠬᠢᠭᠤᠯᠵᠤ᠂ ᠨᠠᠮ ᠤᠨ ᠪᠦᠲᠦᠭᠡᠯᠴᠢ ᠬᠦᠴᠦᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠢ | ᠳᠡᠭᠡᠭᠰᠢᠯᠡᠭᠦᠯᠵᠦ᠂ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠤᠨ ᠪᠠᠶᠢᠭᠤᠯᠤᠯᠲᠠ ᠶᠢᠨ ᠰᠢᠨ᠎ᠡ ᠠᠬᠤᠢ | ᠪᠠᠶᠢᠳᠠᠯ ᠢ ᠲᠠᠰᠤᠷᠠᠯᠳᠠ ᠦᠭᠡᠢ ᠨᠡᠭᠡᠭᠡᠬᠦ ᠳᠤ ᠲᠣᠯᠢ ᠪᠤᠯᠭᠠᠬᠤ ᠪᠠ ᠰᠡᠩᠬᠡᠷᠡᠭᠦᠯᠦᠯ ᠬᠠᠩᠭᠠᠬᠤ ᠳᠤ ᠠᠰᠢᠭᠲᠠᠢ ᠶᠤᠮ᠃ | | ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠪᠣᠯᠣᠨ | ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ | ᠮᠠᠷᠺᠰ ᠤᠨ ᠦᠵᠡᠯ ᠢᠶᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠦᠢᠯᠡᠳᠦᠯᠭᠡ ᠶᠢᠨ ᠰᠠᠭᠤᠷᠢᠨ | ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠶᠢ ᠲᠠᠰᠤᠷᠠᠯᠳᠡ ᠦᠭᠡᠢ ᠠᠬᠢᠭᠤᠯᠵᠤ᠂ ᠨᠠᠮ ᠤᠨ ᠤᠨᠤᠯ ᠤᠨ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠢᠶᠠᠷ ᠪᠦᠭᠦ ᠨᠠᠮ ᠢ ᠵᠡᠪᠰᠡᠭᠯᠡᠬᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠴᠢᠬᠤᠯᠠ ᠳᠠᠪᠠᠭᠤᠯᠢᠭ ᠪᠣᠯᠣᠨ᠎ᠠ᠃ ᠵᠠᠭᠤᠨ ᠵᠢᠯ ᠤᠨ ᠲᠤᠷᠰᠢ | ᠂ ᠮᠠᠨ ᠤ ᠨᠠᠮ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ | ᠪᠣᠯᠣᠨ ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠦᠭᠡᠢ ᠠᠬᠢᠭᠤᠯᠵᠤ᠂ ᠨᠠᠮ ᠤᠨ ᠪᠠᠶᠢᠭᠤᠯᠤᠯᠲᠠ ᠶᠢ | ᠠᠬᠢᠭᠤᠯᠬᠤ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠬᠠᠩᠭᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠰᠢᠨ᠎ᠡ ᠴᠠᠭ | ᠦᠶ᠎ᠡ ᠳᠤ ᠶᠠᠮᠠᠷ ᠶᠠᠩᠵᠤ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ | ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠬᠡᠷᠬᠢᠨ ᠪᠠᠷᠢᠮᠲᠠᠯᠠᠨ ᠬᠥᠭᠵᠢᠭᠦᠯᠬᠦ ᠡᠨᠡ ᠬᠦ ᠴᠢᠬᠤᠯᠠ | ᠶᠡᠭᠡ ᠴᠠᠭ ᠦᠶ᠎ᠡ ᠶᠢᠨ ᠰᠡᠳᠦᠪ ᠲᠤ ᠰᠢᠰᠲ᠋ᠧᠮ ᠲᠠᠢ ᠬᠠᠷᠢᠭᠤᠯᠲᠠ ᠥᠭᠴᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠷᠢᠯᠳᠦᠭᠦᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠠᠵᠢᠯᠯᠠᠭᠠᠨ ᠤ ᠵᠦᠭᠯᠡᠭᠦᠷ | ᠬᠠᠩᠭᠠᠪᠠ᠃ ᠪᠢᠳᠡ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠭᠡᠬᠦ ᠡᠨᠡ ᠬᠦ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ᠂ | ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ ᠢᠶᠠᠷ ᠪᠦᠭᠦ ᠨᠠᠮ ᠢ ᠵᠡᠪᠰᠡᠭᠯᠡᠬᠦ ᠶᠢ ᠪᠠᠷᠢᠮᠲᠠᠯᠠᠵᠤ᠂ ᠪᠦᠭᠦ ᠨᠠᠮ ᠢ | ᠬᠥᠮᠥᠵᠢᠭᠦᠯᠦᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠨᠡᠶᠢᠭᠡᠮ ᠢ ᠠᠵᠢᠭᠯᠠᠵᠤ᠂ ᠪᠣᠳᠠᠲᠤ ᠪᠠᠶᠢᠳᠠᠯ ᠢ ᠡᠵᠡᠮᠳᠡᠨ᠂ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ | ᠨᠠᠮ ᠤᠨ ᠠᠳᠠᠯᠢ ᠪᠤᠰᠤ ᠱᠠᠲᠤᠨ ᠤ ᠭᠤᠣᠯ ᠡᠭᠦᠷᠭᠡ ᠲᠠᠢ ᠨᠢᠭᠲᠠ ᠤᠶᠠᠯᠳᠤᠭᠤᠯᠵᠤ᠂ ᠨᠠᠮ ᠤᠨ | ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ | ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠪᠠ ᠡᠭᠦᠷᠭᠡ | ᠬᠠᠷᠢᠭᠤᠴᠠᠯᠭ᠎ᠠ ᠮᠥᠨ᠃ ᠨᠠᠮ ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠨ ᠥᠪᠡᠷ ᠤᠨ ᠲᠡᠦᠬᠡᠲᠦ | ᠡᠭᠦᠷᠭᠡ ᠶᠢᠨ ᠢᠶᠠᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠪᠠ᠃ ᠨᠠᠮ ᠤᠨ | ᠪᠠᠶᠢᠭᠤᠯᠤᠯᠲᠠ ᠶᠢᠨ ᠠᠭᠤᠤ ᠶᠡᠭᠡ ᠢᠨᠵᠧᠨᠧᠷᠢᠩ ᠨᠢ ᠨᠠᠮ ᠤᠨ ᠤᠳᠤᠷᠢᠳᠤᠭᠰᠠᠨ ᠠᠭᠤᠤ ᠶᠡᠭᠡ ᠦᠢᠯᠡᠰ ᠲᠠᠢ | ᠨᠢᠭᠲᠠ ᠬᠤᠯᠪᠣᠭᠳᠠᠵᠤ᠂ ᠬᠠᠷᠢᠯᠴᠠᠨ ᠠᠬᠢᠭᠤᠯᠳᠠᠭ᠃ ᠵᠠᠭᠤᠨ ᠵᠢᠯ ᠤᠨ ᠲᠤᠷᠰᠢ᠂ ᠨᠠᠮ ᠠᠴᠠ ᠠᠳᠠᠯᠢ ᠪᠤᠰᠤ | ᠲᠡᠦᠬᠡᠨ ᠱᠠᠲᠤ ᠦᠶ᠎ᠡ ᠳᠠᠬᠢ ᠳᠤᠮᠳᠠᠳᠤ ᠤᠯᠤᠰ ᠤᠨ ᠨᠡᠶᠢᠭᠡᠮ ᠤᠨ ᠬᠥᠭᠵᠢᠯᠲᠡ ᠶᠢᠨ ᠭᠤᠣᠯ ᠵᠥᠷᠢᠴᠡᠯ ᠢ | ᠦᠨᠳᠦᠰᠦᠯᠡᠨ ᠨᠠᠮ ᠤᠨ ᠭᠤᠣᠯ ᠡᠭᠦᠷᠭᠡ ᠪᠠ ᠤᠯᠤᠰ ᠲᠦᠷᠦ ᠶᠢᠨ ᠱᠤᠭᠤᠮ ᠢ ᠲᠣᠭᠲᠠᠭᠠᠵᠤ᠂ ᠨᠠᠮ ᠤᠨ ᠡᠯ᠎ᠡ | ᠲᠡᠦᠬᠡᠨ ᠴᠠᠭ ᠦᠶ᠎ᠡ ᠶᠢᠨ ᠭᠤᠣᠯ ᠡᠭᠦᠷᠭᠡ ᠲᠠᠢ ᠨᠢᠭᠲᠠ ᠤᠶᠠᠯᠳᠤᠭᠤᠯᠤᠨ ᠨᠠᠮ ᠤᠨ ᠪᠠᠶᠢᠭᠤᠯᠤᠯᠲᠠ ᠶᠢ | ᠴᠢᠩᠭᠠᠳᠬᠠᠵᠤ᠂ ᠵᠥᠪ ᠵᠣᠬᠢᠶᠠᠨ ᠪᠠᠶᠢᠭᠤᠯᠤᠯᠲᠠ ᠶᠢᠨ ᠱᠤᠭᠤᠮ ᠢᠶᠠᠷ ᠤᠯᠤᠰ ᠲᠦᠷᠦ ᠶᠢᠨ ᠵᠥᠪ ᠱᠤᠭᠤᠮ ᠢ | ᠪᠠᠲᠤᠯᠠᠬᠤ ᠳᠤ ᠦᠢᠯᠡᠴᠢᠯᠡᠨ᠂ ᠨᠠᠮ ᠤᠨ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ | ᠪᠠᠲᠤᠯᠠᠬᠤ ᠬᠡᠷᠡᠭᠲᠡᠢ ᠭᠡᠵᠦ ᠢᠮᠠᠭᠲᠠ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ | ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠨᠠᠮ ᠤᠨ | ᠪᠠᠶᠢᠭᠤᠯᠤᠯᠲᠠ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠭᠰᠠᠨ᠂ | ᠳᠤᠮᠳᠠᠳᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠳᠤ ᠬᠤᠪᠢᠷᠠᠯᠲᠠ ᠭᠠᠷᠤᠭᠰᠠᠨ ᠰᠢᠨ᠎ᠡ ᠪᠠᠶᠢᠳᠠᠯ ᠳᠤ | ᠵᠣᠬᠢᠴᠠᠭᠤᠯᠬᠤ ᠶᠢ ᠪᠠᠷᠢᠮᠲᠠᠯᠠᠵᠤ᠂ ᠠᠭᠤᠤ ᠶᠡᠭᠡ ᠢᠨᠵᠧᠨᠧᠷᠢᠩ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ | ᠭᠦᠢᠴᠡᠳ ᠪᠠᠳᠠᠷᠠᠭᠤᠯᠪᠠ᠃ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠬᠦ᠂ ᠬᠥᠮᠥᠨ ᠰᠣᠩᠭᠤᠵᠤ ᠬᠥᠮᠥᠨ ᠬᠡᠷᠡᠭᠯᠡᠬᠦ ᠪᠠᠷᠢᠮᠵᠢᠶ᠎ᠠ ᠪᠠ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠪᠠ | ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠳᠦᠷᠢᠮ ᠢ ᠪᠦᠷᠢᠨᠰᠢᠭᠦᠯᠬᠦ ᠵᠡᠷᠭᠡ ᠲᠠᠯ᠎ᠠ ᠪᠠᠷ ᠠᠯᠢ ᠤᠯᠠᠨ ᠴᠢᠬᠤᠯᠠ | ᠶᠡᠭᠡ ᠠᠷᠭ᠎ᠠ ᠬᠡᠮᠵᠢᠶ᠎ᠡ ᠠᠪᠴᠤ᠂ ᠨᠠᠮ ᠤᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ᠂ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ᠂ ᠨᠠᠮ ᠤᠨ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠠᠷᠠᠯ ᠢ ᠡᠰᠡᠷᠭᠦᠴᠡᠬᠦ | ᠲᠡᠮᠡᠴᠡᠯ ᠢ ᠭᠦᠨᠵᠡᠭᠡᠢ ᠥᠷᠨᠢᠭᠦᠯᠬᠦ ᠵᠡᠷᠭᠡ ᠲᠠᠢ ᠬᠠᠷᠢᠯᠴᠠᠨ ᠵᠣᠬᠢᠴᠠᠭᠤᠯᠵᠤ᠂ ᠨᠠᠮ ᠤᠨ ᠪᠠᠶᠢᠭᠤᠯᠤᠯᠲᠠ ᠶᠢᠨ ᠴᠢᠬᠤᠯᠠ | ᠶᠡᠭᠡ ᠠᠮᠵᠢᠯᠲᠠ ᠣᠯᠬᠤ ᠶᠢ ᠠᠬᠢᠭᠤᠯᠵᠤ᠂ ᠨᠠᠮ ᠪᠠ ᠤᠯᠤᠰ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ | ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠪᠠ᠃ | ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠨᠠᠮ ᠪᠣᠯᠣᠨ ᠠᠷᠠᠳ ᠤᠯᠠᠨ ᠤ ᠴᠢᠰᠤ ᠮᠢᠬᠠᠨ ᠤ | ᠪᠠᠷᠢᠯᠳᠤᠯᠭ᠎ᠠ ᠶᠢ ᠢᠮᠠᠭᠲᠠ ᠪᠠᠷᠢᠮᠲᠠᠯᠠᠬᠤ ᠬᠡᠷᠡᠭᠲᠡᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠶᠡᠭᠡ ᠤᠯᠤᠰ ᠲᠦᠷᠦ ᠶᠢᠨ ᠳᠠᠪᠠᠭᠤᠯᠢᠭ ᠪᠣᠯ | ᠤᠯᠠᠨ ᠲᠦᠮᠡᠨ ᠲᠠᠢ ᠨᠢᠭᠲᠠ ᠬᠠᠷᠢᠯᠴᠠᠬᠤ ᠶᠠᠪᠤᠳᠠᠯ ᠪᠣᠯᠣᠨ᠎ᠠ᠂ ᠨᠠᠮ ᠲᠦᠷᠦ ᠪᠠᠷᠢᠭᠰᠠᠨ ᠤ ᠳᠠᠷᠠᠭᠠᠬᠢ ᠬᠠᠮᠤᠭ ᠤᠨ | ᠶᠡᠭᠡ ᠠᠶᠤᠯ ᠲᠦᠭᠰᠢᠭᠦᠷᠢ ᠪᠣᠯ ᠤᠯᠠᠨ ᠲᠦᠮᠡᠨ ᠠᠴᠠ ᠬᠥᠨᠳᠡᠶᠢᠷᠡᠬᠦ ᠶᠠᠪᠤᠳᠠᠯ ᠪᠣᠯᠣᠨ᠎ᠠ᠃ ᠵᠠᠭᠤᠨ ᠵᠢᠯ ᠤᠨ ᠲᠤᠷᠰᠢ | ᠂ ᠮᠠᠨ ᠤ ᠨᠠᠮ ᠤᠨ ᠠᠷᠠᠳ ᠲᠦᠮᠡᠨ ᠢ ᠳᠡᠭᠡᠳᠦᠯᠡᠬᠦ ᠦᠨᠳᠦᠰᠦᠨ ᠤᠯᠤᠰ ᠲᠦᠷᠦ ᠶᠢᠨ ᠵᠣᠭᠰᠣᠯᠲᠠ ᠢᠮᠠᠭᠲᠠ | ᠬᠤᠪᠢᠷᠠᠭ᠎ᠠ ᠦᠭᠡᠢ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ | ᠵᠣᠷᠢᠯᠲᠠ ᠢᠮᠠᠭᠲᠠ ᠬᠤᠪᠢᠷᠠᠭ᠎ᠠ ᠦᠭᠡᠢ᠃ ᠬᠤᠪᠢᠰᠬᠠᠯᠲᠤ ᠲᠠᠶᠢᠨ ᠤ ᠵᠢᠯ ᠤᠳ ᠲᠤ᠂ ᠨᠠᠮ ᠪᠣᠳᠠᠲᠤ | ᠠᠵᠢᠯᠯᠠᠭ᠎ᠠ ᠪᠠᠷ ᠢᠶᠠᠨ ᠠᠷᠠᠳ ᠲᠦᠮᠡᠨ ᠤ ᠠᠰᠢᠭ ᠲᠤᠰᠠ ᠶᠢᠨ ᠲᠥᠯᠥᠭᠡ ᠲᠡᠮᠡᠴᠡᠵᠦ ᠪᠠᠶᠢᠬᠤ ᠪᠠᠨ ᠭᠡᠷᠡᠴᠢᠯᠡᠵᠦ᠂ | ᠠᠷᠠᠳ ᠤᠯᠠᠨ ᠤ ᠴᠢᠩ ᠰᠡᠳᠬᠢᠯ ᠤᠨ ᠬᠦᠷᠢᠶᠡᠯᠡᠯ ᠢ ᠣᠯᠵᠤ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ | ᠶᠢ ᠣᠯᠣᠭᠰᠠᠨ ᠶᠤᠮ᠃ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠨᠠᠮ ᠢᠮᠠᠭᠲᠠ | ᠠᠷᠠᠳ ᠤᠯᠠᠨ ᠲᠠᠢ ᠰᠡᠳᠬᠢᠯ ᠰᠠᠨᠠᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ | ᠵᠢᠷᠦᠬᠡ ᠪᠠᠨ ᠬᠤᠯᠪᠣᠨ᠂ ᠤᠯᠠᠨ ᠲᠦᠮᠡᠨ ᠤ ᠬᠦᠷᠢᠶᠡᠯᠡᠬᠦ ᠡᠰᠡᠬᠦ᠂ ᠵᠥᠪᠰᠢᠶᠡᠷᠡᠬᠦ ᠡᠰᠡᠬᠦ᠂ ᠪᠠᠶᠠᠷᠯᠠᠬᠤ ᠡᠰᠡᠬᠦ᠂ | ᠬᠦᠯᠢᠶᠡᠬᠦ ᠡᠰᠡᠬᠦ ᠪᠠᠷ ᠨᠠᠮ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠰᠢᠯᠭᠠᠬᠤ ᠪᠠᠷᠢᠮᠵᠢᠶ᠎ᠠ ᠪᠣᠯᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ | ᠨᠠᠮ ᠤᠨ ᠲᠥᠪ ᠬᠤᠷᠢᠶ᠎ᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ | ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠲᠦᠮᠡᠨ ᠢ ᠨᠡᠩ ᠤᠯᠠᠨ ᠨᠡᠩ ᠰᠢᠭᠤᠳ | ᠨᠡᠩ ᠪᠣᠳᠠᠲᠠᠢ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠲᠠᠢ ᠪᠣᠯᠭᠠᠪᠠ | ᠃ ᠰᠢᠨ᠎ᠡ ᠠᠶᠠᠨ ᠵᠠᠮ ᠳᠤ᠂ ᠡᠷᠬᠡᠪᠰᠢ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ | ᠪᠠᠶᠢᠷᠢᠨ ᠳᠤ ᠲᠠᠯᠪᠢᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ | ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠠᠪᠤᠳᠠᠯ ᠢ ᠨᠠᠮ ᠤᠨ ᠪᠠᠶᠢᠭᠤᠯᠤᠯᠲᠠ ᠶᠢᠨ | ᠭᠠᠷᠳᠠᠴᠠ ᠪᠠ ᠲᠤᠰᠤᠯᠲᠠ ᠪᠤᠯᠭᠠᠵᠤ᠂ ᠠᠷᠠᠳ ᠤᠯᠠᠨ ᠢ ᠨᠢᠭᠲᠠ ᠲᠦᠰᠢᠭᠯᠡᠨ ᠢᠮᠠᠭᠲᠠ ᠡᠷᠡᠰ ᠭᠤᠶᠢᠪᠢᠰᠢ | ᠦᠭᠡᠢ ᠪᠠᠷ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ | ᠲᠤᠰᠠ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃ | ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠥᠷᠨᠢᠭᠦᠨ | ᠪᠠᠳᠠᠷᠠᠩᠭᠤᠢ ᠠᠮᠢᠳᠤᠯᠢᠭ ᠬᠦᠴᠦᠨ ᠪᠠ ᠪᠦᠯᠬᠦᠮᠳᠡᠯ ᠨᠢᠭᠡᠳᠦᠯ ᠢ ᠴᠢᠩᠭᠠᠳᠬᠠᠬᠤ ᠬᠡᠷᠡᠭᠲᠡᠢ | ᠠᠷᠠᠳᠴᠢᠯᠠᠯ ᠲᠥᠪᠯᠡᠷᠡᠯ ᠤᠨ ᠶᠣᠰᠣ ᠪᠣᠯ ᠨᠠᠮ ᠪᠠ ᠲᠦᠷᠦ ᠶᠢᠨ ᠦᠨᠳᠦᠰᠦᠨ ᠵᠣᠬᠢᠶᠠᠨ ᠪᠠᠶᠢᠭᠤᠯᠤᠯᠲᠠ ᠶᠢᠨ | ᠳᠦᠷᠢᠮ ᠪᠠ ᠤᠳᠤᠷᠢᠳᠬᠤ ᠳᠦᠷᠢᠮ ᠮᠥᠨ᠂ ᠪᠠᠰᠠ ᠴᠤ ᠬᠠᠮᠤᠭ ᠤᠨ ᠴᠢᠬᠤᠯᠠ ᠤᠯᠤᠰ ᠲᠦᠷᠦ ᠶᠢᠨ ᠰᠠᠬᠢᠯᠭ᠎ᠠ | ᠪᠠᠲᠤ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠮᠥᠨ᠃ ᠠᠷᠠᠳ ᠤᠯᠡᠠ ᠤ ᠲᠡᠦᠬᠡᠨ ᠰᠠᠨᠠᠭᠠᠴᠢᠯᠠᠭᠠᠲᠤ | ᠵᠣᠷᠢᠭ ᠰᠠᠨᠠᠭ᠎ᠠ ᠪᠣᠯᠣᠨ ᠠᠭᠤᠤ ᠶᠡᠭᠡ ᠪᠦᠲᠦᠭᠡᠯᠴᠢ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠨᠠᠮ ᠤᠨ | ᠤᠳᠤᠷᠢᠳᠬᠤ ᠬᠠᠮᠲᠤ ᠪᠠ ᠤᠳᠤᠷᠢᠳᠬᠤ ᠭᠤᠣᠯᠯᠠᠭᠴᠢ ᠶᠢᠨ ᠡᠷᠬᠡ ᠰᠦᠷ ᠪᠣᠯᠣᠨ ᠦᠢᠯᠡᠳᠦᠯ ᠢ ᠡᠷᠡᠰ ᠬᠠᠮᠠᠭᠠᠯᠠᠬᠤ | ᠶᠠᠪᠤᠳᠠᠯ ᠪᠣᠯ ᠨᠢᠭᠡᠨ ᠪᠣᠯᠪᠠᠰᠤᠷᠠᠩᠭᠤᠢ ᠮᠠᠷᠺᠰ ᠤᠨ ᠦᠵᠡᠯ ᠤᠨ ᠲᠦᠷᠦ ᠶᠢᠨ ᠨᠠᠮ ᠤᠨ ᠴᠢᠬᠤᠯᠠ ᠰᠢᠨᠵᠢ ᠲᠡᠮᠳᠡᠭ | ᠮᠥᠨ᠃ ︽ᠬᠤᠶᠠᠷ ᠢ ᠬᠠᠮᠠᠭᠠᠯᠠᠬᠤ︾ ᠪᠣᠯ ᠰᠢᠨ᠎ᠡ ᠴᠠᠭ ᠦᠶ᠎ᠡ ᠶᠢᠨ ᠠᠷᠠᠳᠴᠢᠯᠠᠯ ᠲᠥᠪᠯᠡᠷᠡᠯ ᠤᠨ ᠶᠣᠰᠣᠨ ᠤ | ᠪᠦᠲᠦᠭᠡᠯᠴᠢ ᠴᠢᠨᠠᠷᠲᠠᠢ ᠬᠡᠷᠡᠭᠯᠡᠯᠲᠡ ᠮᠥᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠯ ᠠᠷᠠᠳᠴᠢᠯᠠᠯ | ᠲᠥᠪᠯᠡᠷᠡᠯ ᠤᠨ ᠶᠣᠰᠣᠨ ᠤ ᠪᠠᠶᠢᠪᠠᠰᠤ ᠵᠣᠬᠢᠬᠤ ᠠᠭᠤᠯᠭ᠎ᠠ ᠮᠥᠨ᠃ ᠵᠠᠭᠤᠨ ᠵᠢᠯ ᠤᠨ ᠲᠤᠷᠰᠢ᠂ ᠳᠤᠮᠳᠠᠳᠤ | ᠤᠯᠤᠰ ᠤᠨ ᠡᠪ ᠬᠠᠮᠲᠤ ᠨᠠᠮ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠬᠡᠷᠡᠭᠯᠡᠨ᠂ ᠨᠠᠮ ᠤᠨ | ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠵᠢᠷᠤᠮᠵᠢᠭᠤᠯᠬᠤ᠂ ᠨᠠᠮ ᠤᠨ ᠳᠣᠲᠣᠭᠠᠳᠤ ᠶᠢᠨ ᠬᠠᠷᠢᠴᠠᠭ᠎ᠠ ᠶᠢ | ᠰᠢᠢᠳᠪᠦᠷᠢᠯᠡᠬᠦ ᠦᠨᠳᠦᠰᠦᠨ ᠪᠠᠷᠢᠮᠵᠢᠶ᠎ᠠ ᠪᠠ ᠪᠣᠳᠠᠲᠠᠢ ᠳᠦᠷᠢᠮ ᠢ ᠲᠣᠭᠲᠠᠭᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠴᠣᠭᠴᠠᠯᠠᠯᠲᠠ ᠶᠢᠨ ᠲᠠᠯ᠎ᠠ ᠪᠠᠷ ᠬᠢ ᠢᠯᠡ ᠲᠣᠳᠣ ᠣᠨᠴᠠᠯᠢᠭ ᠢ ᠪᠦᠷᠢᠯᠳᠦᠭᠦᠯᠵᠦ᠂ | ᠪᠣᠯᠪᠠᠰᠤᠷᠠᠩᠭᠤᠢ ᠲᠥᠪ ᠬᠤᠷᠢᠶᠠᠨ ᠤ ᠤᠳᠤᠷᠢᠳᠬᠤ ᠬᠠᠮᠲᠤ ᠶᠢ ᠪᠦᠷᠢᠯᠳᠦᠭᠦᠯᠬᠦ ᠪᠠ ᠤᠳᠤᠷᠢᠳᠬᠤ ᠭᠤᠣᠯᠯᠠᠭᠴᠢ ᠶᠢ | ᠲᠣᠭᠲᠠᠭᠠᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠭᠦ᠋ ᠲᠢᠶᠠᠨ ᠤ ᠬᠤᠷᠠᠯ ᠨᠢ ᠳᠠᠩ ᠴᠤᠯᠭᠤᠢ ᠴᠡᠷᠢᠭ ᠤᠨ | ᠶᠠᠪᠤᠳᠠᠯ ᠤᠨ ᠦᠵᠡᠯᠲᠡ᠂ ᠭᠡᠳᠦ ᠠᠷᠠᠳᠴᠢᠯᠠᠯ᠂ ᠵᠣᠬᠢᠶᠠᠨ ᠪᠠᠶᠢᠭᠤᠯᠤᠯᠲᠠ ᠶᠢᠨ ᠪᠤᠰᠤ ᠦᠵᠡᠯᠲᠡ ᠵᠡᠷᠭᠡ ᠪᠤᠷᠤᠭᠤ | ᠦᠵᠡᠯ ᠰᠠᠨᠠᠭ᠎ᠠ ᠶᠢ ᠵᠠᠯᠠᠷᠠᠭᠤᠯᠵᠤ᠂ ᠲᠥᠪᠯᠡᠷᠡᠩᠭᠦᠢ ᠵᠢᠯᠣᠭᠤᠳᠤᠯᠭ᠎ᠠ ᠳᠣᠣᠷᠠᠬᠢ ᠠᠷᠠᠳᠴᠢᠯᠠᠯ ᠤᠨ ᠠᠮᠢᠳᠤᠷᠠᠯ ᠢ | ᠴᠢᠩᠭ᠎ᠠ ᠬᠡᠷᠡᠭᠵᠢᠭᠦᠯᠬᠦ ᠶᠢ ᠴᠢᠬᠤᠯᠠᠴᠢᠯᠠᠵᠤ᠂ ᠨᠠᠮ ᠤᠨ ᠳᠠᠶᠢᠴᠢᠨ ᠬᠦᠴᠦᠨ ᠢ ᠳᠡᠭᠡᠭᠰᠢᠯᠡᠭᠦᠯᠭᠦ᠂ ᠬᠤᠪᠢᠰᠬᠠᠯ ᠤᠨ | ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ | ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠵᠠᠷᠢᠮ ᠬᠦᠷᠢᠶ᠎ᠡ | ᠴᠠᠷᠠᠭᠠᠨ ᠳᠠᠬᠢ ᠨᠠᠮ ᠤᠨ ᠤᠳᠤᠷᠢᠳᠤᠯᠭ᠎ᠠ ᠰᠤᠯᠠᠷᠠᠬᠤ᠂ ᠨᠠᠮ ᠤᠨ ᠪᠠᠶᠢᠭᠤᠯᠤᠯᠲᠠ ᠳᠤᠲᠠᠭᠳᠠᠬᠤ᠂ ᠨᠠᠮ ᠢ | ᠬᠠᠮᠢᠶᠠᠷᠴᠤ ᠨᠠᠮ ᠢ ᠵᠠᠰᠠᠬᠤ ᠡᠷᠴᠢᠮ ᠰᠤᠯᠠ ᠪᠠᠶᠢᠬᠤ ᠪᠠᠶᠢᠳᠠᠯ ᠢ ᠡᠷᠡᠰ ᠬᠤᠪᠢᠷᠠᠭᠤᠯᠵᠤ᠂ ᠨᠠᠮ ᠤᠨ ᠪᠦᠭᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠣᠯᠯᠠᠭᠴᠢ᠂ | ᠪᠦᠭᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ | ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠣᠯ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢᠨ ᠴᠢᠬᠤᠯᠠ ᠶᠡᠭᠡ ᠤᠯᠤᠰ ᠲᠦᠷᠦ ᠶᠢᠨ ᠦᠷ᠎ᠡ ᠪᠦᠲᠦᠭᠡᠯ ᠪᠠ ᠡᠷᠬᠢᠮ ᠨᠠᠨᠳᠢᠨ ᠲᠤᠷᠰᠢᠯᠭ᠎ᠠ ᠮᠥᠨ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠵᠣᠷᠢᠭ ᠰᠠᠨᠠᠭ᠎ᠠ ᠪᠠᠷ ᠨᠠᠮ ᠤᠨ ᠪᠠᠶᠢᠭᠤᠯᠤᠯᠲᠠ ᠶᠢ ᠠᠬᠢᠭᠤᠯᠵᠤ᠂ | ᠨᠠᠮ ᠤᠨ ᠪᠦᠲᠦᠭᠡᠯᠴᠢ ᠬᠦᠴᠦᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠢ ᠲᠠᠰᠤᠷᠠᠯᠳᠠ ᠦᠭᠡᠢ | ᠴᠢᠩᠭᠠᠳᠬᠠᠬᠤ ᠬᠡᠷᠡᠭᠲᠡᠢ | ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠪᠠᠷ ᠥᠪᠡᠷ ᠢ ᠪᠠᠨ ᠬᠢᠨᠠᠨ ᠦᠵᠡᠵᠦ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠭᠦ ᠵᠣᠷᠢᠭ ᠰᠠᠨᠠᠭ᠎ᠠ ᠪᠠᠷ ᠥᠪᠡᠷ ᠢ ᠪᠠᠨ ᠳᠠᠪᠲᠠᠨ ᠪᠤᠯᠪᠠᠰᠤᠷᠠᠭᠤᠯᠬᠤ ᠶᠢ ᠪᠠᠷᠢᠮᠲᠠᠯᠠᠬᠤ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠢᠮᠠᠭᠲᠠ ᠴᠤᠭ ᠪᠠᠳᠠᠷᠠᠩᠭᠤᠢ ᠴᠤᠭ ᠵᠢᠪᠬᠤᠭ᠎ᠠ ᠪᠠ ᠠᠮᠢᠵᠢᠷᠠᠯ ᠤᠨ | ᠬᠦᠴᠦᠨ ᠢᠶᠠᠨ ᠪᠠᠲᠤᠯᠠᠭᠰᠠᠨ ᠴᠢᠬᠤᠯᠠ ᠰᠢᠯᠲᠠᠭᠠᠨ ᠮᠥᠨ᠃ ᠵᠠᠭᠤᠨ ᠵᠢᠯ ᠤᠨ ᠲᠤᠷᠰᠢ᠂ ᠨᠠᠮ ᠠᠴᠠ ᠰᠢᠨ᠎ᠡ | ᠪᠠᠶᠢᠳᠠᠯ ᠰᠢᠨ᠎ᠡ ᠡᠭᠦᠷᠭᠡ ᠶᠢᠨ ᠬᠡᠷᠡᠭᠴᠡᠭᠡ ᠶᠢ ᠦᠨᠳᠦᠰᠦᠯᠡᠨ᠂ ᠨᠠᠮ ᠤᠨ ᠪᠠᠶᠢᠭᠤᠯᠤᠯᠲᠠ ᠶᠢᠨ ᠪᠠᠶᠢᠯᠳᠤᠬᠤ | ᠪᠣᠳᠣᠯᠭ᠎ᠠ ᠶᠢᠨ ᠡᠭᠦᠷᠭᠡ ᠪᠠ ᠪᠣᠳᠠᠲᠤ ᠱᠠᠭᠠᠷᠳᠠᠯᠭ᠎ᠠ ᠶᠢ ᠪᠦᠬᠦᠯᠢ ᠴᠣᠭᠴᠠ ᠶᠢᠨ ᠲᠠᠯ᠎ᠠ ᠠᠴᠠ ᠡᠵᠡᠮᠳᠡᠵᠦ᠂ ᠨᠠᠮ ᠤᠨ | ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠂ ᠨᠠᠮ ᠤᠨ | ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠪᠠ᠃ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠰᠠᠭᠤᠷᠢᠯᠠᠨ᠂ | ᠮᠠᠨ ᠤ ᠨᠠᠮ ᠪᠠᠶᠢᠭᠤᠯᠤᠭᠳᠠᠭᠰᠠᠨ ᠤ ᠳᠠᠷᠠᠭᠠᠬᠢ ᠮᠠᠰᠢ ᠤᠷᠲᠤ ᠬᠤᠭᠤᠴᠠᠭᠠᠨ ᠳᠤ ᠦᠵᠡᠯ ᠰᠠᠨᠠᠭᠠᠨ ᠤ | ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠰᠤᠷᠲᠠᠯ ᠤᠨ ᠪᠠᠶᠢᠭᠤᠯᠤᠯᠲᠠ ᠶᠢ ᠲᠣᠪᠤᠶᠢᠯᠭᠠᠨ | ᠴᠢᠬᠤᠯᠠᠴᠢᠯᠠᠭᠰᠠᠭᠠᠷ ᠢᠷᠡᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ | ᠳᠣᠲᠣᠭᠠᠳᠤ ᠳᠤ ᠢᠯᠡᠷᠡᠭᠰᠡᠨ ᠲᠣᠪᠣᠶᠢᠮ᠎ᠠ ᠠᠰᠠᠭᠤᠳᠠᠯ ᠤᠨ ᠡᠮᠦᠨ᠎ᠡ᠂ ᠨᠠᠮ ᠢ ᠪᠦᠭᠦ ᠲᠠᠯ᠎ᠠ ᠪᠠᠷ ᠴᠢᠩᠭ᠎ᠠ ᠬᠠᠮᠢᠶᠠᠷᠴᠤ | ᠴᠢᠩᠭ᠎ᠠ ᠵᠠᠰᠠᠬᠤ ᠶᠢ ᠴᠢᠬᠤᠯᠠᠴᠢᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠠᠯᠢ ᠤᠯᠠᠨ ᠰᠢᠨ᠎ᠡ ᠶᠢ ᠡᠭᠦᠳᠭᠦ | ᠠᠷᠭ᠎ᠠ ᠬᠡᠮᠵᠢᠶ᠎ᠡ ᠶᠢ ᠲᠣᠭᠲᠠᠭᠠᠵᠤ᠂ ᠮᠠᠭᠤ ᠶᠢ ᠨᠢ ᠮᠠᠭᠤᠰᠢᠶᠠᠵᠤ ᠰᠠᠶᠢᠨ ᠢ ᠨᠢ ᠰᠠᠶᠢᠰᠢᠶᠠᠵᠤ᠂ ᠦᠨᠳᠦᠰᠦ | ᠰᠠᠭᠤᠷᠢ ᠶᠢ ᠪᠠᠬᠢᠵᠢᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠪᠡ | ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠮ ᠤᠨ ᠪᠠᠶᠢᠭᠤᠯᠤᠯᠲᠠ ᠶᠢᠨ ᠲᠡᠦᠬᠡᠨ ᠲᠤᠷᠰᠢᠯᠭ᠎ᠠ ᠪᠣᠯᠣᠨ | ᠰᠢᠨ᠎ᠡ ᠰᠣᠷᠭᠤᠭ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ︽ᠨᠠᠮ ᠤᠨ ᠤᠯᠤᠰ ᠲᠦᠷᠦ ᠶᠢᠨ ᠪᠠᠶᠢᠭᠤᠯᠤᠯᠲᠠ | ᠪᠣᠯ ᠨᠠᠮ ᠤᠨ ᠦᠨᠳᠦᠰᠦᠨ ᠴᠢᠨᠠᠷᠲᠠᠢ ᠪᠠᠶᠢᠭᠤᠯᠤᠯᠲᠠ ᠮᠥᠨ︾ ᠭᠡᠵᠦ ᠴᠢᠬᠤᠯᠠᠴᠢᠯᠠᠵᠤ᠂ ᠰᠢᠨ᠎ᠡ ᠴᠠᠭ ᠦᠶ᠎ᠡ ᠶᠢᠨ | ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠨᠠᠮ ᠤᠨ | ᠪᠠᠶᠢᠭᠤᠯᠤᠯᠲᠠ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠦᠢᠯᠡᠳᠦᠯᠭᠡ ᠭᠡᠷᠡᠴᠢᠯᠡᠭᠰᠡᠨ ᠨᠢ᠂ ᠨᠠᠮ ᠤᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠳᠤ᠂ ᠡᠷᠬᠡᠪᠰᠢ ᠴᠠᠭ ᠦᠶ᠎ᠡ ᠶᠢᠨ ᠬᠥᠭᠵᠢᠯᠲᠡ ᠶᠢᠨ | ᠱᠠᠭᠠᠷᠳᠠᠯᠭ᠎ᠠ ᠳᠤ ᠵᠣᠬᠢᠴᠠᠵᠤ᠂ ᠨᠠᠮ ᠤᠨ ᠪᠠᠶᠢᠭᠤᠯᠤᠯᠲᠠ ᠶᠢᠨ ᠭᠤᠣᠯ ᠰᠢᠵᠢᠮ ᠪᠣᠯᠣᠨ ᠪᠠᠶᠢᠷᠢᠰᠢᠭᠤᠯᠤᠯᠲᠠ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠠᠮ ᠤᠨ ᠪᠠᠶᠢᠭᠤᠯᠤᠯᠲᠠ ᠶᠢᠨ ᠠᠭᠤᠯᠭ᠎ᠠ ᠶᠢ ᠨᠡᠩ ᠪᠦᠭᠦ ᠲᠠᠯ᠎ᠠ ᠪᠠᠷ᠂ | ᠪᠦᠲᠦᠴᠡ ᠶᠢ ᠨᠡᠩ ᠲᠥᠪ ᠴᠢᠩᠭ᠎ᠠ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠨᠡᠩ ᠴᠢᠩᠭ᠎ᠠ ᠪᠤᠯᠭᠠᠵᠤ᠂ ᠰᠢᠨ᠎ᠡ | ᠴᠠᠭ ᠦᠶ᠎ᠡ ᠶᠢᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠵᠤ᠂ ᠨᠠᠮ ᠤᠨ | ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ | ᠳᠡᠭᠡᠭᠰᠢᠯᠡᠭᠦᠯᠭᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠡᠷᠢᠭᠦᠨ ᠤ ᠴᠢᠨᠠᠷ ᠪᠣᠯᠣᠨ ᠴᠡᠪᠡᠷ | ᠠᠷᠢᠭᠤᠨ ᠴᠢᠨᠠᠷ ᠢ ᠡᠭᠦᠷᠢᠳᠡ ᠪᠠᠲᠤᠯᠠᠵᠤ᠂ ᠨᠠᠮ ᠢ ᠡᠭᠦᠷᠢᠳᠡ ᠢᠯᠠᠭᠳᠠᠰᠢ ᠦᠭᠡᠢ ᠪᠠᠶᠢᠷᠢᠨ ᠳᠤ ᠪᠠᠶᠢᠯᠭᠠᠬᠤ ᠬᠡᠷᠡᠭᠲᠡᠢ | ᠃ ︵︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠢᠯᠵᠢᠶ᠎ᠡ ᠠᠴᠠ ᠰᠠᠴᠤᠷᠠᠯ ᠣᠷᠴᠢᠭᠤᠯᠪᠠ︶ |