| ◆ᠯᠢ ᠮᠧᠩ ᠶᠦᠨ ᠯᠢ ᠵᠢᠶᠠ ᠸᠧᠢ | | ᠬᠥᠮᠥᠨ ᠳᠤ ᠵᠣᠷᠢᠭ ᠰᠠᠨᠠᠭ᠎ᠠ ᠪᠠᠶᠢᠬᠤ ᠦᠭᠡᠢ ᠪᠣᠯ ᠣᠷᠣᠰᠢᠨ ᠲᠣᠭᠲᠠᠨᠢᠵᠤ ᠴᠢᠳᠠᠬᠤ ᠦᠭᠡᠢ᠂ ᠤᠯᠤᠰ | ᠭᠦᠷᠦᠨ ᠳᠤ ᠵᠣᠷᠢᠭ ᠰᠠᠨᠠᠭ᠎ᠠ ᠪᠠᠶᠢᠬᠤ ᠦᠭᠡᠢ ᠪᠣᠯ ᠬᠦᠴᠦᠷᠬᠡᠭᠵᠢᠵᠦ ᠴᠢᠳᠠᠬᠤ ᠦᠭᠡᠢ᠂ ᠲᠦᠷᠦ ᠶᠢᠨ ᠨᠠᠮ ᠳᠤ | ᠵᠣᠷᠢᠭ ᠰᠠᠨᠠᠭ᠎ᠠ ᠪᠠᠶᠢᠬᠤ ᠦᠭᠡᠢ ᠪᠣᠯ ᠬᠥᠭᠵᠢᠨ ᠮᠠᠨᠳᠤᠵᠤ ᠴᠢᠳᠠᠬᠤ ᠦᠭᠡᠢ᠃ ᠶᠡᠷᠦᠩᠬᠡᠢ ᠱᠦᠵᠢ ᠰᠢ ᠶᠢᠨ ᠫᠢᠩ᠄ | ︽ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠠᠭᠤᠤ ᠶᠡᠭᠡ ᠨᠠᠮ ᠪᠠᠶᠢᠭᠤᠯᠬᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠤᠷᠳᠤ ᠬᠤᠭᠤᠴᠠᠭᠠᠨ ᠤ ᠲᠡᠮᠡᠴᠡᠯ ᠤᠨ ᠳᠤᠮᠳᠠ ᠳᠤᠮᠳᠠᠳᠤ ᠤᠯᠤᠰ ᠤᠨ ᠡᠪ | ᠬᠠᠮᠲᠤᠴᠤᠳ ᠤᠨ ᠤᠶᠤᠨ ᠰᠠᠨᠠᠭᠠᠨ ᠤ ᠴᠠᠳᠢᠭ ᠢ ᠴᠣᠭᠴᠠᠯᠠᠵᠤ᠂ ᠢᠯᠡ ᠲᠣᠳᠣ ᠤᠯᠤᠰ ᠲᠦᠷᠦ ᠶᠢᠨ ᠬᠡᠪ ᠴᠢᠨᠠᠷ ᠢ | ᠳᠠᠪᠲᠠᠨ ᠪᠣᠯᠪᠠᠰᠤᠷᠠᠭᠤᠯᠪᠠ︾ ᠭᠡᠵᠦ ᠵᠢᠭᠠᠵᠤ ᠭᠠᠷᠭᠠᠪᠠ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ | ᠬᠠᠮᠲᠤ ᠨᠠᠮ ᠶᠠᠭ ᠡᠳᠡᠭᠡᠷ ᠤᠯᠤᠰ ᠲᠦᠷᠦ ᠶᠢᠨ ᠵᠠᠩ ᠴᠢᠨᠠᠷ ᠢ ᠲᠠᠰᠤᠷᠠᠯᠲᠠ ᠦᠭᠡᠢ ᠤᠯᠠᠮᠵᠢᠯᠠᠨ ᠵᠠᠯᠭᠠᠮᠵᠢᠯᠠᠬᠤ ᠪᠠ | ᠢᠯᠡᠷᠡᠭᠦᠯᠭᠦ ᠳᠤᠮᠳᠠ ᠲᠡᠦᠬᠡ ᠶᠢᠨ ᠴᠢᠭᠯᠡᠯ ᠢ ᠡᠵᠡᠮᠳᠡᠵᠦ᠂ ᠲᠡᠦᠬᠡ ᠶᠢᠨ ᠠᠵᠠ ᠲᠣᠭᠢᠶᠠᠯ ᠢ ᠠᠮᠵᠢᠵᠤ᠂ ᠳᠤᠮᠳᠠᠳᠤ | ᠤᠯᠤᠰ ᠤᠨ ᠠᠷᠠᠳ ᠲᠦᠮᠡᠨ ᠢ ᠳᠠᠭᠠᠭᠤᠯᠤᠨ ᠶᠡᠭᠡ ᠠᠯᠬᠤᠭ᠎ᠠ ᠪᠠᠷ ᠴᠠᠭ ᠦᠶ᠎ᠡ ᠶᠢ ᠬᠥᠭᠡᠭᠡᠨ ᠭᠦᠢᠴᠡᠵᠦ᠂ | ᠳᠤᠮᠳᠠᠳᠤ ᠶᠢᠨ ᠦᠨᠳᠦᠰᠦᠲᠡᠨ ᠢ ᠬᠥᠲᠥᠯᠥᠨ ᠳᠠᠭᠠᠭᠤᠯᠵᠤ ᠭᠡᠭᠡᠨ ᠰᠠᠷᠠᠭᠤᠯ ᠵᠠᠮ ᠢᠶᠠᠷ ᠵᠠᠮᠨᠠᠭᠤᠯᠤᠭᠰᠠᠨ ᠶᠤᠮ᠃ | | | ᠲᠡᠷᠢᠭᠦᠨ ᠤ ᠬᠢ ᠶᠢ ᠥᠨᠢᠳᠡ ᠪᠠᠷᠢᠮᠲᠠᠯᠠᠪᠠ | | | ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠳᠤ ᠠᠭᠤᠯᠤᠭᠳᠠᠵᠤ ᠪᠠᠶᠢᠭ᠎ᠠ ︽ᠦᠨᠡᠨ ᠶᠣᠰᠣ ᠶᠢ | ᠪᠠᠷᠢᠮᠲᠠᠯᠠᠵᠤ᠂ ᠬᠦᠰᠡᠯᠡᠩ ᠢᠶᠠᠨ ᠪᠠᠲᠤ ᠰᠠᠬᠢᠬᠤ︾ ᠵᠣᠷᠢᠭ ᠰᠠᠨᠠᠭᠠᠨ ᠤ ᠠᠭᠤᠯᠤᠭᠳᠠᠬᠤᠨ ᠨᠢ ᠳᠤᠮᠳᠠᠳᠤ | ᠤᠯᠤᠰ ᠤᠨ ᠡᠪ ᠬᠠᠮᠲᠤ ᠨᠠᠮ ᠤᠨ ︽ᠲᠡᠷᠢᠭᠦᠨ ᠤ ᠴᠢᠨᠠᠷ ᠢᠶᠠᠨ ᠡᠭᠦᠷᠢᠳᠡ ᠪᠠᠲᠤᠯᠠᠬᠤ︾ ᠤᠯᠤᠰ ᠲᠦᠷᠦ ᠶᠢᠨ ᠬᠡᠪ | ᠴᠢᠨᠠᠷ ᠢ ᠢᠯᠡᠷᠡᠭᠦᠯᠪᠡ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ | ᠮᠠᠷᠺᠰ ᠤᠨ ᠦᠵᠡᠯ ᠤᠨ ᠦᠨᠡᠨ ᠶᠣᠰᠣ ᠪᠠᠷ ᠦᠢᠯᠡᠳᠦᠯᠭᠡ ᠪᠠᠨ ᠵᠢᠯᠣᠭᠤᠳᠤᠭᠤᠯᠵᠤ᠂ ᠡᠪ ᠬᠠᠮᠲᠤ ᠶᠣᠰᠣᠨ ᠤ | ᠠᠯᠤᠰ ᠭᠡᠳᠤ ᠶᠢᠨ ᠬᠦᠰᠡᠯᠡᠩ ᠢᠶᠠᠷ ᠢᠷᠡᠭᠡᠳᠦᠢ ᠪᠠᠨ ᠵᠢᠯᠣᠭᠤᠳᠤᠭᠤᠯᠵᠤ᠂ ᠲᠡᠦᠬᠡ ᠶᠢᠨ ᠤᠷᠤᠭᠰᠢᠯᠠᠯᠲᠠ ᠶᠢᠨ ᠵᠥᠪ | ᠴᠢᠭᠯᠡᠯ ᠢ ᠪᠠᠲᠤ ᠡᠵᠡᠮᠳᠡᠪᠡ᠃ | ᠮᠠᠷᠺᠰ ᠤᠨ ᠦᠵᠡᠯ ᠤᠨ ᠲᠦᠷᠦ ᠶᠢᠨ ᠨᠠᠮ ᠤᠨ ᠲᠡᠷᠢᠭᠦᠨ ᠤ ᠴᠢᠨᠠᠷ ᠨᠢ ᠡᠩ ᠲᠡᠷᠢᠭᠦᠨ ᠳᠤ ᠦᠵᠡᠯ ᠰᠠᠨᠠᠭ᠎ᠠ | ᠤᠨᠤᠯ ᠤᠨ ᠲᠠᠯ᠎ᠠ ᠪᠠᠷ ᠬᠢ ᠲᠡᠷᠢᠭᠦᠨ ᠤ ᠴᠢᠨᠠᠷ ᠳᠡᠭᠡᠷ᠎ᠡ ᠢᠯᠡᠷᠡᠳᠡᠭ᠃ ᠳᠤᠮᠳᠠᠳᠤ ᠤᠯᠤᠰ ᠤᠨ ᠡᠪ ᠬᠠᠮᠲᠤ ᠨᠠᠮ | ᠶᠠᠭᠠᠬᠢᠭᠠᠳ ᠪᠤᠯᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠳᠠᠭ ᠨᠢ | ᠡᠴᠦᠰ ᠤᠨ ᠡᠴᠦᠰ ᠲᠡᠭᠡᠨ ᠮᠠᠷᠺᠰ ᠤᠨ ᠦᠵᠡᠯ ᠠᠴᠠ ᠪᠣᠯᠤᠭᠰᠠᠨ ᠶᠤᠮ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯ ᠤᠳᠤ ᠦᠶ᠎ᠡ ᠶᠢᠨ | ᠳᠤᠮᠳᠠᠳᠤ ᠤᠯᠤᠰ ᠤᠨ ᠮᠠᠷᠺᠰ ᠤᠨ ᠦᠵᠡᠯ᠂ ᠬᠤᠷᠢᠨ ᠨᠢᠭᠡᠳᠦᠭᠡᠷ ᠵᠠᠭᠤᠨ ᠤ ᠮᠠᠷᠺᠰ ᠤᠨ ᠦᠵᠡᠯ᠂ ᠳᠤᠮᠳᠠᠳᠤ ᠶᠢᠨ | ᠰᠣᠶᠣᠯ ᠪᠠ ᠳᠤᠮᠳᠠᠳᠤ ᠤᠯᠤᠰ ᠤᠨ ᠵᠣᠷᠢᠭ ᠰᠠᠨᠠᠭᠠᠨ ᠤ ᠴᠠᠭ ᠦᠶ᠎ᠡ ᠶᠢᠨ ᠤᠭᠢ ᠰᠣᠳᠣ ᠪᠠᠶᠢᠵᠤ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠭᠰᠠᠨ ᠰᠢᠨ᠎ᠡ ᠦᠰᠦᠷᠦᠯᠲᠡ ᠶᠢ ᠪᠡᠶᠡᠯᠡᠭᠦᠯᠪᠡ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠦᠭᠦ ᠨᠠᠮ ᠢ | ᠵᠡᠪᠰᠡᠭᠯᠡᠵᠦ᠂ ᠠᠷᠠᠳ ᠲᠦᠮᠡᠨ ᠢ ᠬᠥᠮᠥᠵᠢᠭᠦᠯᠬᠦ ᠶᠢ ᠪᠠᠷᠢᠮᠲᠠᠯᠠᠬᠤ ᠨᠢ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠬᠦ᠂ | ᠤᠷᠤᠭᠰᠢᠯᠠᠯᠲᠠ ᠶᠢᠨ ᠴᠢᠭᠯᠡᠯ ᠢᠶᠠᠨ ᠲᠣᠳᠣᠷᠬᠠᠶᠢᠯᠠᠬᠤ᠂ ᠡᠷᠡᠯᠬᠡᠭᠯᠡᠨ ᠤᠷᠤᠭᠰᠢᠯᠠᠬᠤ ᠬᠦᠴᠦᠨ ᠢᠶᠠᠨ ᠨᠢᠭᠲᠠᠷᠠᠭᠤᠯᠬᠤ | ᠂ ᠨᠡᠶᠢᠭᠡᠮ ᠵᠢᠷᠤᠮᠲᠤ ᠣᠳᠣᠬᠢᠴᠢᠯᠠᠯᠲᠠ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠳᠤ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠭᠡᠳᠦ ᠶᠢᠨ ᠲᠡᠦᠬᠡᠲᠦ ᠠᠴᠢ | ᠬᠤᠯᠪᠣᠭᠳᠠᠯ ᠲᠠᠢ ᠶᠤᠮ᠃ | ᠳᠤᠮᠳᠠᠳᠤ ᠤᠯᠤᠰ ᠤᠨ ᠡᠪ ᠬᠠᠮᠲᠤ ᠨᠠᠮ ᠤᠳᠠᠭ᠎ᠠ ᠳᠠᠷᠠᠭᠠᠯᠠᠨ ᠨᠤᠭᠤᠷᠠᠯ ᠪᠦᠳᠦᠷᠢᠯ ᠳᠤ ᠤᠴᠠᠷᠠᠵᠤ᠂ | ᠤᠳᠠᠭ᠎ᠠ ᠳᠠᠷᠠᠭᠠᠯᠠᠨ ᠡᠷᠡᠯᠬᠡᠭᠯᠡᠨ ᠪᠣᠰᠴᠤ ᠴᠢᠳᠠᠭᠰᠠᠨ ᠨᠢ ᠨᠠᠮ ᠪᠠᠶᠢᠭᠤᠯᠤᠭᠳᠠᠭᠰᠠᠨ ᠡᠳᠦᠷ ᠠᠴᠠ ᠡᠬᠢᠯᠡᠨ ᠡᠪ | ᠬᠠᠮᠲᠤ ᠶᠣᠰᠣ ᠶᠢ ᠠᠯᠤᠰ ᠭᠡᠳᠤ ᠶᠢᠨ ᠬᠦᠰᠡᠯᠡᠩ ᠪᠣᠯᠭᠠᠨ ᠲᠣᠭᠲᠠᠭᠠᠵᠤ᠂ ᠨᠡᠶᠢᠭᠡᠮ ᠵᠢᠷᠤᠮ ᠪᠠ ᠡᠪ ᠬᠠᠮᠲᠤ ᠶᠣᠰᠣ | ᠪᠣᠯ ᠳᠤᠮᠳᠠᠳᠤ ᠤᠯᠤᠰ ᠤᠨ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠪᠠ ᠭᠠᠷᠬᠤ ᠵᠠᠮ ᠮᠥᠨ ᠭᠡᠳᠡᠭ ᠢ ᠪᠠᠲᠤ | ᠢᠲᠡᠭᠡᠭᠰᠡᠨ ᠠᠴᠠ ᠪᠣᠯᠤᠭᠰᠠᠨ ᠶᠤᠮ᠃ | | | ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠪᠡ | | | ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠳᠤ ᠠᠭᠤᠯᠤᠭᠳᠠᠵᠤ ᠪᠠᠶᠢᠭ᠎ᠠ ︽ᠤᠭ ᠰᠠᠨᠠᠭ᠎ᠠ ᠪᠠᠨ | ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ︾ ᠵᠣᠷᠢᠭ ᠰᠠᠨᠠᠭᠠᠨ ᠤ ᠠᠭᠤᠯᠤᠭᠳᠠᠬᠤᠨ ᠨᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠬᠦ ᠤᠯᠤᠰ ᠲᠦᠷᠦ ᠶᠢᠨ | ᠬᠡᠪ ᠴᠢᠨᠠᠷ ᠢ ᠢᠯᠡᠷᠡᠭᠦᠯᠪᠡ᠃ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ | ᠥᠴᠥᠭᠡᠳᠦᠷ ᠤᠨ ᠲᠡᠦᠬᠡ ᠶᠢ ᠢᠮᠠᠭᠲᠠ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠥᠨᠥᠳᠥᠷ ᠤᠨ | ᠲᠡᠮᠡᠴᠡᠯ ᠳᠤ ᠰᠠᠭᠤᠷᠢᠯᠠᠨ᠂ ᠳᠤᠮᠳᠠᠳᠤ ᠶᠢᠨ ᠦᠨᠳᠦᠰᠦᠲᠡᠨ ᠤ ᠮᠠᠷᠭᠠᠰᠢ ᠶᠢᠨ ᠰᠠᠶᠢᠨ ᠰᠠᠶᠢᠬᠠᠨ ᠢ ᠴᠣᠭᠴᠠᠯᠠᠬᠤ ᠪᠠᠷ | ᠵᠣᠷᠢᠭ ᠰᠢᠭᠤᠳᠴᠤ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠬᠦ ᠳᠤᠮᠳᠠ ᠲᠡᠦᠬᠡ ᠶᠢᠨ ᠤᠷᠤᠭᠰᠢᠯᠠᠯᠲᠠ ᠶᠢᠨ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠨᠢᠷᠤᠭᠤ ᠲᠤᠯᠭᠠᠭᠤᠷᠢ ᠪᠣᠯᠵᠤ᠂ | ᠲᠡᠦᠬᠡ ᠶᠢᠨ ᠤᠷᠤᠭᠰᠢᠯᠠᠯᠲᠠ ᠶᠢ ᠲᠠᠰᠤᠷᠠᠯᠳᠠ ᠦᠭᠡᠢ ᠠᠬᠢᠭᠤᠯᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠡᠳᠦᠷ ᠠᠴᠠ ᠪᠠᠨ ᠡᠬᠢᠯᠡᠨ᠂ ᠬᠠᠭᠠᠰ ᠺᠣᠯᠣᠨᠢ | ᠬᠠᠭᠠᠰ ᠹᠧᠣᠳᠠᠯ ᠤᠨ ᠬᠠᠭᠤᠴᠢᠨ ᠳᠤᠮᠳᠠᠳᠤ ᠤᠯᠤᠰ ᠲᠤ ᠬᠥᠮᠥᠨ ᠲᠥᠷᠥᠯᠬᠢᠲᠡᠨ ᠤ ᠲᠤᠰ ᠪᠡᠶ᠎ᠡ ᠶᠢᠨ | ᠴᠢᠯᠦᠭᠡᠯᠡᠯᠲᠡ ᠶᠢᠨ ᠵᠠᠮ ᠢ ᠭᠡᠷᠡᠯᠲᠦᠭᠦᠯᠦᠭᠰᠡᠨ ᠮᠠᠷᠺᠰ ᠤᠨ ᠦᠵᠡᠯ ᠤᠨ ᠭᠠᠯ ᠪᠠᠮᠪᠠᠷ ᠢ ᠥᠨᠳᠥᠷ ᠡᠷᠭᠦᠵᠦ᠂ | ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠭᠤᠷᠪᠠᠨ ᠶᠡᠭᠡ ᠠᠭᠤᠯᠠ ᠶᠢ ᠲᠦᠯᠬᠢᠨ ᠤᠨᠠᠭᠠᠵᠤ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠪᠠᠶᠢᠭᠤᠯᠵᠤ᠂ ᠨᠡᠶᠢᠭᠡᠮ ᠵᠢᠷᠤᠮ ᠤᠨ ᠦᠨᠳᠦᠰᠦᠨ | ᠪᠠᠶᠢᠭᠤᠯᠤᠯ ᠢ ᠲᠣᠭᠲᠠᠭᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡᠨ ᠳᠡᠭᠡᠷᠡᠬᠢ ᠬᠠᠮᠤᠭ ᠤᠨ ᠥᠷᠭᠡᠨ ᠳᠡᠯᠭᠡᠷ | ᠪᠥᠭᠡᠳ ᠭᠦᠨ ᠭᠦᠨᠵᠡᠭᠡᠢ ᠨᠡᠶᠢᠭᠡᠮ ᠤᠨ ᠬᠤᠪᠢᠰᠤᠯᠲᠠ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠡᠳᠦᠨ ᠮᠢᠩᠭᠠᠨ ᠵᠢᠯ ᠤᠨ ᠹᠧᠣᠳᠠᠯ ᠤᠨ ᠡᠵᠡᠷᠬᠡᠭ ᠪᠠᠶᠢᠭᠤᠯᠤᠯ ᠠᠴᠠ ᠠᠷᠠᠳ ᠤᠨ ᠠᠷᠠᠳᠴᠢᠯᠠᠯ ᠲᠡᠶᠢᠰᠢ ᠰᠢᠯᠵᠢᠭᠦ | ᠠᠭᠤᠤ ᠶᠡᠭᠡ ᠦᠰᠦᠷᠦᠯᠲᠡ ᠶᠢ ᠪᠡᠶᠡᠯᠡᠭᠦᠯᠵᠦ᠂ ᠳᠠᠷᠤᠯᠠᠯ ᠳᠣᠷᠣᠮᠵᠢᠯᠠᠯ ᠢ ᠬᠠᠰᠢᠷᠠᠲᠠᠯ᠎ᠠ ᠠᠮᠰᠠᠭᠰᠠᠨ ᠠᠴᠠ ᠡᠷᠬᠡ | ᠮᠡᠳᠡᠵᠦ ᠡᠵᠡᠨ ᠰᠠᠭᠤᠭᠰᠠᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ᠂ ᠠᠯᠢ ᠤᠯᠠᠨ | ᠴᠢᠬᠤᠯᠠ ᠶᠡᠭᠡ ᠴᠢᠭᠯᠡᠯᠲᠡ ᠲᠦᠷᠦ ᠶᠢᠨ ᠪᠣᠳᠣᠯᠭ᠎ᠠ ᠲᠣᠭᠲᠠᠭᠠᠵᠤ᠂ ᠠᠯᠢ ᠤᠯᠠᠨ ᠴᠢᠬᠤᠯᠠ ᠶᠡᠭᠡ ᠠᠷᠭ᠎ᠠ ᠬᠡᠮᠵᠢᠶ᠎ᠡ | ᠠᠪᠴᠤ᠂ ᠠᠯᠢ ᠤᠯᠠᠨ ᠴᠢᠬᠤᠯᠠ ᠶᠡᠭᠡ ᠠᠵᠢᠯ ᠢ ᠠᠬᠢᠭᠤᠯᠵᠤ᠂ ᠠᠯᠢ ᠤᠯᠠᠨ ᠬᠦᠨᠳᠦ ᠶᠡᠭᠡ ᠠᠶᠤᠯ ᠲᠦᠭᠰᠢᠭᠦᠷᠢ | ᠥᠷᠢᠰᠦᠯᠳᠦᠭᠡᠨ ᠢ ᠢᠯᠠᠨ ᠳᠠᠪᠠᠵᠤ᠂ ᠤᠷᠳᠤ ᠬᠤᠭᠤᠴᠠᠭᠠᠨ ᠤ ᠲᠤᠷᠰᠢ ᠰᠢᠢᠳᠪᠦᠷᠢᠯᠡᠬᠦ ᠭᠡᠰᠡᠨ ᠪᠤᠯᠪᠠᠴᠤ | ᠰᠢᠢᠳᠪᠦᠷᠢᠯᠡᠭᠡᠳᠦᠢ ᠪᠠᠶᠢᠭᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠥᠩᠭᠡᠷᠡᠭᠰᠡᠨ ᠳᠤ ᠬᠢᠬᠦ | ᠭᠡᠰᠡᠨ ᠪᠤᠯᠪᠠᠴᠤ ᠬᠢᠵᠦ ᠳᠡᠶᠢᠯᠦᠭᠡᠳᠦᠢ ᠪᠠᠶᠢᠭᠰᠠᠨ ᠮᠠᠰᠢ ᠤᠯᠠᠨ ᠶᠡᠭᠡ ᠶᠠᠪᠤᠳᠠᠯ ᠢ ᠪᠦᠲᠦᠭᠡᠵᠦ᠂ ᠨᠠᠮ ᠪᠣᠯᠣᠨ | ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ | ᠭᠠᠷᠬᠤ ᠶᠢ ᠠᠬᠢᠭᠤᠯᠪᠠ᠃ | | | ᠡᠭᠦᠷᠢᠳᠡ ᠲᠡᠮᠡᠴᠡᠬᠦ ᠶᠢ ᠪᠠᠷᠢᠮᠲᠠᠯᠠᠪᠠ | | | ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠳᠤ ᠠᠭᠤᠯᠤᠭᠳᠠᠵᠤ ᠪᠠᠶᠢᠭ᠎ᠠ ︽ᠦᠷᠡᠭᠳᠡᠯ | ᠰᠦᠢᠳᠦᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ︾ ᠵᠣᠷᠢᠭ ᠰᠠᠨᠠᠭᠠᠨ ᠤ ᠠᠭᠤᠯᠤᠭᠳᠠᠬᠤᠨ | ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠢᠳᠡ ᠲᠡᠮᠡᠴᠡᠬᠦ ᠤᠯᠤᠰ ᠲᠦᠷᠦ ᠶᠢᠨ ᠬᠡᠪ ᠴᠢᠨᠠᠷ ᠢ | ᠢᠯᠡᠷᠡᠭᠦᠯᠪᠡ᠃ ᠲᠡᠦᠬᠡ ᠶᠢ ᠡᠷᠭᠢᠴᠡᠭᠦᠯᠬᠦᠶ᠎ᠡ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠠᠮ ᠢᠶᠠᠨ ᠪᠠᠶᠢᠭᠤᠯᠵᠤ᠂ ᠲᠡᠰᠪᠦᠷᠢ ᠬᠠᠲᠠᠭᠤᠵᠢᠯᠲᠠᠢ ᠲᠡᠮᠡᠴᠡᠬᠦ ᠳᠤᠮᠳᠠ | ᠨᠠᠮ ᠢᠶᠠᠨ ᠪᠠᠶᠢᠭᠤᠯᠵᠤ᠂ ᠲᠠᠰᠤᠷᠠᠯᠲᠠ ᠦᠭᠡᠢ ᠡᠷᠡᠮᠡᠬᠡᠶᠢᠯᠡᠨ ᠤᠷᠤᠭᠰᠢᠯᠠᠬᠤ ᠳᠤᠮᠳᠠ ᠨᠠᠮ ᠢᠶᠠᠨ ᠮᠠᠨᠳᠤᠭᠤᠯᠵᠤ᠂ | ᠥᠨᠢ ᠡᠭᠦᠷᠢᠳᠡ ᠲᠡᠮᠡᠴᠡᠬᠦ ᠳᠤᠮᠳᠠ ᠲᠡᠦᠬᠡ ᠶᠢᠨ ᠬᠤᠪᠢᠰᠤᠯᠲᠠ ᠶᠢ ᠪᠡᠶᠡᠯᠡᠭᠦᠯᠬᠦ ᠴᠢᠬᠤᠯᠠ ᠶᠡᠭᠡ ᠠᠵᠠ ᠲᠣᠭᠢᠶᠠᠯ ᠢ | ᠠᠮᠵᠢᠵᠤ᠂ ᠲᠡᠦᠬᠡ ᠶᠢᠨ ᠤᠷᠤᠭᠰᠢᠯᠠᠯᠲᠠ ᠶᠢ ᠬᠠᠷᠰᠢᠯᠠᠵᠤ ᠪᠠᠶᠢᠭ᠎ᠠ ᠬᠦᠨᠳᠦ ᠶᠡᠭᠡ ᠠᠶᠤᠯ ᠲᠦᠭᠰᠢᠭᠦᠷᠢ ᠶᠢ | ᠠᠷᠢᠯᠭᠠᠵᠤ᠂ ᠲᠠᠰᠤᠷᠠᠯᠲᠠ ᠦᠭᠡᠢ ᠢᠯᠠᠯᠲᠠ ᠠᠴᠠ ᠢᠯᠠᠯᠲᠠ ᠲᠡᠶᠢᠰᠢ ᠤᠷᠤᠭᠰᠢᠯᠠᠪᠠ᠃ | ᠲᠦᠮᠡᠨ ᠭᠠᠵᠠᠷ ᠤᠨ ᠤᠷᠳᠤ ᠵᠠᠮ ᠤᠨ ᠠᠶᠠᠨ ᠲᠠᠶᠢᠨ ᠤ ᠳᠤᠮᠳᠠ᠂ ᠳᠤᠮᠳᠠᠳᠤ ᠤᠯᠤᠰ ᠤᠨ ᠡᠪ ᠬᠠᠮᠲᠤ ᠨᠠᠮ | ᠤᠯᠠᠭᠠᠨ ᠴᠡᠷᠢᠭ ᠢ ᠤᠳᠤᠷᠢᠳᠤᠨ ᠶᠡᠷᠦ ᠪᠤᠰᠤ ᠶᠢᠨ ᠤᠶᠤᠨ ᠤᠬᠠᠭᠠᠨ ᠪᠠ ᠶᠠᠭᠤᠨ ᠠᠴᠠ ᠴᠤ ᠠᠶᠤᠬᠤ ᠦᠭᠡᠢ | ᠪᠠᠭᠠᠲᠤᠷᠯᠢᠭ ᠰᠥᠰᠥ ᠵᠣᠷᠢᠭ ᠢᠶᠠᠷ᠂ ᠮᠢᠩᠭᠠᠨ ᠪᠡᠷᠬᠡ ᠲᠦᠮᠡᠨ ᠪᠠᠷᠳᠠᠭ᠎ᠠ ᠶᠢ ᠢᠯᠠᠨ ᠳᠠᠪᠠᠵᠤ᠂ ᠯᠤᠲᠤ ᠶᠡᠭᠡ | ᠦᠷᠡᠭᠳᠡᠯ ᠭᠠᠷᠭᠠᠵᠤ᠂ ᠬᠤᠪᠢᠰᠬᠠᠯ ᠤᠨ ᠣᠴᠢ ᠶᠢᠨ ᠦᠶ᠎ᠡ ᠤᠯᠠᠷᠢᠨ ᠪᠠᠳᠠᠷᠠᠬᠤ ᠶᠢ ᠦᠨᠡᠨ ᠬᠦ ᠪᠠᠲᠤᠯᠠᠪᠠ᠃ | ᠣᠳᠣᠬᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ | ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ ᠪᠠᠶᠢᠨ᠎ᠠ᠃ ᠰᠢᠨ᠎ᠡ ᠴᠠᠭ ᠦᠶ᠎ᠡ ᠰᠢᠨ᠎ᠡ | ᠠᠶᠠᠨ ᠵᠠᠮ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠷᠢᠳ ᠡᠮᠦᠨ᠎ᠡ ᠪᠠᠶᠢᠭ᠎ᠠ ᠦᠭᠡᠢ ᠲᠡᠦᠬᠡ ᠶᠢᠨ ᠠᠵᠠ | ᠲᠣᠭᠢᠶᠠᠯ ᠳᠤ ᠲᠤᠯᠭᠠᠷᠠᠵᠤ ᠪᠠᠶᠢᠬᠤ ᠪᠥᠭᠡᠳ ᠨᠡᠩ ᠤᠯᠠᠨ ᠡᠰᠢᠵᠢᠭ᠍ᠰᠡᠨ᠂ ᠨᠡᠩ ᠪᠡᠷᠬᠡ ᠬᠠᠲᠠᠭᠤᠵᠢᠯᠲᠠᠢ ᠴᠠᠭ | ᠦᠶ᠎ᠡ ᠶᠢᠨ ᠥᠷᠢᠰᠦᠯᠳᠦᠭᠡᠨ ᠳᠤ ᠲᠤᠯᠭᠠᠷᠠᠬᠤ ᠨᠢ ᠯᠠᠪᠲᠠᠢ᠃ ᠮᠠᠰᠢ ᠤᠯᠠᠨ ᠲᠡᠦᠬᠡ ᠶᠢᠨ ᠰᠢᠨ᠎ᠡ ᠣᠨᠴᠠᠯᠢᠭ ᠲᠠᠢ | ᠠᠭᠤᠤ ᠶᠡᠭᠡ ᠲᠡᠮᠡᠴᠡᠯ ᠤᠨ ᠡᠮᠦᠨ᠎ᠡ᠂ ᠪᠢᠳᠡ ᠡᠷᠬᠡᠪᠰᠢ ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠤᠨ ᠠᠭᠤᠤ | ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠲᠠᠰᠤᠷᠠᠯᠳᠠ | ᠦᠭᠡᠢ ᠳᠡᠭᠡᠭᠰᠢᠯᠡᠭᠦᠯᠦᠨ᠂ ᠬᠦᠨᠳᠦ ᠶᠡᠭᠡ ᠰᠢᠯᠭᠠᠯᠲᠠ ᠶᠢ ᠪᠦᠲᠦᠮᠵᠢᠲᠡᠢ ᠠᠷᠭᠠᠴᠠᠭᠠᠵᠤ᠂ ᠬᠦᠨᠳᠦ ᠶᠡᠭᠡ ᠠᠶᠤᠯ | ᠲᠦᠭᠰᠢᠭᠦᠷᠢ ᠶᠢ ᠡᠰᠡᠷᠭᠦᠴᠡᠨ ᠠᠷᠢᠯᠭᠠᠬᠤ ᠳᠠᠭᠠᠨ ᠴᠢᠳᠠᠮᠠᠭᠠᠢ ᠪᠠᠶᠢᠵᠤ᠂ ᠡᠯ᠎ᠡ ᠵᠦᠢᠯ ᠤᠨ ᠬᠦᠨᠳᠦ ᠶᠡᠭᠡ ᠬᠠᠷᠰᠢ | ᠰᠠᠭᠠᠳ ᠢ ᠢᠯᠠᠨ ᠳᠠᠪᠠᠵᠤ᠂ ᠬᠢᠮᠤᠷᠠᠯ ᠤᠨ ᠳᠤᠮᠳᠠ ᠠᠵᠠ ᠲᠣᠭᠢᠶᠠᠯ ᠢ ᠪᠤᠢ ᠪᠣᠯᠭᠠᠨ᠂ ᠬᠤᠪᠢᠷᠠᠯᠲᠠ ᠶᠢᠨ ᠳᠤᠮᠳᠠ | ᠰᠢᠨ᠎ᠡ ᠪᠠᠶᠢᠳᠠᠯ ᠢ ᠡᠭᠦᠳᠴᠦ᠂ ᠠᠭᠤᠤ ᠶᠡᠭᠡ ᠰᠢᠨ᠎ᠡ ᠢᠯᠠᠯᠲᠠ ᠶᠢ ᠲᠠᠰᠤᠷᠠᠯᠳᠠ ᠦᠭᠡᠢ ᠲᠡᠮᠡᠴᠡᠨ ᠣᠯᠬᠤ ᠬᠡᠷᠡᠭᠲᠡᠢ᠃ | | | | ᠤᠭ ᠰᠠᠨᠠᠭ᠎ᠠ ᠪᠠᠨ ᠡᠭᠦᠷᠢᠳᠡ ᠴᠡᠭᠡᠵᠢᠯᠡᠬᠦ ᠶᠢ ᠪᠠᠷᠢᠮᠲᠠᠯᠠᠪᠠ | | | ︽ᠤᠭ ᠰᠠᠨᠠᠭ᠎ᠠ ᠪᠠᠨ ᠡᠭᠦᠷᠢᠳᠡ ᠴᠡᠭᠡᠵᠢᠯᠡᠬᠦ︾ ᠪᠣᠯ ᠥᠨᠢ ᠡᠭᠦᠷᠢᠳᠡ ᠠᠷᠠᠳ ᠲᠦᠮᠡᠨ ᠳᠤ ᠲᠦᠰᠢᠭᠯᠡᠵᠦ᠂ | ᠥᠨᠢ ᠡᠭᠦᠷᠢᠳᠡ ᠠᠷᠠᠳ ᠲᠦᠮᠡᠨ ᠤ ᠲᠥᠯᠥᠭᠡ ᠪᠠᠶᠢᠬᠤ ᠶᠠᠪᠤᠳᠠᠯ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ | ᠨᠠᠮ ᠮᠡᠨᠳᠦᠯᠡᠭᠰᠡᠨ ᠠᠴᠠ ᠨᠠᠭᠠᠰᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠭᠦ᠂ ᠠᠷᠠᠳ ᠲᠦᠮᠡᠨ ᠤ | ᠠᠵᠠ ᠵᠢᠷᠭᠠᠯ ᠢ ᠨᠡᠮᠡᠭᠳᠡᠭᠦᠯᠬᠦ᠂ ᠠᠷᠠᠳ ᠲᠦᠮᠡᠨ ᠤ ᠬᠦᠴᠦᠨ ᠳᠤ ᠲᠦᠰᠢᠭᠯᠡᠬᠦ ᠶᠢ ᠪᠠᠷᠢᠮᠲᠠᠯᠠᠵᠤ᠂ ᠠᠷᠠᠳ | ᠲᠦᠮᠡᠨ ᠤ ᠲᠥᠯᠥᠭᠡ ᠦᠨᠡᠨᠴᠢ ᠰᠢᠳᠤᠷᠭᠤ ᠪᠠᠷ ᠬᠤᠪᠢ ᠨᠡᠮᠡᠷᠢ ᠦᠵᠡᠭᠦᠯᠭᠦ ᠳᠤᠮᠳᠠ ᠨᠠᠮ ᠪᠣᠯᠣᠨ ᠤᠯᠤᠰ ᠤᠨ | ᠠᠵᠢᠯ ᠦᠢᠯᠡᠰ ᠤᠨ ᠪᠠᠶᠠᠨ ᠬᠦᠴᠦᠷᠬᠡᠭ ᠪᠤᠯᠬᠤ ᠶᠢ ᠲᠠᠰᠤᠷᠠᠯᠲᠠ ᠦᠭᠡᠢ ᠠᠬᠢᠭᠤᠯᠪᠠ᠃ ᠠᠷᠠᠳ ᠲᠦᠮᠡᠨ ᠤ | ᠵᠣᠭᠰᠣᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠤᠯᠤᠰ ᠲᠦᠷᠦ ᠶᠢᠨ ᠵᠣᠭᠰᠣᠯᠲᠠ | ᠮᠥᠨ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠤᠰᠤᠳ ᠲᠦᠷᠦ ᠶᠢᠨ ᠨᠠᠮ ᠠᠴᠠ ᠢᠯᠭᠠᠭᠳᠠᠬᠤ ᠢᠯᠡᠷᠬᠡᠢ | ᠰᠢᠨᠵᠢ ᠲᠡᠮᠳᠡᠭ ᠮᠥᠨ᠂ ᠨᠠᠮ ᠤᠨ ᠠᠯᠢᠪᠠ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢ ᠢᠯᠠᠨ ᠳᠠᠪᠠᠭ᠋ᠤ | ᠦᠨᠳᠦᠰᠦᠨ ᠪᠠᠲᠤᠯᠠᠭ᠎ᠠ ᠮᠥᠨ᠃ | ᠳᠤᠮᠳᠠᠳᠤ ᠤᠯᠤᠰ ᠤᠨ ᠡᠪ ᠬᠠᠮᠲᠤ ᠨᠠᠮ ᠲᠦᠷᠦ ᠶᠢᠨ ᠡᠷᠬᠡ ᠶᠢᠨ ᠮᠠᠨᠳᠤᠬᠤ ᠪᠠᠭᠤᠷᠠᠬᠤ ᠰᠣᠯᠢᠭᠳᠠᠬᠤ | ᠲᠡᠦᠬᠡ ᠶᠢᠨ ᠵᠢᠮ᠎ᠡ ᠶᠣᠰᠣ ᠶᠢ ᠭᠦᠨᠵᠡᠭᠡᠢ ᠲᠠᠨᠢᠵᠤ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ | ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ | ᠨᠠᠮ ᠤᠨ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠤᠨ᠂ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠢ ᠳᠠᠭᠠᠭᠤᠯᠤᠨ ᠵᠣᠯ ᠵᠢᠷᠭᠠᠯᠲᠤ | ᠠᠮᠢᠳᠤᠷᠠᠯ ᠢ ᠴᠣᠭᠴᠠᠯᠠᠬᠤ ᠶᠢ ᠢᠮᠠᠭᠲᠠ ᠬᠤᠪᠢᠷᠠᠰᠢ ᠦᠭᠡᠢ ᠲᠡᠮᠡᠴᠡᠯ ᠤᠨ ᠬᠠᠷᠠᠯᠲᠠ ᠪᠠᠨ ᠪᠣᠯᠭᠠᠪᠠ᠃ ᠮᠠᠨ ᠤ | ᠠᠯᠢᠪᠠ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠳᠤ ᠡᠴᠦᠰ ᠲᠡᠭᠡᠨ ᠴᠥᠮ ᠠᠷᠠᠳ ᠲᠦᠮᠡᠨ ᠦᠨᠡᠨ ᠬᠦ | ᠪᠣᠳᠠᠲᠤ ᠠᠰᠢᠭ ᠭᠥᠷᠳᠡᠭᠰᠡᠨ ᠡᠰᠡᠬᠦ᠂ ᠠᠷᠠᠳ ᠤᠨ ᠠᠮᠢᠳᠤᠷᠠᠯ ᠦᠨᠡᠨ ᠬᠦ ᠰᠠᠶᠢᠵᠢᠷᠠᠭᠰᠠᠨ ᠡᠰᠡᠬᠦ᠂ ᠠᠷᠠᠳ | ᠲᠦᠮᠡᠨ ᠤ ᠡᠷᠬᠡ ᠠᠰᠢᠭ ᠦᠨᠡᠨ ᠬᠦ ᠪᠠᠲᠤᠯᠠᠭ᠎ᠠ ᠲᠠᠢ ᠪᠣᠯᠤᠭᠰᠠᠨ ᠡᠰᠡᠬᠦ ᠶᠢ ᠦᠵᠡᠬᠦ ᠬᠡᠷᠡᠭᠲᠡᠢ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠭᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠲᠤᠶᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ | ᠰᠢᠢᠳᠪᠦᠷᠢᠯᠡᠵᠦ᠂ ᠬᠥᠮᠥᠨ ᠲᠥᠷᠥᠯᠬᠢᠲᠡᠨ ᠤ ᠶᠠᠳᠠᠭᠤ ᠶᠢ ᠪᠠᠭᠠᠰᠬᠠᠬᠤ ᠲᠡᠦᠬᠡᠨ ᠳᠡᠭᠡᠷᠡᠬᠢ ᠭᠠᠶᠢᠬᠠᠮᠰᠢᠭ ᠢ | ᠡᠭᠦᠳᠴᠡᠢ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢ ᠲᠠᠰᠤᠷᠠᠯᠳᠠ ᠦᠭᠡᠢ ᠬᠠᠩᠭᠠᠵᠤ᠂ ᠠᠷᠠᠳ ᠲᠦᠮᠡᠨ ᠢ ᠨᠡᠩ ᠶᠡᠭᠡ ᠬᠦᠷᠲᠡᠮᠵᠢ ᠶᠢᠨ ᠲᠥᠷᠥᠭᠳᠡᠯ᠂ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠪᠠ᠃ | ︵︽ᠭᠤᠸᠠᠩᠮᠢᠩ ᠡᠳᠦᠷ ᠤᠨ ᠰᠣᠨᠢᠨ︾ ᠰᠢᠯᠵᠢᠶ᠎ᠡ ᠠᠴᠠ ᠰᠠᠴᠤᠷᠠᠯ ᠨᠠᠶᠢᠷᠠᠭᠤᠯᠤᠨ ᠣᠷᠴᠢᠭᠤᠯᠪᠠ︶ |