ᠵᠠᠭᠤᠨ ᠵᠢᠯ ᠤᠨ ᠲᠡᠮᠡᠴᠡᠯ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠢ ᠬᠤᠪᠢ ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠵᠠᠢ
ᠨᠡᠶᠢᠲᠡᠯᠡᠭᠰᠡᠨ ᠴᠠᠭ᠄
2022/2/28
                        ◆  ᠼᠤᠤ  ᠫᠢᠩ      ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ ᠲᠡᠮᠡᠴᠡᠨ ᠣᠯᠬᠤ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠭᠰᠡᠨ ᠶᠠᠪᠤᠳᠠᠯ ᠨᠢᠭᠡᠨᠲᠡ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠥᠩᠭᠡᠷᠡᠭᠡᠵᠡᠢ᠃ ᠵᠠᠭᠤᠨ ᠵᠢᠯ ᠤᠨ ᠲᠡᠮᠡᠴᠡᠯ ᠢᠶᠠᠷ ᠪᠢᠴᠢᠭᠯᠡᠭᠰᠡᠨ ᠠᠤᠭ᠎ᠠ ᠲᠤᠤᠯᠢᠰ ᠲᠤ᠂ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠢ ᠬᠤᠪᠢ ᠵᠠᠶᠠᠭ᠎ᠠ ᠳᠤ ᠦᠨᠳᠦᠰᠦᠨ ᠬᠤᠪᠢᠷᠠᠯᠲᠠ ᠭᠠᠷᠴᠤ᠂ ᠳᠤᠮᠳᠠᠳᠤ ᠤᠯᠤᠰ ᠤᠨ ᠠᠷᠠᠳ ᠲᠦᠮᠡᠨ ᠤ ᠠᠮᠢᠳᠤᠷᠠᠯ ᠲᠠᠰᠤᠷᠠᠯᠲᠠ ᠦᠭᠡᠢ ᠰᠠᠶᠢᠵᠢᠷᠠᠭᠰᠠᠨ ᠨᠢ ᠬᠥᠮᠥᠰ ᠤᠨ ᠰᠡᠳᠬᠢᠯ ᠢ ᠬᠠᠮᠤᠭ ᠠᠴᠠ ᠳᠣᠭᠳᠣᠯᠤᠭᠤᠯᠤᠮ᠎ᠠ ᠬᠠᠭᠤᠳᠠᠰᠤ ᠪᠣᠯᠵᠠᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠠ ᠬᠤᠷᠠᠯ ᠠᠴᠠ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠣᠨ ᠲᠡᠦᠬᠡᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾᠎ ᠳᠤ᠄ ︽ᠨᠠᠮ ᠤᠨ ᠵᠠᠭᠤᠨ ᠵᠢᠯ ᠤᠨ ᠲᠡᠮᠡᠴᠡᠯ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠢ ᠬᠤᠪᠢ ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠵᠠᠢ︾ ᠭᠡᠵᠦ ᠵᠢᠭᠠᠵᠤ ᠭᠠᠷᠭᠠᠪᠠ᠃ ᠳᠤᠮᠳᠠᠳᠤ ᠤᠯᠤᠰ ᠤᠨ ᠠᠷᠠᠳ ᠲᠦᠮᠡᠨ ᠳᠠᠷᠤᠯᠠᠭᠳᠠᠬᠤ᠂ ᠪᠣᠭᠤᠯᠴᠢᠯᠠᠭᠳᠠᠬᠤ ᠬᠤᠪᠢ ᠵᠠᠶᠠᠭ᠎ᠠ ᠠᠴᠠ ᠲᠤᠶᠢᠯᠪᠤᠷᠢᠲᠠᠢ ᠠᠩᠭᠢᠵᠢᠷᠠᠵᠤ᠂ ᠤᠯᠤᠰ᠂ ᠨᠡᠶᠢᠭᠡᠮ ᠪᠠ ᠥᠪᠡᠷ ᠤᠨ ᠬᠤᠪᠢ ᠵᠠᠶᠠᠭᠠᠨ ᠤ ᠪᠠᠨ ᠡᠵᠡᠨ ᠪᠣᠯᠵᠤ᠂ ᠠᠷᠠᠳ ᠤᠨ ᠠᠷᠠᠳᠴᠢᠯᠠᠯ ᠲᠠᠰᠤᠷᠠᠯᠲᠠ ᠦᠭᠡᠢ ᠬᠥᠭᠵᠢᠵᠦ᠂ ᠠᠷᠪᠠᠨ ᠳᠥᠷᠪᠡᠨ ᠳ᠋ᠦᠩᠰᠢᠭᠤᠷ ᠭᠠᠷᠤᠢ ᠬᠥᠮᠥᠨ ᠠᠮᠠ ᠪᠦᠭᠦ ᠲᠠᠯ᠎ᠠ ᠪᠠᠷ ᠴᠢᠨᠡᠭᠡᠯᠢᠭᠵᠢᠬᠦ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠰᠤᠷᠠᠯᠲᠠ ᠦᠭᠡᠢ ᠪᠣᠳᠠᠲᠤ ᠠᠬᠤᠢ ᠪᠣᠯᠵᠤ ᠬᠤᠪᠢᠷᠠᠵᠠᠢ᠃      ᠳᠤᠮᠳᠠᠳᠤ ᠤᠯᠤᠰ ᠨᠡᠶᠢᠰᠯᠡᠯ ᠢᠶᠠᠨ ᠨᠠᠢᠮᠠᠨ ᠤᠯᠤᠰ ᠤᠨ ᠬᠤᠯᠪᠣᠭᠠᠲᠤ ᠴᠡᠷᠢᠭ ᠲᠤ ᠲᠦᠷᠢᠮᠡᠬᠡᠶᠢᠯᠡᠭᠳᠡᠨ ᠡᠵᠡᠯᠡᠭᠳᠡᠭᠰᠡᠨ ᠭᠤᠲᠤᠭᠠᠯ ᠳᠣᠷᠣᠮᠵᠢᠯᠠᠯ ᠢ ᠠᠮᠰᠠᠵᠤ ᠬᠤᠷᠢᠳᠤᠭᠠᠷ ᠵᠠᠭᠤᠨ ᠳᠤ ᠣᠷᠣᠭᠰᠠᠨ ᠶᠤᠮ᠃ ᠲᠡᠷᠡ ᠦᠶ᠎ᠡ ᠶᠢᠨ ᠳᠤᠮᠳᠠᠳᠤ ᠤᠯᠤᠰ᠂ ᠨᠤᠲᠤᠭ ᠳᠡᠪᠢᠰᠬᠡᠷ ᠲᠠᠯᠬᠢᠭᠳᠠᠵᠤ᠂ ᠦᠨᠳᠦᠰᠦᠲᠡᠨ ᠮᠥᠬᠦᠵᠦ ᠰᠥᠨᠥᠭᠦ ᠠᠶᠤᠯ ᠳᠤ ᠲᠤᠯᠭᠠᠷᠠᠵᠤ᠂ ᠳᠤᠮᠳᠠᠳᠤ ᠤᠯᠤᠰ ᠤᠨ ᠠᠷᠠᠳ ᠲᠦᠮᠡᠨ ᠥᠯᠥᠰᠴᠦ ᠳᠠᠭᠠᠷᠠᠬᠤ ᠶᠢᠨ ᠬᠤᠭᠤᠷᠣᠨᠳᠤ ᠲᠡᠨᠦᠭᠦᠴᠢᠯᠡᠨ ᠠᠮᠢᠳᠤᠷᠠᠵᠤ᠂ ᠥᠴᠥᠬᠡᠨ ᠴᠦ ᠤᠯᠤᠰ ᠲᠦᠷᠦ ᠶᠢᠨ ᠡᠷᠬᠡ ᠮᠡᠳᠡᠯ ᠦᠭᠡᠢ ᠪᠠᠶᠢᠵᠤ᠂ ᠥᠷᠥᠨᠡᠳᠠᠬᠢᠨ ᠤ ᠬᠦᠴᠦᠷᠬᠡᠭ ᠤᠯᠤᠰ ᠤᠳ ᠲᠤ ︽ᠳᠣᠷᠣᠨᠠᠲᠤ ᠠᠽᠢᠶ᠎ᠠ ᠶᠢᠨ ᠡᠪᠡᠳᠴᠢᠲᠡᠨ︾ ᠭᠡᠵᠦ ᠭᠤᠲᠤᠭᠠᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠮᠠᠭᠴᠠ ᠪᠠᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠬᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠴᠢᠰᠤᠲᠤ ᠪᠠᠶᠢᠯᠳᠤᠭᠠᠨ ᠬᠢᠵᠦ᠂ ᠨᠤᠭᠤᠷᠠᠰᠢ ᠦᠭᠡᠢ ᠲᠡᠮᠡᠴᠡᠵᠦ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠭᠰᠠᠨ ᠰᠢᠨ᠎ᠡ ᠳᠤᠮᠳᠠᠳᠤ ᠤᠯᠤᠰ ᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠪᠤᠰᠤᠳ ᠲᠤ ᠳᠠᠷᠤᠯᠠᠭᠳᠠᠵᠤ ᠪᠠᠶᠢᠭᠰᠠᠨ ᠴᠠᠭ ᠦᠶ᠎ᠡ ᠪᠤᠴᠠᠯᠲᠠ ᠦᠭᠡᠢ ᠡᠴᠦᠰᠯᠡᠵᠡᠢ᠃      ᠳᠤᠮᠳᠠᠳᠤ ᠤᠯᠤᠰ ᠤᠨ ᠡᠪ ᠬᠠᠮᠲᠤ ᠨᠠᠮ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠢ ᠠᠯᠢᠪᠠ ᠠᠵᠢᠯ ᠤᠨ ᠢᠶᠠᠨ ᠵᠣᠷᠢᠯᠲᠠ ᠪᠠ ᠲᠤᠰᠤᠯᠲᠠ ᠪᠤᠯᠭᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠨᠠᠮ ᠤᠨ ᠤᠳᠤᠷᠢᠳᠤᠯᠭ᠎ᠠ ᠳᠣᠣᠷ᠎ᠠ ᠦᠷᠭᠦᠯᠵᠢᠯᠡᠭᠰᠡᠨ ᠲᠡᠮᠡᠴᠡᠯ ᠤᠨ ᠳᠤᠮᠳᠠ ᠲᠠᠰᠤᠷᠠᠯᠳᠠ ᠦᠭᠡᠢ ᠪᠣᠳᠠᠲᠤ ᠠᠬᠤᠢ ᠪᠣᠯᠪᠠ᠃ ᠱᠠᠨᠪᠧᠢ ᠶᠢᠨ ᠰᠢᠷ᠎ᠠ ᠬᠥᠷᠥᠰᠥᠲᠦ ᠥᠨᠳᠦᠷᠯᠢᠭ ᠲᠠᠬᠢ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠤᠨ ᠲᠤᠬᠠᠢ ᠬᠦᠰᠡᠯ ᠵᠡᠭᠦᠳᠦ ᠠᠯᠢ ᠬᠡᠳᠦᠶᠢᠨ ᠪᠣᠳᠠᠲᠠᠢ ᠪᠡᠶᠡᠯᠡᠭᠳᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠠᠮᠢᠳᠤᠷᠠᠯ ᠡᠳᠦᠷ ᠠᠴᠠ ᠡᠳᠦᠷ ᠪᠠᠶᠠᠨ ᠴᠢᠨᠡᠭᠡᠯᠢᠭ ᠪᠣᠯᠵᠠᠢ᠃ ᠮᠠᠨ ᠤ ᠨᠠᠮ ᠪᠦᠭᠦ ᠨᠠᠮ ᠪᠦᠭᠦ ᠤᠯᠤᠰ ᠪᠦᠭᠦ ᠨᠡᠶᠢᠭᠡᠮ ᠤᠨ ᠬᠦᠴᠦᠨ ᠢ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠬᠥᠮᠥᠨ ᠳᠤᠮᠳᠠᠴᠢ ᠶᠢᠨ GDP ᠲᠦᠮᠡᠨ ᠳ᠋ᠣᠯᠯᠠᠷ ᠤᠨ ᠶᠡᠭᠡ ᠪᠣᠭᠤᠮᠲᠠ ᠶᠢ ᠰᠢᠪᠲᠤᠯᠪᠠ᠃ ᠬᠥᠭᠵᠢᠶᠡᠨ ᠨᠠᠷᠭᠢᠶᠠᠨᠲᠤ ᠬᠤᠲᠠ ᠳᠤ ᠭᠡᠰᠡᠨ ᠦᠭᠡᠢ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠳᠤ ᠭᠡᠰᠡᠨ ᠦᠭᠡᠢ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠨᠢ ᠲᠤᠭ᠎ᠠ ᠲᠣᠮᠰᠢ ᠦᠭᠡᠢ ᠬᠥᠮᠥᠰ ᠤᠨ ᠬᠤᠪᠢ ᠵᠠᠶᠠᠭ᠎ᠠ ᠶᠢ ᠬᠤᠪᠢᠷᠠᠭᠤᠯᠵᠤ᠂ ᠲᠤᠭ᠎ᠠ ᠲᠣᠮᠰᠢ ᠦᠭᠡᠢ ᠬᠥᠮᠥᠰ ᠤᠨ ᠬᠦᠰᠡᠯ ᠵᠡᠭᠦᠳᠦ ᠶᠢ ᠪᠣᠳᠠᠲᠤ ᠠᠬᠤᠢ ᠪᠤᠯᠭᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦᠶᠢᠴᠡ ᠪᠣᠯᠭᠠᠪᠠ᠃ ᠬᠥᠭᠵᠢᠯᠲᠡ ᠬᠢᠵᠠᠭᠠᠷ ᠦᠭᠡᠢ᠂ ᠲᠡᠮᠡᠴᠡᠯ ᠬᠢᠵᠠᠭᠠᠷ ᠦᠭᠡᠢ᠃ ᠥᠨᠥᠳᠥᠷ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠢᠯᠠᠯᠲᠠ ᠶᠢᠨ ᠡᠷᠴᠢᠨ ᠳᠡᠭᠡᠷ᠎ᠡ ᠪᠠᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ᠂ ᠬᠠᠮᠲᠤ ᠪᠠᠷ ᠴᠢᠨᠡᠭᠡᠯᠢᠭᠵᠢᠬᠦ ᠲᠡᠶᠢᠰᠢ ᠲᠠᠰᠤᠷᠠᠯᠳᠠ ᠦᠭᠡᠢ ᠤᠷᠤᠭᠰᠢᠯᠠᠵᠤ ᠪᠠᠶᠢᠨ᠎ᠠ᠃      ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠪᠢᠷᠠᠰᠢ ᠦᠭᠡᠢ ᠲᠡᠮᠡᠴᠡᠬᠦ ᠬᠠᠷᠠᠯᠲᠠ ᠮᠥᠨ᠃ ᠵᠠᠭᠤᠨ ᠵᠢᠯ ᠤᠨ ᠲᠤᠷᠰᠢ᠂ ᠮᠠᠨ ᠤ ᠨᠠᠮ ᠠᠷᠠᠳ ᠤᠨ ᠠᠷᠠᠳᠴᠢᠯᠠᠯ ᠤᠨ ᠲᠤᠭ ᠢ ᠥᠨᠳᠥᠷ ᠮᠠᠨᠳᠤᠭᠤᠯᠤᠨ᠂ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠦᠨ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠪᠦᠭᠦ ᠲᠠᠯ᠎ᠠ ᠶᠢᠨ᠂ ᠥᠷᠭᠡᠨ ᠳᠡᠯᠭᠡᠷ᠂ ᠣᠷᠭᠠᠨᠢᠭ ᠢᠶᠠᠷ ᠵᠣᠯᠭᠠᠯᠳᠤᠭᠰᠠᠨ ᠪᠠᠶᠢᠭᠤᠯᠤᠯ ᠤᠨ ᠰᠢᠰᠲ᠋ᠧᠮ ᠢ ᠪᠠᠶᠢᠭᠤᠯᠵᠤ ᠂ ᠤᠯᠠᠨ ᠶᠠᠩᠵᠤ ᠶᠢᠨ᠂ ᠰᠠᠭᠠᠳ ᠦᠭᠡᠢ ᠨᠡᠪᠲᠡᠷᠡᠬᠦ᠂ ᠡᠮᠬᠢ ᠵᠢᠷᠤᠮ ᠲᠠᠢ ᠠᠷᠠᠳᠴᠢᠯᠠᠯ ᠤᠨ ᠠᠷᠭ᠎ᠠ ᠵᠠᠮ ᠢ ᠪᠠᠶᠢᠭᠤᠯᠪᠠ᠃ ᠰᠣᠩᠭᠤᠭᠤᠯᠢ ᠶᠢᠨ ᠠᠷᠠᠳ ᠤᠨ ᠦᠨᠡᠮᠯᠡᠯ ᠢᠶᠠᠨ ᠪᠠᠷᠢᠵᠤ ᠰᠣᠩᠭᠤᠭᠤᠯᠢ ᠶᠢᠨ ᠪᠢᠯᠧᠲ ᠥᠭᠭᠦ ᠠᠴᠠ ᠬᠠᠤᠯᠢ ᠴᠠᠭᠠᠵᠠ ᠶᠢᠨ ᠲᠥᠰᠥᠯ ᠳᠤ ᠰᠠᠨᠠᠯ ᠬᠤᠷᠢᠶᠠᠬᠤ ᠠᠵᠢᠯ ᠳᠤ ᠣᠷᠤᠯᠴᠠᠬᠤ ᠭᠦᠷᠲᠡᠯ᠎ᠡ᠂ ᠨᠡᠶᠢᠭᠡᠮ ᠲᠣᠭᠤᠷᠢᠭ ᠤᠨ ᠬᠡᠷᠡᠭ ᠵᠥᠪᠯᠡᠭᠦ ᠬᠤᠷᠠᠯ᠂ ᠵᠥᠪᠯᠡᠭᠦ ᠬᠤᠷᠠᠯ ᠳᠡᠭᠡᠷ᠎ᠡ ᠳᠡᠷᠭᠡᠳᠡᠬᠢ ᠶᠠᠪᠤᠳᠠᠯ ᠢᠶᠠᠨ ᠶᠠᠷᠢᠯᠴᠠᠬᠤ ᠠᠴᠠ ᠠᠪᠤᠭᠠᠳ ᠵᠠᠰᠠᠭ ᠤᠨ ᠶᠠᠪᠤᠳᠠᠯ ᠤᠨ ᠪᠢᠴᠢᠯ ᠪᠦᠷᠭᠡ ᠳᠤ ᠰᠠᠨᠠᠭᠤᠯᠭ᠎ᠠ ᠪᠢᠴᠢᠵᠦ ᠦᠭᠡ ᠦᠯᠡᠳᠡᠭᠡᠬᠦ ᠭᠦᠷᠲᠡᠯ᠎ᠡ ᠁ ᠥᠨᠥᠳᠥᠷ ᠤᠨ ᠳᠤᠮᠳᠠᠳᠤ ᠤᠯᠤᠰ ᠤᠨ ᠠᠷᠠᠳ ᠲᠦᠮᠡᠨ ᠬᠠᠮᠤᠭ ᠤᠨ ᠥᠷᠭᠡᠨ ᠳᠡᠯᠭᠡᠷ᠂ ᠬᠠᠮᠤᠭ ᠤᠨ ᠦᠨᠡᠨ ᠪᠣᠳᠠᠲᠠᠢ᠂ ᠬᠠᠮᠤᠭ ᠤᠨ ᠲᠤᠰᠠᠲᠠᠢ ᠨᠡᠶᠢᠭᠡᠮ ᠵᠢᠷᠤᠮ ᠤᠨ ᠠᠷᠠᠳᠴᠢᠯᠠᠯ ᠢ ᠡᠳ᠋ᠯᠡᠵᠦ᠂ ︽ᠬᠥᠮᠥᠨ ᠪᠦᠭᠦᠨ ᠡᠵᠡᠨ ᠬᠥᠮᠥᠨ︾ ᠪᠣᠯᠤᠭᠰᠠᠨ ᠪᠠᠶᠢᠳᠠᠯ ᠳᠤᠮᠳᠠᠳᠤ ᠤᠯᠤᠰ ᠤᠨ ᠡᠬᠡ ᠭᠠᠵᠠᠷ ᠲᠤ ᠠᠮᠢᠳᠤᠯᠢᠭ ᠢᠯᠡᠷᠡᠪᠡ᠃      ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠥᠯᠥᠭᠡ ᠡᠷᠢᠯᠬᠢᠯᠡᠨ ᠴᠢᠷᠮᠠᠶᠢᠬᠤ ᠠᠶᠠᠨ ᠵᠠᠮ ᠳᠤ᠂ ᠳᠤᠮᠳᠠᠳᠤ ᠤᠯᠤᠰ ᠤᠨ ᠠᠷᠠᠳ ᠲᠦᠮᠡᠨ ᠮᠠᠰᠢ ᠤᠯᠠᠨ ᠬᠠᠯᠠ ᠵᠣᠪᠠᠯᠠᠩ ᠢ ᠠᠮᠰᠠᠵᠤ᠂ ᠮᠠᠰᠢ ᠤᠯᠠᠨ ᠦᠷᠡᠭᠳᠡᠯ ᠭᠠᠷᠭᠠᠵᠤ᠂ ᠮᠠᠰᠢ ᠤᠯᠠᠨ ᠴᠢᠷᠮᠠᠶᠢᠯᠭ᠎ᠠ ᠭᠠᠷᠭᠠᠪᠠ᠃ ᠥᠨᠥᠳᠥᠷ᠂ ᠳᠤᠮᠳᠠᠳᠤ ᠤᠯᠤᠰ ᠤᠨ ᠠᠷᠠᠳ ᠲᠦᠮᠡᠨ ᠤᠯᠤᠰ ᠣᠷᠣᠨ ᠤ ᠪᠠᠨ ᠬᠥᠭᠵᠢᠯ ᠴᠡᠴᠡᠭᠯᠡᠯ᠂ ᠥᠷᠨᠢᠩᠭᠦᠢ ᠬᠥᠭᠵᠢᠯᠲᠡ ᠪᠠᠷ ᠣᠮᠣᠭᠰᠢᠯ ᠪᠤᠯᠭᠠᠵᠤ᠂ ᠠᠮᠢᠳᠤᠷᠠᠯ ᠤᠨ ᠵᠣᠯ ᠵᠢᠷᠭᠠᠯ ᠠᠮᠤᠷ ᠲᠣᠭᠲᠠᠭᠤᠨ᠂ ᠡᠳᠦᠷ ᠠᠴᠠ ᠡᠳᠦᠷ ᠥᠭᠡᠳᠡᠯᠡᠨ ᠲᠠᠪᠰᠢᠬᠤ ᠪᠠᠷ ᠣᠮᠣᠭᠰᠢᠯ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠭᠠᠭᠤᠯᠭ᠎ᠠ ᠳᠣᠣᠷ᠎ᠠ᠂ ᠥᠪᠡᠷ ᠤᠨ ᠰᠣᠩᠭᠤᠭᠰᠠᠨ ᠵᠠᠮ ᠢᠶᠠᠷ ᠢᠶᠠᠨ ᠵᠠᠮᠨᠠᠪᠠᠯ ᠯᠠᠪᠲᠠᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠦᠰᠡᠯ ᠵᠡᠭᠦᠳᠦ ᠶᠢ ᠪᠡᠶᠡᠯᠡᠭᠦᠯᠵᠦ ᠴᠢᠳᠠᠨ᠎ᠠ ᠭᠡᠳᠡᠭ ᠢ ᠪᠠᠲᠤ ᠢᠲᠡᠭᠡᠵᠦ ᠪᠠᠶᠢᠨ᠎ᠠ᠃ ᠥᠨᠥᠳᠥᠷ᠂ ᠳᠤᠮᠳᠠᠳᠤ ᠤᠯᠤᠰ ᠤᠨ ᠠᠷᠠᠳ ᠲᠦᠮᠡᠨ ᠨᠡᠩ ᠢᠲᠡᠭᠡᠯ ᠲᠠᠢ᠂ ᠪᠡᠶ᠎ᠡ ᠪᠠᠨ ᠳᠠᠭᠠᠭᠠᠵᠤ᠂ ᠥᠪᠡᠷ ᠢ ᠪᠠᠨ ᠬᠦᠴᠦᠷᠬᠡᠭᠵᠢᠭᠦᠯᠵᠦ᠂ ᠰᠥᠰᠥ ᠵᠣᠷᠢᠭ᠂ ᠢᠲᠡᠭᠡᠯ ᠵᠣᠷᠢᠭ ᠢᠶᠠᠨ ᠲᠤᠶᠢᠯ ᠤᠨ ᠶᠡᠭᠡ ᠪᠠᠷ ᠴᠢᠩᠭᠠᠷᠠᠭᠤᠯᠪᠠ᠃ ᠳᠤᠮᠳᠠᠳᠤ ᠤᠯᠤᠰ ᠤᠨ ᠠᠷᠠᠳ ᠲᠦᠮᠡᠨ ᠤ ᠲᠡᠦᠬᠡᠨ ᠶᠠᠪᠤᠴᠠ ᠳᠤ ᠬᠤᠷᠠᠮᠳᠤᠭᠤᠯᠤᠭᠰᠠᠨ ᠬᠦᠴᠦᠷᠬᠡᠭ ᠶᠡᠭᠡ ᠡᠨᠧᠷᠭᠢ ᠭᠦᠢᠴᠡᠳ ᠣᠷᠭᠢᠯᠵᠤ᠂ ᠤᠷᠢᠳ ᠡᠮᠦᠨ᠎ᠡ ᠪᠠᠶᠢᠭ᠎ᠠ ᠦᠭᠡᠢ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ᠂ ᠲᠡᠦᠬᠡ ᠶᠢᠨ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠠᠭᠤᠤ ᠶᠡᠭᠡ ᠲᠡᠦᠬᠡ ᠶᠢ ᠢᠲᠡᠭᠡᠯ ᠲᠡᠭᠦᠯᠳᠡᠷ ᠪᠢᠴᠢᠭᠯᠡᠵᠦ ᠪᠠᠶᠢᠨ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠵᠠᠭᠤᠨ ᠵᠢᠯ ᠤᠨ ᠲᠡᠮᠡᠴᠡᠯ ᠢᠶᠠᠷ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠡᠷᠲᠡ ᠡᠳᠦᠭᠡ ᠶᠢ ᠳᠣᠩᠰᠣᠯᠭᠠᠭᠰᠠᠨ ᠭᠠᠶᠢᠬᠠᠮᠰᠢᠭ ᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠪᠠ᠃ ᠵᠠᠭᠤᠨ ᠵᠢᠯ ᠤᠨ ᠭᠡᠷᠡᠯ ᠰᠠᠴᠤᠷᠠᠩᠭᠤᠢ ᠠᠮᠵᠢᠯᠲᠠ ᠶᠢᠨ ᠲᠡᠦᠬᠡᠨ ᠬᠥᠰᠢᠶ᠎ᠡ ᠳᠤᠷᠠᠰᠬᠠᠯ ᠮᠥᠨ ᠴᠦ ᠰᠢᠨ᠎ᠡ ᠠᠭᠤᠤ ᠶᠡᠭᠡ ᠠᠶᠠᠨ ᠤ ᠭᠠᠷᠤᠭ᠎ᠠ ᠪᠣᠯᠣᠨ᠎ᠠ᠃ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠤᠭ᠎ᠠ ᠦᠢᠯᠡᠰ ᠢ ᠪᠦᠲᠦᠭᠡᠬᠦ ᠪᠠᠷ ᠵᠣᠷᠢᠭ ᠰᠢᠭᠤᠳᠤᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠯᠠᠪᠲᠠᠢ ᠨᠡᠩ ᠰᠠᠨᠠᠭᠠᠴᠢᠯᠠᠭᠠᠲᠤ ᠵᠣᠷᠢᠭ ᠰᠠᠨᠠᠭ᠎ᠠ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ᠂ ᠨᠡᠩ ᠰᠢᠷᠭᠠᠭᠤ ᠲᠡᠮᠡᠴᠡᠯ ᠢᠶᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠷᠠᠭᠤ ᠭᠠᠶᠢᠬᠠᠮᠰᠢᠭᠲᠤ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠵᠦ᠂ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠨᠡᠩ ᠶᠡᠭᠡ ᠬᠤᠪᠢ ᠨᠡᠮᠡᠷᠢ ᠦᠵᠡᠭᠦᠯᠭᠦ ᠠᠤᠭ᠎ᠠ ᠰᠦᠷᠯᠢᠭ ᠬᠠᠭᠤᠳᠠᠰᠤ ᠶᠢ ᠪᠢᠴᠢᠭᠯᠡᠬᠦ ᠪᠣᠯᠣᠨ᠎ᠠ᠃      ︵ᠠᠷᠠᠳ ᠤᠨ ᠡᠳᠦᠷ ᠤᠨ ᠰᠣᠨᠢᠨ ᠠᠴᠠ ᠬᠠᠨ ᠯᠢᠩ ᠯᠢᠩ ᠣᠷᠴᠢᠭᠤᠯᠪᠠ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号