ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠬᠦ ᠶᠢᠨ ᠭᠦᠨ ᠳᠠᠪᠬᠤᠷᠭ᠎ᠠ ᠶᠢᠨ ᠤᠳᠬ᠎ᠠ ᠠᠭᠤᠯᠭ᠎ᠠ
ᠨᠡᠶᠢᠲᠡᠯᠡᠭᠰᠡᠨ ᠴᠠᠭ᠄
2022/2/28
                                 ◆ ᠬᠠᠨ ᠵᠧᠨ  ᠹᠧᠩ      ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠭᠰᠠᠨ ᠪᠥᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ᠂ ᠠᠷᠠᠳ ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠦᠬᠦᠵᠦ ᠰᠡᠭᠡᠭᠦ ᠪᠠᠨ ᠬᠠᠮᠲᠤᠳᠬᠠᠵᠤ᠂ ᠶᠠᠮᠠᠷᠪᠠ ᠥᠪᠡᠷ ᠤᠨ ᠭᠡᠰᠡᠨ ᠣᠨᠴᠠᠭᠠᠢ ᠠᠰᠢᠭ ᠲᠤᠰᠠ ᠦᠭᠡᠢ᠂ ᠶᠠᠮᠠᠷᠪᠠ ᠠᠰᠢᠭ ᠲᠤᠰᠠ ᠶᠢᠨ ᠪᠦᠯᠦᠭᠯᠡᠯ᠂ ᠶᠠᠮᠠᠷᠪᠠ ᠡᠷᠬᠡ ᠰᠦᠷᠲᠦ ᠪᠦᠯᠭᠦᠮ᠂ ᠶᠠᠮᠠᠷᠪᠠ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠶᠡᠷᠦ ᠠᠴᠠ ᠲᠥᠯᠥᠭᠡᠯᠡᠳᠡᠭ ᠦᠭᠡᠢ︾ ᠭᠡᠵᠦ ᠵᠢᠭᠠᠵᠤ ᠭᠠᠷᠭᠠᠪᠠ᠃ ᠡᠨᠡ ᠬᠦ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠬᠤ ᠨᠢ ᠨᠠᠮ ᠤᠨ ᠭᠡᠰᠢᠭᠦᠨ ᠺᠠᠳ᠋ᠷᠴᠤᠳ ᠤᠨ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠨ᠂ ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠳᠤ ᠲᠤᠶᠢᠯ ᠤᠨ ᠴᠢᠬᠤᠯᠠ ᠣᠨᠣᠯ ᠤᠨ ᠪᠠ ᠪᠣᠳᠠᠲᠤ ᠠᠬᠤᠶᠢᠴᠢ ᠠᠴᠢ ᠬᠤᠯᠪᠣᠭᠳᠠᠯ ᠲᠠᠢ ᠶᠤᠮ᠃      ᠨᠠᠮ ᠢᠮᠠᠭᠲᠠ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠳᠡᠭ ᠨᠢ ᠨᠠᠮ ᠤᠨ ᠮᠥᠨ ᠴᠢᠨᠠᠷ ᠪᠠ ᠦᠨᠳᠦᠰᠦᠨ ᠱᠠᠭᠠᠷᠳᠠᠯᠭ᠎ᠠ ᠶᠢ ᠭᠦᠨᠵᠡᠭᠡᠢ ᠢᠯᠡᠷᠡᠭᠦᠯᠪᠡ      ᠮᠥᠨ ᠴᠢᠨᠠᠷ ᠨᠢ ᠦᠵᠡᠭᠳᠡᠯ ᠢ ᠲᠣᠭᠲᠠᠭᠠᠵᠤ᠂ ᠠᠭᠤᠯᠭ᠎ᠠ ᠨᠢ ᠭᠡᠯᠪᠡᠷᠢ ᠶᠢ ᠲᠣᠭᠲᠠᠭᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠵᠢᠯᠴᠢᠨ ᠠᠩᠭᠢ ᠶᠢᠨ ᠬᠤᠰᠢᠭᠤᠴᠢ ᠠᠩᠭᠢ ᠮᠥᠨ᠂ ᠪᠠᠰᠠ ᠴᠤ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠬᠤᠰᠢᠭᠤᠴᠢ ᠠᠩᠭᠢ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠤᠳᠤᠷᠢᠳᠬᠤ ᠭᠤᠣᠯᠯᠠᠭᠴᠢ ᠬᠦᠴᠦᠨ ᠮᠥᠨ᠃ ᠬᠤᠶᠠᠷ ︽ᠬᠤᠰᠢᠭᠤᠴᠢ ᠠᠩᠭᠢ︾ ᠪᠠ ᠨᠢᠭᠡ ︽ᠤᠳᠤᠷᠢᠳᠬᠤ ᠭᠤᠣᠯᠯᠠᠭᠴᠢ︾᠎ ᠶᠢᠨ ᠮᠥᠨ ᠴᠢᠨᠠᠷ ᠤᠨ ᠰᠢᠨᠵᠢ ᠴᠢᠨᠠᠷ ᠨᠢ ᠨᠠᠮ ᠡᠷᠬᠡᠪᠰᠢ ᠢᠮᠠᠭᠲᠠ ᠳᠤᠮᠳᠠᠳᠤ ᠤᠯᠤᠰ ᠤᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠶᠢ ᠲᠥᠯᠥᠭᠡᠯᠡᠵᠦ᠂ ᠳᠤᠮᠳᠠᠳᠤ ᠤᠯᠤᠰ ᠤᠨ ᠲᠡᠷᠢᠭᠦᠨ ᠤ ᠰᠣᠶᠣᠯ ᠤᠨ ᠤᠷᠤᠭᠰᠢᠯᠠᠯᠲᠠ ᠶᠢᠨ ᠴᠢᠭᠯᠡᠯ ᠢ ᠲᠥᠯᠥᠭᠡᠯᠡᠵᠦ᠂ ᠳᠤᠮᠳᠠᠳᠤ ᠤᠯᠤᠰ ᠤᠨ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠬᠦ ᠶᠢ ᠲᠣᠭᠲᠠᠭᠠᠭᠰᠠᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠵᠢᠯᠴᠢᠨ ᠠᠩᠭᠢ ᠶᠢᠨ ᠬᠤᠰᠢᠭᠤᠴᠢ ᠠᠨᠭᠭᠢ ᠮᠥᠨ ᠪᠣᠯᠬᠤᠷ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠬᠤᠰᠢᠭᠤᠴᠢ ᠠᠩᠭᠢ ᠡᠷᠬᠡᠪᠰᠢ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠴᠠᠭ ᠢᠮᠠᠭᠲᠠ ᠲᠥᠯᠥᠭᠡᠯᠡᠬᠦ ᠬᠡᠷᠡᠭᠲᠡᠢ᠂ ᠬᠠᠷᠢᠨ ᠶᠠᠮᠠᠷᠪᠠ ᠠᠰᠢᠭ ᠲᠤᠰᠠ ᠶᠢᠨ ᠪᠦᠯᠦᠭᠯᠡᠯ᠂ ᠡᠷᠬᠡ ᠰᠦᠷᠲᠦ ᠪᠦᠯᠭᠦᠮ ᠪᠤᠶᠤ ᠣᠨᠴᠠ ᠡᠷᠬᠡᠲᠦ ᠳᠠᠪᠬᠤᠷᠭ᠎ᠠ ᠶᠢᠨ ᠠᠰᠢᠭ ᠲᠤᠰᠠ ᠶᠢ ᠲᠥᠯᠥᠭᠡᠯᠡᠵᠦ ᠪᠤᠯᠬᠤ ᠦᠭᠡᠢ᠂ ᠡᠷᠬᠡᠪᠰᠢ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠨ᠂ ᠦᠬᠦᠵᠦ ᠰᠡᠭᠡᠭᠦ ᠪᠠᠨ ᠬᠠᠮᠲᠤᠳᠬᠠᠬᠤ ᠭᠡᠷᠡᠭᠲᠡᠢ ; ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠣᠨᠴᠠᠯᠢᠭ ᠎ ᠲᠠᠢ ᠨᠡᠶᠢᠭᠡᠮ ᠵᠢᠷᠤᠮ ᠤᠨ ᠦᠢᠯᠡᠰ ᠤᠨ ᠤᠳᠤᠷᠢᠳᠬᠤ ᠭᠤᠣᠯᠯᠠᠭᠴᠢ ᠮᠥᠨ ᠪᠣᠯᠬᠤᠷ ᠡᠷᠬᠡᠪᠰᠢ ᠪᠦᠭᠦ ᠠᠷᠠᠳ ᠲᠦᠮᠡᠨ ᠤ ᠣᠶᠣᠨ ᠤᠬᠠᠭᠠᠨ ᠪᠠ ᠬᠦᠴᠦᠨ ᠴᠢᠳᠠᠯ ᠢ ᠴᠢᠷᠮᠠᠶᠢᠨ ᠨᠢᠭᠲᠠᠷᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠬᠡᠷᠡᠭᠲᠡᠢ᠂ ᠡᠭᠦᠨ ᠢ ᠪᠡᠶᠡᠯᠡᠭᠦᠯᠬᠦ ᠳᠤ ᠡᠷᠬᠡᠪᠰᠢ ᠠᠷᠠᠳ ᠲᠦᠮᠡᠨ ᠤ ᠵᠣᠭᠰᠣᠯᠲᠠ ᠪᠠ ᠠᠷᠠᠳ ᠲᠦᠮᠡᠨ ᠤ ᠦᠵᠡᠯᠲᠡ ᠶᠢ ᠤᠬᠠᠮᠰᠠᠷ ᠠᠴᠠ ᠪᠠᠨ ᠪᠠᠷᠢᠮᠲᠠᠯᠠᠵᠤ᠂ ᠠᠷᠠᠳ ᠲᠦᠮᠡᠨ ᠳᠤ ᠠᠰᠢᠭ ᠲᠤᠰᠠ ᠣᠯᠭᠤᠬᠤ᠂ ᠵᠣᠯ ᠵᠢᠷᠭᠠᠯ ᠣᠯᠭᠤᠬᠤ ᠶᠢ ᠥᠪᠡᠷ ᠤᠨ ᠪᠦᠭᠦ ᠠᠵᠢᠯᠯᠠᠭ᠎ᠠ ᠶᠢᠨ ᠢᠶᠠᠨ ᠵᠣᠷᠢᠯᠲᠠ ᠪᠠ ᠲᠤᠰᠤᠯᠲᠠ ᠪᠤᠯᠭᠠᠵᠤ᠂ ᠢᠮᠠᠭᠲᠠ ᠠᠷᠠᠳ ᠲᠦᠮᠡᠨ ᠢ ᠳᠠᠭᠠᠭᠤᠯᠤᠨ ᠰᠠᠶᠢᠨ ᠰᠠᠶᠢᠬᠠᠨ ᠠᠮᠢᠳᠤᠷᠠᠯ ᠤᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠲᠠᠰᠣᠷᠠᠯᠳᠠ ᠦᠭᠡᠢ ᠲᠡᠮᠡᠴᠡᠬᠦ ᠬᠡᠷᠡᠭᠲᠡᠢ᠃      ᠨᠠᠮ ᠢᠮᠠᠭᠲᠠ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠳᠡᠭ ᠨᠢ ᠨᠠᠮ ᠤᠨ ᠦᠨᠳᠦᠰᠦᠨ ᠵᠣᠷᠢᠯᠲᠠ ᠶᠢᠨ ᠳᠣᠲᠣᠭᠠᠳᠤ ᠬᠡᠷᠡᠭᠴᠡᠭᠡ ᠶᠢ ᠭᠦᠨᠵᠡᠭᠡᠢ ᠢᠯᠡᠷᠡᠭᠦᠯᠪᠡ      ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠪᠣᠯ ᠨᠠᠮ ᠤᠨ ᠦᠨᠳᠦᠰᠦᠨ ᠵᠣᠷᠢᠯᠲᠠ ᠮᠥᠨ᠂ ᠪᠠᠰᠠ ᠴᠤ ᠮᠠᠨ ᠤ ᠨᠠᠮ ᠤᠨ ᠠᠯᠢᠪᠠ ᠠᠵᠢᠯ ᠢᠶᠠᠨ ᠰᠠᠶᠢᠲᠤᠷ ᠬᠢᠵᠦ᠂ ᠠᠯᠢᠪᠠ ᠡᠭᠦᠷᠭᠡ ᠪᠠᠨ ᠪᠡᠶᠡᠯᠡᠭᠦᠯᠬᠦ ᠶᠢᠨ ᠵᠣᠷᠢᠯᠲᠠ ᠪᠠ ᠲᠤᠰᠤᠯᠲᠠ ᠮᠥᠨ᠃ ᠲᠤᠬᠠᠢ ᠶᠢᠨ ᠵᠢᠯ ᠳᠤ ᠮᠠᠤ ᠽᠧ ᠳ᠋ᠦᠩ ᠨᠥᠬᠦᠷ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠠᠪᠤᠳᠠᠯ ᠢ ᠡᠪ ᠬᠠᠮᠲᠤᠴᠤᠳ ᠤᠨ ᠪᠤᠰᠤᠳ ᠶᠠᠮᠠᠷᠪᠠ ᠲᠦᠷᠦ ᠶᠢᠨ ᠨᠠᠮ ᠠᠴᠠ ᠢᠯᠭᠠᠭᠳᠠᠬᠤ ︽ᠢᠯᠡᠷᠬᠡᠢ ᠰᠢᠨᠵᠢ ᠲᠡᠮᠳᠡᠭ︾ ᠭᠡᠵᠦ ᠦᠵᠡᠵᠦ᠂ ᠮᠠᠨ ᠤ ᠡᠪ ᠬᠠᠮᠲᠤᠴᠤᠳ ᠡᠷᠬᠡᠪᠰᠢ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠡᠷᠡᠭᠲᠡᠢ᠂ ᠤᠯᠡᠠ ᠲᠦᠮᠡᠨ ᠠᠴᠠ ᠨᠢᠭᠡ ᠮᠥᠴᠡ ᠴᠦ ᠰᠠᠯᠤᠩᠭᠢᠷᠠᠬᠤ ᠦᠭᠡᠢ᠂ ᠠᠯᠢᠪᠠ ᠪᠦᠭᠦᠠ ᠳᠤ ᠠᠷᠠᠳ ᠲᠦᠮᠡᠨ ᠤ ᠠᠰᠢᠭ ᠲᠤᠰᠠ ᠠᠴᠠ ᠡᠭᠦᠰᠭᠦ ᠬᠡᠷᠡᠭᠲᠡᠢ᠂ ᠬᠠᠷᠢᠨ ᠬᠤᠪᠢ ᠬᠥᠮᠥᠨ ᠪᠤᠶᠤ ᠵᠢᠵᠢᠭ ᠪᠦᠯᠭᠦᠮ ᠤᠨ ᠠᠰᠢᠭ ᠲᠤᠰᠠ ᠠᠴᠠ ᠡᠭᠦᠰᠭᠦ ᠪᠢᠰᠢ ; ᠡᠪ ᠬᠠᠮᠲᠤ ᠨᠠᠮ ᠪᠣᠯ ᠲᠡᠮᠡᠴᠡᠬᠦ ᠬᠡᠷᠡᠭᠲᠡᠢ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠬᠡᠷᠡᠭᠲᠡᠢ᠂ ᠬᠠᠭᠠᠰ ᠰᠡᠳᠬᠢᠯ ᠬᠠᠭᠠᠰ ᠵᠣᠷᠢᠭ ᠢᠶᠠᠷ ᠪᠤᠶᠤ ᠭᠤᠷᠪᠠᠨ ᠤ ᠬᠤᠶᠠᠷ ᠬᠤᠪᠢ ᠶᠢᠨ ᠰᠠᠨᠠᠭ᠎ᠠ ᠪᠠᠷ ᠠᠷᠠᠳ ᠲᠦᠮᠡᠨ ᠳᠤ ᠦᠢᠯᠡᠴᠢᠯᠡᠵᠦ ᠪᠤᠯᠬᠤ ᠦᠭᠡᠢ ᠭᠡᠵᠦ ᠴᠢᠬᠤᠯᠠᠴᠢᠯᠠᠭᠰᠠᠨ ᠶᠤᠮ᠃ ᠶᠡᠷᠦᠩᠬᠡᠢ ᠱᠦᠵᠢ ᠰᠢ ᠶᠢᠨ ᠫᠢᠩ ᠠᠷᠠᠳ ᠲᠦᠮᠡᠨ ᠢ ︽ᠲᠥᠷᠥ ᠵᠠᠰᠠᠭ︾ ᠬᠡᠮᠡᠨ ᠵᠦᠢᠷᠯᠡᠵᠦ᠂ ︽ᠲᠥᠷᠥ ᠵᠠᠰᠠᠭ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠥᠷᠥ ᠵᠠᠰᠠᠭ ᠮᠥᠨ᠂ ᠲᠥᠷᠥ ᠵᠠᠰᠠᠭ ᠢ ᠪᠠᠶᠢᠭᠤᠯᠵᠤ᠂ ᠲᠥᠷᠥ ᠵᠠᠰᠠᠭ ᠢ ᠰᠠᠬᠢᠬᠤ ᠨᠢ ᠠᠷᠠᠳ ᠲᠦᠮᠡᠨ ᠤ ᠰᠡᠳᠬᠢᠯ ᠢ ᠰᠠᠬᠢᠬᠤ ᠶᠠᠪᠤᠳᠠᠯ ᠪᠣᠯᠣᠨ᠎ᠠ︾ ᠭᠡᠵᠦ ᠴᠢᠬᠤᠯᠠᠴᠢᠯᠠᠪᠠ᠃ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠪᠣᠯ ᠦᠨᠡᠨ ᠳᠡᠭᠡᠨ ᠠᠷᠠᠳ ᠲᠦᠮᠡᠨ ᠳᠤ ᠠᠰᠢᠭ ᠲᠤᠰᠠ ᠣᠯᠭᠤᠬᠤ᠂ ᠵᠣᠯ ᠵᠢᠷᠭᠠᠯ ᠣᠯᠭᠤᠬᠤ ᠲᠡᠮᠡᠴᠡᠯ ᠤᠨ ᠲᠡᠦᠬᠡ ᠮᠥᠨ᠃ ᠰᠢᠨ᠎ᠡ ᠲᠡᠦᠬᠡᠨ ᠨᠥᠬᠦᠴᠡᠯ ᠳᠣᠣᠷ᠎ᠠ᠂ ᠪᠢᠳᠡ ᠡᠷᠬᠡᠪᠰᠢ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠭᠦᠨᠳᠦᠳᠭᠡᠵᠦ᠂ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠬᠡᠷᠡᠭᠲᠡᠢ᠃      ᠨᠠᠮ ᠢᠮᠠᠭᠲᠠ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠳᠡᠭ ᠨᠢ ᠨᠠᠮ ᠤᠨ ᠵᠢᠯᠤᠭᠤᠳᠬᠤ ᠦᠵᠡᠯ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠢᠯᠡᠷᠡᠭᠦᠯᠪᠡ      ᠳᠤᠮᠳᠠᠳᠤ ᠤᠯᠤᠰ ᠤᠨ ᠡᠪ ᠬᠠᠮᠲᠤ ᠨᠠᠮ ᠪᠣᠯ ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠣᠨᠣᠯ ᠢᠶᠠᠷ ᠵᠢᠯᠤᠭᠤᠳᠬᠤ ᠦᠵᠡᠯ ᠰᠠᠨᠠᠭ᠎ᠠ ᠪᠠᠨ ᠪᠤᠯᠭᠠᠭᠰᠠᠨ ᠦᠭᠡᠶᠢᠭᠦᠦ ᠠᠩᠭᠢ ᠶᠢᠨ ᠲᠥᠷᠥ ᠶᠢᠨ ᠨᠠᠮ ᠮᠥᠨ᠃ ᠠᠷᠠᠳᠴᠢ ᠴᠢᠨᠠᠷ ᠪᠣᠯ ᠮᠠᠷᠺᠰ ᠤᠨ ᠦᠵᠡᠯ ᠤᠨ ᠮᠥᠨ ᠴᠢᠨᠠᠷ ᠤᠨ ᠣᠨᠴᠠᠯᠢᠭ ᠮᠥᠨ᠃ ᠶᠡᠷᠦᠩᠬᠡᠢ ᠱᠦᠵᠢ ᠰᠢ ᠶᠢᠨ ᠫᠢᠩ ᠮᠠᠷᠺᠰ ᠤᠨ ᠮᠡᠨᠳᠦᠯᠡᠭᠰᠡᠨ 200 ᠵᠢᠯ ᠤᠨ ᠤᠢ ᠶᠢ ᠳᠤᠷᠠᠰᠬᠠᠬᠤ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠂ ︽ᠮᠠᠷᠺᠰ ᠤᠨ ᠦᠵᠡᠯ ᠪᠣᠯ ᠠᠷᠠᠳ ᠲᠦᠮᠡᠨ ᠤ ᠤᠨᠤᠯ ᠮᠥᠨ︾᠂ ︽ᠮᠠᠷᠺᠰ ᠤᠨ ᠦᠵᠡᠯ ᠨᠢ ᠤᠯᠤᠰ ᠠᠯᠤᠰᠯᠠᠭᠰᠠᠨ᠂ ᠴᠠᠭ ᠦᠶ᠎ᠡ ᠶᠢ ᠠᠯᠤᠰᠯᠠᠭᠰᠠᠨ ᠨᠥᠯᠥᠭᠡᠯᠡᠬᠦ ᠬᠦᠴᠦᠨ ᠲᠠᠢ ᠪᠣᠯᠤᠭᠰᠠᠨ ᠨᠢ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠳᠤ ᠲᠦᠰᠢᠭᠯᠡᠨ ᠲᠡᠦᠬᠡ ᠶᠢ ᠲᠦᠯᠬᠢᠨ ᠤᠷᠤᠭᠰᠢᠯᠠᠭᠤᠯᠬᠤ ᠬᠥᠮᠥᠨ ᠤ ᠶᠢᠷᠲᠢᠨᠴᠦ ᠶᠢᠨ ᠵᠥᠪ ᠵᠠᠮ ᠢ ᠵᠢᠭᠠᠵᠤ ᠥᠭᠭᠦᠭᠰᠡᠨ ᠠᠴᠠ ᠪᠣᠯᠤᠭᠰᠠᠨ ᠶᠤᠮ︾ ᠭᠡᠵᠦ ᠲᠣᠳᠣᠷᠬᠠᠢ ᠵᠢᠭᠠᠵᠤ ᠭᠠᠷᠭᠠᠪᠠ᠃ ᠠᠯᠢ ᠡᠷᠲᠡ 170 ᠭᠠᠷᠤᠢ ᠵᠢᠯ ᠤᠨ ᠡᠮᠦᠨ᠎ᠡ᠂ ᠮᠠᠷᠺᠰ ᠡᠩᠭᠧᠯᠰ ︽ᠡᠪ ᠬᠠᠮᠲᠤ ᠨᠠᠮ ᠤᠨ ᠲᠤᠩᠬᠠᠭ︾᠎ ᠲᠠᠭᠠᠨ᠄ ︽ᠥᠩᠭᠡᠷᠡᠭᠰᠡᠨ ᠤ ᠠᠯᠢᠪᠠ ᠬᠥᠳᠡᠯᠭᠡᠭᠡᠨ ᠪᠣᠯ ᠴᠥᠮ ᠴᠥᠭᠡᠨ ᠲᠣᠭᠠᠨ ᠤ ᠬᠥᠮᠥᠨ ᠤ ᠪᠤᠶᠤ ᠴᠥᠭᠡᠨ ᠲᠣᠭᠠᠨ ᠤ ᠬᠥᠮᠥᠨ ᠳᠤ ᠠᠰᠢᠭ ᠣᠯᠭᠤᠬᠤ ᠬᠥᠳᠡᠯᠭᠡᠭᠡᠨ ᠮᠥᠨ᠃ ᠦᠭᠡᠶᠢᠭᠦᠦ ᠠᠩᠭᠢ ᠶᠢᠨ ᠬᠥᠳᠡᠯᠭᠡᠭᠡᠨ ᠪᠣᠯ ᠵᠣᠩᠬᠢᠯᠠᠬᠤ ᠤᠯᠠᠨ ᠲᠣᠭᠠᠨ ᠤ ᠬᠥᠮᠥᠨ ᠤ ᠠᠰᠢᠭ ᠲᠤᠰᠠ ᠶᠢᠨ ᠲᠥᠯᠥᠭᠡ ᠲᠡᠮᠡᠴᠡᠬᠦ ᠪᠡᠶ᠎ᠡ ᠪᠠᠨ ᠳᠠᠭᠠᠭᠠᠭᠰᠠᠨ ᠬᠥᠳᠡᠯᠭᠡᠭᠡᠨ ᠮᠥᠨ᠃ ᠭᠠᠭᠴᠠ ᠬᠦ ᠮᠠᠷᠺᠰ ᠤᠨ ᠦᠵᠡᠯ ᠢᠶᠠᠷ ᠵᠢᠯᠤᠭᠤᠳᠬᠤ ᠦᠵᠡᠯ ᠰᠠᠨᠠᠭ᠎ᠠ ᠪᠤᠯᠭᠠᠭᠰᠠᠨ ᠦᠭᠡᠶᠢᠭᠦᠦ ᠠᠩᠭᠢ ᠶᠢᠨ ᠲᠦᠷᠦ ᠶᠢᠨ ᠨᠠᠮ ᠪᠣᠯ ᠰᠠᠶ᠋ᠢ ᠠᠷᠠᠳ ᠤᠯᠡᠠ ᠤ ᠠᠰᠢᠭ ᠲᠤᠰᠠ ᠶᠢ ᠵᠢᠩᠬᠢᠨᠢ ᠲᠥᠯᠥᠭᠡᠯᠡᠭᠰᠡᠨ ᠲᠡᠷᠢᠭᠦᠨ ᠤ ᠲᠦᠷᠦ ᠶᠢᠨ ᠨᠠᠮ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠭᠡᠳ ᠳᠠᠷᠤᠢ ︽ᠢᠮᠠᠭᠲᠠ ᠬᠠᠮᠤᠭ ᠤᠨ ᠥᠷᠭᠡᠨ ᠤᠯᠡᠠ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠳᠡᠭ︾ ᠪᠥᠭᠡᠳ ︽ᠶᠠᠮᠠᠷ ᠴᠤ ᠥᠪᠡᠷ ᠤᠨ ᠣᠨᠴᠠᠭᠠᠢ ᠠᠰᠢᠭ ᠲᠤᠰᠠ ᠪᠠᠶᠢᠳᠠᠭ ᠦᠭᠡᠢ︾᠂ ᠮᠥᠨ ᠴᠢᠨᠠᠷ ᠠᠴᠠ ᠨᠢ ᠠᠪᠴᠤ ᠬᠡᠯᠡᠪᠡᠯ᠂ ᠨᠠᠮ ᠤᠨ ᠠᠰᠢᠭ ᠲᠤᠰᠠ ᠪᠣᠯᠣᠨ ᠠᠷᠠᠳ ᠤᠯᠡᠠ ᠤ ᠠᠰᠢᠭ ᠲᠤᠰᠠ ᠪᠣᠯ ᠪᠦᠷᠢᠮᠦᠰᠦᠨ ᠨᠢᠭᠡᠳᠦᠯᠲᠡᠢ ᠪᠠᠶᠢᠳᠠᠭ᠂ ᠨᠠᠮ ᠤᠨ ᠵᠣᠭᠰᠣᠯᠲᠠ ᠪᠣᠯᠣᠨ ᠠᠷᠠᠳ ᠤᠯᠡᠠ ᠤ ᠵᠣᠭᠰᠣᠯᠲᠠ ᠴᠤ ᠪᠦᠷᠢᠮᠦᠰᠦᠨ ᠨᠢᠭᠡᠳᠦᠯᠲᠡᠢ ᠪᠠᠶᠢᠳᠠᠭ᠃ ᠨᠠᠮ ᠥᠪᠡᠷ ᠤᠨ ᠲᠡᠦᠬᠡᠲᠦ ᠡᠭᠦᠷᠭᠡ ᠪᠠᠨ ᠪᠡᠶᠡᠯᠡᠭᠦᠯᠦᠶ᠎ᠡ ᠭᠡᠪᠡᠯ ᠡᠷᠬᠡᠪᠰᠢ ᠠᠯᠢᠪᠠ ᠪᠦᠭᠦᠨ ᠳᠤ ᠤᠯᠠᠨ ᠲᠦᠮᠡᠨ ᠤ ᠲᠥᠯᠥᠭᠡ ᠪᠠᠶᠢᠵᠤ᠂ ᠠᠯᠢᠪᠠ ᠪᠦᠭᠦᠨ ᠳᠤ ᠤᠯᠠᠨ ᠲᠦᠮᠡᠨ ᠢ ᠲᠦᠰᠢᠭᠯᠡᠨ᠂ ᠠᠷᠠᠳ ᠤᠯᠠᠨ ᠤ ᠠᠭᠤᠤ ᠶᠡᠭᠡ ᠦᠢᠯᠡᠳᠦᠯᠭᠡ ᠶᠢᠨ ᠳᠤᠮᠳᠠ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠪᠡᠶᠡᠯᠡᠭᠦᠯᠬᠦ ᠬᠡᠷᠡᠭᠲᠡᠢ᠃      ᠨᠠᠮ ᠢᠮᠠᠭᠲᠠ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠳᠡᠭ ᠨᠢ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠢᠯᠡᠷᠡᠭᠦᠯᠪᠡ      ᠤᠭ ᠰᠠᠨᠠᠭ᠎ᠠ ᠪᠠᠨ ᠦᠯᠦ ᠮᠠᠷᠲᠠᠪᠠᠰᠤ ᠡᠴᠦᠰ ᠤᠨ ᠢᠯᠠᠯᠲᠠ ᠶᠢ ᠣᠯᠵᠤ ᠴᠢᠳᠠᠮᠤᠢ᠃ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠡᠳᠦᠷ ᠠᠴᠠ ᠪᠠᠨ ᠡᠬᠢᠯᠡᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠠᠨ ᠪᠣᠯᠭᠠᠪᠠ᠃ ᠨᠠᠮ ᠤᠨ ᠠᠩᠬᠠᠳᠤᠭᠠᠷ ᠶᠡᠭᠡ ᠬᠤᠷᠠᠯ ᠠᠴᠠ ᠪᠠᠲᠤᠯᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠲᠥᠯᠪᠦᠷᠢ︾᠎ ᠳᠤ ᠳᠤᠮᠳᠠᠳᠤ ᠤᠯᠤᠰ ᠤᠨ ᠡᠪ ᠬᠠᠮᠲᠤ ᠨᠠᠮ ᠡᠷᠬᠡᠪᠰᠢ ︽ᠬᠥᠷᠥᠩᠭᠡᠲᠡᠨ ᠠᠩᠭᠢ ᠶᠢ ᠲᠦᠯᠬᠢᠨ ᠤᠨᠠᠭᠠᠵᠤ︾᠂ ︽ᠬᠥᠷᠥᠩᠭᠡ ᠶᠢᠨ ᠬᠤᠪᠢ ᠶᠢᠨ ᠥᠮᠴᠢᠯᠡᠯ ᠢ ᠬᠦᠴᠦᠨ ᠦᠭᠡᠢ ᠪᠤᠯᠭᠠᠵᠤ︾᠂ ︽ᠬᠥᠳᠡᠯᠮᠦᠷᠢᠴᠢᠨ ᠠᠩᠭᠢ ᠤᠯᠤᠰ ᠣᠷᠣᠨ ᠢᠶᠠᠨ ᠳᠠᠭᠢᠨ ᠪᠠᠶᠢᠭᠤᠯᠬᠤ ᠬᠡᠷᠡᠭᠲᠡᠢ︾ ᠭᠡᠵᠦ ᠲᠣᠳᠣᠷᠬᠠᠢ ᠳᠤᠷᠠᠳᠴᠠᠢ᠃ ᠨᠠᠮ ᠤᠨ ᠭᠤᠷᠪᠠᠳᠤᠭᠠᠷ ᠶᠡᠭᠡ ᠬᠤᠷᠠᠯ ᠠᠴᠠ ︽ᠠᠵᠢᠯᠴᠢᠨ ᠲᠠᠷᠢᠶᠠᠴᠢᠨ ᠤ ᠲᠤᠰ ᠪᠡᠶ᠎ᠡ ᠶᠢᠨ ᠠᠰᠢᠭ ᠲᠤᠰᠠ ᠶᠢ ᠬᠦᠷᠢᠶᠡᠯᠡᠬᠦ︾᠎ ᠶᠢ ᠥᠪᠡᠷ ᠤᠨ ︽ᠣᠨᠴᠠᠭᠠᠶ ᠬᠠᠷᠢᠭᠤᠴᠠᠯᠭ᠎ᠠ︾᠎ ᠪᠠᠨ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠡᠭᠦᠯᠡᠷ ᠨᠢ ᠨᠠᠮ ᠤᠨ ᠤᠳᠠᠭ᠎ᠠ ᠪᠦᠷᠢ ᠶᠢᠨ ᠲᠥᠯᠥᠭᠡᠯᠡᠭᠴᠢᠳ ᠤᠨ ᠶᠡᠭᠡ ᠬᠤᠷᠠᠯ ᠴᠥᠮ ᠠᠳᠠᠯᠢ ᠪᠤᠰᠤ ᠲᠠᠯ᠎ᠠ ᠠᠴᠠ ᠨᠠᠮ ᠡᠷᠬᠡᠪᠰᠢ ᠢᠮᠠᠭᠲᠠ ᠠᠷᠠᠳ ᠤᠯᠡᠠ ᠤ ᠠᠰᠢᠭ ᠲᠤᠰᠠ ᠶᠢ ᠲᠥᠯᠥᠭᠡᠯᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ︽ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ︾ ᠡᠨᠡ ᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ︽ᠳᠤᠮᠳᠠᠳᠤ ᠤᠯᠤᠰ ᠤᠨ ᠡᠪ ᠬᠠᠮᠲᠤᠴᠤᠳ ᠢ ᠤᠷᠮᠠᠰᠢᠭᠤᠯᠤᠨ ᠵᠣᠷᠢᠭᠵᠢᠭᠤᠯᠵᠤ ᠲᠠᠰᠤᠷᠠᠯᠲᠠ ᠦᠭᠡᠢ ᠤᠷᠤᠭᠰᠢᠯᠠᠭᠤᠯᠬᠤ ᠦᠨᠳᠦᠰᠦᠨ ᠬᠥᠳᠡᠯᠭᠡᠭᠦ ᠬᠦᠴᠦᠨ ᠮᠥᠨ︾ ᠭᠡᠵᠦ ᠲᠣᠳᠣᠷᠬᠠᠶᠢᠯᠠᠪᠠ᠃ ᠶᠡᠷᠦᠩᠬᠡᠢ ᠱᠦᠵᠢ ᠰᠢ ᠎ ᠶᠢᠨ ᠫᠢᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ︽ᠮᠠᠨ ᠤ ᠨᠠᠮ ᠤᠨ ᠵᠠᠭᠤᠨ ᠵᠢᠯ ᠤᠨ ᠲᠡᠦᠬᠡ ᠪᠣᠯ ᠳᠠᠷᠤᠢ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠭᠰᠡᠨ ᠲᠡᠦᠬᠡ ᠮᠥᠨ᠂ ᠳᠠᠷᠤᠢ ᠨᠠᠮ ᠪᠣᠯᠣᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠣᠵᠤ᠂ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠲᠡᠦᠬᠡ ᠮᠥᠨ︾ ᠭᠡᠵᠦ ᠴᠢᠬᠤᠯᠠᠴᠢᠯᠠᠪᠠ᠃ ᠨᠠᠮ ᠤᠨ ᠲᠦᠷᠦ ᠪᠠᠷᠢᠭᠰᠠᠨ ᠬᠤᠭᠤᠴᠠᠭ᠎ᠠ ᠬᠡᠳᠦᠢ ᠤᠷᠳᠤ ᠪᠤᠯᠬᠤ ᠲᠤᠳᠤᠮ᠂ ᠲᠤᠯᠭᠠᠷᠠᠵᠤ ᠪᠠᠶᠢᠭ᠎ᠠ ᠥᠷᠢᠰᠦᠯᠳᠦᠭᠡᠨ ᠲᠡᠳᠦᠢ ᠶᠡᠭᠡ ᠪᠣᠯᠵᠤ᠂ ᠨᠠᠮ ᠤᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠲᠡᠳᠦᠢ ᠮᠠᠷᠲᠠᠵᠤ ᠪᠤᠯᠬᠤ ᠦᠭᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠩ ᠪᠠᠲᠤ ᠴᠡᠭᠡᠵᠢᠯᠡᠵᠦ᠂ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠬᠤ ᠳᠤ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠷᠢᠮᠲᠠᠯᠠᠵᠤ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠦᠨᠳᠦᠰᠦᠨ ᠡᠭᠦᠷᠭᠡ ᠪᠤᠯᠭᠠᠵᠦ᠂ ᠠᠷᠠᠳ ᠲᠦᠮᠡᠨ ᠬᠦᠷᠢᠶᠡᠯᠡᠬᠦ ᠡᠰᠡᠬᠦ᠂ ᠵᠥᠪᠰᠢᠶᠡᠷᠡᠬᠦ ᠡᠰᠡᠬᠦ᠂ ᠪᠠᠶᠠᠷᠯᠠᠬᠤ ᠡᠰᠡᠬᠦ ᠪᠠᠷ ᠠᠯᠢᠪᠠ ᠠᠵᠢᠯ ᠤᠨ ᠣᠯᠵᠤ ᠠᠯᠳᠠᠬᠤ ᠶᠢ ᠭᠡᠮᠵᠢᠭᠦ ᠦᠨᠳᠦᠰᠦᠨ ᠪᠠᠷᠢᠮᠵᠢᠶ᠎ᠠ ᠪᠤᠯᠭᠠᠵᠦ᠂ ᠬᠥᠭᠵᠢᠯᠲᠡ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠢᠯᠡᠭᠦᠦ ᠬᠦᠷᠲᠡᠭᠡᠵᠦ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠭᠠᠬᠤ ᠬᠡᠷᠡᠭᠲᠡᠢ᠃      ︵︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠢᠯᠵᠢᠶ᠎ᠡ ᠠᠴᠠ ᠬᠠᠨ ᠯᠢᠩ ᠯᠢᠩ ᠣᠷᠴᠢᠭᠤᠯᠪᠠ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号