ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ︽ᠶᠠᠮᠠᠷ ᠨᠠᠮ ᠪᠤᠢ᠂ ᠶᠠᠭᠤ ᠬᠢᠬᠦ ᠪᠤᠢ︾ ᠭᠡᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2022/2/28
                          ◆ ᠵᠢᠶᠠ ᠵᠧᠨ ᠵᠧᠨ ᠯᠦ ᠰᠢᠶᠣᠣ ᠯᠢᠦ ᠶᠠᠩ  ᠶᠤᠸᠠᠢ      ᠤᠭ ᠰᠠᠨᠠᠭ᠎ᠠ ᠪᠠᠨ ᠦᠯᠦ ᠮᠠᠷᠲᠠᠪᠠᠰᠤ ᠡᠴᠦᠰ ᠤᠨ ᠢᠯᠠᠯᠲᠠ ᠶᠢ ᠣᠯᠵᠤ ᠴᠢᠳᠠᠮᠤᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠠ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢ︾᠎ ᠳᠤ᠂ ᠪᠦᠭᠦ ᠨᠠᠮ ᠢᠶᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠭᠡᠭᠴᠢ ︽ᠶᠠᠮᠠᠷ ᠨᠠᠮ ᠪᠤᠢ᠂ ᠶᠠᠭᠤ ᠬᠢᠬᠦ ᠪᠤᠢ︾ ᠭᠡᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠲᠡᠦᠬᠡ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠨ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠢᠮᠠᠭᠲᠠ ᠳᠠᠷᠤᠤ ᠬᠢᠴᠢᠶᠡᠩᠭᠦᠢ᠂ ᠪᠠᠷᠳᠠᠮᠨᠠᠬᠤ ᠦᠭᠡᠢ᠂ ᠪᠠᠴᠢᠮᠳᠠᠬᠤ ᠦᠭᠡᠢ᠂ ᠲᠡᠰᠪᠦᠷᠢ ᠬᠠᠲᠠᠭᠤᠵᠢᠯᠲᠠᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ ︽ᠶᠠᠮᠠᠷ ᠨᠠᠮ ᠪᠤᠢ᠂ ᠶᠠᠭᠤ ᠬᠢᠬᠦ ᠪᠤᠢ︾ ᠭᠡᠬᠦ ᠡᠨᠡ ᠬᠦ ᠦᠨᠳᠦᠰᠦᠨ ᠠᠰᠠᠭᠤᠳᠠᠯ ᠨᠢ ᠮᠠᠨ ᠤ ᠨᠠᠮ ᠤᠨ ᠬᠠᠮᠢᠭ᠎ᠠ ᠠᠴᠠ ᠢᠷᠡᠭᠰᠡᠨ᠂ ᠶᠠᠮᠠᠷ ᠶᠠᠩᠵᠤ ᠶᠢᠨ᠂ ᠬᠠᠮᠢᠭᠠᠰᠢ ᠶᠠᠪᠤᠬᠤ ᠲᠠᠢ ᠬᠤᠯᠪᠣᠭᠳᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠦᠨ᠂ ᠨᠠᠮ ᠤᠨ ᠦᠨᠳᠦᠰᠦᠨ ᠵᠣᠷᠢᠯᠲᠠ ᠪᠣᠯᠣᠨ ᠲᠡᠮᠡᠴᠡᠬᠦ ᠬᠠᠷᠠᠯᠲᠠ ᠶᠢ ᠨᠢᠭᠲᠠᠷᠠᠭᠤᠯᠵᠤ᠂ ᠮᠠᠨ ᠤ ᠠᠭᠤᠤ ᠶᠡᠭᠡ ᠬᠦᠰᠡᠯ ᠵᠡᠭᠦᠳᠦ ᠪᠠᠨ ᠲᠣᠭᠲᠠᠭᠠᠨ ᠡᠷᠡᠮᠡᠬᠡᠶᠢᠯᠡᠨ ᠤᠷᠤᠭᠰᠢᠯᠠᠬᠤ ᠢᠯᠡ ᠲᠣᠳᠣᠷᠬᠠᠢ ᠲᠤᠭ ᠲᠡᠮᠳᠡᠭ ᠪᠣᠯᠪᠠ᠃      ᠨᠢᠭᠡ᠂ ︽ᠶᠠᠮᠠᠷ ᠨᠠᠮ ᠪᠤᠢ᠂ ᠶᠠᠭᠤ ᠬᠢᠬᠦ ᠪᠤᠢ︾ ᠭᠡᠬᠦ ᠡᠨᠡ ᠬᠦ ᠦᠨᠳᠦᠰᠦᠨ ᠠᠰᠠᠭᠤᠳᠠᠯ ᠳᠤ ᠮᠠᠨ ᠤ ᠨᠠᠮ ᠤᠨ ᠰᠢᠨᠵᠢ ᠴᠢᠨᠠᠷ᠂ ᠵᠣᠷᠢᠯᠲᠠ ᠠᠭᠤᠯᠤᠭᠳᠠᠵᠤ᠂ ᠮᠠᠨ ᠤ ᠨᠠᠮ ᠤᠨ ᠳᠡᠭᠡᠳᠦ ᠬᠡᠮᠵᠢᠶᠡᠨ ᠤ ᠰᠡᠷᠭᠡᠭ ᠪᠠᠶᠢᠳᠠᠯ ᠪᠠ ᠲᠡᠦᠬᠡ ᠶᠢᠨ ᠤᠬᠠᠮᠰᠠᠷ ᠢ ᠢᠯᠡᠷᠡᠭᠦᠯᠦᠭᠰᠡᠨ ᠪᠠᠶᠢᠨ᠎ᠠ᠃ ᠵᠠᠭᠤᠨ ᠵᠢᠯ ᠤᠨ ᠲᠡᠮᠡᠴᠡᠯ ᠤᠨ ᠦᠢᠯᠡᠳᠦᠯᠭᠡ ᠳᠤᠮᠳᠠ᠂ ᠮᠠᠨ ᠤ ᠨᠠᠮ ᠢᠮᠠᠭᠲᠠ ᠮᠠᠷᠺᠰ ᠤᠨ ᠦᠵᠡᠯ ᠤᠨ ᠲᠤᠭ ᠢ ᠥᠨᠳᠥᠷ ᠮᠠᠨᠳᠤᠭᠤᠯᠵᠤ᠂ ︽ᠶᠠᠮᠠᠷ ᠨᠠᠮ ᠪᠤᠢ᠂ ᠶᠠᠭᠤ ᠬᠢᠬᠦ ᠪᠤᠢ︾ ᠭᠡᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠶᠠᠮᠠᠷᠪᠠ ᠠᠶᠤᠯ ᠲᠦᠭᠰᠢᠭᠦᠷᠢ ᠠᠴᠠ ᠠᠶᠤᠬᠤ ᠦᠭᠡᠢ᠂ ᠶᠠᠮᠠᠷᠪᠠ ᠬᠠᠷᠰᠢᠯᠠᠯ ᠳᠤ ᠲᠥᠭᠡᠷᠢᠭᠳᠡᠬᠦ ᠦᠭᠡᠢ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠯᠢ ᠤᠯᠠᠨ ᠠᠭᠤᠤ ᠶᠡᠭᠡ ᠢᠯᠠᠯᠲᠠ ᠶᠢ ᠲᠡᠮᠡᠴᠡᠨ ᠣᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠪᠤᠯᠬᠤ ᠪᠤᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠤᠢ᠂ ᠡᠴᠦᠰ ᠤᠨ ᠡᠴᠦᠰ ᠲᠡᠭᠡᠨ ᠮᠠᠷᠺᠰ ᠤᠨ ᠦᠵᠡᠯ ᠠᠴᠠ ᠪᠣᠯᠤᠭᠰᠠᠨ ᠶᠤᠮ︾ ᠭᠡᠬᠦ ᠰᠢᠨᠵᠢᠯᠡᠬᠦ ᠤᠬᠠᠭᠠᠨᠴᠢ ᠴᠢᠨᠠᠷ᠂ ᠦᠨᠡᠨ ᠶᠣᠰᠣᠴᠢ ᠴᠢᠨᠠᠷ ᠢ ᠠᠮᠢᠳᠤᠯᠢᠭ ᠢᠶᠠᠷ ᠲᠠᠶᠢᠯᠪᠤᠷᠢᠯᠠᠪᠠ᠃      ︽ᠶᠠᠮᠠᠷ ᠨᠠᠮ ᠪᠤᠢ᠂ ᠶᠠᠭᠤ ᠬᠢᠬᠦ ᠪᠤᠢ︾ ᠭᠡᠬᠦ ᠡᠨᠡ ᠬᠦ ᠦᠨᠳᠦᠰᠦᠨ ᠠᠰᠠᠭᠤᠳᠠᠯ ᠢ ᠪᠠᠲᠤ ᠴᠡᠭᠡᠵᠢᠯᠡᠵᠦ᠂ ᠮᠠᠨ ᠤ ᠨᠠᠮ ᠢᠮᠠᠭᠲᠠ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠤᠯᠠᠨ ᠯᠤᠭ᠎ᠠ ᠶᠢᠨ ᠵᠢᠭᠠᠰᠤ ᠤᠰᠤᠨ ᠤ ᠭᠦᠨ ᠵᠤᠵᠠᠭᠠᠨ ᠬᠠᠶᠢᠷ᠎ᠠ ᠰᠡᠳᠬᠢᠯᠭᠡ᠂ ᠴᠢᠰᠤ ᠮᠢᠬᠠᠨ ᠤ ᠬᠠᠷᠢᠴᠠᠭ᠎ᠠ᠂ ᠬᠠᠮᠤᠭ ᠤᠨ ᠥᠷᠭᠡᠨ ᠳᠡᠯᠭᠡᠷ ᠬᠠᠮᠤᠭ ᠤᠨ ᠨᠠᠶᠢᠳᠠᠪᠤᠷᠢᠲᠠᠢ ᠬᠠᠮᠤᠭ ᠤᠨ ᠪᠠᠲᠤ ᠪᠠᠬᠢ ᠤᠯᠠᠨ ᠲᠦᠮᠡᠨ ᠤ ᠰᠠᠭᠤᠷᠢ ᠪᠠ ᠳᠠᠭᠤᠰᠤᠰᠢ ᠦᠭᠡᠢ ᠬᠦᠴᠦᠨ ᠴᠢᠳᠠᠯ ᠤᠨ ᠡᠬᠢ ᠪᠤᠯᠠᠭ ᠢ ᠪᠤᠢ ᠪᠤᠯᠭᠠᠭᠰᠠᠨ ᠶᠤᠮ᠃ ᠨᠠᠮ ᠤᠨ ᠠᠭᠤᠤ ᠶᠡᠭᠡ ᠨᠢ ᠠᠯᠳᠠᠭ᠎ᠠ ᠪᠤᠷᠤᠭᠤ ᠭᠠᠷᠭᠠᠬᠤ ᠦᠭᠡᠢ ᠳᠤ ᠪᠠᠶᠢᠬᠤ ᠪᠢᠰᠢ᠂ ᠬᠠᠷᠢᠨ ᠶᠡᠷᠦ ᠠᠴᠠ ᠡᠪᠡᠳᠴᠢᠨ ᠢᠶᠠᠨ ᠨᠢᠭᠤᠭᠠᠳ ᠡᠮᠨᠡᠭᠦᠯᠭᠦ ᠦᠭᠡᠢ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠢᠳᠡᠪᠬᠢᠲᠡᠢ ᠥᠷᠨᠢᠭᠦᠯᠵᠦ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠤ ᠪᠠᠶᠢᠨ᠎ᠠ᠃ ᠭᠦ᠋ ᠲᠢᠶᠠᠨ ᠤ ᠬᠤᠷᠠᠯ ᠠᠴᠠ ᠶᠠᠨ ᠠᠨ ᠤ ᠰᠤᠷᠲᠠᠯ ᠴᠡᠭᠴᠡᠯᠡᠯᠲᠡ ᠭᠦᠷᠲᠡᠯ᠎ᠡ᠂ ᠰᠠᠮᠠᠭᠤᠷᠠᠯ ᠢ ᠵᠠᠰᠠᠨ ᠵᠦᠭᠰᠢᠷᠡᠭᠦᠯᠦᠭᠰᠡᠨ ᠠᠴᠠ ᠥᠭᠡᠷᠡᠴᠢᠯᠡᠯᠲᠡ ᠨᠡᠭᠡᠭᠡᠯᠲᠡ ᠬᠢᠭᠰᠡᠨ ᠭᠦᠷᠲᠡᠯ᠎ᠡ᠂ ︽ᠲᠦᠷᠪᠡᠨ ᠰᠤᠷᠲᠠᠯ︾᠎ ᠢ ᠵᠠᠯᠠᠷᠠᠭᠤᠯᠤᠨ ᠵᠠᠰᠠᠭᠰᠠᠨ ᠠᠴᠠ ᠨᠠᠮ ᠤᠨ ᠳᠣᠲᠣᠭᠠᠳᠤᠬᠢ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠭᠰᠡᠨ ᠭᠦᠷᠲᠡᠯ᠎ᠡ᠂ ᠮᠠᠨ ᠤ ᠨᠠᠮ ᠮᠤᠬᠤᠷᠳᠠᠯ ᠳᠤ ᠲᠤᠯᠭᠠᠷᠠᠭᠰᠠᠨ ᠦᠶ᠎ᠡ ᠳᠤ ᠡᠷᠡᠰ ᠰᠢᠭᠤᠷᠬᠠᠢ ᠪᠠᠷ ᠡᠷᠡᠯᠬᠡᠭᠯᠡᠨ ᠪᠣᠰᠴᠤ᠂ ᠲᠤᠶᠢᠯ ᠤᠨ ᠬᠦᠴᠢᠷ ᠪᠡᠷᠬᠡᠰᠢᠶᠡᠯ ᠤᠨ ᠳᠤᠮᠳᠠ ᠬᠥᠭᠵᠢᠨ ᠪᠤᠵᠠᠭᠠᠶᠢᠷᠠᠵᠤ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠠᠷᠢᠭᠤᠨ ᠴᠢᠨᠠᠷ ᠢ ᠰᠤᠯᠠᠷᠠᠭᠤᠯᠬᠤ ᠠᠯᠢᠪᠠ ᠦᠵᠡᠭᠳᠡᠯ ᠲᠠᠢ ᠡᠷᠡᠰ ᠲᠡᠮᠡᠴᠡᠯ ᠬᠢᠵᠦ᠂ ᠮᠠᠭᠤ ᠶᠢ ᠨᠢ ᠮᠠᠭᠤᠰᠢᠶᠠᠵᠤ ᠰᠠᠶᠢᠨ ᠢ ᠨᠢ ᠰᠠᠶᠢᠰᠢᠶᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ᠂ ᠢᠮᠠᠭᠲᠠ ᠵᠥᠪ ᠴᠢᠭᠯᠡᠯ ᠢᠶᠠᠷ ᠤᠷᠤᠭᠰᠢᠯᠠᠵᠠᠢ᠃ ︽ᠶᠠᠮᠠᠷ ᠨᠠᠮ ᠪᠤᠢ᠂ ᠶᠠᠭᠤ ᠬᠢᠬᠦ ᠪᠤᠢ︾᠎ ᠶᠢ ᠲᠣᠳᠣᠷᠬᠠᠶᠢᠯᠠᠭᠰᠠᠨ ᠠᠴᠠ ᠮᠠᠨ ᠤ ᠨᠠᠮ ᠰᠠᠶ᠋ᠢ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡᠨ ᠦᠶᠡᠯᠡᠯ ᠤᠨ ᠳᠠᠪᠲᠠᠮᠵᠢ ᠠᠴᠠ ᠳᠠᠪᠠᠵᠤ᠂ ᠡᠷᠡᠯᠬᠡᠭᠯᠡᠨ ᠤᠷᠤᠭᠰᠢᠯᠠᠬᠤ ᠳᠦᠷᠰᠦ ᠪᠠᠶᠢᠳᠠᠯ ᠢᠶᠠᠨ ᠢᠮᠠᠭᠲᠠ ᠪᠠᠲᠤᠯᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠣᠯᠤᠭᠰᠠᠨ ᠶᠤᠮ᠃      ᠬᠤᠶᠠᠷ᠂ ᠵᠠᠭᠤᠨ ᠵᠢᠯ ᠤᠨ ᠠᠶᠠᠨ ᠵᠠᠮ ᠰᠦᠷ ᠳᠠᠯᠠᠶᠢᠴᠠᠲᠠᠢ᠂ ᠵᠠᠭᠤᠨ ᠵᠢᠯ ᠤᠨ ᠤᠭ ᠰᠠᠨᠠᠭ᠎ᠠ ᠶᠠᠪᠤᠬᠤ ᠲᠤᠳᠤᠮ ᠪᠠᠬᠢᠵᠢᠪᠡ᠃ ᠮᠠᠨ ᠤ ᠨᠠᠮ ᠤᠨ ᠵᠠᠭᠤᠨ ᠵᠢᠯ ᠪᠣᠯ ︽ᠶᠠᠮᠠᠷ ᠨᠠᠮ ᠪᠤᠢ᠂ ᠶᠠᠭᠤ ᠬᠢᠬᠦ ᠪᠤᠢ︾᠎ ᠶᠢ ᠢᠮᠠᠭᠲᠠ ᠪᠠᠲᠤ ᠴᠡᠭᠡᠵᠢᠯᠡᠵᠦ᠂ ᠤᠯᠠᠷᠢᠯ ᠬᠤᠪᠢᠰᠤᠯᠲᠠ ᠶᠢ ᠲᠤᠭᠤᠯᠤᠭᠰᠠᠨ ᠴᠤ ᠮᠥᠨ ᠯᠡ ᠠᠷᠢᠭᠤᠨ ᠴᠠᠭᠠᠨ ᠰᠡᠳᠬᠢᠯ ᠢ ᠡᠪᠦᠷᠯᠡᠵᠦ᠂ ᠬᠠᠯᠠ ᠵᠣᠪᠠᠯᠠᠩ ᠢ ᠬᠠᠰᠢᠷᠠᠲᠠᠯ᠎ᠠ ᠠᠮᠰᠠᠭᠰᠠᠨ ᠴᠤ ᠮᠥᠨ ᠯᠡ ᠣᠣᠷ ᠴᠢᠨᠠᠷ ᠢᠶᠠᠨ ᠪᠠᠲᠤ ᠰᠠᠬᠢᠭᠰᠠᠨ ᠵᠠᠭᠤᠨ ᠵᠢᠯ ᠮᠥᠨ᠂ ︽ᠶᠠᠮᠠᠷ ᠨᠠᠮ ᠪᠤᠢ᠂ ᠶᠠᠭᠤ ᠬᠢᠬᠦ ᠪᠤᠢ︾᠎ ᠶᠢ ᠲᠠᠰᠤᠷᠠᠯᠲᠠ ᠦᠭᠡᠢ ᠲᠠᠶᠢᠯᠪᠤᠷᠢᠯᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠰᠠᠭᠤᠷᠢ ᠲᠠᠯᠪᠢᠨ ᠦᠢᠯᠡᠰ ᠪᠣᠰᠬᠠᠵᠤ᠂ ᠭᠡᠷᠡᠯ ᠰᠠᠴᠤᠷᠠᠩᠭᠤᠢ ᠦᠢᠯᠡᠰ ᠢ ᠡᠭᠦᠳᠦᠨ ᠪᠦᠲᠦᠭᠡᠵᠦ ᠢᠷᠡᠭᠡᠳᠦᠢ ᠪᠠᠨ ᠨᠡᠭᠡᠭᠡᠬᠦ ᠵᠠᠭᠤᠨ ᠵᠢᠯ ᠮᠥᠨ᠃ ᠤᠷᠳᠤ ᠵᠠᠮ ᠤᠨ ᠠᠶᠠᠨ ᠲᠠᠶᠢᠨ ᠳᠤ ᠳᠤᠮᠳᠠᠴᠢ ᠪᠠᠷ 300 ᠮᠧᠲᠷ ᠪᠦᠷᠢ ᠳᠤ ᠨᠢᠭᠡ ᠤᠯᠠᠭᠠᠨ ᠴᠡᠷᠢᠭ ᠪᠡᠶ᠎ᠡ ᠦᠷᠡᠭᠳᠡᠵᠠᠢ ; ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠵᠤ ᠪᠠᠶᠢᠭᠰᠠᠨ ᠦᠶ᠎ᠡ ᠳᠤ᠂ 19.7 ᠲᠦᠮᠡ ᠭᠠᠷᠤᠢ ᠪᠠᠭᠠᠲᠤᠷ ᠬᠥᠪᠡᠭᠦᠳ ᠥᠬᠢᠳ ᠡᠬᠡ ᠤᠯᠤᠰ ᠤᠨ ᠢᠶᠠᠨ ᠲᠥᠯᠥᠭᠡ᠂ ᠠᠷᠠᠳ ᠲᠦᠮᠡᠨ ᠤ ᠪᠠᠨ ᠲᠥᠯᠥᠭᠡ᠂ ᠡᠩᠬᠡ ᠲᠠᠶᠢᠪᠤᠩ ᠤᠨ ᠲᠥᠯᠥᠭᠡ ᠡᠷᠬᠢᠮ ᠨᠠᠨᠳᠢᠨ ᠠᠮᠢ ᠨᠠᠰᠤ ᠪᠠᠨ ᠵᠣᠷᠢᠭᠤᠯᠤᠭᠰᠠᠨ ᠶᠤᠮ ; ᠬᠢᠵᠢᠭ ᠲᠠᠢ ᠲᠡᠮᠡᠴᠡᠬᠦ ᠲᠡᠮᠡᠴᠡᠯ ᠳᠤᠮᠳᠠ᠂ 460 ᠭᠠᠷᠤᠢ ᠲᠦᠮᠡᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠠᠪᠰᠢᠭᠠᠶᠢᠯᠠᠨ ᠲᠡᠮᠡᠴᠡᠵᠦ᠂ 2. 5 ᠲᠦᠮᠡ ᠭᠠᠷᠤᠢ ᠰᠢᠯᠢᠳᠡᠭ ᠬᠥᠮᠥᠰ ᠲᠡᠮᠡᠴᠡᠯ ᠤᠨ ᠡᠮᠦᠨ᠎ᠡ ᠹᠷᠣᠨᠲ ᠲᠤ ᠲᠠᠩᠭᠠᠷᠢᠭᠯᠠᠨ ᠨᠠᠮ ᠳᠤ ᠣᠷᠣᠪᠠ ; ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ᠂ ᠭᠠᠯ ᠤᠯᠠᠭᠠᠨ ᠨᠠᠮ ᠤᠨ ᠲᠤᠭ ᠢᠮᠠᠭᠲᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠣᠯ ᠳᠠᠶᠢᠯᠠᠯᠳᠤᠭᠠᠨ ᠤ ᠲᠠᠯᠠᠪᠤᠷ ᠲᠤ ᠥᠨᠳᠥᠷ ᠨᠠᠮᠢᠷᠠᠵᠠᠢ ; ᠲᠦᠭ ᠲᠦᠮᠡᠨ ᠡᠪ ᠬᠠᠮᠲᠤ ᠨᠠᠮ ᠤᠨ ᠭᠡᠰᠢᠭᠦᠨ ᠤ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠭᠠᠷᠭᠠᠭᠰᠠᠨ ᠪᠠᠭᠠᠲᠤᠷᠯᠢᠭ ᠦᠢᠯᠡ ᠠᠵᠢᠯᠯᠠᠭ᠎ᠠ ᠨᠢ ᠳᠡᠯᠡᠬᠡᠢ ᠳ᠋ᠠᠬᠢᠨ ᠳᠤ ᠬᠤᠪᠣᠷᠬᠠᠨ ᠪᠠᠶᠢᠵᠤ᠂ ᠦᠷᠡᠭᠳᠡᠯ ᠪᠠ ᠬᠤᠪᠢ ᠨᠡᠮᠡᠷᠢ ᠪᠠᠷ ᠬᠦᠰᠡᠯᠡᠩ ᠢᠲᠡᠭᠡᠯ ᠪᠢᠰᠢᠷᠡᠯ ᠳᠡᠭᠡᠨ ᠦᠨᠡᠨᠴᠢ ᠰᠢᠳᠤᠷᠭᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠳᠠᠭᠠᠨ ᠴᠥᠬᠦᠷᠡᠰᠢ ᠦᠭᠡᠢ ᠲᠡᠮᠡᠴᠡᠭᠰᠡᠨ ᠢᠷᠠᠭᠤ ᠭᠠᠶᠢᠬᠠᠮᠰᠢᠭᠲᠤ ᠲᠤᠤᠯᠢᠰ ᠢ ᠪᠢᠴᠢᠭᠯᠡᠪᠡ᠃      ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠠᠶᠠᠨ ᠵᠠᠮ ᠳᠤ ᠂ ᠮᠠᠨ ᠤ ᠨᠠᠮ ᠢᠮᠠᠭᠲᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠬᠦᠴᠦᠷᠬᠡᠭ ᠳᠠᠶᠢᠰᠤᠨ ᠠᠴᠠ ᠠᠶᠤᠬᠤ ᠦᠭᠡᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠵᠦ᠂ ᠵᠣᠷᠢᠭᠲᠠᠢ ᠪᠠᠷ ᠢᠯᠠᠯᠲᠠ ᠣᠯᠵᠤ᠂ ᠯᠤᠲᠤ ᠶᠡᠭᠡ ᠰᠥᠰᠥ ᠵᠣᠷᠢᠭ᠂ ᠬᠠᠳᠠᠨ ᠵᠣᠷᠢᠭ ᠪᠠ ᠤᠯᠠᠨ ᠠᠴᠠ ᠬᠡᠲᠦᠶᠢᠳᠦᠭᠰᠡᠨ ᠤᠶᠤᠨ ᠤᠬᠠᠭᠠᠨ ᠢᠶᠠᠷ ᠬᠦᠰᠡᠯᠡᠩ ᠢᠲᠡᠭᠡᠯ ᠪᠢᠰᠢᠷᠡᠯ᠂ ᠰᠢᠨᠵᠢ ᠴᠢᠨᠠᠷ ᠵᠣᠷᠢᠯᠲᠠ᠂ ᠬᠠᠷᠠᠯᠲᠠ ᠡᠭᠦᠷᠭᠡ ᠶᠢ ᠠᠭᠤᠤ ᠶᠡᠭᠡ ᠲᠡᠮᠡᠴᠡᠯ ᠤᠨ ᠵᠣᠷᠢᠭ ᠰᠠᠨᠠᠭ᠎ᠠ ᠪᠣᠯᠭᠠᠨ ᠴᠣᠭᠴᠠᠯᠠᠪᠠ᠃ ᠵᠢᠩᠭᠠᠩᠱᠠᠨ ᠤ ᠵᠣᠷᠢᠭ ᠰᠠᠨᠠᠭ᠎ᠠ᠂ ᠤᠷᠳᠤ ᠵᠠᠮ ᠤᠨ ᠠᠶᠠᠨ ᠲᠠᠶᠢᠨ ᠤ ᠵᠣᠷᠢᠭ ᠰᠠᠨᠠᠭ᠎ᠠ᠂ ᠶᠠᠨ ᠠᠨ ᠤ ᠵᠣᠷᠢᠭ ᠰᠠᠨᠠᠭ᠎ᠠ ᠠᠴᠠ ︽ᠬᠤᠶᠠᠷ ᠪᠥᠮᠪᠦᠭᠡ ᠨᠢᠭᠡ ᠤᠳᠤᠨ︾᠎ ᠤ ᠵᠣᠷᠢᠭ ᠰᠠᠨᠠᠭ᠎ᠠ ᠭᠦᠷᠲᠡᠯ᠎ᠡ᠂ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠵᠣᠷᠢᠭ ᠰᠠᠨᠠᠭ᠎ᠠ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ᠂ ᠬᠢᠵᠢᠭ ᠲᠠᠢ ᠲᠡᠮᠡᠴᠡᠬᠦ ᠵᠣᠷᠢᠭ ᠰᠠᠨᠠᠭ᠎ᠠ ᠭᠦᠷᠲᠡᠯ᠎ᠡ᠂ ᠳᠤᠮᠳᠠᠳᠤ ᠤᠯᠤᠰ ᠤᠨ ᠡᠪ ᠬᠠᠮᠲᠤᠴᠤᠳ ᠤᠨ ᠨᠤᠭᠤᠷᠠᠰᠢ ᠦᠭᠡᠢ ᠲᠡᠮᠡᠴᠡᠵᠦ᠂ ᠴᠥᠬᠦᠷᠡᠰᠢ ᠦᠭᠡᠢ ᠲᠡᠮᠡᠴᠡᠨ᠂ ᠨᠢᠭᠡ ᠪᠦᠯᠦᠭ ᠰᠢᠷᠭᠠᠭᠤ ᠲᠡᠮᠡᠴᠡᠭᠰᠡᠨ ᠪᠠᠭᠠᠲᠤᠷ ᠬᠥᠮᠥᠰ᠂ ᠥᠪᠡᠷ ᠢ ᠪᠠᠨ ᠤᠮᠠᠷᠲᠠᠨ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠵᠢᠱᠢᠶᠡᠴᠢ ᠴᠣᠯᠭᠤᠷᠠᠨ ᠭᠠᠷᠴᠤ᠂ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠴᠠᠳᠢᠭ ᠢ ᠪᠦᠷᠢᠯᠳᠦᠭᠦᠯᠵᠦ᠂ ︽ᠶᠠᠮᠠᠷ ᠨᠠᠮ ᠪᠤᠢ᠂ ᠶᠠᠭᠤ ᠬᠢᠬᠦ ᠪᠤᠢ︾ ᠭᠡᠬᠦ ᠶᠢ ᠦᠢᠯᠡᠳᠦᠯᠭᠡᠵᠢᠭᠦᠯᠬᠦ ᠴᠠᠭ ᠦᠶ᠎ᠡ ᠶᠢᠨ ᠬᠡᠪ ᠳᠠᠭᠤᠷᠢᠶᠠᠯ ᠢ ᠪᠤᠢ ᠪᠣᠯᠭᠠᠵᠠᠢ᠃      ᠭᠤᠷᠪᠠ᠂ ᠮᠢᠩᠭᠠᠨ ᠣᠨ ᠤ ᠠᠤᠭ᠎ᠠ ᠦᠢᠯᠡᠰ ᠢ ᠪᠦᠲᠦᠭᠡᠬᠦ ᠳᠤ ᠵᠠᠭᠤᠨ ᠵᠢᠯ ᠪᠣᠯ ᠵᠥᠪᠭᠡᠨ ᠣᠷᠣᠰᠢᠯ ᠲᠡᠳᠦᠢ ᠶᠤᠮ᠃ ᠥᠨᠥᠳᠥᠷ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠨᠢᠭᠡᠨᠲᠡ ᠡᠬᠢᠯᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠪᠦᠷᠢᠶ᠎ᠡ ᠨᠢᠭᠡᠨᠲᠡ ᠬᠠᠩᠭᠢᠨᠠᠯ᠎ᠠ᠃ ᠪᠢᠳᠡ ᠡᠷᠬᠡᠪᠰᠢ ︽ᠶᠠᠮᠠᠷ ᠨᠠᠮ ᠪᠤᠢ᠂ ᠶᠠᠭᠤ ᠬᠢᠬᠦ ᠪᠤᠢ︾ ᠭᠡᠬᠦ ᠡᠨᠡ ᠬᠦ ᠦᠨᠳᠦᠰᠦᠨ ᠠᠰᠠᠭᠤᠳᠠᠯ ᠢ ᠤᠯᠠᠮ ᠴᠢᠨᠠᠭᠰᠢᠳᠠ ᠪᠠᠲᠤ ᠴᠡᠭᠡᠵᠢᠯᠡᠵᠦ᠂ ᠴᠥᠬᠦᠷᠡᠰᠢ ᠦᠭᠡᠢ ᠦᠷᠭᠦᠯᠵᠢᠯᠡᠨ ᠲᠡᠮᠡᠴᠡᠵᠦ᠂ ᠰᠢᠨ᠎ᠡ ᠰᠢᠯᠭᠠᠯᠲᠠ ᠶᠢᠨ ᠵᠠᠮ ᠳᠡᠭᠡᠷ᠎ᠡ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠮᠠᠷᠺᠰ ᠤᠨ ᠦᠵᠡᠯ ᠤᠨ ᠵᠣᠭᠰᠣᠯᠲᠠ ᠦᠵᠡᠯᠲᠡ ᠠᠷᠭ᠎ᠠ ᠪᠠᠷ ᠴᠠᠭ ᠦᠶ᠎ᠡ ᠶᠢ ᠠᠵᠢᠭᠯᠠᠵᠤ᠂ ᠴᠠᠭ ᠦᠶ᠎ᠡ ᠶᠢ ᠡᠵᠡᠮᠳᠡᠨ᠂ ᠴᠠᠭ ᠦᠶ᠎ᠡ ᠶᠢ ᠳᠠᠭᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠤ ᠲᠥᠯᠥᠭᠡ ᠬᠥᠭᠵᠢᠭᠦᠯᠬᠦ᠂ ᠠᠷᠠᠳ ᠲᠦᠮᠡᠨ ᠳᠤ ᠲᠦᠰᠢᠭᠯᠡᠨ ᠬᠥᠭᠵᠢᠭᠦᠯᠬᠦ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠲᠠᠢ ᠬᠠᠮᠲᠤ ᠪᠠᠷ ᠡᠳ᠋ᠯᠡᠭᠦᠯᠭᠦ ᠶᠢ ᠪᠠᠷᠢᠮᠲᠠᠯᠠᠵᠤ᠂ ᠪᠦᠭᠦ ᠠᠷᠠᠳ ᠲᠦᠮᠡᠨ ᠤ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃      ᠨᠠᠮ ᠤᠨ ᠲᠥᠯᠥᠭᠡ ᠰᠠᠨᠠᠭᠠᠰᠢᠷᠠᠬᠤ ᠰᠡᠳᠬᠢᠯ ᠢ ᠦᠷᠭᠦᠯᠵᠢ ᠡᠪᠦᠷᠯᠡᠵᠦ᠂ ᠠᠮᠤᠷ ᠲᠦᠪᠰᠢᠨ ᠪᠠᠶᠢᠬᠤ ᠳᠠᠭᠠᠨ ᠠᠶᠤᠯ ᠲᠦᠭᠰᠢᠭᠦᠷᠢ ᠶᠢ ᠦᠯᠦ ᠮᠠᠷᠲᠠᠵᠤ᠂ ᠪᠣᠷᠣᠭᠠᠨ ᠠᠴᠠ ᠡᠮᠦᠨ᠎ᠡ ᠪᠠᠶᠢᠰᠢᠩ ᠢᠶᠠᠨ ᠵᠠᠰᠠᠵᠤ᠂ ᠨᠠᠮ ᠤᠨ ᠲᠡᠷᠢᠭᠦᠨ ᠤ ᠴᠢᠨᠠᠷ ᠢ ᠰᠤᠯᠠᠷᠠᠭᠤᠯᠬᠤ᠂ ᠨᠠᠮ ᠤᠨ ᠴᠡᠪᠡᠷ ᠴᠢᠨᠠᠷ ᠢ ᠬᠤᠬᠢᠷᠠᠭᠤᠯᠬᠤ ᠠᠯᠢᠪᠠ ᠬᠦᠴᠦᠨ ᠵᠦᠢᠯ ᠢ ᠡᠷᠡᠰ ᠠᠷᠢᠯᠭᠠᠵᠤ᠂ ᠨᠠᠮ ᠤᠨ ᠪᠡᠶ᠎ᠡ ᠴᠣᠭᠴᠠᠰ ᠳᠡᠭᠡᠷ᠎ᠡ ᠡᠭᠦᠰᠦᠭᠰᠡᠨ ᠠᠯᠢᠪᠠ ᠬᠤᠣᠷᠲᠤ ᠬᠠᠪᠤᠳᠠᠷ ᠢ ᠡᠷᠡᠰ ᠠᠷᠢᠯᠭᠠᠨ᠂ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠠᠴᠠ ᠲᠡᠷᠰᠯᠡᠭᠰᠡᠨ᠂ ᠨᠠᠮ ᠤᠨ ᠰᠠᠭᠤᠷᠢ ᠶᠢ ᠭᠤᠶᠢᠪᠢᠯᠵᠠᠭᠤᠯᠬᠤ ᠠᠯᠢᠪᠠ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠬᠦ ᠬᠡᠷᠡᠭᠲᠡᠢ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠴᠥᠭᠡᠳᠦᠷ ᠤᠨ ᠬᠦᠴᠢᠷ ᠪᠡᠷᠬᠡᠰᠢᠶᠡᠯ ᠭᠡᠷᠡᠯ ᠰᠠᠴᠤᠷᠠᠩᠭᠤᠢ ᠲᠡᠦᠬᠡ ᠶᠢ ᠦᠯᠦ ᠮᠠᠷᠲᠠᠨ ᠂ ᠥᠨᠥᠳᠥᠷ ᠤᠨ ᠡᠭᠦᠷᠭᠡ ᠬᠠᠷᠢᠭᠤᠴᠠᠯᠭ᠎ᠠ ᠳᠠᠭᠠᠨ ᠣᠰᠣᠯᠳᠠᠬᠤ ᠦᠭᠡᠢ᠂ ᠮᠠᠷᠭᠠᠰᠢ ᠶᠢᠨ ᠠᠭᠤᠤ ᠶᠡᠭᠡ ᠬᠦᠰᠡᠯ ᠵᠡᠭᠦᠳᠦ ᠪᠠᠨ ᠦᠯᠦ ᠬᠥᠰᠡᠷᠳᠡᠭᠦᠯᠦᠨ᠂ ᠲᠡᠦᠬᠡ ᠪᠠᠷ ᠲᠣᠯᠢ ᠪᠤᠯᠭᠠᠵᠤ᠂ ᠢᠷᠡᠭᠡᠳᠦᠢ ᠪᠠᠨ ᠡᠭᠦᠳᠦᠨ ᠨᠡᠭᠡᠭᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠯᠬᠡᠭᠯᠡᠨ ᠤᠷᠤᠭᠰᠢᠯᠠᠬᠤ ᠬᠡᠷᠡᠭᠲᠡᠢ᠃ ᠪᠦᠯᠬᠦᠮᠳᠡᠵᠦ ᠪᠤᠯᠬᠤ ᠬᠦᠴᠦᠨ ᠪᠦᠭᠦᠨ ᠲᠠᠢ ᠪᠦᠯᠬᠦᠮᠳᠡᠵᠦ᠂ ᠲᠠᠶᠢᠴᠢᠯᠠᠵᠤ ᠪᠤᠯᠬᠤ ᠢᠳᠡᠪᠬᠢ ᠬᠦᠴᠦᠨ ᠵᠦᠢᠯ ᠪᠦᠭᠦᠨ ᠢ ᠲᠠᠶᠢᠴᠢᠯᠠᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠠᠮᠢᠳᠤᠯᠢᠭ ᠪᠠᠶᠢᠳᠠᠯ ᠢ ᠪᠦᠷᠢᠯᠳᠦᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠤᠭ᠎ᠠ ᠶᠡᠭᠡ ᠬᠦᠴᠦᠨ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠨᠡᠩ ᠠᠭᠤᠤ ᠶᠡᠭᠡ ᠢᠯᠠᠯᠲᠠ ᠪᠠ ᠢᠷᠠᠭᠤ ᠠᠯᠳᠠᠷ ᠢ ᠲᠡᠮᠡᠴᠡᠨ ᠣᠯᠬᠤ ᠬᠡᠷᠡᠭᠲᠡᠢ᠃      ︵︽ᠴᠢᠯᠦᠭᠡᠯᠡᠬᠦ ᠴᠡᠷᠢᠭ ᠤᠨ ᠰᠣᠨᠢᠨ︾᠎ ᠠᠴᠠ ᠪᠤᠤ ᠢᠦᠢ ᠶᠢᠩ ᠨᠠᠶᠢᠷᠠᠭᠤᠯᠤᠨ ᠣᠷᠴᠢᠭᠤᠯᠪᠠ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号