ᠤᠯᠠᠨ ᠲᠦᠮᠡᠨ ᠲᠠᠢ ᠨᠢᠭᠲᠠ ᠬᠠᠷᠢᠯᠴᠠᠬᠤ ᠶᠢᠨ ᠤᠴᠢᠷ
ᠨᠡᠶᠢᠲᠡᠯᠡᠭᠰᠡᠨ ᠴᠠᠭ᠄
2022/2/28
                                ◆  ᠰᠠᠴᠤᠷᠠᠯ      ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠲᠠᠢ ᠬᠠᠷᠢᠯᠴᠠᠵᠤ ᠶᠠᠪᠤᠯᠴᠠᠬᠤ ᠳᠠᠭᠠᠨ ᠴᠢᠳᠠᠮᠠᠭᠠᠢ ᠪᠠᠶᠢᠬᠤ ᠨᠢ ᠨᠠᠮ ᠤᠨ ᠭᠡᠰᠢᠭᠦᠨ ᠺᠠᠳ᠋ᠷᠴᠤᠳ ᠤᠨ ᠪᠦᠷᠢᠯᠳᠦᠭᠦᠯᠪᠡᠰᠦ ᠵᠣᠬᠢᠬᠤ ᠦᠨᠳᠦᠰᠦᠨ ᠬᠡᠪ ᠴᠢᠨᠠᠷ ᠶᠤᠮ᠃      ︽ᠲᠤᠮᠲᠠᠲᠤ ᠤᠯᠤᠰ ᠤᠨ ᠡᠪ ᠬᠠᠮᠲᠤ ᠨᠠᠮ ᠤᠨ ᠰᠠᠭᠤᠷᠢ ᠨᠢ ᠠᠷᠠᠳ ᠲᠦᠮᠡᠨ ᠳᠤ ᠪᠤᠢ᠂ ᠠᠮᠢᠨ ᠰᠤᠳᠠᠰᠤ ᠎ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ︾᠂ ︽ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠪᠣᠯ ᠳᠠᠷᠤᠢ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠭᠦ ᠪᠠᠷ ᠴᠢᠷᠮᠠᠶᠢᠭᠰᠠᠨ ᠲᠡᠦᠬᠡ ᠮᠥᠨ︾ ᠭᠡᠵᠦ ᠶᠡᠷᠦᠩᠬᠡᠢ ᠱᠦᠵᠢ ᠰᠢ ᠶᠢᠨ ᠫᠢᠩ ᠶᠠᠷᠢᠭᠰᠠᠨ ᠶᠤᠮ᠃ ᠡᠨᠡ ᠨᠢ ᠨᠠᠮ ᠤᠨ ᠭᠡᠰᠢᠭᠦᠨ ᠺᠠᠳ᠋ᠷᠴᠤᠳ ᠤᠨ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠳᠤᠮᠳᠠ ᠭᠦᠨᠵᠡᠭᠡᠶᠢᠷᠡᠨ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠤᠯᠠᠨ ᠲᠦᠮᠡᠨ ᠠᠴᠠ ᠰᠠᠯᠤᠩᠭᠢᠷᠠᠬᠤ ᠦᠭᠡᠢ ᠪᠠᠶᠢᠬᠤ ᠶᠢ ᠱᠠᠭᠠᠷᠳᠠᠵᠤ ᠪᠠᠶᠢᠨ᠎ᠠ᠃      ᠤᠯᠠᠨ ᠲᠦᠮᠡᠨ ᠲᠠᠢ ᠨᠢᠭᠲᠠ ᠬᠠᠷᠢᠯᠴᠠᠬᠤ ᠪᠣᠯ ᠮᠠᠨ ᠤ ᠨᠠᠮ ᠤᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠰᠢᠯᠢᠳᠡᠭ ᠤᠯᠠᠮᠵᠢᠯᠠᠯ ᠪᠠ ᠰᠤᠷᠲᠠᠯ ᠪᠣᠯᠣᠨ᠎ᠠ᠃ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠰᠠᠨᠠᠭᠠᠴᠢᠯᠠᠭ᠎ᠠ ᠠᠴᠠ ᠎ ᠪᠠᠨ ᠤᠯᠠᠨ ᠲᠦᠮᠡᠨ ᠤ ᠳᠤᠮᠳᠠ ᠭᠦᠨᠵᠡᠭᠡᠶᠢᠷᠡᠨ᠂ ᠤᠯᠠᠨ ᠲᠦᠮᠡᠨ ᠲᠠᠢ ᠬᠠᠷᠢᠯᠴᠠᠵᠤ᠂ ᠤᠯᠠᠨ ᠲᠦᠮᠡᠨ ᠢ ᠬᠠᠯᠠᠮᠵᠢᠯᠠᠵᠤ᠂ ᠤᠯᠠᠨ ᠲᠦᠮᠡᠨ ᠳᠤ ᠠᠰᠢᠭ ᠬᠦᠷᠲᠡᠭᠡᠬᠦ ᠬᠡᠷᠡᠭᠲᠡᠢ᠃ ᠤᠯᠠᠨ ᠲᠦᠮᠡᠨ ᠤ ᠲᠤᠰᠬᠠᠭᠰᠠᠨ ᠠᠰᠠᠭᠤᠳᠠᠯ ᠂ ᠳᠤᠷᠠᠳᠤᠭᠰᠠᠨ ᠰᠠᠨᠠᠯ ᠳᠤ ᠵᠥᠪ ᠣᠪᠣᠷ ᠢᠶᠠᠷ᠂ ᠨᠠᠷᠢᠨ ᠬᠢᠨᠠᠮᠠᠭᠠᠢ ᠬᠠᠨᠳᠤᠵᠤ᠂ ᠤᠯᠠᠨ ᠲᠦᠮᠡᠨ ᠤ ᠢᠯᠡᠷᠡᠭᠦᠯᠦᠭᠰᠡᠨ ᠠᠰᠠᠭᠤᠳᠠᠯ ᠢ ᠳᠠᠷᠤᠤ ᠬᠢᠴᠢᠶᠡᠩᠭᠦᠢ ᠭᠥᠯᠢᠶᠡᠨ ᠠᠪᠴᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠥᠪᠡᠷ ᠢ ᠪᠠᠨ ᠵᠠᠳᠠᠯᠤᠨ ᠰᠢᠨᠵᠢᠯᠡᠵᠦ᠂ ᠶᠠᠮᠠᠷ ᠠᠰᠠᠭᠤᠳᠠᠯ ᠪᠠᠶᠢᠪᠠᠯ ᠲᠡᠷᠡ ᠬᠦ ᠠᠰᠠᠭᠤᠳᠠᠯ ᠢᠶᠠᠨ ᠦᠨᠡᠨᠴᠢ ᠪᠠᠷ ᠳᠡᠯᠭᠡᠵᠦ᠂ ᠤᠯᠠᠨ ᠲᠦᠮᠡᠨ ᠤ ᠳᠤᠷᠠᠳᠤᠭᠰᠠᠨ ᠵᠠᠯᠠᠷᠠᠭᠤᠯᠬᠤ ᠶᠣᠰᠣᠲᠠᠢ ᠵᠦᠢᠯ ᠢ ᠦᠨᠡᠨ ᠬᠦ ᠵᠠᠯᠠᠷᠠᠭᠤᠯᠵᠤ᠂ ᠵᠠᠯᠬᠠᠭᠠᠨ ᠴᠡᠭᠡᠷᠯᠡᠭᠦᠯᠬᠦ ᠶᠣᠰᠣᠲᠠᠢ ᠵᠦᠢᠯ ᠢ ᠪᠦᠭᠦᠨ ᠢ ᠵᠠᠯᠬᠠᠭᠠᠨ ᠴᠡᠭᠡᠷᠯᠡᠭᠦᠯᠬᠦ ᠭᠡᠷᠡᠭᠲᠡᠢ ; ᠤᠯᠠᠨ ᠲᠦᠮᠡᠨ ᠲᠠᠢ ᠬᠠᠷᠢᠯᠴᠠᠬᠤ ᠳᠠᠭᠠᠨ ᠮᠥᠨ ᠤᠯᠠᠨ ᠲᠦᠮᠡᠨ ᠤ ᠣᠶᠢᠯᠠᠭᠠᠬᠤ ᠳᠤ ᠲᠦᠭᠦᠮ ᠬᠡᠯᠡ ᠬᠡᠯᠡᠯᠭᠡ᠂ ᠠᠷᠭ᠎ᠠ ᠭᠡᠯᠪᠡᠷᠢ ᠪᠠᠷ᠂ ᠤᠯᠠᠨ ᠲᠦᠮᠡᠨ ᠤ ᠳᠤᠮᠳᠠ ᠠᠭᠤᠰᠤᠯᠴᠠᠵᠤ᠂ ᠨᠠᠮ ᠤᠨ ᠲᠦᠷᠦ ᠶᠢᠨ ᠪᠣᠳᠣᠯᠭ᠎ᠠ᠂ ᠤᠨᠤᠯ ᠢ ᠤᠯᠠᠨ ᠲᠦᠮᠡᠨ ᠳᠤ ᠣᠶᠢᠯᠠᠭᠠᠮᠵᠢᠲᠠᠢ ᠤᠬᠠᠭᠤᠯᠤᠨ ᠲᠠᠶᠢᠯᠪᠤᠷᠢᠯᠠᠬᠤ ᠭᠡᠷᠡᠭᠲᠡᠢ ; ᠤᠯᠠᠨ ᠲᠦᠮᠡᠨ ᠤ ᠠᠰᠢᠭ ᠲᠤᠰᠠ ᠠᠴᠠ ᠡᠭᠦᠰᠴᠦ᠂ ᠦᠨᠡᠨᠴᠢ ᠰᠡᠳᠬᠢᠯ ᠢᠶᠠᠷ᠂ ᠬᠦᠯᠢᠴᠡᠩᠭᠦᠢ ᠣᠪᠣᠷ ᠢᠶᠠᠷ ᠤᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠶᠡᠭᠡ ᠤᠴᠢᠷ ᠪᠠᠭ᠎ᠠ ᠶᠠᠪᠤᠳᠠᠯ ᠢ ᠰᠢᠢᠳᠪᠦᠷᠢᠯᠡᠨ ᠥᠭᠴᠦ᠂ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠦᠭᠭᠦ ᠬᠡᠷᠡᠭᠲᠡᠢ᠃ ᠢᠩᠭᠢᠪᠡᠯ ᠤᠯᠠᠨ ᠲᠦᠮᠡᠨ ᠲᠠᠢ ᠨᠡᠩ ᠢᠯᠡᠭᠦᠦ ᠨᠢᠭᠲᠠ ᠬᠠᠷᠢᠯᠴᠠᠵᠤ᠂ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠵᠦ ᠴᠢᠳᠠᠨ᠎ᠠ᠃      ︽ᠲᠦᠷᠦ ᠵᠠᠰᠠᠭ ᠪᠣᠯ ᠳᠠᠷᠤᠢ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠢ ᠲᠦᠷᠦ ᠵᠠᠰᠠᠭ ᠮᠥᠨ︾᠂ ᠨᠠᠮ ᠤᠨ ᠭᠡᠰᠢᠭᠦᠨ ᠺᠠᠳ᠋ᠷᠴᠤᠳ ᠢᠮᠠᠭᠲᠠ ᠤᠯᠠᠨ ᠲᠦᠮᠡᠨ ᠤ ᠳᠤᠮᠳᠠ ᠭᠦᠨᠵᠡᠭᠡᠶᠢᠷᠡᠨ᠂ ᠤᠯᠠᠨ ᠲᠦᠮᠡᠨ ᠎ ᠲᠠᠢ ᠨᠢᠭᠲᠠ ᠬᠠᠷᠢᠯᠴᠠᠵᠤ᠂ ᠳᠠᠷᠤᠤ ᠬᠢᠴᠢᠶᠡᠩᠭᠦᠢ ᠪᠠᠷ ᠠᠷᠠᠳ ᠲᠦᠮᠡᠨ ᠠᠴᠠ ᠰᠤᠷᠤᠯᠴᠠᠬᠤ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠬᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠥᠭᠵᠢᠭᠦᠯᠬᠦ ᠶᠢ ᠠᠯᠢᠪᠠ ᠠᠵᠢᠯ ᠤᠨ ᠢᠶᠠᠨ ᠵᠣᠷᠢᠯᠲᠠ ᠪᠠ ᠲᠤᠰᠤᠯᠲᠠ ᠪᠤᠯᠭᠠᠬᠤ ᠶᠢ ᠪᠠᠷᠢᠮᠲᠠᠯᠠᠳᠠᠭ ᠯᠡ ᠶᠤᠮ ᠪᠣᠯ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠨᠢ ᠯᠠᠪᠲᠠᠢ᠃      ︽ᠨᠠᠮ ᠤᠨ ᠰᠢᠨᠵᠢ ᠴᠢᠨᠠᠷ︾ -      ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠠᠵᠢᠯᠴᠢᠨ ᠠᠩᠭᠢ ᠶᠢᠨ ᠬᠤᠰᠢᠭᠤᠴᠢ ᠠᠩᠭᠢ ᠮᠥᠨ᠂ ᠮᠥᠨ ᠴᠦ ᠳᠤᠮᠳᠠᠳᠤ ᠤᠯᠤᠰ ᠤᠨ ᠠᠷᠠᠳ ᠲᠦᠮᠡᠨ ᠪᠣᠯᠣᠨ ᠳᠤᠮᠳᠠᠳᠤ ᠶᠢᠨ ᠦᠨᠳᠦᠰᠦᠲᠡᠨ ᠤ ᠬᠤᠰᠢᠭᠤᠴᠢ ᠠᠩᠭᠢ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠤᠳᠤᠷᠢᠳᠬᠤ ᠭᠤᠣᠯᠯᠠᠭᠴᠢ ᠮᠥᠨ᠂ ᠳᠤᠮᠳᠠᠳᠤ ᠤᠯᠤᠰ ᠤᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠶᠢ ᠲᠥᠯᠥᠭᠡᠯᠡᠵᠦ᠂ ᠳᠤᠮᠳᠠᠳᠤ ᠤᠯᠤᠰ ᠤᠨ ᠲᠡᠷᠢᠭᠦᠨ ᠤ ᠰᠣᠶᠣᠯ ᠤᠨ ᠤᠷᠤᠭᠰᠢᠯᠠᠯᠲᠠ ᠶᠢᠨ ᠴᠢᠭᠯᠡᠯ ᠢ ᠲᠥᠯᠥᠭᠡᠯᠡᠵᠦ᠂ ᠳᠤᠮᠳᠠᠳᠤ ᠤᠯᠤᠰ ᠤᠨ ᠬᠠᠮᠤᠭ ᠤᠨ ᠥᠷᠭᠡᠨ ᠤᠯᠡᠠ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ ᠪᠠᠶᠢᠳᠠᠭ᠃      ︽ᠨᠠᠮ ᠤᠨ ᠠᠵᠢᠯᠯᠠᠭᠠᠨ ᠤ ᠵᠦᠭᠯᠡᠭᠦᠷ︾ -      ᠳᠤᠮᠳᠠᠳᠤ ᠤᠯᠤᠰ ᠤᠨ ᠡᠪ ᠬᠠᠮᠲᠤ ᠨᠠᠮ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ ᠂ ᠳ᠋ᠧᠩ ᠰᠢᠶᠣᠣ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠵᠢᠯᠯᠠᠭᠠᠨ ᠤ ᠵᠦᠭᠯᠡᠭᠦᠷ ᠪᠣᠯᠭᠠᠳᠠᠭ᠃      ︽ᠨᠠᠮ ᠤᠨ ᠬᠠᠮᠤᠭ ᠤᠨ ᠳᠡᠭᠡᠳᠦ ᠬᠦᠰᠡᠯᠡᠩ ᠪᠠ ᠡᠴᠦᠰ ᠤᠨ ᠬᠠᠷᠠᠯᠲᠠ︾ -      ᠨᠠᠮ ᠤᠨ ᠬᠠᠮᠤᠭ ᠤᠨ ᠳᠡᠭᠡᠳᠦ ᠬᠦᠰᠡᠯᠡᠩ ᠪᠠ ᠡᠴᠦᠰ ᠤᠨ ᠬᠠᠷᠠᠯᠲᠠ ᠪᠣᠯ ᠡᠪ ᠬᠠᠮᠲᠤ ᠶᠣᠰᠣ ᠶᠢ ᠪᠡᠶᠡᠯᠡᠭᠦᠯᠬᠦ ᠶᠠᠪᠤᠳᠠᠯ ᠪᠣᠯᠣᠨ᠎ᠠ᠃      ︽ᠨᠠᠮ ᠤᠨ ᠦᠨᠳᠦᠰᠦᠨ ᠵᠣᠷᠢᠯᠲᠠ︾ -      ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号