ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2022/2/28
     ᠨᠢᠭᠡ᠂ ᠶᠡᠷᠦᠩᠬᠡᠢ ᠨᠥᠬᠦᠴᠡᠯ ᠪᠠᠶᠢᠳᠠᠯ      ︵ᠨᠢᠭᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠭᠰᠠᠨ ᠪᠠᠶᠢᠳᠠᠯ᠃ 2021 ᠣᠨ ᠳᠤ᠂ ᠮᠠᠨ ᠤ ᠲᠣᠪᠴᠢᠶ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠨᠡᠶᠢᠲᠡ 262 ᠬᠤᠪᠢ ᠢᠯᠡ ᠨᠡᠶᠢᠲᠡᠯᠡᠵᠦ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ 427 ᠬᠤᠪᠢ ᠮᠡᠳᠡᠭᠡ ᠵᠠᠩᠭᠢ ᠨᠡᠶᠢᠲᠡᠯᠡᠵᠦ᠂ ᠣᠯᠠᠨ ᠲᠦᠮᠡᠨ ᠤ ᠦᠯᠡᠳᠡᠭᠡᠭᠰᠡᠨ ᠦᠭᠡ ᠶᠢ 3 ᠬᠤᠪᠢ ᠴᠠᠭ ᠲᠤᠬᠠᠶ ᠳᠤᠨᠢ ᠬᠠᠷᠢᠭᠤᠯᠵᠠᠶ᠃ ᠪᠥᠬᠦ ᠵᠢᠯ ᠳᠤ ᠲᠥᠪ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠠᠶᠢᠮᠠᠭ ᠬᠤᠲᠠ ᠶᠢᠨ ᠲᠠᠰ ᠤᠨ ᠴᠠᠭᠠᠰᠤᠨ ᠵᠠᠭᠤᠴᠢᠯᠠᠭᠤᠷ ᠪᠠ ᠰᠦᠯᠵᠢᠶᠡᠨ ᠤ ᠵᠠᠭᠤᠴᠢᠯᠠᠭᠤᠷ ᠲᠤ ᠰᠢᠨᠵᠢᠯᠡᠬᠦ ᠤᠬᠠᠭᠠᠨ ᠮᠡᠷᠭᠡᠵᠢᠯ᠂ ᠣᠶ ᠰᠢᠭᠤᠶ ᠡᠪᠡᠰᠦ ᠪᠡᠯᠴᠢᠭᠡᠷ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡ 95 ᠵᠤᠷᠪᠤᠰ ᠨᠡᠶᠢᠲᠡᠯᠡᠪᠡ᠃      ︵ᠬᠤᠶᠠᠷ︶ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠦᠰᠡᠯᠲᠡ ᠪᠠᠷ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠬᠦᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ      2021 ᠣᠨ ᠳᠤ᠂ ᠮᠠᠨ ᠤ ᠲᠣᠪᠴᠢᠶ᠎ᠠ ᠵᠠᠰᠠᠭ ᠤᠨ ᠣᠷᠳᠣᠨ ᠤ ᠭᠤᠶᠤᠴᠢᠯᠠᠯ ᠢᠶᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠢ ᠭᠥᠯᠢᠶᠡᠨ ᠠᠪᠤᠭᠰᠠᠨ ᠥᠬᠡᠶ᠃      ︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠵᠠᠰᠠᠭ ᠵᠠᠬᠢᠷᠭᠠᠨ ᠤ ᠲᠠᠬᠢᠨ ᠵᠥᠪᠯᠡᠭᠰᠡᠨ᠂ ᠵᠠᠰᠠᠭ ᠵᠠᠬᠢᠷᠭᠠᠨ ᠤ ᠬᠡᠷᠡᠭ ᠮᠠᠷᠭᠤᠭᠠᠨ ᠢᠶᠠᠷ ᠳᠠᠬᠢᠨ ᠳᠤᠷᠠᠳᠤᠭᠳᠠᠭᠰᠠᠨ ᠪᠠᠶᠢᠳᠠᠯ      ᠵᠠᠷᠭᠤ ᠶᠢᠨ ᠪᠠᠶᠢᠳᠠᠯ 2021 ᠣᠨ ᠳᠤ᠂ ᠮᠠᠨ ᠤ ᠲᠣᠪᠴᠢᠶ᠎ᠡ 2 ᠤᠳᠠᠭ᠎ᠠ ᠵᠠᠰᠠᠭ ᠵᠠᠬᠢᠷᠭᠠᠨ ᠤ ᠵᠠᠷᠭᠤ ᠬᠦᠯᠢᠶᠡᠵᠦ᠂ ᠭᠤᠣᠯ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ 100%᠎ ᠳᠤ ᠬᠦᠷᠴᠡᠢ᠃      ︵ᠳᠥᠷᠪᠡ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠰᠢᠶᠳᠪᠦᠷᠢᠯᠡᠭᠰᠡᠨ ᠪᠠᠶᠢᠳᠠᠯ 2021 ᠣᠨ ᠳᠤ᠂ ᠮᠠᠨ ᠤ ᠲᠣᠪᠴᠢᠶ᠎ᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠠᠷᠢᠭᠤᠯᠲᠠ ᠥᠭᠬᠦ 4 ᠰᠠᠨᠠᠭᠤᠯᠭ᠎ᠠ ᠶᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠶᠢ 100%᠎ ᠳᠤ ᠬᠦᠷᠭᠡᠵᠡᠢ︔ ᠤᠯᠤᠰ ᠲᠦᠷᠦ ᠶᠢᠨ ᠵᠥᠪᠯᠡᠯᠭᠡᠨ ᠳᠤ ᠬᠠᠷᠢᠭᠤᠯᠲᠠ ᠥᠭᠭᠦᠭᠰᠡᠨ 5 ᠰᠠᠨᠠᠯ ᠵᠥᠪᠯᠡᠯᠭᠡ ᠶᠢ ᠰᠢᠶᠳᠪᠦᠷᠢᠯᠡᠵᠦ᠂ ᠰᠢᠶᠳᠪᠦᠷᠢᠯᠡᠵᠦ ᠳᠠᠭᠤᠰᠬᠠᠭᠰᠠᠨ ᠨᠤᠷᠮ᠎ᠠ ᠶᠢ 100%᠎ ᠪᠠᠷ ᠳᠡᠭᠡᠭᠰᠢᠯᠡᠭᠦᠯᠪᠡ᠃      ︵ᠲᠠᠪᠤ︶ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ᠃ ᠮᠠᠨ ᠤ ᠲᠣᠪᠴᠢᠶ᠎ᠠ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾᠎ ᠤ ᠰᠦᠯᠵᠢᠶ᠎ᠡ ᠳᠤ ᠲᠦᠰᠢᠭᠯᠡᠨ᠂ ᠤᠳᠤᠷᠢᠳᠤᠯᠭ᠎ᠠ ᠶᠢᠨ ᠴᠣᠩᠬᠤ ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠭᠠᠷᠴᠠᠭ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠣᠨ ᠤ ᠮᠡᠳᠡᠭᠦᠯᠦᠯᠲᠡ᠂ ᠭᠤᠤᠯᠳᠠᠯᠭ᠎ᠠ ᠲᠠᠢ ᠮᠡᠳᠡᠭᠡ ᠵᠠᠩᠭᠢ ᠶᠢ ᠢᠯᠡ ᠲᠣᠳᠣ ᠪᠣᠯᠭᠠᠬᠤ᠂ ᠣᠯᠠᠨ ᠨᠡᠶᠢᠲᠡ ᠶᠢᠨ ᠬᠦᠰᠡᠯᠲᠡ ᠶᠢ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠢᠯᠡ ᠲᠣᠳᠣ ᠪᠣᠯᠭᠠᠬᠤ ᠵᠡᠷᠭᠡ ᠠᠭᠤᠯᠭ᠎ᠠ ᠶᠢ ᠢᠳᠡᠪᠬᠢᠲᠠᠢ ᠪᠠᠷ ᠢᠯᠡ ᠲᠣᠳᠣ ᠪᠣᠯᠭᠠᠵᠤ᠂ ᠮᠠᠨ ᠤ ᠲᠣᠪᠴᠢᠶᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠪᠠᠶᠢᠭᠤᠯᠤᠯᠲᠠ᠂ ᠵᠠᠰᠠᠭ ᠤᠨ ᠶᠠᠪᠤᠳᠠᠯ ᠤᠨ ᠠᠮᠵᠢᠯᠲᠠ ᠪᠦᠲᠦᠮᠵᠢ᠂ ᠲᠤᠬᠠᠶᠢᠯᠠᠭᠰᠠᠨ ᠠᠵᠢᠯ ᠤᠨ ᠴᠤᠪᠤᠷᠠᠯ ᠵᠡᠷᠭᠡ ᠶᠢ ᠪᠥᠬᠦ ᠲᠠᠯ᠎ᠠ ᠪᠠᠷ ᠲᠤᠰᠬᠠᠪᠠ᠃ ᠨᠢᠭᠡᠨᠲᠡ ᠨᠡᠭᠡᠭᠡᠭᠰᠡᠨ ᠸᠢᠴᠠᠲ ᠤᠨ ᠴᠠᠬᠢᠮ ᠲᠠᠪᠴᠠᠩ ᠢ ᠠᠰᠢᠭᠯᠠᠨ᠂ ᠰᠢᠨᠵᠢᠯᠡᠬᠦ ᠤᠬᠠᠭᠠᠨ ᠮᠡᠷᠭᠡᠵᠢᠯ᠂ ᠣᠶ ᠰᠢᠭᠤᠶ ᠡᠪᠡᠰᠦ ᠪᠡᠯᠴᠢᠭᠡᠷ ᠤᠨ ᠠᠵᠢᠯ ᠤᠨ ᠬᠥᠳᠡᠯᠦᠯ ᠪᠠᠶᠢᠳᠠᠯ ᠪᠠ ᠦᠷ᠎ᠡ ᠪᠦᠲᠦᠮᠵᠢ ᠶᠢ ᠨᠡᠶᠢᠲᠡᠯᠡᠵᠦ᠂ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ᠂ ᠦᠨᠳᠦᠰᠦᠲᠡᠨ ᠤ ᠪᠦᠯᠬᠦᠮᠳᠡᠯ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠢᠳᠡᠪᠬᠢ ᠬᠦᠴᠦᠨ ᠤ ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠰᠦᠯᠵᠢᠶᠡᠨ ᠤ ᠨᠠᠶᠢᠵᠠ ᠨᠠᠷ ᠤᠨ ᠬᠦᠰᠡᠯ ᠱᠠᠭᠠᠷᠳᠠᠯᠭ᠎ᠠ ᠪᠠ ᠠᠰᠠᠭᠤᠯᠲᠠ ᠶᠢ ᠴᠠᠭ ᠲᠤᠬᠠᠶ ᠳᠤᠨᠢ ᠬᠠᠷᠢᠭᠤᠯᠵᠤ᠂ ᠰᠦᠯᠵᠢᠶᠡᠨ ᠤ ᠠᠷᠠᠳ ᠤᠨ ᠰᠠᠨᠠᠭ᠎ᠠ ᠶᠢ ᠰᠢᠯᠤᠭᠤᠳᠬᠠᠨ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠤᠬᠠᠭᠤᠯᠭ᠎ᠠ ᠶᠢ ᠡᠷᠴᠢᠮᠲᠡᠢ ᠤᠷᠤᠭᠰᠢ ᠠᠬᠢᠭᠤᠯᠪᠠ᠃ 2021 ᠣᠨ ᠳᠤ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ︾᠎ ᠤ ᠰᠦᠯᠵᠢᠶᠡᠨ ᠤ ᠬᠠᠮᠢᠶ᠎ᠠ ᠪᠥᠬᠦᠶ ᠪᠤᠯᠤᠩ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠶᠢ 2 ᠤᠳᠠᠭ᠎ᠠ ᠥᠪᠡᠰᠦᠪᠡᠨ ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠠᠶᠢᠵᠢᠷᠠᠭᠤᠯᠤᠨ ᠴᠡᠭᠴᠡᠯᠡᠵᠦ᠂ ᠰᠦᠯᠵᠢᠶᠡᠨ ᠤ ᠥᠷᠲᠡᠭᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠡᠪ ᠤᠨ ᠠᠵᠢᠯᠯᠠᠭ᠎ᠠ ᠶᠢ ᠦᠨᠡᠨ ᠬᠦ ᠪᠠᠲᠤᠯᠠᠪᠠ᠃      ︵ᠵᠢᠷᠭᠤᠭ᠎ᠠ︶ ᠲᠦᠷᠢᠮ ᠤᠨ ᠪᠠᠶᠢᠭᠤᠯᠤᠯᠲᠠ ᠵᠢᠴᠢ ᠬᠢᠨᠠᠯᠲᠠ ᠲᠠᠯᠪᠢᠵᠤ ᠪᠠᠲᠤᠯᠠᠭᠰᠠᠨ ᠪᠠᠶᠢᠳᠠᠯ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠢ ᠵᠢᠷᠤᠮᠵᠢᠭᠤᠨ ᠪᠥᠭᠡᠳ ᠡᠮᠬᠢ ᠴᠡᠭᠴᠡ ᠲᠠᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠮᠠᠨ ᠤ ᠲᠣᠪᠴᠢᠶ᠎ᠠ ᠬᠤᠯᠪᠣᠭᠳᠠᠯ ᠪᠦᠬᠦᠢ ᠠᠵᠢᠯ ᠤᠨ ᠲᠦᠷᠢᠮ ᠢ ᠴᠢᠩᠭ᠎ᠠ ᠬᠡᠷᠡᠭᠵᠢᠭᠦᠯᠵᠦ᠂ ᠮᠡᠳᠡᠭᠡ ᠵᠠᠩᠭᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠢᠯᠡ ᠲᠣᠳᠣ ᠪᠣᠯᠭᠠᠬᠤ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ᠂ ᠲᠠᠪᠴᠠᠩ ᠤᠨ ᠪᠠᠶᠢᠭᠤᠯᠤᠯᠲᠠ ᠵᠡᠷᠭᠡ ᠠᠵᠢᠯ ᠢ ᠢᠳᠡᠪᠬᠢᠲᠡᠶ ᠪᠠᠷ ᠤᠷᠤᠭᠰᠢ ᠠᠬᠢᠭᠤᠯᠪᠠ᠃ ︽ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠲᠦᠷᠢᠮ︾᠎ ᠢ ᠲᠣᠭᠲᠠᠭᠠᠪᠠ ︽ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠲᠦᠷᠢᠮ︾ ︽ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠲᠦᠷᠢᠮ︾ ︽ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠠᠨ ᠨᠡᠶᠢᠲᠡ ᠶᠢᠨ ᠬᠦᠰᠡᠯᠲᠡ ᠶᠢ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠢᠯᠡ ᠲᠣᠳᠣ ᠪᠣᠯᠭᠠᠬᠤ ᠲᠦᠷᠢᠮ︾ ︽ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠮᠡᠳᠡᠭᠡ ᠵᠠᠩᠭᠢ ᠶᠢ ᠨᠡᠶᠢᠲᠡᠯᠡᠵᠦ ᠬᠢᠨᠠᠨ ᠬᠠᠷᠭᠤᠭᠤᠯᠬᠤ ᠬᠠᠮᠢᠶᠠᠷᠤᠯᠲᠠ ᠶᠢᠨ ᠲᠦᠷᠢᠮ︾᠃ 2 ᠠᠵᠢᠯᠲᠠᠨ ᠢᠶᠠᠷ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠬᠠᠷᠢᠭᠤᠴᠠᠭᠤᠯᠵᠤ᠂ 1 ᠠᠵᠢᠯᠲᠠᠨ ᠢᠶᠠᠷ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯᠯᠠᠭᠤᠯᠵᠤ ᠪᠠᠲᠤᠯᠠᠬᠤ ᠠᠵᠢᠯ ᠢ ᠬᠠᠷᠢᠭᠤᠴᠠᠭᠤᠯᠵᠤ᠂ ᠬᠠᠷᠢᠭᠤᠴᠠᠯᠭ᠎ᠠ᠂ ᠠᠵᠢᠯ ᠤᠨ ᠬᠤᠪᠢᠶᠠᠷᠢᠯᠠᠯ ᠲᠣᠳᠣᠷᠬᠠᠶ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠪᠠᠶᠢᠷᠢᠰᠢᠯ ᠢ ᠪᠣᠶ ᠪᠣᠯᠭᠠᠪᠠ᠃      ᠬᠤᠶᠠᠷ᠂ ᠵᠠᠰᠠᠭ ᠤᠨ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠭᠰᠠᠨ ᠪᠠᠶᠢᠳᠠᠯ     ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠭᠤᠷᠪᠠ᠂ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠦᠰᠡᠯᠲᠡ ᠪᠠᠷ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠬᠦᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠭᠰᠠᠨ ᠵᠠᠰᠠᠭ ᠵᠠᠬᠢᠷᠭᠠᠨ ᠤ ᠲᠠᠬᠢᠨ ᠵᠥᠪᠯᠡᠭᠰᠡᠨ᠂ ᠵᠠᠰᠠᠭ ᠵᠠᠬᠢᠷᠭᠠᠨ ᠤ ᠬᠡᠷᠡᠭ ᠮᠠᠷᠭᠤᠭᠠᠨ ᠢᠶᠠᠷ ᠳᠠᠬᠢᠨ ᠳᠤᠷᠠᠳᠤᠭᠳᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ          ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ      2021 ᠣᠨ ᠳᠤ᠂ ᠮᠠᠨ ᠤ ᠲᠣᠪᠴᠢᠶ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠳᠤᠮᠳᠠ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠮᠡᠳᠡᠭᠡ ᠵᠠᠩᠭᠢ ᠨᠡᠶᠢᠲᠡᠯᠡᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠡᠯᠪᠡᠷᠢ ᠶᠢᠨ ᠲᠠᠯ᠎ᠠ ᠪᠠᠷ ᠬᠠᠷᠢᠴᠠᠩᠭᠤᠶ ᠪᠠᠷ ᠲᠠᠩ ᠴᠤᠯᠭᠤᠶ᠂ ᠠᠭᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠲᠠᠯ᠎ᠠ ᠪᠠᠷ ᠳᠤᠲᠠᠮᠠᠭ᠂ ᠬᠡᠷᠡᠭᠯᠡᠬᠦ ᠲᠠᠯ᠎ᠠ ᠪᠠᠷ H5᠂ ᠵᠢᠷᠤᠭ ᠤᠨ ᠲᠠᠶᠢᠯᠪᠤᠷᠢ᠂ ᠲᠠᠭᠤᠨ ᠳᠠᠪᠲᠠᠮᠵᠢ᠂ ᠵᠢᠵᠢᠭ ᠬᠠᠷᠠᠭᠠᠨ ᠳᠠᠪᠲᠠᠮᠵᠢ ᠵᠡᠷᠭᠡ ᠣᠯᠠᠨ ᠲᠦᠮᠡᠨ ᠤ ᠳᠤᠷ᠎ᠠ ᠪᠠᠬ᠎ᠠ ᠶᠢ ᠶᠡᠬᠡᠳᠡ ᠲᠠᠲᠠᠭᠰᠠᠨ ᠨᠡᠶᠢᠲᠡᠯᠡᠬᠦ ᠬᠡᠯᠪᠡᠷᠢ ᠨᠡᠯᠢᠶᠡᠳ ᠴᠥᠭᠡᠨ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯᠲᠠᠨ ᠤ ᠰᠦᠯᠵᠢᠶᠡᠨ ᠥᠷᠲᠡᠭᠡ᠂ ᠰᠢᠨ᠎ᠡ ᠵᠠᠭᠤᠴᠢᠯᠠᠭᠤᠷ ᠤᠨ ᠠᠵᠢᠯᠯᠠᠭᠤᠯᠵᠤ ᠪᠠᠲᠤᠯᠠᠬᠤ ᠵᠡᠷᠭᠡ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠮᠥᠨ ᠬᠦ ᠳᠡᠭᠡᠭᠰᠢᠯᠡᠭᠦᠯᠬᠦ ᠱᠠᠭᠠᠷᠳᠠᠯᠭ᠎ᠠ ᠲᠠᠢ ᠪᠠᠶᠢᠬᠤ ᠵᠡᠷᠭᠡ ᠠᠰᠠᠭᠤᠳᠠᠯ ᠮᠥᠨ ᠬᠦ ᠣᠷᠣᠰᠢᠭᠰᠠᠭᠠᠷ ᠪᠠᠶᠢᠨ᠎ᠠ᠃      2021 ᠣᠨ ᠳᠤ᠂ ᠮᠠᠨ ᠤ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠬᠠᠮᠢᠶ᠎ᠠ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠡᠷᠴᠢᠮᠲᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭᠠᠲᠤ ᠤᠬᠠᠮᠰᠠᠷ ᠪᠠ ᠦᠶᠯᠡᠴᠢᠯᠡᠭᠡᠨ ᠤ ᠤᠬᠠᠮᠰᠠᠷ ᠢᠶᠠᠨ ᠴᠠᠭᠠᠰᠢᠳᠠ ᠴᠢᠩᠭᠠᠳᠬᠠᠨ᠂ ᠲᠤᠷᠰᠢᠯᠭ᠎ᠠ ᠪᠠᠨ ᠰᠤᠷᠤᠯᠴᠠᠨ ᠳ᠋ᠦᠩᠨᠡᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭᠠᠳᠬᠠᠪᠠ᠃ ᠨᠢᠭᠡ ᠳᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠡᠷᠴᠢᠮᠲᠠᠢ ᠤᠷᠤᠭᠰᠢ ᠠᠬᠢᠭᠤᠯᠵᠤ᠂ ᠪᠠᠷᠢᠮᠵᠢᠶᠠᠵᠢᠭᠤᠯᠬᠤ ᠪᠠᠷ ᠢᠳᠡᠪᠬᠢᠲᠠᠢ ᠪᠠᠷ ᠢᠯᠡ ᠲᠣᠳᠣ ᠪᠣᠯᠭᠠᠬᠤ᠂ ᠲᠠᠶᠢᠯᠤᠮᠵᠢ ᠪᠡᠶᠡᠯᠡᠭᠦᠯᠵᠦ ᠬᠠᠷᠢᠭᠤ ᠥᠭᠬᠦ᠂ ᠭᠤᠶᠤᠴᠢᠯᠠᠯ ᠶᠣᠰᠣᠭᠠᠷ ᠢᠯᠡ ᠪᠠᠷ ᠭᠦᠶᠴᠡᠳᠬᠡᠬᠦ᠂ ᠣᠯᠠᠨ ᠨᠡᠶᠢᠲᠡ ᠪᠠᠷ ᠢᠶᠠᠨ ᠣᠷᠣᠯᠴᠠᠬᠤ ᠠᠵᠢᠯ ᠤᠨ ᠴᠢᠨᠠᠷ ᠴᠢᠨᠰᠠᠭ᠎ᠠ ᠶᠢ ᠠᠬᠢᠭᠤᠯᠤᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠬᠥᠲᠥᠯᠦᠮᠵᠢ ᠪᠣᠯᠭᠠᠵᠤ᠂ ᠢᠯᠡ ᠲᠣᠳᠣ ᠪᠣᠯᠭᠠᠬᠤ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠬᠤᠶᠠᠷ ᠲᠤ᠂ ᠲᠦᠷᠦ ᠶᠢᠨ ᠪᠤᠳᠤᠯᠭ᠎ᠠ ᠶᠢ ᠨᠡᠶᠢᠲᠡᠯᠡᠬᠦ ᠲᠠᠶᠢᠯᠪᠤᠷᠢᠯᠠᠬᠤ ᠬᠠᠷᠢᠭᠤᠯᠲᠠ ᠥᠭᠬᠦ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠲᠦᠷᠦ ᠶᠢᠨ ᠪᠤᠳᠤᠯᠭ᠎ᠠ ᠶᠢᠨ ᠠᠬᠤᠶ ᠪᠠᠶᠢᠳᠠᠯ᠂ ᠨᠡᠶᠢᠲᠡᠯᠡᠭᠰᠡᠨ ᠵᠣᠷᠢᠯᠭ᠎ᠠ᠂ ᠴᠢᠬᠤᠯᠠ ᠠᠷᠭ᠎ᠠ ᠬᠡᠮᠵᠢᠶ᠎ᠡ ᠵᠡᠷᠭᠡ ᠲᠠᠯ᠎ᠠ ᠳᠤ ᠮᠥᠨ ᠴᠢᠨᠠᠷ ᠤᠨ ᠲᠠᠶᠢᠯᠤᠮᠵᠢ ᠶᠢ ᠨᠡᠩ ᠴᠢᠬᠤᠯᠠᠴᠢᠯᠠᠵᠤ᠂ ᠥᠷᠭᠡᠨ ᠤᠯᠠᠨ ᠠᠷᠠᠳ ᠲᠦᠮᠡᠨ ᠤ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠲᠣᠮᠣᠬᠠᠨ ᠪᠠᠴᠢᠮ ᠶᠠᠭᠠᠷᠠᠯᠲᠠᠢ ᠬᠡᠷᠡᠭ ᠵᠢᠴᠢ ᠨᠡᠶᠢᠭᠡᠮ ᠤᠨ ᠬᠠᠯᠠᠭᠤᠨ ᠴᠡᠭ ᠤᠨ ᠶᠠᠷᠢᠶ᠎ᠠ ᠬᠡᠯᠡᠯᠴᠡᠭᠡᠨ ᠤ ᠬᠡᠷᠡᠭ ᠢ ᠠᠷᠭᠠᠴᠠᠬᠤ ᠳᠤ ᠲᠠᠭᠤ ᠠᠯᠳᠠᠬᠤ ᠦᠭᠡᠢ᠂ ᠣᠷᠣ ᠠᠯᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ ᠣᠯᠠᠩᠬᠢ ᠳᠠᠭᠠᠨ H5᠂ ᠵᠢᠷᠤᠭᠲᠤ ᠲᠠᠶᠢᠯᠪᠤᠷᠢ᠂ ᠲᠠᠭᠤᠨ ᠳᠠᠪᠲᠠᠮᠵᠢ᠂ ᠵᠢᠵᠢᠭ ᠬᠠᠷᠠᠭᠠᠨ ᠳᠠᠪᠲᠠᠮᠵᠢ ᠵᠡᠷᠭᠡ ᠬᠡᠯᠪᠡᠷᠢ ᠪᠠᠷ ᠮᠡᠳᠡᠭᠡ ᠵᠠᠩᠭᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠡᠶᠡᠯᠡᠭᠦᠯᠵᠦ᠂ ᠲᠤᠰᠬᠠᠶ ᠰᠡᠳᠦᠪᠲᠦ ᠰᠤᠷᠭᠠᠯᠲᠠ ᠳᠤ ᠢᠳᠡᠪᠬᠢᠲᠡᠶ ᠣᠷᠣᠯᠴᠠᠨ᠂ ᠠᠵᠢᠯ ᠤᠨ ᠲᠤᠷᠰᠢᠯᠭ᠎ᠠ ᠪᠠᠨ ᠰᠣᠯᠢᠯᠴᠠᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠡᠩᠨᠡᠭᠡ ᠶᠢᠨ ᠴᠢᠳᠠᠪᠤᠷᠢ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠵᠢᠷᠭᠤᠭ᠎ᠠ᠂ ᠪᠤᠰᠤᠳ ᠮᠡᠳᠡᠭᠦᠯᠬᠦ ᠴᠢᠬᠤᠯᠠᠲᠠᠢ ᠵᠦᠢᠯ      ᠮᠡᠳᠡᠭᠦᠯᠬᠦ ᠴᠢᠬᠤᠯᠠ ᠲᠠᠢ ᠪᠤᠰᠤᠳ ᠵᠦᠢᠯ ᠪᠠᠶᠢᠬᠤ ᠦᠭᠡᠢ᠃     ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号