ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2022/2/28
     ᠲᠣᠰ ᠵᠢᠯ ᠤᠨ ᠮᠡᠳᠡᠭᠦᠯᠦᠯᠲᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠪᠠᠶᠢᠳᠠᠯ ᠤᠨ ᠲᠣᠭᠤᠷᠢᠨ ᠳᠤ ᠨᠠᠶᠢᠷᠠᠭᠤᠯᠤᠨ ᠵᠣᠬᠢᠶᠠᠪᠠ᠃ ᠪᠥᠬᠦ ᠠᠭᠤᠯᠭ᠎ᠠ ᠳᠤᠨᠢ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠶᠡᠷᠦᠩᠬᠡᠢ ᠨᠥᠬᠦᠴᠡᠯ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠭᠰᠠᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠭᠤᠶᠤᠴᠢᠯᠠᠯ ᠢ ᠭᠥᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠪᠠᠶᠢᠳᠠᠯ᠂ ᠵᠠᠰᠠᠭ ᠵᠠᠬᠢᠷᠭᠠᠨ ᠤ ᠵᠠᠷᠭᠤ ᠶᠢᠨ ᠪᠠᠶᠢᠳᠠᠯ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠦᠯᠬᠦ ᠱᠠᠭᠠᠷᠳᠠᠯᠭ᠎ᠠ ᠲᠠᠢ ᠵᠦᠶᠯᠡᠰ ᠵᠡᠷᠭᠡ ᠵᠢᠷᠭᠤᠭᠠᠨ ᠬᠡᠰᠡᠭ ᠢ ᠪᠠᠭᠲᠠᠭᠠᠬᠤ ᠶᠢᠨ ᠬᠠᠮᠲᠤ ᠪᠦᠷᠢᠳᠬᠡᠯ ᠤᠨ ᠬᠦᠰᠦᠨᠦᠭᠲᠦ ᠶᠢ ᠳᠠᠭᠠᠯᠳᠤᠭᠤᠯᠪᠠ᠃ ᠲᠣᠰ ᠮᠡᠳᠡᠭᠦᠯᠦᠯᠲᠡ ᠳᠤ ᠵᠢᠭᠰᠠᠭᠠᠭᠰᠠᠨ ᠲᠤᠭ᠎ᠠ ᠪᠠᠷᠢᠮᠲᠠ ᠶᠢᠨ ᠪᠦᠷᠢᠳᠬᠡᠬᠦ ᠬᠤᠭᠤᠴᠠᠭ᠎ᠠ ᠨᠢ 2021 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2021 ᠣᠨ ᠤ 12 ᠳ᠋ᠤᠭᠠᠷ ᠰᠠᠷ᠎ᠠ 31᠎ ᠤ ᠡᠳᠦᠷ᠃ ᠬᠡᠷᠪᠡ ᠲᠣᠰ ᠵᠢᠯ ᠤᠨ ᠮᠡᠳᠡᠭᠦᠯᠦᠯᠲᠡ ᠳᠤ ᠮᠠᠳᠠᠭ ᠲᠠᠢ ᠪᠣᠯ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠠᠯᠪᠠᠨ ᠬᠡᠷ ᠲᠠᠢ ᠬᠠᠷᠢᠯᠴᠠᠭᠠᠷᠠᠶ ︵ᠤᠲᠠᠰᠤ᠄ 0483 — 8228667᠂ ᠴᠠᠬᠢᠮ ᠰᠢᠤᠳᠠᠨ᠄ azqtjj@163.com︶᠃      ᠨᠢᠭᠡ᠂ ᠶᠡᠷᠦᠩᠬᠡᠢ ᠨᠥᠬᠦᠴᠡᠯ ᠪᠠᠶᠢᠳᠠᠯ      2021 ᠣᠨ ᠳᠤ᠂ ᠮᠠᠨ ᠤ ᠲᠣᠪᠴᠢᠶ᠎ᠠ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠲᠤᠬᠠᠶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ︽ᠲᠦᠷᠢᠮ︾ ᠪᠣᠯᠤᠨ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ 2021 ᠣᠨ ᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠭᠤᠤᠯᠳᠠᠯᠭ᠎ᠠ ᠶᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠡᠷᠴᠢᠮᠲᠠᠢ ᠲᠤᠤᠱᠯᠠᠭᠤᠯᠵᠤ᠂ ᠢᠯᠡ ᠲᠣᠳᠣ ᠪᠣᠯᠭᠠᠬᠤ ᠶᠢ ᠬᠡᠪ ᠤᠨ ᠪᠠᠶᠢᠳᠠᠯ ᠪᠣᠯᠭᠠᠬᠤ᠂ ᠢᠯᠡ ᠲᠣᠳᠣ ᠪᠣᠯᠭᠠᠬᠤ ᠥᠬᠡᠶ ᠶᠢ ᠣᠨᠴᠠᠭᠠᠶ ᠪᠠᠶᠢᠳᠠᠯ ᠪᠣᠯᠭᠠᠬᠤ ᠶᠢ ᠪᠠᠷᠢᠮᠲᠠᠯᠠᠨ᠂ ᠲᠤᠭ᠎ᠠ ᠪᠦᠷᠢᠳᠬᠡᠯ ᠤᠨ ᠠᠵᠢᠯ ᠤᠨ ᠪᠣᠳᠠᠲᠠᠶ ᠲᠠᠢ ᠤᠶᠠᠯᠳᠤᠭᠤᠯᠵᠤ᠂ ᠳᠡᠭᠡᠳᠦ ᠱᠠᠲᠤᠨ ᠤ ᠲᠤᠰᠢᠶᠠᠨ ᠰᠢᠶᠳᠪᠦᠷᠢᠯᠡᠭᠦᠯᠬᠦ ᠵᠢᠴᠢ ᠮᠠᠨ ᠤ ᠲᠣᠪᠴᠢᠶᠠᠨ ᠤ ᠲᠣᠰ ᠪᠡᠶ᠎ᠡ ᠶᠢᠨ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠬᠢᠨᠠᠮᠠᠭᠠᠶ ᠪᠡᠶᠡᠯᠡᠭᠦᠯᠪᠡ᠃      ︵ᠨᠢᠭᠡ︶ ᠢᠳᠡᠪᠬᠢᠲᠠᠢ ᠪᠠᠷ ᠢᠯᠡ ᠲᠣᠳᠣ ᠪᠣᠯᠭᠠᠬᠤ ᠲᠠᠯ᠎ᠠ ᠪᠠᠷ      ᠴᠠᠬᠢᠮ ᠰᠦᠯᠵᠢᠶᠡᠨ ᠳᠡᠭᠡᠷ᠎ᠡ ᠲᠤᠭ᠎ᠠ ᠪᠦᠷᠢᠳᠬᠡᠯ ᠤᠨ ᠭᠤᠤᠯᠳᠠᠯᠭ᠎ᠠ ᠲᠠᠢ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠵᠠᠰᠠᠭ ᠵᠠᠬᠢᠷᠭᠠᠨ ᠤ ᠡᠷᠬᠡ ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠢᠯᠡ ᠲᠣᠳᠣ ᠪᠣᠯᠭᠠᠨ᠂ ᠪᠥᠬᠦ ᠵᠢᠯ ᠳᠤ ᠨᠡᠶᠢᠲᠡ 15 ᠬᠤᠪᠢ ᠭᠤᠤᠯᠳᠠᠯᠭ᠎ᠠ ᠲᠠᠢ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠨᠡᠶᠢᠲᠡᠯᠡᠪᠡ᠃      ︵ᠬᠤᠶᠠᠷ︶ ᠣᠯᠠᠨ ᠨᠡᠶᠢᠲᠡ ᠶᠢᠨ ᠬᠦᠰᠡᠯᠲᠡ ᠶᠢ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠢᠯᠡ ᠲᠣᠳᠣ ᠪᠣᠯᠭᠠᠬᠤ ᠲᠠᠯ᠎ᠠ ᠪᠠᠷ      ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠵᠢᠷᠤᠮ ᠢ ᠵᠢᠷᠤᠮᠵᠢᠭᠤᠯᠵᠤ᠂ ᠣᠯᠠᠨ ᠨᠡᠶᠢᠲᠡ ᠶᠢᠨ ᠬᠦᠰᠡᠯᠲᠡ ᠶᠢ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠢᠯᠡ ᠲᠣᠳᠣ ᠪᠣᠯᠭᠠᠬᠤ ᠮᠡᠳᠡᠭᠡ ᠵᠠᠩᠭᠢ ᠶᠢᠨ ᠭᠤᠶᠤᠴᠢᠯᠠᠯ ᠤᠨ ᠬᠦᠰᠦᠨᠦᠭᠲᠦ ᠶᠢ ᠨᠡᠶᠢᠲᠡᠯᠡᠵᠦ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠪᠤᠯᠤᠩ ᠢ ᠲᠡᠭᠦᠯᠳᠡᠷᠵᠢᠭᠦᠯᠪᠡ᠃ ᠪᠥᠬᠦ ᠵᠢᠯ ᠳᠤ ᠮᠠᠨ ᠤ ᠲᠣᠪᠴᠢᠶ᠎ᠠ ᠣᠯᠠᠨ ᠨᠡᠶᠢᠲᠡ ᠶᠢᠨ ᠬᠦᠰᠡᠯᠲᠡ ᠶᠢ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠢᠯᠡ ᠲᠣᠳᠣ ᠪᠣᠯᠭᠠᠬᠤ ᠨᠢᠭᠡ ᠵᠦᠶᠯ ᠤᠨ ᠵᠦᠶᠯᠡᠰ ᠢ ᠭᠥᠯᠢᠶᠡᠨ ᠠᠪᠤᠭᠰᠠᠨ ᠪᠥᠭᠡᠳ ᠲᠤᠭ᠎ᠠ ᠪᠦᠷᠢᠳᠬᠡᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠬᠦᠰᠡᠯᠲᠡ ᠶᠢ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠢᠯᠡ ᠲᠣᠳᠣ ᠪᠣᠯᠭᠠᠬᠤ ᠵᠦᠶᠯᠡᠰ ᠢ ᠴᠠᠭ ᠲᠤᠬᠠᠶ ᠳᠤᠨᠢ ᠰᠢᠶᠳᠪᠦᠷᠢᠯᠡᠵᠦ ᠳᠠᠭᠤᠰᠬᠠᠭᠰᠠᠨ ᠪᠠᠶᠢᠨ᠎ᠠ᠃      ︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠯ᠎ᠠ      ︽ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠨᠡᠶᠢᠲᠡᠯᠡᠬᠦ ᠲᠦᠷᠢᠮ︾᠎ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠬᠠᠮᠢᠶᠠᠷᠤᠯᠲᠠ ᠶᠢ ᠦᠷᠭᠦᠯᠵᠢᠯᠡᠭᠦᠯᠦᠨ ᠴᠢᠩᠭᠠᠳᠬᠠᠵᠤ᠂ ᠡᠬᠢ ᠡᠭᠦᠰᠦᠯ ᠠᠴᠠ ᠨᠢ ᠮᠠᠭᠠᠳᠯᠠᠨ ᠲᠣᠭᠲᠠᠭᠠᠬᠤ᠂ ᠢᠯᠡ ᠲᠣᠳᠣ ᠪᠣᠯᠭᠠᠬᠤ ᠠᠭᠤᠯᠭ᠎ᠠ ᠶᠢ ᠬᠥᠳᠡᠯᠦᠩᠭᠦᠶ ᠪᠠᠷ ᠳᠣᠭᠢᠷᠠᠭᠤᠯᠬᠤ ᠵᠢᠴᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠪᠠᠶᠢᠴᠠᠭᠠᠬᠤ ᠪᠥᠬᠦ ᠶᠠᠪᠤᠴᠠ ᠳᠤ ᠵᠢᠷᠤᠮᠯᠠᠬᠤ ᠲᠦᠷᠢᠮ ᠲᠠᠢ ᠪᠣᠯᠭᠠᠪᠠ᠃      ︵ᠳᠥᠷᠪᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠭᠤᠶᠤᠴᠢᠯᠠᠭᠳᠠᠭᠴᠢ ᠶᠢᠨ ᠵᠠᠰᠠᠭ ᠵᠠᠬᠢᠷᠭᠠᠨ ᠢᠶᠠᠷ ᠳᠠᠬᠢᠨ ᠬᠢᠨᠠᠨ ᠬᠡᠯᠡᠯᠴᠡᠬᠦ᠂ ᠵᠠᠰᠠᠭ ᠵᠠᠬᠢᠷᠭᠠᠨ ᠤ ᠵᠠᠭᠠᠯᠳᠤᠯᠭ᠎ᠠ ᠭᠠᠷᠭᠠᠬᠤ ᠲᠠᠯ᠎ᠠ ᠪᠠᠷ      2021 ᠣᠨ ᠳᠤ᠂ ᠮᠠᠨ ᠤ ᠲᠣᠪᠴᠢᠶ᠎ᠠ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠰᠢᠯᠲᠠᠭᠠᠨ ᠢᠶᠠᠷ ᠵᠠᠰᠠᠭ ᠵᠠᠬᠢᠷᠭᠠᠨ ᠢᠶᠠᠷ ᠳᠠᠬᠢᠨ ᠬᠢᠨᠠᠨ ᠬᠡᠯᠡᠯᠴᠡᠬᠦ ᠪᠠᠷ ᠭᠤᠶᠤᠴᠢᠯᠠᠭᠳᠠᠭᠰᠠᠨ ᠪᠠ ᠵᠠᠰᠠᠭ ᠵᠠᠬᠢᠷᠭᠠᠨ ᠤ ᠵᠠᠷᠭᠤ ᠬᠢᠭᠰᠡᠨ ᠪᠠᠶᠢᠳᠠᠯ ᠪᠠᠶᠢᠬᠤ ᠥᠬᠡᠶ᠃      ᠬᠤᠶᠠᠷ᠂ ᠵᠠᠰᠠᠭ ᠤᠨ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠭᠤᠷᠪᠠ᠂ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠦᠰᠡᠯᠲᠡ ᠪᠠᠷ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠬᠦᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠭᠰᠠᠨ ᠵᠠᠰᠠᠭ ᠵᠠᠬᠢᠷᠭᠠᠨ ᠤ ᠲᠠᠬᠢᠨ ᠵᠥᠪᠯᠡᠭᠰᠡᠨ᠂ ᠵᠠᠰᠠᠭ ᠵᠠᠬᠢᠷᠭᠠᠨ ᠤ ᠬᠡᠷᠡᠭ ᠮᠠᠷᠭᠤᠭᠠᠨ ᠢᠶᠠᠷ ᠳᠠᠬᠢᠨ ᠳᠤᠷᠠᠳᠤᠭᠳᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ            ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ      ︵ᠨᠢᠭᠡ︶ ᠣᠷᠣᠰᠢᠵᠤ ᠪᠠᠶᠢᠭ᠎ᠠ ᠭᠤᠣᠯ ᠠᠰᠠᠭᠤᠳᠠᠯ      ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠭᠡᠭᠰᠢ ᠳᠠᠮᠵᠢᠭᠤᠯᠬᠤ ᠮᠡᠳᠡᠭᠡ ᠵᠠᠩᠭᠢ ᠶᠢᠨ ᠪᠤᠯᠤᠩ ᠨᠢ ᠨᠡᠯᠢᠶᠡᠳ ᠲᠠᠩ ᠴᠤᠯᠭᠤᠶ ᠪᠠᠶᠢᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠢ ᠡᠬᠡ ᠪᠢᠴᠢᠭ ᠢᠶᠠᠷ ᠭᠤᠤᠯᠯᠠᠵᠤ ᠪᠣᠢ᠃      ︵ᠬᠤᠶᠠᠷ︶ ᠬᠠᠯᠠᠨ ᠰᠠᠶᠢᠵᠢᠷᠠᠭᠤᠯᠤᠭᠰᠠᠨ ᠪᠠᠶᠢᠳᠠᠯ      2021 ᠣᠨ ᠳᠤ᠂ ᠮᠠᠨ ᠤ ᠲᠣᠪᠴᠢᠶ᠎ᠠ ᠮᠡᠳᠡᠭᠡ ᠵᠠᠩᠭᠢ ᠳᠠᠮᠵᠢᠭᠤᠯᠬᠤ ᠠᠵᠢᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠠᠯᠠᠱᠠ ᠵᠡᠭᠦᠨ ᠬᠤᠰᠢᠭᠤᠨ ᠤ ᠠᠵᠤ ᠠᠬᠤᠶ ᠶᠢᠨ ᠠᠵᠢᠯᠯᠠᠭᠠᠨ ᠤ ᠬᠠᠮᠢᠶ᠎ᠠ ᠪᠥᠬᠦᠶ ᠪᠦᠷᠢᠳᠬᠡᠯ ᠤᠨ ᠲᠤᠭ᠎ᠠ ᠪᠠᠷᠢᠮᠲᠠ ᠵᠢᠴᠢ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠪᠡ᠃      ᠵᠢᠷᠭᠤᠭ᠎ᠠ᠂ ᠪᠤᠰᠤᠳ ᠮᠡᠳᠡᠭᠦᠯᠬᠦ ᠴᠢᠬᠤᠯᠠᠲᠠᠢ ᠵᠦᠢᠯ      ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠶᠢᠨ ᠣᠨᠴᠠᠯᠢᠭ ᠠᠴᠠ ᠪᠤᠯᠵᠤ᠂ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠡ ᠶᠢᠨ ᠲᠣᠭᠲᠠᠭᠠᠨ ᠲᠠᠷᠬᠠᠭᠠᠭᠰᠠᠨ ᠲᠦᠷᠦ ᠶᠢᠨ ᠪᠤᠳᠤᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ᠂ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠡᠯᠢᠶᠡᠳ ᠴᠥᠭᠡᠨ ᠪᠠᠶᠢᠵᠤ᠂ ᠡᠳᠦᠷ ᠳᠤᠳᠤᠮ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢᠨ ᠠᠵᠢᠯ ᠢ ᠭᠤᠣᠯᠳᠠᠭᠤ ᠪᠦᠷᠢᠳᠬᠡᠯ ᠤᠨ ᠲᠤᠭ᠎ᠠ ᠪᠠᠷᠢᠮᠲᠠ᠂ ᠭᠦᠢᠴᠡᠳᠬᠡᠬᠦ ᠲᠤᠭ᠎ᠠ ᠳᠤ ᠴᠢᠭᠯᠡᠭᠦᠯᠵᠦ᠂ ᠲᠠᠶᠢᠯᠤᠮᠵᠢ ᠶᠢᠨ ᠠᠭᠤᠯᠭ᠎ᠠ ᠶᠢ ᠲᠠᠩ ᠴᠤᠯᠭᠤᠢ ᠪᠣᠯᠭᠠᠵᠠᠢ᠃      ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号