ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ  2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠣᠨ ᠤ ᠲᠤᠬᠠᠶ ᠮᠡᠳᠡᠭᠦᠯᠦᠯᠲᠡ
ᠨᠡᠶᠢᠲᠡᠯᠡᠭᠰᠡᠨ ᠴᠠᠭ᠄
2022/2/28
     ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ︽ᠠᠯᠠᠱᠠ ᠵᠡᠭᠦᠨ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠴᠠᠭᠠᠰᠢᠳᠠ ᠲᠣᠳᠣᠷᠬᠠᠶᠢᠯᠠᠬᠤ ᠮᠡᠳᠡᠭᠳᠡᠯ ︵ᠰᠠᠨᠠᠯ ᠬᠤᠷᠢᠶᠠᠬᠤ ᠨᠣᠤᠷᠠᠭ︶︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠡᠳᠦᠭᠡ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢ ᠮᠡᠳᠡᠭᠦᠯᠦᠶ᠎ᠡ᠃      ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠪᠦᠬᠦ ᠲᠠᠯ᠎ᠠ ᠪᠠᠷ ᠤᠷᠤᠭᠰᠢ ᠠᠬᠢᠭᠤᠯᠬᠤ ᠲᠤᠬᠠᠶ ᠰᠢᠷᠢᠰ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠳᠦᠷᠢᠮ︾ ᠪᠣᠯᠤᠨ ︽ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠭᠤᠣᠯᠳᠠᠯᠭ᠎ᠠ ᠶᠢ ᠬᠡᠪᠯᠡᠨ ᠲᠠᠷᠬᠠᠭᠠᠬᠤ ᠲᠤᠬᠠᠶ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠪᠠ ᠣᠯᠠᠨ ᠲᠦᠮᠡᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠵᠢᠯ ᠤᠨ ᠲᠣᠭᠤᠷᠢᠨ ᠳᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠲᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠬᠦᠯᠵᠦ᠂ ᠢᠯᠡ ᠲᠣᠳᠣ ᠪᠣᠯᠭᠠᠬᠤ ᠪᠠᠷ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠢᠯᠡ ᠲᠣᠳᠣ ᠪᠣᠯᠭᠠᠬᠤ ᠪᠠᠷ ᠵᠢᠷᠤᠮᠵᠢᠯ ᠢ ᠠᠬᠢᠭᠤᠯᠵᠤ᠂ ᠢᠯᠡ ᠲᠣᠳᠣ ᠪᠣᠯᠭᠠᠬᠤ ᠪᠠᠷ ᠦᠶᠯᠡᠴᠢᠯᠡᠭᠡ ᠶᠢ ᠠᠬᠢᠭᠤᠯᠤᠨ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢᠨ ᠴᠢᠨᠠᠷ ᠴᠢᠨᠰᠠᠭ᠎ᠠ ᠪᠠ ᠪᠣᠳᠠᠲᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠢᠯᠡ ᠲᠣᠳᠣ ᠪᠣᠯᠭᠠᠬᠤ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠵᠣᠬᠢᠬᠤ ᠦᠷ᠎ᠡ ᠪᠦᠲᠦᠮᠵᠢ ᠣᠯᠤᠭᠰᠠᠨ ᠪᠠᠶᠢᠨ᠎ᠠ᠃      ᠨᠢᠭᠡ᠂ ᠤᠳᠤᠷᠢᠳᠤᠯᠭ᠎ᠠ ᠪᠠᠨ ᠴᠢᠩᠭᠠᠳᠬᠠᠨ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠪᠡ      ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠬᠤᠰᠢᠭᠤᠨ ᠤ ᠬᠤᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠶᠢ ᠪᠣᠳᠣᠯᠬᠢᠯᠠᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢ ᠨᠢᠭᠡ ᠵᠦᠶᠯ ᠤᠨ ᠤᠬᠠᠮᠰᠠᠷᠲᠤ ᠤᠬᠠᠮᠰᠠᠷ ᠪᠠ ᠦᠶᠯᠡ ᠠᠵᠢᠯᠯᠠᠭ᠎ᠠ ᠪᠣᠯᠭᠠᠭᠰᠠᠨ ᠪᠠᠶᠢᠨ᠎ᠠ ᠃ ᠨᠢᠭᠡ ᠳᠤ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠲᠡᠭᠦᠯᠳᠡᠷᠵᠢᠭᠦᠯᠦᠨ ᠳᠣᠭᠢᠷᠠᠭᠤᠯᠵᠤ᠂ ᠨᠢᠭᠡᠳᠦᠭᠡᠷ ᠭᠠᠷ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠪᠣᠳᠠᠲᠠᠶ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠠ ᠬᠤᠶᠠᠳᠤᠭᠠᠷ ᠳᠡᠰ ᠤᠨ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠲᠣᠪᠴᠢᠶᠠᠨ ᠤ ᠬᠠᠷᠢᠶ᠎ᠠ ᠡᠯ᠎ᠡ ᠰᠠᠯᠠᠭ᠎ᠠ ᠲᠠᠰᠤᠭ ᠤᠨ ᠰᠠᠯᠠᠭᠠᠨ ᠳᠠᠷᠤᠭ᠎ᠠ ᠪᠠᠷ ᠪᠦᠷᠢᠯᠳᠦᠬᠦᠨ ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠵᠣᠬᠢᠶᠠᠨ ᠪᠠᠶᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠰᠢᠮᠳᠠᠭᠤᠯᠬᠤ ᠠᠵᠢᠯ ᠢ ᠬᠠᠷᠢᠭᠤᠴᠠᠭᠤᠯᠪᠠ᠃ ᠡᠭᠦᠨ ᠤ ᠬᠠᠮᠲᠤ ᠲᠣᠪᠴᠢᠶᠠᠨ ᠤ ᠠᠯᠪᠠᠨ ᠬᠡᠷ ᠢ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢᠨ ᠭᠤᠣᠯᠯᠠᠨ ᠬᠠᠷᠢᠭᠤᠴᠠᠬᠤ ᠰᠠᠯᠠᠭ᠎ᠠ ᠮᠥᠴᠢᠷ ᠢᠶᠠᠷ ᠲᠣᠭᠲᠠᠭᠠᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ ᠬᠤᠶᠠᠷ ᠲᠤ ᠬᠤᠯᠪᠣᠭᠳᠠᠯ ᠪᠦᠬᠦᠢ ᠲᠦᠷᠢᠮ ᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠪᠦᠷᠢᠨᠰᠢᠭᠦᠯᠪᠡ᠃ ᠬᠤᠰᠢᠭᠤᠨ ᠤ ᠬᠤᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠠᠯᠪᠠᠯᠠᠬᠤ ᠣᠳᠣᠬᠢ ᠪᠠᠶᠢᠳᠠᠯ ᠢ ᠦᠨᠳᠦᠰᠦᠯᠡᠨ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠬᠠᠷᠢᠭᠤᠴᠠᠯᠭ᠎ᠠ᠂ ᠬᠢᠨᠠᠨ ᠵᠥᠪᠯᠡᠬᠦ᠂ ᠬᠠᠷᠢᠭᠤ ᠲᠤᠰᠬᠠᠬᠤ᠂ ᠬᠢᠨᠠᠯᠲᠠ ᠲᠠᠯᠪᠢᠬᠤ ᠵᠡᠷᠭᠡ ᠲᠦᠷᠢᠮ ᠢ ᠪᠠᠶᠢᠭᠤᠯᠤᠨ ᠪᠦᠷᠢᠨᠰᠢᠭᠦᠯᠬᠦ ᠪᠠᠷ ᠳᠡᠮᠵᠢᠨ᠂ ᠲᠣᠪᠴᠢᠶ᠎ᠠ ᠳᠤ ᠬᠠᠷᠢᠶᠠᠯᠠᠭᠳᠠᠬᠤ ᠡᠯ᠎ᠡ ᠬᠤᠶᠠᠳᠤᠭᠠᠷ ᠳᠡᠰ ᠤᠨ ᠲᠥᠪ᠂ ᠡᠯ᠎ᠡ ᠰᠠᠯᠠᠭ᠎ᠠ ᠲᠠᠰᠤᠭ᠂ ᠶᠡᠭᠡ ᠠᠩᠭᠢ ︵ᠳᠤᠮᠳᠠ ᠠᠩᠭᠢ︶᠎ ᠶᠢᠨ ᠭᠤᠤᠯᠳᠠᠯᠭ᠎ᠠ ᠲᠠᠢ ᠵᠦᠶᠯᠡᠰ ᠢ ᠲᠣᠰ ᠲᠣᠰ ᠢᠯᠡ ᠲᠣᠳᠣ ᠪᠣᠯᠭᠠᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠳᠦᠷᠢᠮᠵᠢᠯᠲᠡ ᠪᠠ ᠵᠢᠷᠤᠮᠵᠢᠯᠲᠠ ᠶᠢ ᠠᠬᠢᠭᠤᠯᠪᠠ᠃      ᠬᠤᠶᠠᠷ᠂ ᠵᠠᠰᠠᠭ ᠤᠨ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠭᠤᠷᠪᠠ᠂ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠦᠰᠡᠯᠲᠡ ᠪᠠᠷ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠬᠦᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠭᠰᠠᠨ ᠵᠠᠰᠠᠭ ᠵᠠᠬᠢᠷᠭᠠᠨ ᠤ ᠲᠠᠬᠢᠨ ᠵᠥᠪᠯᠡᠭᠰᠡᠨ᠂ ᠵᠠᠰᠠᠭ ᠵᠠᠬᠢᠷᠭᠠᠨ ᠤ ᠬᠡᠷᠡᠭ ᠮᠠᠷᠭᠤᠭᠠᠨ ᠢᠶᠠᠷ ᠳᠠᠬᠢᠨ ᠳᠤᠷᠠᠳᠤᠭᠳᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ            ᠲᠠᠪᠤ᠂ ᠪᠠᠶᠢᠭᠤᠯᠤᠯᠲᠠ ᠶᠢ ᠵᠢᠷᠤᠮᠵᠢᠭᠤᠯᠤᠨ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ      ᠡᠨᠡ ᠵᠢᠯ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠴᠢᠨᠠᠷ ᠴᠢᠨᠰᠠᠭ᠎ᠠ ᠶᠢ ᠴᠠᠭᠠᠰᠢᠳᠠ ᠳᠡᠭᠡᠭᠰᠢᠯᠡᠭᠦᠯᠬᠦ ᠶᠢᠨ ᠲᠥᠯᠥᠭᠡ᠂ ᠪᠢᠳᠡ ᠭᠤᠤᠯᠳᠠᠭᠤ ︽ᠭᠤᠷᠪᠠᠨ ᠨᠠᠩ ᠢᠯᠡᠭᠦᠦ︾ ᠳᠡᠭᠡᠷ᠎ᠡ ᠬᠦᠴᠦ ᠲᠠᠯᠪᠢᠨ᠎ᠠ᠄ ᠨᠢᠭᠡ ᠳᠤ ᠢᠯᠡ ᠲᠣᠳᠣ ᠪᠣᠯᠭᠠᠬᠤ ᠠᠭᠤᠯᠭ᠎ᠠ ᠶᠢ ᠨᠠᠩ ᠪᠦᠷᠢᠨ ᠲᠡᠭᠦᠯᠳᠡᠷ ᠪᠣᠯᠭᠠᠪᠠ᠃ ᠭᠤᠣᠯᠳᠠᠭᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠭᠤᠯᠭ᠎ᠠ ᠶᠢ ᠣᠨ ᠤ ᠬᠢᠨᠠᠨ ᠰᠢᠯᠭᠠᠯᠲᠠ ᠶᠢᠨ ᠬᠡᠪᠴᠢᠶᠡᠨ ᠳᠤ ᠣᠷᠣᠭᠤᠯᠵᠤ᠂ ᠡᠯ᠎ᠡ ᠬᠤᠶᠠᠳᠤᠭᠠᠷ ᠳᠡᠰ ᠤᠨ ᠲᠥᠪ᠂ ᠡᠯ᠎ᠡ ᠰᠠᠯᠠᠭ᠎ᠠ ᠲᠠᠰᠤᠭ᠂ ᠶᠡᠭᠡ ᠪᠠᠷᠢᠭᠠᠳᠠ ︵ᠳᠤᠮᠳᠠ ᠪᠠᠷᠢᠭᠠᠳᠠ︶᠎ ᠶᠢᠨ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠴᠠᠭ ᠲᠤᠬᠠᠶ ᠳᠤᠨᠢ ᠱᠠᠯᠠᠪᠳᠠᠨ ᠪᠠᠶᠢᠴᠠᠭᠠᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠲᠦᠷᠢᠮ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠬᠡᠪᠴᠢᠶ᠎ᠡ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠭᠤᠯᠭ᠎ᠠ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠬᠡᠯᠪᠡᠷᠢ ᠵᠡᠷᠭᠡ ᠶᠢ ᠴᠠᠭᠠᠰᠢᠳᠠ ᠲᠣᠳᠣᠷᠬᠠᠶᠢᠯᠠᠪᠠ᠃ ᠬᠤᠶᠠᠷ ᠲᠤ ᠢᠯᠡ ᠲᠣᠳᠣ ᠪᠣᠯᠭᠠᠬᠤ ᠴᠠᠭ ᠢ ᠨᠠᠩ ᠴᠠᠭ ᠲᠤᠬᠠᠶ ᠳᠤᠨᠢ ᠨᠡᠶᠢᠲᠡᠯᠡᠪᠡ᠃ ᠢᠯᠡ ᠲᠣᠳᠣ ᠪᠣᠯᠭᠠᠬᠤ ᠲᠥᠷᠥᠯ ᠵᠦᠶᠯ ᠤᠨ ᠠᠳᠠᠯᠢ ᠪᠤᠰᠤ ᠪᠠᠶᠢᠳᠠᠯ ᠳᠤ ᠴᠢᠭᠯᠡᠭᠦᠯᠦᠨ᠂ ᠢᠯᠡ ᠲᠣᠳᠣ ᠪᠣᠯᠭᠠᠬᠤ ᠴᠠᠭ ᠢ ᠲᠣᠭᠲᠠᠭᠠᠵᠤ᠂ ᠪᠠᠶᠢᠩᠭᠤ ᠶᠢᠨ ᠴᠢᠨᠠᠷᠲᠠᠶ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠲᠣᠳᠣ ᠪᠣᠯᠭᠠᠬᠤ᠂ ᠲᠦᠷ ᠴᠠᠭ ᠤᠨ ᠴᠢᠨᠠᠷᠲᠠᠶ ᠠᠵᠢᠯ ᠢ ᠴᠠᠭ ᠲᠤᠬᠠᠶ ᠳᠤᠨᠢ ᠢᠯᠡ ᠲᠣᠳᠣ ᠪᠣᠯᠭᠠᠬᠤ᠂ ᠲᠣᠭᠲᠠᠮᠠᠯ ᠴᠢᠨᠠᠷᠲᠠᠶ ᠠᠵᠢᠯ ᠢ ᠣᠷᠳᠣ ᠬᠤᠭᠤᠴᠠᠭ᠎ᠠ ᠪᠠᠷ ᠢᠯᠡ ᠲᠣᠳᠣ ᠪᠣᠯᠭᠠᠬᠤ ᠶᠢ ᠪᠡᠶᠡᠯᠡᠭᠦᠯᠪᠡ᠃ ᠭᠤᠷᠪᠠ ᠳᠤ ᠢᠯᠡ ᠲᠣᠳᠣ ᠪᠣᠯᠭᠠᠬᠤ ᠭᠤᠤᠯᠳᠠᠯᠭ᠎ᠠ ᠶᠢ ᠨᠠᠩ ᠲᠣᠪᠤᠶᠢᠮ᠎ᠠ ᠪᠣᠯᠭᠠᠪᠠ᠃ ᠣᠯᠠᠨ ᠲᠦᠮᠡᠨ ᠤ ᠬᠠᠮᠤᠭ ᠠᠴᠠ ᠢᠯᠡᠭᠦᠦ ᠠᠩᠬᠠᠷᠴᠤ ᠪᠠᠶᠢᠭ᠎ᠠ᠂ ᠬᠠᠮᠤᠭ ᠠᠴᠠ ᠢᠯᠡᠭᠦᠦ ᠣᠶᠢᠯᠠᠭᠠᠬᠤ ᠱᠠᠭᠠᠷᠳᠠᠯᠭ᠎ᠠ ᠲᠠᠢ ᠵᠦᠶᠯᠡᠰ ᠢ ᠢᠯᠡ ᠲᠣᠳᠣ ᠪᠣᠯᠭᠠᠬᠤ ᠶᠢ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢᠨ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠮᠡᠳᠡᠭᠡ ᠵᠠᠩᠭᠢ ᠶᠢ ᠢᠯᠡ ᠲᠣᠳᠣ ᠪᠣᠯᠭᠠᠬᠤ᠂ ᠵᠠᠰᠠᠭ ᠤᠨ ᠶᠠᠪᠤᠳᠠᠯ ᠢ ᠺᠣᠮᠫᠢᠦ᠋ᠲ᠋ᠧᠷ ᠢᠶᠠᠷ ᠭᠦᠶᠴᠡᠳᠬᠡᠬᠦ ᠪᠠ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠵᠡᠷᠭᠡ ᠭᠤᠷᠪᠠᠨ ᠲᠠᠯ᠎ᠠ ᠠᠴᠠ ᠭᠠᠷᠳᠠᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠪᠠ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠠᠰᠢᠭᠯᠠᠬᠤ ᠲᠠᠪᠴᠠᠩ ᠤᠨ ᠬᠡᠷᠡᠭᠯᠡᠭᠡᠨ ᠤ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠲᠤᠭ᠎ᠠ ᠪᠠᠷᠢᠮᠲᠠ ᠶᠢ ᠡᠯᠭᠦᠬᠦ ᠪᠠᠷ ᠳᠠᠮᠵᠢᠭᠤᠯᠤᠨ᠂ ᠪᠣᠶ ᠪᠥᠬᠦᠶ ᠭᠠᠷᠴᠠᠭ ᠤᠨ ᠨᠠᠷᠢᠨ ᠬᠠᠭᠤᠳᠠᠰᠤ ᠶᠢᠨ ᠬᠠᠷᠠᠭᠠᠯᠵᠠᠭᠰᠠᠨ ᠡᠬᠢ ᠪᠠᠶᠠᠯᠢᠭ ᠢ ᠪᠦᠬᠦᠨ ᠢ ᠡᠯᠭᠦᠬᠦ ᠶᠢ ᠦᠨᠡᠨᠬᠦ ᠪᠠᠲᠤᠯᠠᠪᠠ᠃      ᠵᠢᠷᠭᠤᠭ᠎ᠠ᠂ ᠬᠡᠷᠡᠭ ᠶᠠᠪᠤᠳᠠᠯ ᠢ ᠪᠠᠭ᠎ᠠ ᠳᠡᠭᠡᠷ᠎ᠡ ᠨᠢ ᠰᠡᠷᠭᠡᠶᠢᠯᠡᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ      ᠨᠢᠭᠡ ᠳᠤ᠂ ᠲᠤᠰᠬᠠᠶ ᠬᠥᠮᠦᠨ ᠢᠶᠠᠷ ᠡᠳᠦᠷ ᠪᠦᠷᠢ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠬᠤᠯᠪᠣᠭᠳᠠᠭᠰᠠᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠦᠯᠵᠢᠶᠡᠨ ᠳᠡᠭᠡᠷ᠎ᠡ ᠴᠤᠭᠯᠠᠭᠤᠯᠬᠤ ᠶᠢ ᠬᠠᠷᠢᠭᠤᠴᠠᠭᠤᠯᠵᠤ᠂ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠲᠣᠳᠣ ᠪᠣᠯᠭᠠᠬᠤ ᠶᠢᠨ ᠬᠠᠮᠲᠤ᠂ ᠤᠬᠠᠭᠤᠯᠭ᠎ᠠ᠂ ᠰᠦᠯᠵᠢᠶᠡᠨ ᠤ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠯᠦᠭᠡ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠰᠠᠶᠢᠨ ᠰᠠᠶᠢᠬᠠᠨ ᠲᠣᠭᠲᠠᠴᠠ ᠶᠢ ᠪᠠᠶᠢᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠴᠠᠭ ᠲᠤᠬᠠᠶ ᠳᠤᠨᠢ ᠪᠦᠲᠦᠮᠵᠢᠲᠡᠶ ᠰᠢᠶᠳᠪᠦᠷᠢᠯᠡᠬᠦ ᠶᠢ ᠪᠠᠲᠤᠯᠠᠪᠠ︔ ᠬᠤᠶᠠᠷ ᠲᠤ ᠲᠦᠷᠭᠡᠨ ᠲᠤᠰᠬᠠᠬᠤ ᠲᠣᠭᠲᠠᠴᠠ ᠶᠢ ᠪᠠᠶᠢᠭᠤᠯᠵᠤ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠬᠡᠨ ᠳᠠᠷᠤᠶ ᠳᠤᠨᠢ ᠨᠢᠭᠡᠳᠦᠭᠡᠷ ᠤᠳᠠᠭ᠎ᠠ ᠬᠠᠷᠢᠭᠤ ᠥᠭᠬᠦ ᠶᠢᠨ ᠬᠠᠮᠲᠤ᠂ ᠬᠤᠯᠪᠣᠭᠳᠠᠯ ᠪᠥᠬᠦᠶ ᠬᠠᠷᠢᠶ᠎ᠠ ᠨᠢᠭᠡᠴᠢ ᠳᠤ ᠰᠢᠯᠵᠢᠭᠦᠯᠦᠨ ᠲᠤᠬᠠᠶ ᠶᠢᠨ ᠲᠠᠯᠠᠪᠤᠷ ᠲᠤᠨᠢ ᠬᠢᠨᠠᠨ ᠬᠠᠷᠭᠤᠭᠤᠯᠵᠤ᠂ ᠰᠢᠶᠳᠪᠦᠷᠢᠯᠡᠭᠦᠯᠬᠦ ᠶᠢᠨ ᠬᠠᠮᠲᠤ ᠬᠠᠷᠢᠭᠤ ᠥᠭᠬᠦ ᠮᠠᠲ᠋ᠧᠷᠢᠶᠠᠯ ᠢ ᠪᠣᠶ ᠪᠣᠯᠭᠠᠵᠤ᠂ ᠬᠢᠨᠠᠨ ᠭᠠᠷ ᠤᠨ ᠥᠰᠥᠭ ᠵᠢᠷᠤᠭᠰᠠᠨ ᠤ ᠳᠠᠷᠠᠭ᠎ᠠ ᠳᠠᠭᠢᠵᠤ ᠬᠠᠷᠢᠭᠤ ᠥᠭᠪᠡ︔ ᠴᠢᠬᠤᠯᠠ ᠶᠠᠷᠢᠶ᠎ᠠ ᠬᠡᠯᠡᠯᠴᠡᠭᠡᠨ ᠤ ᠪᠠᠶᠢᠳᠠᠯ ᠪᠤᠶᠤ ᠬᠠᠷᠢᠶ᠎ᠠ ᠨᠢᠭᠡᠴᠢ ᠶᠢᠨ ᠰᠢᠶᠳᠪᠦᠷᠢᠯᠡᠬᠦ ᠳᠤ ᠪᠡᠷᠬᠡᠲᠡᠶ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠳᠤᠷᠢᠳᠤᠯᠭ᠎ᠠ ᠪᠡᠶ᠎ᠡ ᠪᠠᠷ ᠢᠶᠠᠨ ᠵᠣᠬᠢᠴᠠᠭᠤᠯᠤᠨ ᠰᠢᠶᠳᠪᠦᠷᠢᠯᠡᠬᠦ ᠶᠢᠨ ᠬᠠᠮᠲᠤ ᠬᠠᠮᠤᠭ ᠤᠳᠠᠭᠠᠨ ᠳᠠᠭᠠᠨ 3 ᠡᠳᠦᠷ ᠤᠨ ᠳᠣᠲᠣᠷ᠎ᠠ ᠬᠠᠷᠢᠭᠤ ᠥᠭᠴᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠶᠳᠪᠦᠷᠢᠯᠡᠵᠦ ᠬᠠᠷᠢᠭᠤ ᠥᠭᠬᠦ ᠦᠷ᠎ᠡ ᠪᠦᠲᠦᠮᠵᠢ ᠶᠢ ᠴᠠᠭᠠᠰᠢᠳᠠ ᠳᠡᠭᠡᠭᠰᠢᠯᠡᠭᠦᠯᠪᠡ᠃ ᠡᠨᠡ ᠵᠢᠯ ᠠᠴᠠ ᠨᠠᠰᠢ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠥᠭᠭᠦᠭᠰᠡᠨ 3 ᠬᠡᠷᠡᠭ ᠢ ᠰᠢᠶᠳᠪᠦᠷᠢᠯᠡᠵᠡᠶ᠃      ᠳᠣᠯᠤᠭ᠎ᠠ᠂ ᠠᠴᠢᠶᠠᠯᠠᠪᠤᠷᠢ ᠶᠢ ᠠᠰᠢᠭᠯᠠᠨ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠬᠡᠯᠪᠡᠷᠢ ᠶᠢ ᠲᠡᠭᠦᠯᠳᠡᠷᠵᠢᠭᠦᠯᠪᠡ      ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠪᠤᠯᠤᠩ ᠭᠡᠬᠦ ᠡᠨᠡ ᠬᠦ ᠢᠯᠡ ᠲᠣᠳᠣ ᠪᠣᠯᠭᠠᠬᠤ ᠬᠡᠯᠪᠡᠷᠢ ᠶᠢ ᠴᠠᠭᠠᠰᠢᠳᠠ ᠪᠠᠷᠢᠮᠲᠠᠯᠠᠨ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ᠲᠥᠬᠦᠮ᠂ ᠪᠣᠳᠠᠲᠤ ᠬᠡᠷᠡᠭᠴᠡᠭᠡᠲᠡᠶ᠂ ᠪᠦᠲᠦᠮᠵᠢᠲᠡᠶ ᠪᠠᠶᠢᠬᠤ ᠵᠠᠷᠴᠢᠮ ᠶᠣᠰᠣᠭᠠᠷ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢᠨ ᠰᠢᠨ᠎ᠡ ᠠᠴᠢᠶᠠᠯᠠᠪᠤᠷᠢ᠂ ᠰᠢᠨ᠎ᠡ ᠬᠡᠯᠪᠡᠷᠢ ᠶᠢ ᠬᠢᠨᠠᠮᠠᠭᠠᠶ ᠰᠢᠨᠡᠴᠢᠯᠡᠵᠦ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠬᠡᠯᠪᠡᠷᠢ ᠶᠢ ᠠᠮᠢᠳᠤᠯᠢᠭ ᠪᠥᠭᠡᠳ ᠣᠯᠠᠨ ᠶᠠᠩᠵᠤ ᠶᠢᠨ ᠪᠣᠯᠭᠠᠪᠠ᠃ ᠨᠢᠭᠡ ᠳᠤ ᠬᠤᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠲᠤᠰᠬᠠᠶ ᠪᠤᠯᠤᠩ ᠤᠨ ᠦᠶᠯᠡᠳᠦᠯ ᠢ ᠪᠠᠳᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠠᠯᠠᠭᠤᠨ ᠳᠤᠯᠠᠭᠠᠨ ᠰᠠᠨᠠᠭᠤᠯᠤᠮᠵᠢ ᠶᠢᠨ ᠺᠠᠷᠲ᠂ 12319 ᠪᠠ 12345 ᠬᠠᠯᠠᠭᠤᠨ ᠤᠲᠠᠰᠤ᠂ ᠸᠢᠴᠠᠲ ᠤᠨ ᠴᠠᠬᠢᠮ ᠲᠠᠪᠴᠠᠩ ᠢ ᠬᠡᠪᠯᠡᠨ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠨᠡᠶᠢᠭᠡᠮ ᠳᠤ ᠢᠯᠡ ᠲᠣᠳᠣ ᠪᠣᠯᠭᠠᠵᠤ᠂ ᠣᠯᠠᠨ ᠲᠦᠮᠡᠨ ᠳᠤ ᠤᠳᠠᠭᠠᠨ ᠵᠢᠯ ᠤᠨ ᠲᠥᠬᠦᠮ ᠦᠶᠯᠡᠴᠢᠯᠡᠭᠡ ᠬᠠᠩᠭᠠᠵᠤ ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯᠯᠠᠭᠠᠨ ᠤ ᠪᠠᠶᠢᠳᠠᠯ ᠢ ︽ᠢᠯᠡ︾ ᠪᠠᠶᠢᠳᠠᠯ ᠳᠤ ᠣᠷᠣᠭᠤᠯᠵᠤ᠂ ︽ᠳᠠᠯᠳᠠᠭᠤᠷ︾ ᠠᠵᠢᠯᠯᠠᠬᠤ ᠵᠡᠷᠭᠡ ᠠᠰᠠᠭᠤᠳᠠᠯ ᠢ ᠰᠡᠷᠭᠡᠶᠢᠯᠡᠪᠡ︔ ᠬᠤᠶᠠᠷ ᠲᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠ ᠤᠶᠤᠨᠲᠤ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠶᠢ ᠪᠦᠬᠦ ᠲᠠᠯ᠎ᠠ ᠪᠠᠷ ᠡᠮᠬᠢᠯᠡᠵᠦ᠂ 453 ᠲᠥᠷᠥᠯ ᠤᠨ ᠵᠠᠰᠠᠭ ᠵᠠᠬᠢᠷᠭᠠᠨ ᠤ ᠡᠷᠬᠡ ᠶᠢᠨ ᠬᠡᠷᠡᠭ ᠶᠠᠪᠤᠳᠠᠯ ᠢ ᠲᠣᠭᠲᠠᠭᠠᠪᠠ᠂ ᠭᠤᠷᠪᠠ ᠳᠤ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ︽ᠬᠠᠤᠯᠢ ᠴᠠᠭᠠᠵᠠ ᠶᠢ ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ︽ᠬᠠᠤᠯᠢᠵᠢᠯ ᠤᠨ ᠵᠠᠰᠠᠭ ᠤᠨ ᠣᠷᠳᠣᠨ︾᠎ ᠤ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠸᠢᠴᠠᠲ ᠤᠨ ᠲᠠᠪᠴᠠᠩ ᠳᠤ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ 4 ᠬᠤᠭᠤᠴᠠᠭ᠎ᠠ ᠨᠡᠶᠢᠲᠡᠯᠡᠵᠦ᠂ 2 ᠬᠤᠪᠢ ᠨᠡᠶᠢᠲᠡᠯᠢᠭ ᠬᠡᠷᠡᠭ ᠤᠨ ᠵᠢᠱᠢᠶ᠎ᠡ ᠶᠢᠨ ᠮᠠᠲ᠋ᠧᠷᠢᠶᠠᠯ ᠢ ᠳᠡᠭᠡᠳᠦ ᠱᠠᠲᠤᠨ ᠳᠤ ᠮᠡᠳᠡᠭᠦᠯᠵᠦ᠂ 21 ᠬᠤᠭᠤᠴᠠᠭ᠎ᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ 2 ᠤᠳᠠᠭ᠎ᠠ ᠲᠤᠰᠬᠠᠶ ᠰᠡᠳᠦᠪᠲᠦ ᠲᠠᠶᠢᠯᠤᠮᠵᠢ ᠪᠡᠶᠡᠯᠡᠭᠦᠯᠵᠦ ᠪᠣᠯᠪᠠᠰᠤᠷᠠᠭᠤᠯᠪᠠ᠃ ᠲᠦᠷᠪᠡ ᠳᠤ᠂ ᠡᠯ᠎ᠡ ᠲᠦᠷᠦᠯ ᠤᠨ ᠰᠣᠨᠢᠨ ᠮᠡᠳᠡᠭᠡ᠂ ᠵᠠᠭᠤᠴᠢᠯᠠᠭᠤᠷ ᠢ ᠠᠰᠢᠭᠯᠠᠨ ᠤᠬᠠᠭᠤᠯᠭ᠎ᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠰᠢᠯᠤᠭᠤᠳᠬᠠᠵᠤ᠂ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠷᠭ᠎ᠠ ᠵᠠᠮ ᠢ ᠥᠷᠭᠡᠳᠬᠡᠵᠦ᠂ ᠠᠳᠠᠯᠢ ᠪᠤᠰᠤ ᠲᠡᠰ ᠳᠠᠪᠬᠤᠷᠭ᠎ᠠ ᠶᠢᠨ ᠤᠯᠠᠨ ᠲᠦᠮᠡᠨ ᠳᠤ ᠠᠳᠠᠯᠢ ᠪᠤᠰᠤ ᠠᠷᠭ᠎ᠠ ᠵᠠᠮ ᠢᠶᠠᠷ ᠮᠡᠳᠡᠭᠡ ᠵᠠᠩᠭᠢ ᠣᠯᠭᠤᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ︽ᠬᠦᠴᠦᠷᠬᠡᠭ ᠢ ᠮᠣᠳᠣ ᠪᠣᠯᠭᠠᠨ ᠬᠤᠪᠢᠷᠠᠭᠤᠯᠬᠤ︾ ᠭᠤᠷᠪᠠᠨ ᠵᠢᠯ ᠤᠨ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠬᠦ ᠶᠢ ᠴᠢᠩᠭᠠᠳᠬᠠᠵᠤ᠂ ︽ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ︾ ᠲᠣᠭᠲᠠᠴᠠ ᠶᠢ ᠭᠦᠶᠴᠡᠳ ᠪᠠᠳᠠᠷᠠᠭᠤᠯᠤᠨ᠂ ︽ᠶᠡᠷᠦᠩᠬᠡᠶ ᠰᠠᠯᠠᠭ᠎ᠠ ᠶᠢᠨ ᠮᠠᠶ᠋ᠢᠭ︾᠎ ᠤᠨ ᠬᠠᠤᠯᠢ ᠬᠡᠷᠡᠭᠵᠢᠭᠦᠯᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ︽ᠴᠢᠬ᠂ ᠱᠤᠭᠤᠮ᠂ ᠲᠠᠯ᠎ᠠ︾᠎ ᠶᠢᠨ ᠠᠵᠢᠯ ᠤᠨ ᠠᠷᠭ᠎ᠠ ᠮᠠᠶ᠋ᠢᠭ ᠢ ᠬᠡᠷᠡᠭᠯᠡᠨ᠂ ᠬᠤᠲᠠ ᠶᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠶᠢ ᠡᠷᠴᠢᠮᠲᠡᠢ ᠳᠡᠭᠡᠭᠰᠢᠯᠡᠭᠦᠯᠪᠡ᠃ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠨᠡᠶᠢᠲᠡ 7530 ᠲᠣᠭᠤᠷᠢᠨ ᠪᠠᠶᠢᠴᠠᠭᠠᠵᠤ ᠰᠢᠶᠳᠪᠦᠷᠢᠯᠡᠵᠡᠶ ᠨᠡᠶᠢᠭᠡᠮ ᠤᠨ ᠵᠠᠬ᠎ᠠ ᠳᠡᠯᠭᠡᠭᠦᠷ ᠲᠤ ᠮᠣᠩᠭᠤᠯ ᠬᠢᠲᠠᠳ ᠬᠤᠶᠠᠷ ᠵᠦᠶᠯ ᠤᠨ ᠥᠰᠥᠭ ᠪᠢᠴᠢᠭ ᠢ ᠵᠢᠷᠤᠮᠵᠢᠭᠤᠨ ᠪᠤᠰᠤ ᠪᠠᠷ ᠬᠡᠷᠡᠭᠯᠡᠭᠰᠡᠨ ᠦᠶᠯᠡ ᠠᠵᠢᠯᠯᠠᠭ᠎ᠠ 79 ᠪᠣᠶ︔ ᠤᠶᠤᠨᠲᠤ ᠬᠤᠳᠠ ᠶᠢᠨ ᠬᠠᠮᠢᠶᠠᠷᠤᠯᠲᠠ ᠶᠢᠨ ᠲᠠᠪᠴᠠᠩ ᠡᠯ᠎ᠡ ᠲᠦᠷᠦᠯ ᠤᠨ 2720 ᠠᠰᠠᠭᠤᠳᠠᠯ ᠢ ᠬᠦᠯᠢᠶᠡᠨ ᠠᠪᠴᠤ ᠰᠢᠢᠳᠪᠦᠷᠢᠯᠡᠪᠡ︔ ᠸᠢᠴᠠᠲ ᠤᠨ ᠲᠠᠪᠴᠠᠩ ᠨᠢ ᠡᠯ᠎ᠡ ᠲᠥᠷᠥᠯ ᠤᠨ ᠮᠡᠳᠡᠭᠡ ᠵᠠᠩᠭᠢ ᠶᠢ 909 ᠵᠤᠷᠪᠤᠰ ᠨᠠᠶᠢᠷᠠᠭᠤᠯᠤᠨ ᠲᠠᠷᠬᠠᠭᠠᠵᠤ᠂ ᠡᠯ᠎ᠡ ᠲᠣᠮᠣ ᠰᠣᠨᠢᠨ ᠮᠡᠳᠡᠭᠡᠨ ᠤ ᠵᠠᠭᠤᠴᠢᠯᠠᠭᠤᠷ ᠨᠢ 189 ᠵᠤᠷᠪᠤᠰ ᠢ ᠬᠡᠷᠡᠭᠯᠡᠨ᠂ ︽ᠬᠤᠲᠠ ᠶᠢᠨ ᠬᠠᠮᠢᠶᠠᠷᠤᠯᠲᠠ ᠶᠢᠨ ᠴᠤᠭ ᠵᠢᠪᠬᠤᠭ᠎ᠠ︾᠎ ᠶᠢ 10 ᠬᠤᠭᠤᠴᠠᠭ᠎ᠠ ︵1500 ᠬᠤᠪᠢ︶ ᠦᠶᠯᠡᠳᠴᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 6000 ᠭᠠᠷᠤᠶ ᠬᠤᠪᠢ ᠲᠠᠷᠬᠠᠭᠠᠵᠠᠶ᠃ ᠲᠠᠪᠤ ᠳᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠪᠠᠶᠠᠨᠬᠤᠲᠠ ᠶᠢᠨ ᠲᠣᠭᠤᠷᠢᠭ ᠤᠨ ᠣᠷᠣᠨ ᠰᠠᠭᠤᠴᠠ ᠶᠢᠨ ᠲᠣᠭᠤᠷᠢᠭ᠂ ᠭᠤᠣᠯ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ᠂ ᠵᠡᠭᠡᠯᠢ ᠳᠠᠭᠠᠤ ᠶᠢᠨ ᠪᠠᠷᠢᠯᠭ᠎ᠠ ᠶᠢᠨ ᠠᠰᠠᠷ ᠲᠠᠭᠳᠤ ᠪᠣᠯᠤᠨ ᠪᠠᠷᠢᠯᠭ᠎ᠠ ᠶᠢᠨ ᠭᠠᠵᠠᠷ ᠤᠨ ᠬᠠᠤᠯᠢ ᠶᠢ ᠵᠥᠷᠢᠴᠡᠵᠦ ᠪᠦᠳᠦᠬᠡᠨ ᠪᠠᠶᠢᠭᠤᠯᠤᠭᠰᠠᠨ ᠵᠢᠴᠢ ᠠᠮᠤᠷ ᠲᠦᠪᠰᠢᠨ ᠤ ᠬᠡᠮ ᠡᠷᠡᠰᠳᠡᠯ ᠢ ᠨᠠᠷᠢᠪᠴᠢᠯᠠᠨ ᠪᠠᠶᠢᠴᠠᠭᠠᠵᠤ᠂ ᠭᠡᠷ ᠪᠠᠶᠢᠰᠢᠩ ᠤᠨ ᠲᠥᠯᠥᠪᠵᠢᠭᠦᠯᠭᠡ ᠪᠦᠳᠦᠬᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠶᠢ ᠴᠢᠩᠭ᠎ᠠ ᠴᠠᠭᠠᠵᠠᠯᠠᠵᠤ ᠵᠠᠰᠠᠨ ᠴᠡᠭᠴᠡᠯᠡᠬᠦ ᠨᠠᠷᠢᠪᠴᠢᠯᠠᠨ ᠪᠠᠶᠢᠴᠠᠭᠠᠬᠤ ᠠᠵᠢᠯ ᠢ ᠥᠷᠨᠢᠭᠦᠯᠵᠦ᠂ ᠡᠯ᠎ᠡ ᠲᠦᠷᠦᠯ ᠤᠨ ᠬᠠᠤᠯᠢ ᠶᠢ ᠵᠥᠷᠢᠴᠡᠵᠦ ᠪᠦᠳᠦᠬᠡᠨ ᠪᠠᠶᠢᠭᠤᠯᠤᠭᠰᠠᠨ ᠠᠵᠢᠯᠯᠠᠭ᠎ᠠ ᠶᠢ ᠨᠡᠶᠢᠳᠡ 1676 ᠪᠠᠶᠢᠴᠠᠭᠠᠨ ᠭᠠᠷᠭᠠᠵᠤ᠂ ᠪᠤᠰᠤᠳ ᠭᠡᠮ ᠡᠷᠡᠰᠳᠡᠯ ᠢ ᠨᠡᠶᠢᠳᠡ 2975 ᠪᠠᠶᠢᠴᠠᠭᠠᠨ ᠭᠠᠷᠭᠠᠪᠠ᠃ ᠵᠢᠷᠭᠤᠭ᠎ᠠ ᠳᠤ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠪᠠᠷ ᠤᠷᠤᠭᠰᠢ ᠠᠬᠢᠭᠤᠯᠵᠤ᠂ ᠢᠳᠡᠭᠡᠨ ᠤ ᠵᠦᠢᠯ ᠡᠮ ᠤᠨ ᠲᠥᠷᠥᠯ ᠤᠨ ᠠᠶᠤᠯᠭᠦᠶ᠂ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ︾᠂ ︽ᠬᠤᠭ ᠨᠣᠪᠰᠢ ᠪᠠᠷ ᠬᠤᠳᠠ ᠶᠢ ᠬᠦᠷᠢᠶᠡᠯᠡᠬᠦ︾᠂ ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠤᠢ ᠰᠢᠭᠤᠶ ᠡᠪᠡᠰᠦ ᠪᠡᠯᠴᠢᠭᠡᠷ ᠢ ᠡᠪᠳᠡᠬᠦ ᠶᠢ ᠲᠤᠰᠬᠠᠶ ᠲᠥᠷᠥᠯ ᠢᠶᠠᠷ ᠵᠠᠰᠠᠨ ᠴᠡᠭᠴᠡᠯᠡᠬᠦ ᠵᠡᠷᠭᠡ ᠲᠤᠰᠬᠠᠶ ᠲᠥᠷᠥᠯ ᠢᠶᠠᠷ ᠵᠠᠰᠠᠨ ᠴᠡᠭᠴᠡᠯᠡᠬᠦ ᠠᠵᠢᠯ ᠢ ᠥᠷᠨᠢᠭᠦᠯᠵᠦ᠂ ᠡᠯ᠎ᠡ ᠲᠦᠷᠦᠯ ᠤᠨ ᠠᠰᠠᠭᠤᠳᠠᠯ ᠢ ᠨᠡᠶᠢᠳᠡ 2355 ᠨᠠᠷᠢᠪᠴᠢᠯᠠᠨ ᠪᠠᠶᠢᠴᠠᠭᠠᠵᠤ ᠴᠡᠭᠴᠡᠯᠡᠨ ᠵᠠᠰᠠᠪᠠ᠃ ᠳᠣᠯᠤᠭ᠎ᠠ ᠳᠤ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠢ ᠲᠤᠰᠬᠠᠶ ᠲᠥᠷᠥᠯ ᠢᠶᠠᠷ ᠵᠠᠰᠠᠨ ᠴᠡᠭᠴᠡᠯᠡᠬᠦ ᠠᠵᠢᠯ ᠢ ᠪᠡᠶᠡᠯᠡᠭᠦᠯᠵᠦ᠂ ᠪᠠᠶᠠᠨᠬᠤᠲᠠ ᠪᠠᠯᠭᠠᠰᠤ ᠶᠢᠨ ᠨᠡᠶᠢᠲᠡ 54 ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠨᠠᠷᠢᠪᠴᠢᠯᠠᠨ ᠪᠠᠶᠢᠴᠠᠭᠠᠵᠤ᠂ 6375 ᠲᠡᠷᠭᠡᠨ ᠵᠣᠭᠰᠣᠭᠠᠯ ᠢ ᠨᠠᠷᠢᠪᠴᠢᠯᠠᠨ ᠪᠠᠶᠢᠴᠠᠭᠠᠪᠠ᠃ ᠡᠭᠦᠨ ᠳᠤ᠄ ᠣᠯᠠᠨ ᠨᠡᠶᠢᠲᠡ ᠶᠢᠨ ᠰᠦᠶᠳᠬᠡᠯ ᠬᠤᠷᠢᠶᠠᠬᠤ ᠲᠡᠷᠭᠡ ᠵᠣᠭᠰᠣᠬᠤ ᠲᠠᠯᠠᠪᠠᠶ 7᠂ 601 ᠲᠡᠷᠭᠡ ᠵᠣᠭᠰᠣᠬᠤ ᠵᠣᠭᠰᠣᠭᠠᠯ ᠪᠣᠶ᠃      ᠨᠠᠢᠮᠠ᠂ ᠣᠷᠣᠰᠢᠵᠤ ᠪᠠᠶᠢᠭ᠎ᠠ ᠠᠰᠠᠭᠤᠳᠠᠯ      ︵ᠨᠢᠭᠡ︶ ᠨᠢᠭᠡᠴᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠪᠡᠶ᠎ᠡ ᠶᠢᠨ ᠣᠨᠴᠠᠯᠢᠭ ᠲᠠᠢ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠨᠢ ᠨᠡᠯᠢᠶᠡᠳ ᠴᠥᠭᠡᠨ ᠪᠠᠶᠢᠨ᠎ᠠ᠃      ︵ᠬᠤᠶᠠᠷ︶ ᠢᠯᠡ ᠲᠣᠳᠣ ᠪᠣᠯᠭᠠᠬᠤ ᠶᠢ ᠠᠳᠬᠤᠬᠤ ᠶᠢ ᠴᠢᠬᠤᠯᠠᠴᠢᠯᠠᠬᠤ ᠬᠡᠯᠪᠡᠷᠢ ᠶᠢ ᠴᠢᠬᠤᠯᠠᠴᠢᠯᠠᠵᠤ᠂ ᠦᠷ᠎ᠡ ᠪᠦᠲᠦᠮᠵᠢ ᠶᠢ ᠴᠢᠬᠤᠯᠠᠴᠢᠯᠠᠬᠤ ᠲᠠᠯ᠎ᠠ ᠪᠠᠷ ᠪᠠᠰᠠ ᠴᠠᠭᠠᠰᠢᠳᠠ ᠴᠢᠩᠭᠠᠳᠬᠠᠬᠤ ᠱᠠᠭᠠᠷᠳᠠᠯᠭ᠎ᠠ ᠲᠠᠢ ᠪᠠᠶᠢᠨ᠎ᠠ︔      ︵ᠭᠤᠷᠪᠠ︶ ᠨᠡᠶᠢᠭᠡᠮ ᠤᠨ ᠬᠠᠯᠠᠮᠰᠢᠯ ᠴᠡᠭ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠤᠯᠪᠣᠭᠳᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠨᠢ ᠨᠡᠯᠢᠶᠡᠳ ᠴᠥᠭᠡᠨ ᠪᠠᠶᠢᠨ᠎ᠠ᠃      ︵ᠳᠥᠷᠪᠡ︶ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠴᠠᠭᠠᠰᠢᠳᠠ ᠴᠢᠩᠭᠠᠳᠬᠠᠬᠤ ᠱᠠᠭᠠᠷᠳᠠᠯᠭ᠎ᠠ ᠲᠠᠢ ᠪᠠᠶᠢᠨ᠎ᠠ᠃      ᠶᠢᠰᠦ᠂ ᠬᠤᠶᠢᠰᠢᠳᠠ ᠶᠢᠨ ᠠᠵᠢᠯ ᠤᠨ ᠲᠣᠬᠢᠷᠠᠭᠤᠯᠤᠯᠲᠠ        ︵ᠨᠢᠭᠡ︶ ᠢᠯᠡ ᠲᠣᠳᠣ ᠪᠣᠯᠭᠠᠬᠤ ᠠᠭᠤᠯᠭ᠎ᠠ ᠶᠢ ᠲᠡᠭᠦᠯᠳᠡᠷᠵᠢᠭᠦᠯᠦᠨ᠎ᠡ᠃ ︽ᠢᠯᠡ ᠲᠣᠳᠣ ᠪᠣᠯᠭᠠᠬᠤ ᠪᠠᠷ ᠵᠠᠷᠴᠢᠮ ᠪᠣᠯᠭᠠᠵᠤ᠂ ᠢᠯᠡ ᠲᠣᠳᠣ ᠪᠣᠯᠭᠠᠬᠤ ᠥᠬᠡᠶ ᠶᠢ ᠣᠨᠴᠠᠭᠠᠶ ᠵᠦᠶᠯ ᠪᠣᠯᠭᠠᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠢᠯᠡ ᠲᠣᠳᠣ ᠪᠣᠯᠭᠠᠬᠤ ᠪᠠ ᠢᠯᠡ ᠲᠣᠳᠣ ᠪᠣᠯᠭᠠᠬᠤ ᠠᠴᠠ ᠭᠡᠯᠳᠦᠷᠢᠭᠦᠯᠬᠦ ᠬᠤᠶᠠᠷ ᠲᠥᠷᠥᠯ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠵᠠᠭᠠᠭ ᠬᠢᠵᠠᠭᠠᠷ ᠢ ᠴᠠᠭᠠᠰᠢᠳᠠ ᠰᠠᠶᠢᠲᠤᠷ ᠪᠡᠶᠡᠯᠡᠭᠦᠯᠵᠦ᠂ ᠢᠳᠡᠪᠬᠢᠲᠠᠢ ᠎ ᠪᠠᠷ ᠢᠯᠡ ᠲᠣᠳᠣ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠭᠠᠷᠴᠠᠭ ᠢ ᠲᠡᠭᠦᠯᠳᠡᠷᠵᠢᠭᠦᠯᠦᠨ᠎ᠡ᠃ ᠠᠶᠢᠮᠠᠭ ᠵᠠᠬᠢᠷᠭ᠎ᠠ ᠶᠢᠨ ᠪᠠᠭᠤᠯᠭᠠᠭᠰᠠᠨ ︽ᠭᠤᠷᠪᠠ ᠶᠢ ᠲᠣᠭᠲᠠᠭᠠᠬᠤ︾᠎ ᠶᠢᠨ ᠲᠣᠭᠲᠠᠭᠠᠯ ᠳᠤ ᠲᠣᠳᠣᠷᠬᠠᠶᠢᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠯ᠎ᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠬᠤᠰᠢᠭᠤᠨ ᠤ ᠬᠤᠲᠠ ᠶᠢᠨ ᠭᠦᠶᠴᠡᠳᠬᠡᠬᠦ ᠲᠣᠪᠴᠢᠶᠠᠨ ᠤ ᠬᠠᠤᠯᠢ ᠬᠡᠷᠡᠭᠵᠢᠭᠦᠯᠬᠦ ᠡᠷᠬᠡ᠂ ᠬᠡᠷᠡᠭ ᠶᠠᠪᠤᠳᠠᠯ ᠵᠢᠴᠢ ᠬᠠᠤᠯᠢ ᠬᠡᠷᠡᠭᠵᠢᠭᠦᠯᠬᠦ ᠦᠨᠳᠦᠰᠦᠯᠡᠯ ᠢ ᠡᠮᠬᠢᠯᠡᠨ᠎ᠡ᠃ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠰᠦᠯᠵᠢᠶᠡᠨ ᠳᠡᠭᠡᠷ᠎ᠡ ᠢᠯᠡ ᠨᠡᠶᠢᠲᠡᠯᠡᠭᠰᠡᠨ ᠵᠠᠰᠠᠭ ᠵᠠᠬᠢᠷᠭᠠᠨ ᠤ ᠡᠷᠬᠡ ᠶᠢᠨ ᠨᠠᠷᠢᠨ ᠬᠠᠭᠤᠳᠠᠰᠤ᠂ ᠵᠣᠬᠢᠴᠠᠩᠭᠤᠶ ᠠᠵᠢᠯ ᠤᠨ ᠴᠤᠪᠤᠷᠠᠯ ᠵᠢᠴᠢ ᠬᠠᠮᠢᠶ᠎ᠠ ᠪᠥᠬᠦᠶ ᠲᠠᠰᠤᠯᠤᠯᠲᠠ ᠶᠢᠨ ᠪᠠᠷᠢᠮᠵᠢᠶ᠎ᠠ ᠳᠤ ᠴᠠᠭ ᠲᠤᠨᠢ ᠳᠣᠭᠢᠷᠠᠭᠤᠯᠤᠨ ᠲᠣᠬᠢᠷᠠᠭᠤᠯᠤᠯᠲᠠ ᠎ ᠪᠠᠷ ᠭᠦᠢᠴᠡᠳᠬᠡᠨ᠎ᠡ᠃ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠴᠠᠭᠠᠰᠢᠳᠠ ᠵᠢᠷᠤᠮᠵᠢᠭᠤᠯᠵᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠬᠤᠶᠠᠷ︶ ᠰᠢᠶᠳᠪᠦᠷᠢᠯᠡᠭᠦᠯᠬᠦ ᠪᠠᠷ ᠭᠤᠶᠤᠴᠢᠯᠠᠬᠤ ᠴᠤᠪᠤᠷᠠᠯ ᠢ ᠵᠢᠷᠤᠮᠵᠢᠭᠤᠯᠤᠨ ᠰᠢᠯᠢᠳᠡᠭᠵᠢᠭᠦᠯᠦᠨ᠎ᠡ᠃ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠠᠪᠤᠴᠠ ᠶᠢ ᠵᠢᠷᠤᠮᠵᠢᠭᠤᠯᠵᠤ᠂ ᠭᠤᠶᠤᠴᠢᠯᠠᠯ ᠢ ᠰᠢᠶᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠳᠤ ᠲᠥᠬᠦᠮ ᠦᠵᠡᠭᠦᠯᠦᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠵᠥᠪᠯᠡᠯᠭᠡ ᠥᠭᠬᠦ ᠦᠢᠯᠡᠴᠢᠯᠡᠭᠡᠨ ᠤ ᠠᠵᠢᠯ ᠢ ᠰᠠᠶᠢᠲᠤᠷ ᠭᠦᠢᠴᠡᠳᠬᠡᠨ᠎ᠡ᠃      ︵ᠭᠤᠷᠪᠠ︶ ᠠᠵᠢᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠡᠷᠴᠢᠮᠲᠠᠢ ᠠᠬᠢᠭᠤᠯᠬᠤ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠢ ᠰᠢᠯᠭᠠᠨ ᠬᠢᠨᠠᠬᠤ᠂ ᠬᠢᠨᠠᠯᠲᠠ ᠲᠠᠯᠪᠢᠬᠤ ᠵᠡᠷᠭᠡ ᠠᠵᠢᠯ ᠤᠨ ᠲᠦᠷᠢᠮ ᠢ ᠪᠠᠶᠢᠭᠤᠯᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠳᠦᠷᠢᠮᠵᠢᠭᠦᠯᠬᠦ᠂ ᠵᠢᠷᠤᠮᠵᠢᠭᠤᠯᠤᠨ ᠬᠥᠭᠵᠢᠭᠦᠯᠬᠦ ᠶᠢ ᠦᠨᠡᠨᠬᠦ ᠪᠠᠲᠤᠯᠠᠨ᠎ᠠ᠃      ︵ᠳᠥᠷᠪᠡ︶ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠭᠠᠷᠲᠠᠨ ᠭᠦᠶᠴᠡᠳᠬᠡᠬᠦ ᠠᠵᠢᠯᠲᠠᠨ ᠤ ᠬᠢᠷᠢ ᠬᠡᠮᠵᠢᠶ᠎ᠡ ᠶᠢ ᠴᠠᠭᠠᠰᠢᠳᠠ ᠲᠡᠭᠦᠯᠳᠡᠷᠵᠢᠭᠦᠯᠦᠨ᠎ᠡ᠃ ᠪᠢᠳᠡ ᠦᠷᠭᠦᠯᠵᠢᠯᠡᠭᠦᠯᠦᠨ ᠬᠤᠰᠢᠭᠤᠨ ᠤ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ ᠰᠡᠳᠬᠢᠮᠵᠢ ᠪᠠᠨ ᠴᠠᠭᠠᠰᠢᠳᠠ ᠰᠢᠨ᠎ᠡ ᠪᠠᠷ ᠡᠭᠦᠳᠴᠦ᠂ ᠬᠤᠲᠠ ᠶᠢᠨ ᠬᠠᠮᠢᠶᠠᠷᠤᠯᠲᠠ ᠶᠢᠨ ᠰᠢᠰᠲ᠋ᠧᠮ ᠤᠨ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠲᠠᠰᠤᠷᠠᠯᠲᠠ ᠥᠬᠡᠶ ᠤᠷᠤᠭᠰᠢ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠂ ᠢᠯᠡ ᠲᠣᠳᠣ ᠵᠠᠰᠠᠭ ᠤᠨ ᠣᠷᠳᠣᠨ ᠢ ᠪᠠᠶᠢᠭᠤᠯᠬᠤ ᠪᠠ ᠮᠠᠨ ᠤ ᠲᠣᠪᠴᠢᠶᠠᠨ ᠤ ᠡᠯ᠎ᠡ ᠵᠦᠶᠯ ᠤᠨ ᠠᠵᠢᠯ ᠢ ᠤᠷᠤᠭᠰᠢ ᠠᠬᠢᠭᠤᠯᠬᠤ ᠳᠤ ᠨᠠᠩ ᠰᠠᠶᠢᠨ ᠦᠶᠯᠡᠴᠢᠯᠡᠨ᠎ᠡ᠃      ᠣᠨᠴᠠᠭᠠᠶᠢᠯᠠᠨ ᠮᠡᠳᠡᠭᠦᠯᠪᠡ᠃      2022 ᠣᠨ ᠤ 1 ᠳ᠋ᠦ᠋ᠭᠡᠷ ᠰᠠᠷ᠎ᠠ ᠶᠢᠨ 28     ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号