ᠠᠯᠠᠱᠠ ᠵᠡᠭᠦᠨ ᠬᠤᠰᠢᠭᠤᠨ ᠤ ᠤᠯᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2022/2/28
     ᠨᠢᠭᠡ᠂ ᠶᠡᠷᠦᠩᠬᠡᠢ ᠨᠥᠬᠦᠴᠡᠯ ᠪᠠᠶᠢᠳᠠᠯ      ︵ᠨᠢᠭᠡ︶ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠪᠡ      ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠬᠡᠷᠡᠭᠵᠢᠭᠦᠯᠬᠦ ᠲᠤᠬᠠᠶ ᠲᠠᠨᠢᠯᠲᠠ ᠪᠠᠨ ᠳᠡᠭᠡᠭᠰᠢᠯᠡᠭᠦᠯᠬᠦ ᠶᠢᠨ ᠲᠥᠯᠥᠭᠡ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠬᠡᠷᠡᠭᠵᠢᠭᠦᠯᠬᠦ ᠲᠤᠰᠬᠠᠶ ᠰᠡᠳᠦᠪᠲᠦ ᠰᠤᠳᠤᠯᠤᠨ ᠪᠠᠶᠢᠷᠢᠯᠠᠭᠤᠯᠬᠤ ᠬᠤᠷᠠᠯ ᠢ ᠬᠤᠷᠠᠯᠳᠤᠭᠤᠯᠬᠤ ᠶᠢᠨ ᠬᠠᠮᠲᠤ ᠡᠯ᠎ᠡ ᠲᠥᠷᠥᠯ ᠤᠨ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠳᠦᠷᠢᠮ ᠢ ᠲᠣᠭᠲᠠᠭᠠᠵᠤ᠂ ᠺᠠᠳ᠋ᠷᠴᠤᠳ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠳᠦᠷᠢᠮ ᠶᠣᠰᠣᠭᠠᠷ ᠠᠵᠢᠯᠯᠠᠬᠤ ᠴᠢᠳᠠᠪᠤᠷᠢ ᠶᠢ ᠵᠢᠷᠤᠮᠵᠢᠭᠤᠯᠪᠠ᠃ ᠲᠥᠪᠯᠡᠷᠡᠭᠦᠯᠦᠨ ᠰᠤᠷᠤᠯᠴᠠᠬᠤ ᠪᠠᠷ ᠳᠠᠮᠵᠢᠭᠤᠯᠤᠨ ᠪᠦᠬᠦ ᠺᠠᠳ᠋ᠷᠴᠤᠳ ᠲᠤ ᠨᠡᠶᠢᠲᠡ ᠶᠢᠨ ᠲᠥᠯᠥᠭᠡ ᠨᠠᠮ ᠪᠠᠶᠢᠭᠤᠯᠬᠤ᠂ ᠠᠷᠠᠳ ᠤᠨ ᠲᠥᠯᠥᠭᠡ ᠲᠦᠷᠦ ᠪᠠᠷᠢᠬᠤ ᠣᠶᠢᠯᠠᠭᠠᠭᠳᠠᠬᠤᠨ ᠢ ᠪᠤᠢ ᠪᠣᠯᠭᠠᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢ ᠬᠡᠷᠡᠭᠵᠢᠭᠦᠯᠬᠦ ᠪᠣᠯ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠬᠤ ᠪᠠ ᠬᠠᠷᠢᠶ᠎ᠠ ᠣᠷᠣᠨ ᠤ ᠣᠷᠴᠢᠨ ᠠᠬᠤᠶ ᠶᠢᠨ ᠲᠣᠭᠲᠠᠪᠤᠷᠢᠲᠠᠢ ᠪᠠᠶᠢᠳᠠᠯ ᠢ ᠬᠠᠮᠠᠭᠠᠯᠠᠬᠤ ᠶᠢᠨ ᠱᠠᠭᠠᠷᠳᠠᠯᠭ᠎ᠠ ᠮᠥᠨ ᠭᠡᠳᠡᠭ ᠢ ᠲᠠᠨᠢᠭᠤᠯᠤᠭᠰᠠᠨ ᠪᠠᠶᠢᠨ᠎ᠠ᠃      ︵ᠬᠤᠶᠠᠷ︶ ᠤᠳᠤᠷᠢᠳᠤᠯᠭ᠎ᠠ ᠪᠠᠨ ᠴᠢᠩᠭᠠᠳᠬᠠᠨ᠂ ᠲᠣᠭᠲᠠᠴᠠ ᠪᠠᠨ ᠪᠦᠷᠢᠨᠰᠢᠭᠦᠯᠪᠡ      ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠡᠯ᠎ᠡ ᠰᠠᠯᠠᠭ᠎ᠠ ᠲᠠᠰᠤᠭ᠂ ᠪᠠᠯᠭᠠᠰᠤᠨ ᠳᠤ ᠰᠠᠭᠤᠭ᠎ᠠ ᠨᠢᠭᠡᠴᠢ᠂ ᠬᠤᠶᠠᠳᠤᠭᠠᠷ ᠳᠡᠰ ᠤᠨ ᠨᠢᠭᠡᠴᠢ ᠶᠢᠨ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠪᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠪᠠᠯᠭᠠᠰᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠬᠡᠷ ᠲᠤ ᠪᠠᠶᠢᠷᠢᠯᠠᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠫᠠᠨ ᠼᠦᠨ ᠳ᠋ᠦᠩ ᠬᠠᠷᠢᠭᠤᠴᠠᠨ ᠬᠤᠪᠢᠳᠠᠨ ᠬᠠᠮᠢᠶᠠᠷᠪᠠ᠃ 2021 ᠣᠨ ᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠲᠥᠰᠦᠯ ᠢ ᠲᠣᠭᠲᠠᠭᠠᠬᠤ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠭᠤᠯᠭ᠎ᠠ᠂ ᠠᠷᠭ᠎ᠠ᠂ ᠠᠯᠬᠤᠮ ᠳᠠᠷᠠᠭ᠎ᠠ ᠶᠢ ᠲᠣᠳᠣᠷᠬᠠᠶᠢᠯᠠᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢ ᠳ᠋ᠦᠩᠨᠡᠬᠦ ᠠᠵᠢᠯ ᠤᠨ ᠤᠷᠤᠭᠰᠢᠲᠠᠶ ᠥᠷᠨᠢᠬᠦ ᠶᠢ ᠠᠬᠢᠭᠤᠯᠪᠠ᠃      ᠬᠤᠶᠠᠷ᠂ ᠪᠣᠳᠠᠲᠠᠶ ᠠᠵᠢᠯ ᠥᠷᠨᠢᠭᠦᠯᠦᠭᠰᠡᠨ ᠪᠠᠶᠢᠳᠠᠯ      ︵ᠨᠢᠭᠡ︶ ᠭᠤᠤᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠲᠠᠯ᠎ᠠ ᠪᠠᠷ᠃ ᠨᠢᠭᠡ ᠳᠤ ᠪᠠᠯᠭᠠᠰᠤᠨ ᠤ ᠵᠠᠰᠠᠭ ᠤᠨ ᠣᠷᠳᠣᠨ ᠤ ᠨᠢᠭᠡᠳᠦᠭᠡᠷ ᠳᠠᠪᠬᠤᠷᠯᠢᠭ ᠲᠤ ᠨᠠᠮ ᠤᠨ ᠶᠠᠪᠤᠳᠠᠯ ᠢ ᠢᠯᠡ ᠲᠣᠳᠣ ᠪᠣᠯᠭᠠᠬᠤ ᠪᠤᠯᠤᠩ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠪᠤᠯᠤᠩ ᠭᠠᠷᠭᠠᠵᠤ᠂ ᠠᠵᠤ ᠦᠶᠯᠡᠰ ᠤᠨ ᠠᠵᠤ ᠠᠬᠤᠶ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠣᠶᠣᠯ ᠤᠨ ᠵᠢᠭᠤᠯᠴᠢᠯᠠᠯ᠂ ᠶᠠᠳᠠᠭᠤ ᠠᠴᠠ ᠠᠩᠭᠢᠵᠢᠷᠠᠭᠤᠯᠬᠤ ᠬᠦᠴᠢᠷ ᠠᠰᠠᠭᠤᠳᠠᠯ ᠢ ᠰᠢᠶᠳᠪᠦᠷᠢᠯᠡᠬᠦ ᠪᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ ᠶᠡᠷᠦᠩᠬᠡᠶᠢᠯᠡᠨ ᠵᠠᠰᠠᠬᠤ ᠵᠡᠷᠭᠡ ᠲᠠᠯ᠎ᠠ ᠶᠢᠨ ᠮᠡᠳᠡᠭᠡ ᠵᠠᠩᠭᠢ ᠶᠢ ᠢᠯᠡ ᠲᠣᠳᠣ ᠪᠣᠯᠭᠠᠪᠠ᠃ ᠬᠤᠶᠠᠷ ᠲᠤ ᠸᠢᠴᠠᠲ ᠤᠨ ᠲᠠᠪᠴᠠᠩ ᠳᠤ ᠭᠤᠷᠪᠠᠨ ᠶᠠᠪᠤᠳᠠᠯ ᠢ ᠢᠯᠡ ᠲᠣᠳᠣ ᠪᠣᠯᠭᠠᠬᠤ᠂ ᠲᠣᠰᠬᠤᠨ ᠤ ᠶᠠᠪᠤᠳᠠᠯ ᠢ ᠢᠯᠡ ᠲᠣᠳᠣ ᠪᠣᠯᠭᠠᠬᠤ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠲᠤᠰᠬᠠᠶ ᠪᠤᠯᠤᠩ ᠭᠠᠷᠭᠠᠵᠤ᠂ ᠪᠠᠯᠭᠠᠰᠤ᠂ ᠭᠠᠴᠠᠭ᠎ᠠ ᠬᠤᠶᠠᠷ ᠱᠠᠲᠤᠨ ᠤ ᠨᠠᠮ ᠤᠨ ᠶᠠᠪᠤᠳᠠᠯ᠂ ᠵᠠᠰᠠᠭ ᠤᠨ ᠶᠠᠪᠤᠳᠠᠯ ᠪᠠ ᠡᠳ᠋ ᠤᠨ ᠶᠠᠪᠤᠳᠠᠯ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠮᠠᠯᠴᠢᠨ ᠲᠠᠷᠢᠶᠠᠴᠢᠨ ᠤ ᠪᠠᠶᠢᠴᠠᠭᠠᠨ ᠦᠵᠡᠬᠦ ᠪᠠ ᠬᠢᠨᠠᠯᠲᠠ ᠲᠠᠯᠪᠢᠬᠤ ᠳᠤ ᠲᠥᠬᠦᠮ ᠦᠵᠡᠭᠦᠯᠪᠡ᠃      ︵ᠬᠤᠶᠠᠷ︶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠢ ᠴᠢᠩᠭᠠᠳᠬᠠᠬᠤ ᠲᠠᠯ᠎ᠠ ᠪᠠᠷ᠃ ᠸᠢᠴᠠᠲ ᠤᠨ ᠲᠠᠪᠴᠠᠩ ᠢᠶᠠᠷ ᠳᠠᠮᠵᠢᠭᠤᠯᠤᠨ ᠡᠮᠴᠢᠯᠡᠭᠡ᠂ ᠰᠤᠷᠭᠠᠨ ᠬᠥᠮᠦᠵᠢᠯ᠂ ᠲᠠᠷᠢᠶᠠᠯᠠᠩ ᠵᠡᠷᠭᠡ ᠲᠠᠯ᠎ᠠ ᠶᠢᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ 100 ᠬᠤᠪᠢ ᠨᠡᠶᠢᠲᠡᠯᠡᠪᠡ᠃ ᠲᠣᠭᠠᠴᠢᠯᠠᠭᠰᠠᠨ᠂ ᠵᠢᠷᠤᠭ ᠬᠦᠰᠦᠨᠦᠭᠲᠦ ᠶᠢᠨ ᠲᠠᠶᠢᠯᠪᠤᠷᠢ᠂ ᠲᠠᠭᠤᠨ ᠳᠠᠪᠲᠠᠮᠵᠢ ᠬᠠᠷᠠᠭᠠᠨ ᠳᠠᠪᠲᠠᠮᠵᠢ ᠵᠡᠷᠭᠡ ᠠᠷᠭ᠎ᠠ ᠪᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠶᠢ ᠣᠯᠠᠨ ᠲᠠᠯ᠎ᠠ ᠠᠴᠠ᠂ ᠪᠥᠬᠦ ᠲᠠᠯ᠎ᠠ ᠪᠠᠷ ᠲᠣᠳᠣᠷᠬᠠᠶᠢᠯᠠᠨ ᠲᠠᠶᠢᠯᠪᠤᠷᠢᠯᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠢᠨ ᠡᠷᠬᠡ ᠰᠦᠷᠲᠦ ᠴᠢᠨᠠᠷ ᠂ ᠬᠠᠨᠳᠤᠯᠭᠠᠲᠤ ᠴᠢᠨᠠᠷ ᠪᠠ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠪᠡ᠃ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ ᠵᠠᠷᠴᠢᠮ ᠶᠣᠰᠣᠭᠠᠷ᠂ ᠵᠠᠰᠠᠭ ᠤᠨ ᠶᠠᠪᠤᠳᠠᠯ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠥᠭᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠷᠢᠭᠤ ᠥᠭᠬᠦ ᠭᠤᠤᠯ ᠴᠣᠭᠴᠠ ᠶᠢ ᠲᠣᠳᠣᠷᠬᠠᠶᠢᠯᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠳᠤ ᠬᠠᠷᠢᠭᠤ ᠥᠭᠬᠦ ᠠᠵᠢᠯ ᠢ ᠰᠠᠶᠢᠲᠤᠷ ᠭᠦᠢᠴᠡᠳᠬᠡᠪᠡ᠃      ︵ᠭᠤᠷᠪᠠ︶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ᠃ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠶᠴᠡᠳᠬᠡᠬᠦ ᠲᠢᠩᠬᠢᠮ ᠤᠨ ᠦᠶᠯᠡᠴᠢᠯᠡᠭᠡᠨ ᠤ ᠵᠦᠶᠯᠡᠰ ᠤᠨ ᠨᠠᠷᠢᠨ ᠲᠠᠩᠰᠠ ᠶᠢ ᠢᠯᠡ ᠲᠣᠳᠣ ᠪᠣᠯᠭᠠᠵᠤ᠂ ᠠᠵᠢᠯ ᠶᠠᠪᠤᠳᠠᠯ ᠭᠦᠶᠴᠡᠳᠬᠡᠬᠦ ᠮᠠᠲ᠋ᠧᠷᠢᠶᠠᠯ ᠤᠨ ᠭᠠᠷᠴᠠᠭᠴᠢᠯᠠᠯᠲᠠ ᠪᠠ ᠪᠠᠷᠢᠮᠵᠢᠶᠠᠵᠢᠭᠤᠯᠤᠯᠲᠠ ᠶᠢ ᠪᠡᠶᠡᠯᠡᠭᠦᠯᠦᠨ᠂ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠨᠠᠩ ᠲᠣᠳᠣᠷᠬᠠᠶ᠂ ᠨᠠᠩ ᠳᠥᠭᠦᠮ ᠳᠥᠲᠡ ᠪᠣᠯᠭᠠᠪᠠ᠃ ︽ᠳᠠᠷᠦ᠋ᠢᠬᠠᠨ ᠭᠦᠶᠴᠡᠳᠬᠡᠬᠦ ᠂ ᠰᠢᠭᠤᠳ ᠠᠳᠬᠤᠨ ᠪᠣᠳᠠᠲᠠᠶ ᠪᠠᠷ ᠠᠵᠢᠯᠯᠠᠬᠤ︾ ᠦᠶᠯᠡᠴᠢᠯᠡᠭᠡᠨ ᠤ ᠣᠨᠣᠯᠵᠢᠬᠤᠨ ᠢ ᠢᠳᠡᠪᠬᠢᠲᠡᠶ ᠬᠡᠷᠡᠭᠵᠢᠭᠦᠯᠵᠦ ᠂ ︽ᠨᠢᠭᠡ ᠴᠣᠩᠬᠤᠪᠴᠢ ᠮᠠᠶ᠋ᠢᠭ ᠤᠨ ᠦᠶᠯᠡᠴᠢᠯᠡᠭᠡ︾ ᠪᠠ ︽ᠨᠢᠭᠡ ᠠᠵᠢᠯ ᠤᠨ ᠪᠠᠶᠢᠷᠢ ᠳᠤ ᠣᠯᠠᠨ ᠴᠢᠳᠠᠪᠤᠷᠢ ᠲᠠᠢ ᠪᠠᠶᠢᠬᠤ︾᠎ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠡᠯ᠎ᠡ ᠭᠠᠴᠠᠭ᠎ᠠ ︵ᠨᠡᠶᠢᠭᠡᠮ ᠲᠣᠭᠤᠷᠢᠭ︶᠎ ᠶᠢᠨ ᠸᠢᠴᠠᠲ ᠤᠨ ᠪᠦᠯᠦᠭᠯᠡᠯ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠥᠳᠡᠯᠦᠩᠭᠦᠶ ᠪᠠᠷ ᠨᠡᠶᠢᠲᠡᠯᠡᠬᠦ᠂ ᠲᠤᠬᠠᠶᠢᠯᠠᠭᠰᠠᠨ ᠠᠵᠢᠯ ᠤᠨ ᠯᠠᠪᠯᠠᠭ᠎ᠠ ᠥᠭᠬᠦ ᠵᠡᠷᠭᠡ ᠦᠶᠯᠡᠴᠢᠯᠡᠭᠡ ᠶᠢ ᠴᠠᠭ ᠲᠤᠬᠠᠶ ᠳᠤᠨᠢ ᠬᠠᠩᠭᠠᠪᠠ᠃      ︵ᠳᠥᠷᠪᠡ︶ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ᠃ ᠡᠯ᠎ᠡ ᠠᠯᠪᠠᠨ ᠬᠡᠷ ᠤᠳ ᠸᠢᠴᠠᠲ ᠤᠨ ᠲᠠᠪᠴᠠᠩ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠭᠦᠶᠴᠡᠳᠬᠡᠵᠦ᠂ ᠡᠳᠦᠷ ᠲᠤᠲᠤᠮ ᠤᠨ ᠬᠢᠨᠠᠯᠲᠠ ᠲᠠᠯᠪᠢᠬᠤ ᠠᠵᠢᠯ ᠢᠶᠠᠨ ᠰᠠᠶᠢᠲᠤᠷ ᠪᠡᠶᠡᠯᠡᠭᠦᠯᠵᠦ᠂ ᠦᠶᠯᠡᠴᠢᠯᠡᠭᠡᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠭᠰᠠᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠪᠠ᠃      ︵ᠲᠠᠪᠤ︶ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢ ᠳᠦᠷᠢᠮᠵᠢᠭᠦᠯᠦᠨ ᠵᠢᠷᠤᠮᠵᠢᠭᠤᠯᠬᠤ ᠶᠢ ᠠᠬᠢᠭᠤᠯᠬᠤ ᠲᠠᠯ᠎ᠠ ᠪᠠᠷ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠲᠦᠷᠢᠮ︾᠎ ᠲᠠᠢ ᠬᠠᠷᠢᠴᠠᠭᠤᠯᠵᠤ᠂ ᠢᠳᠡᠪᠬᠢᠲᠠᠢ ᠪᠠᠷ ᠢᠯᠡ ᠲᠣᠳᠣ ᠪᠣᠯᠭᠠᠬᠤ ᠶᠣᠰᠣᠲᠠᠶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠥᠬᠦ ᠲᠠᠯ᠎ᠠ ᠪᠠᠷ ᠡᠮᠬᠢᠯᠡᠵᠦ᠂ ᠢᠯᠡ ᠲᠣᠳᠣ ᠪᠣᠯᠭᠠᠭᠠᠳᠤᠶ ᠪᠣᠯ ᠴᠠᠭ ᠲᠤᠬᠠᠶ ᠳᠤᠨᠢ ᠨᠡᠶᠢᠭᠡᠮ ᠳᠤ ᠢᠯᠡ ᠲᠣᠳᠣ ᠪᠣᠯᠭᠠᠪᠠ᠃ ᠣᠯᠠᠨ ᠨᠡᠶᠢᠲᠡ ᠶᠢᠨ ᠬᠦᠰᠡᠯᠲᠡ ᠶᠢ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠢᠯᠡ ᠲᠣᠳᠣ ᠪᠣᠯᠭᠠᠬᠤ ᠠᠵᠢᠯ ᠢ ᠴᠠᠭᠠᠰᠢᠳᠠ ᠵᠢᠷᠤᠮᠵᠢᠭᠤᠯᠵᠤ᠂ ᠭᠥᠯᠢᠶᠡᠨ ᠠᠪᠬᠤ᠂ ᠳᠠᠩᠰᠠᠯᠠᠬᠤ᠂ ᠭᠦᠶᠴᠡᠳᠬᠡᠬᠦ᠂ ᠬᠠᠷᠢᠭᠤᠯᠲᠠ ᠥᠭᠬᠦ ᠵᠡᠷᠭᠡ ᠴᠤᠪᠤᠷᠠᠯ ᠢ ᠪᠠᠶᠢᠭᠤᠯᠤᠨ ᠪᠦᠷᠢᠨᠰᠢᠬᠦᠯᠵᠦ᠂ ᠣᠯᠠᠨ ᠲᠦᠮᠡᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠤᠯᠬᠤ ᠶᠢ ᠬᠠᠤᠯᠢ ᠶᠣᠰᠣᠭᠠᠷ ᠪᠠᠲᠤᠯᠠᠪᠠ᠃      ︵ᠵᠢᠷᠭᠤᠭ᠎ᠠ︶ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠪᠠᠶᠢᠩᠭᠤ ᠶᠢᠨ ᠠᠵᠢᠯ ᠢ ᠥᠷᠨᠢᠭᠦᠯᠬᠦ ᠲᠠᠯ᠎ᠠ ᠪᠠᠷ᠃ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠶᠯ ᠳᠡᠭᠡᠨ ᠣᠷᠣᠭᠤᠯᠪᠠ᠃ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠭᠤᠯᠭ᠎ᠠ ᠶᠢ ᠨᠠᠷᠢᠯᠢᠬᠵᠢᠭᠤᠯᠤᠨ᠂ ᠢᠯᠡ ᠲᠣᠳᠣ ᠪᠣᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠯᠡ ᠲᠣᠳᠣ ᠪᠣᠯᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠪᠠ᠃ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢ ᠨᠡᠶᠢᠲᠡᠯᠡᠬᠦ ᠴᠤᠪᠤᠷᠠᠯ ᠢ ᠵᠢᠷᠤᠮᠵᠢᠭᠤᠯᠵᠤ᠂ ᠡᠯ᠎ᠡ ᠰᠠᠯᠠᠭ᠎ᠠ ᠲᠠᠰᠤᠭ ᠤᠨ ᠮᠡᠳᠡᠭᠡ ᠵᠠᠩᠭᠢ ᠨᠡᠶᠢᠲᠡᠯᠡᠬᠦ ᠶᠢᠨ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠮᠡᠳᠡᠭᠡ ᠵᠠᠩᠭᠢ ᠨᠡᠶᠢᠲᠡᠯᠡᠬᠦ ᠠᠵᠢᠯᠲᠠᠨ ᠤ ᠮᠡᠳᠡᠭᠡ ᠵᠠᠩᠭᠢ ᠨᠡᠶᠢᠲᠡᠯᠡᠬᠦ ᠪᠦᠷᠢᠳᠬᠡᠭᠦᠯᠦᠯᠲᠡ ᠶᠢ ᠰᠠᠶᠢᠲᠤᠷ ᠪᠡᠶᠡᠯᠡᠭᠦᠯᠵᠦ᠂ ᠰᠦᠯᠵᠢᠶᠡᠨ ᠥᠷᠲᠡᠭᠡ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠶᠢ ᠬᠠᠷᠢᠭᠤᠴᠠᠪᠠ᠃      ᠭᠤᠷᠪᠠ᠂ ᠵᠠᠰᠠᠭ ᠤᠨ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠳᠥᠷᠪᠡ᠂ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠦᠰᠡᠯᠲᠡ ᠪᠠᠷ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠬᠦᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ     ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠲᠠᠪᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠭᠰᠠᠨ ᠵᠠᠰᠠᠭ ᠵᠠᠬᠢᠷᠭᠠᠨ ᠤ ᠲᠠᠬᠢᠨ ᠵᠥᠪᠯᠡᠭᠰᠡᠨ᠂ ᠵᠠᠰᠠᠭ ᠵᠠᠬᠢᠷᠭᠠᠨ ᠤ ᠬᠡᠷᠡᠭ ᠮᠠᠷᠭᠤᠭᠠᠨ ᠢᠶᠠᠷ ᠳᠠᠬᠢᠨ ᠳᠤᠷᠠᠳᠤᠭᠳᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ            ᠵᠢᠷᠭᠤᠭ᠎ᠠ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ      ᠮᠠᠨ ᠤ ᠪᠠᠯᠭᠠᠰᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠤᠷᠤᠭᠰᠢ ᠠᠬᠢᠭᠤᠯᠬᠤ ᠳᠤᠮᠳᠠ ᠬᠡᠳᠦ᠋ᠢᠪᠡᠷ ᠶᠡᠭᠡ ᠬᠡᠮᠵᠢᠶᠡᠨ ᠤ ᠠᠵᠢᠯ ᠪᠡᠶᠡᠯᠡᠭᠦᠯᠵᠦ᠂ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠨᠠᠶᠢᠳᠠᠪᠤᠷᠢᠵᠢᠭᠤᠯᠬᠤ ᠶᠠᠪᠤᠴᠠ ᠳᠤ ᠪᠠᠰᠠ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ᠃ ᠨᠢᠭᠡ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠭᠰᠡᠨ ᠦᠭᠡᠢ ᠠᠰᠠᠭᠤᠳᠠᠯ ᠣᠷᠣᠰᠢᠵᠤ ᠪᠠᠶᠢᠨ᠎ᠠ᠃ ᠮᠠᠨ ᠤ ᠪᠠᠯᠭᠠᠰᠤᠨ ᠤ ᠲᠤᠬᠠᠶᠢᠯᠠᠭᠰᠠᠨ ᠠᠵᠢᠯ ᠨᠡᠯᠢᠶᠡᠳ ᠪᠤᠳᠤᠯᠢᠶᠠᠨᠲᠠᠶ ᠪᠣᠯᠬᠤᠷ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠥᠯᠥᠭᠡᠯᠡᠵᠦ᠂ ᠵᠠᠷᠢᠮ ᠳᠠᠭᠠᠨ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ ᠳᠡᠶᠢᠯᠬᠦ ᠥᠬᠡᠶ ᠪᠣᠢ᠃ ᠬᠤᠶᠠᠷ ᠲᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠭᠤᠯᠭ᠎ᠠ ᠪᠦᠷᠢᠨ ᠪᠤᠰᠤ ᠪᠠᠶᠢᠨ᠎ᠠ᠃ ᠡᠯ᠎ᠡ ᠰᠠᠯᠠᠭ᠎ᠠ ᠲᠠᠰᠤᠭ ᠤᠨ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠲᠤᠬᠠᠶ ᠦᠵᠡᠯ ᠤᠬᠠᠮᠰᠠᠷ ᠢᠶᠠᠷ ᠬᠠᠩᠭᠠᠯᠲᠠ ᠦᠭᠡᠢ ᠪᠠᠶᠢᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠬᠠᠮᠢᠶ᠎ᠠ ᠪᠥᠬᠦᠶ ᠠᠭᠤᠯᠭ᠎ᠠ ᠶᠢ ᠴᠠᠭ ᠲᠤᠬᠠᠶ ᠳᠤᠨᠢ ᠬᠠᠩᠭᠠᠵᠤ ᠳᠡᠶᠢᠯᠬᠦ ᠥᠬᠡᠶ ᠠᠴᠠ ᠪᠣᠯᠵᠣ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠶᠢ ᠪᠥᠬᠦ ᠲᠠᠯ᠎ᠠ ᠪᠠᠷ ᠰᠠᠶᠢᠵᠢᠷᠠᠭᠤᠯᠬᠤ ᠱᠠᠭᠠᠷᠳᠠᠯᠭ᠎ᠠ ᠲᠠᠢ      ᠬᠠᠯᠠᠨ ᠰᠠᠶᠢᠵᠢᠷᠠᠭᠤᠯᠤᠭᠰᠠᠨ ᠪᠠᠶᠢᠳᠠᠯ᠄ ᠨᠢᠭᠡ ᠳᠤ ᠲᠤᠰᠬᠠᠶ ᠬᠥᠮᠦᠨ ᠳᠣᠭᠢᠷᠠᠭᠤᠯᠤᠨ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠬᠠᠷᠢᠭᠤᠴᠠᠭᠤᠯᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠠᠴᠠ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠨᠡᠶᠢᠲᠡᠯᠡᠬᠦ ᠶᠢ ᠴᠠᠭ ᠲᠤᠬᠠᠶ ᠳᠤᠨᠢ ᠰᠢᠮᠳᠠᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠢᠨ ᠴᠢᠨᠠᠷ ᠴᠢᠨᠰᠠᠭ᠎ᠠ ᠪᠠ ᠬᠤᠷᠳᠤᠴᠠ ᠶᠢ ᠪᠠᠲᠤᠯᠠᠪᠠ᠃ ᠬᠤᠶᠠᠷ ᠲᠤ ᠠᠵᠢᠯᠲᠠᠳ ᠬᠤᠯᠪᠣᠭᠳᠠᠯ ᠪᠥᠬᠦᠶ ᠰᠠᠯᠠᠭ᠎ᠠ ᠲᠠᠰᠤᠭ ᠲᠠᠢ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠪᠥᠬᠦ ᠲᠠᠯ᠎ᠠ ᠶᠢᠨ ᠮᠡᠳᠡᠭᠡ ᠵᠠᠩᠭᠢ ᠶᠢ ᠬᠡᠨ ᠳᠠᠷᠤᠶ ᠳᠤᠨᠢ ᠬᠠᠩᠭᠠᠬᠤ ᠶᠢ ᠪᠠᠲᠤᠯᠠᠪᠠ᠃      ᠳᠣᠯᠤᠭ᠎ᠠ᠂ ᠬᠤᠶᠢᠰᠢᠳᠠ ᠶᠢᠨ ᠠᠵᠢᠯ ᠤᠨ ᠲᠣᠬᠢᠷᠠᠭᠤᠯᠤᠯᠲᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠢ ᠰᠠᠶᠢᠲᠤᠷ ᠬᠢᠬᠦ ᠶᠢ ᠢᠳᠡᠪᠬᠢᠲᠠᠢ ᠪᠠᠷ ᠬᠢᠨᠠᠯᠲᠠ ᠬᠦᠯᠢᠶᠡᠬᠦ ᠶᠢᠨ ᠴᠢᠬᠤᠯᠠ ᠭᠠᠷᠳᠠᠴᠠ ᠪᠣᠯᠭᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠳᠠᠲᠠᠶ ᠪᠠᠷ ᠠᠳᠬᠤᠬᠤ᠂ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠨᠠᠶᠢᠳᠠᠪᠤᠷᠢᠵᠢᠭᠤᠯᠤᠯᠲᠠ ᠶᠢ ᠠᠳᠬᠤᠬᠤ ᠤᠳᠤᠷᠢᠳᠬᠤ ᠪᠠᠶᠢᠭᠤᠯᠤᠯ ᠢ ᠪᠠᠷᠢᠮᠲᠠᠯᠠᠨ᠎ᠠ᠃ ᠬᠠᠮᠢᠶ᠎ᠠ ᠪᠥᠬᠦᠶ ᠰᠠᠯᠠᠭ᠎ᠠ ᠲᠠᠰᠤᠭ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢᠨ ᠶᠣᠰᠣᠭᠠᠷ᠂ ᠲᠤᠰᠬᠠᠶ ᠬᠥᠮᠦᠨ ᠢᠶᠠᠷ ᠪᠣᠳᠠᠲᠠᠶ ᠬᠠᠷᠢᠭᠤᠴᠠᠭᠤᠯᠬᠤ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠨ᠎ᠠ᠃      ︵ᠬᠤᠶᠠᠷ︶ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠬᠤ ᠠᠵᠢᠯ ᠤᠨ ᠴᠤᠪᠤᠷᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠲᠦᠷᠢᠮ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠵᠦᠭᠯᠡᠭᠦᠷ ᠢ ᠪᠠᠶᠢᠭᠤᠯᠤᠨ ᠪᠦᠷᠢᠨᠰᠢᠬᠦᠯᠵᠦ᠂ ᠢᠯᠡ ᠲᠣᠳᠣ ᠪᠣᠯᠭᠠᠬᠤ ᠬᠦᠷᠢᠶ᠎ᠡ ᠬᠡᠪᠴᠢᠶ᠎ᠡ ᠪᠠ ᠠᠭᠤᠯᠭ᠎ᠠ᠂ ᠠᠷᠭ᠎ᠠ ᠮᠠᠶ᠋ᠢᠭ ᠪᠠ ᠲᠠᠰ ᠳᠠᠷᠠᠭᠠᠯᠠᠯ᠂ ᠬᠢᠨᠠᠯᠲᠠ ᠲᠠᠯᠪᠢᠬᠤ ᠪᠠ ᠪᠠᠲᠤᠯᠠᠬᠤ ᠶᠢ ᠴᠠᠭᠠᠰᠢᠳᠠ ᠲᠣᠳᠣᠷᠬᠠᠶᠢᠯᠠᠨ᠎ᠠ᠃      ︵ᠭᠤᠷᠪᠠ︶ ᠢᠯᠡ ᠲᠣᠳᠣ ᠪᠣᠯᠭᠠᠬᠤ ᠠᠭᠤᠯᠭ᠎ᠠ ᠶᠢᠨ ᠠᠷᠭ᠎ᠠ ᠮᠠᠶ᠋ᠢᠭ ᠢ ᠵᠢᠷᠤᠮᠵᠢᠭᠤᠯᠤᠨ᠎ᠠ᠃ ᠢᠳᠡᠪᠬᠢᠲᠠᠢ ᠎ ᠪᠠᠷ ᠢᠯᠡ ᠲᠣᠳᠣ ᠪᠣᠯᠭᠠᠬᠤ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠠᠮᠢᠶ᠎ᠠ ᠪᠥᠬᠦᠶ ᠪᠤᠯᠤᠩ ᠵᠢᠴᠢ ᠣᠨ ᠤ ᠠᠵᠢᠯ ᠤᠨ ᠭᠤᠤᠯᠳᠠᠯᠭ᠎ᠠ ᠶᠢ ᠦᠨᠳᠦᠰᠦᠯᠡᠨ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠠᠵᠢᠯ ᠤᠨ ᠪᠠᠶᠢᠳᠠᠯ᠂ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ ᠵᠡᠷᠭᠡ ᠢᠯᠡ ᠲᠣᠳᠣ ᠪᠣᠯᠭᠠᠬᠤ ᠭᠠᠷᠴᠠᠭ ᠤᠨ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠵᠦ᠂ ᠢᠯᠡ ᠲᠣᠳᠣ ᠪᠣᠯᠭᠠᠬᠤ ᠭᠤᠤᠯᠳᠠᠯᠭ᠎ᠠ ᠶᠢ ᠳᠣᠪᠤᠶᠢᠯᠭᠠᠨ᠂ ᠢᠯᠡ ᠲᠣᠳᠣ ᠪᠣᠯᠭᠠᠬᠤ ᠬᠤᠭᠤᠴᠠᠭᠠᠲᠤ ᠴᠢᠨᠠᠷ ᠢ ᠴᠢᠬᠤᠯᠠᠴᠢᠯᠠᠨ᠎ᠠ᠃      ︵ᠳᠥᠷᠪᠡ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠨᠥᠬᠦᠳ ᠵᠢᠩᠬᠢᠨᠢ ᠠᠩᠭᠢ ᠲᠠᠰᠤᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠵᠣ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠬᠡᠷᠡᠭᠵᠢᠭᠦᠯᠦᠨ᠎ᠡ᠃      ᠠᠯᠠᠱᠠ ᠵᠡᠭᠦᠨ ᠬᠤᠰᠢᠭᠤᠨ ᠤ ᠤᠯᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ      2022 ᠣᠨ ᠤ 1 ᠳ᠋ᠦ᠋ᠭᠡᠷ ᠰᠠᠷ᠎ᠠ ᠶᠢᠨ 30     ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠣᠯᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号