ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2022/2/28
     ᠨᠢᠭᠡ᠂ ᠶᠡᠷᠦᠩᠬᠡᠢ ᠨᠥᠬᠦᠴᠡᠯ ᠪᠠᠶᠢᠳᠠᠯ      2021 ᠣᠨ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠪᠠᠷᠠᠭᠤᠨ ᠪᠠᠯᠴᠢᠷ ᠤᠨ ᠬᠢᠨ ︽ᠠᠯᠠᠱᠠ ᠵᠡᠭᠦᠨ ᠬᠤᠰᠢᠭᠤᠨ ᠤ 2021 ᠣᠨ ᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠭᠤᠤᠯᠳᠠᠯᠭ᠎ᠠ︾᠎ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠢ ᠬᠠᠤᠯᠢ ᠶᠣᠰᠣᠭᠠᠷ ᠤᠷᠤᠭᠰᠢ ᠠᠬᠢᠭᠤᠯᠪᠠ᠃ 2021 ᠣᠨ ᠳᠤ ᠨᠡᠶᠢᠳᠡ 114 ᠵᠤᠷᠪᠤᠰ ᠮᠡᠳᠡᠭᠡ ᠵᠠᠩᠭᠢ ᠶᠢ ᠨᠡᠶᠢᠲᠡᠯᠡᠪᠡ᠃      ᠬᠤᠶᠠᠷ᠂ ᠵᠠᠰᠠᠭ ᠤᠨ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠭᠤᠷᠪᠠ᠂ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠦᠰᠡᠯᠲᠡ ᠪᠠᠷ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠬᠦᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ     ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠭᠰᠠᠨ ᠵᠠᠰᠠᠭ ᠵᠠᠬᠢᠷᠭᠠᠨ ᠤ ᠲᠠᠬᠢᠨ ᠵᠥᠪᠯᠡᠭᠰᠡᠨ᠂ ᠵᠠᠰᠠᠭ ᠵᠠᠬᠢᠷᠭᠠᠨ ᠤ ᠬᠡᠷᠡᠭ ᠮᠠᠷᠭᠤᠭᠠᠨ ᠢᠶᠠᠷ ᠳᠠᠬᠢᠨ ᠳᠤᠷᠠᠳᠤᠭᠳᠠᠭᠰᠠᠨ ᠪᠠᠶᠢᠳᠠᠯ     ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ      ᠪᠠᠷᠠᠭᠤᠨ ᠪᠡᠯ ᠪᠠᠯᠭᠠᠰᠤ ᠶᠢᠨ 2021 ᠣᠨ ᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠵᠣᠬᠢᠬᠤ ᠦᠷ᠎ᠡ ᠪᠦᠲᠦᠮᠵᠢ ᠣᠯᠤᠭᠰᠠᠨ ᠪᠣᠯᠪᠠᠴᠤ ᠪᠠᠰᠠ ᠵᠠᠷᠢᠮ ᠣᠮᠲᠣᠭᠠᠶᠢᠯᠠᠵᠤ ᠪᠣᠯᠤᠰᠢ ᠦᠭᠡᠢ ᠠᠰᠠᠭᠤᠳᠠᠯ ᠣᠷᠣᠰᠢᠵᠤ ᠪᠤᠢ᠂ ᠭᠤᠣᠯᠳᠠᠭᠤ ᠬᠡᠰᠡᠭ ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡ ᠲᠣᠳᠣ ᠪᠣᠯᠭᠠᠬᠤ ᠲᠠᠯ᠎ᠠ ᠪᠠᠷ ᠬᠦᠷᠦᠯᠴᠡᠬᠦ ᠦᠭᠡᠢ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠭᠤᠯᠭ᠎ᠠ ᠪᠦᠷᠢᠨ ᠪᠤᠰᠤ᠂ ᠡᠯᠪᠡᠭ ᠪᠠᠶᠠᠯᠢᠭ ᠪᠢᠰᠢ ᠪᠠᠶᠢᠨ᠎ᠠ᠃      ᠬᠤᠶᠢᠰᠢᠳᠠ ᠶᠢᠨ ᠠᠵᠢᠯ ᠳᠤ᠂ ᠪᠠᠷᠠᠭᠤᠨ ᠪᠠᠯᠭᠠᠳ ᠪᠠᠯᠭᠠᠰᠤ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠠᠭᠠᠰᠢᠳᠠ ᠴᠢᠩᠭᠠᠳᠬᠠᠵᠤ᠂ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠷᠭ᠎ᠠ ᠬᠡᠮᠵᠢᠶ᠎ᠡ ᠶᠢ ᠬᠢᠨᠠᠮᠠᠭᠠᠶ ᠲᠣᠭᠲᠠᠭᠠᠵᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠰᠤᠷᠲᠠᠯ ᠢ ᠪᠠᠷᠢᠮᠲᠠᠯᠠᠨ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠪᠡᠶᠡᠯᠡᠭᠦᠯᠵᠦ᠂ ᠳᠠᠷᠠᠭᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠲᠤᠷ ᠭᠦᠢᠴᠡᠳᠬᠡᠨ᠎ᠡ᠄      ᠨᠢᠭᠡ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠡᠩᠨᠡᠭᠡᠨ ᠤ ᠪᠠᠶᠢᠭᠤᠯᠤᠯᠲᠠ ᠶᠢ ᠤᠯᠠᠮ ᠪᠠᠶᠢᠭᠤᠯᠤᠯᠭ᠎ᠠ ᠶᠢᠨ ᠺᠠᠳ᠋ᠷᠴᠤᠳ ᠤᠨ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠰᠠᠶᠢᠲᠤᠷ ᠬᠢᠬᠦ ᠲᠤᠬᠠᠶ ᠲᠠᠨᠢᠯᠲᠠ ᠶᠢ ᠳᠡᠭᠡᠭᠰᠢᠯᠡᠭᠦᠯᠵᠦ᠂ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠦᠨ᠎ᠡ᠃      ᠬᠤᠶᠠᠷ ᠲᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠤᠳᠤᠷᠢᠳᠤᠯᠭ᠎ᠠ ᠪᠠ ᠬᠢᠨᠠᠯᠲᠠ ᠶᠢ ᠴᠠᠭᠠᠰᠢᠳᠠ ᠴᠢᠩᠭᠠᠳᠬᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠤᠨ᠂ ᠬᠠᠮᠢᠶ᠎ᠠ ᠪᠥᠬᠦᠶ ᠰᠠᠯᠠᠭ᠎ᠠ ᠲᠠᠰᠤᠭ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠡᠭᠦᠷᠭᠡ ᠬᠠᠷᠢᠭᠤᠴᠠᠯᠭ᠎ᠠ ᠪᠠ ᠡᠭᠦᠷᠭᠡ ᠶᠢᠨ ᠶᠣᠰᠣᠭᠠᠷ᠂ ᠲᠤᠰᠬᠠᠶ ᠬᠥᠮᠦᠨ ᠢᠶᠠᠷ ᠪᠣᠳᠠᠲᠠᠶ ᠬᠠᠷᠢᠭᠤᠴᠠᠭᠤᠯᠬᠤ ᠶᠢ ᠲᠣᠳᠣᠷᠬᠠᠶᠢᠯᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠵᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃      ᠭᠤᠷᠪᠠ ᠳᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠡᠯ᠎ᠡ ᠲᠥᠷᠥᠯ ᠤᠨ ᠲᠦᠷᠢᠮ ᠢ ᠴᠠᠭᠠᠰᠢᠳᠠ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠭᠤᠯᠭ᠎ᠠ᠂ ᠬᠡᠯᠪᠡᠷᠢ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠩᠬᠠᠷᠤᠯ ᠲᠠᠯᠪᠢᠵᠤ ᠪᠠᠶᠢᠭ᠎ᠠ ᠲᠣᠮᠣᠬᠠᠨ ᠠᠰᠠᠭᠤᠳᠠᠯ᠂ ᠲᠣᠮᠣᠬᠠᠨ ᠰᠢᠶᠳᠪᠦᠷᠢᠲᠦ ᠪᠤᠳᠤᠯᠭ᠎ᠠ ᠶᠢ ᠢᠯᠡ ᠲᠣᠳᠣ ᠪᠣᠯᠭᠠᠬᠤ ᠶᠣᠰᠣᠲᠠᠶ ᠶᠢ ᠨᠢ ᠴᠠᠭ ᠲᠤᠬᠠᠶ ᠳᠤᠨᠢ ᠢᠯᠡ ᠲᠣᠳᠣ ᠪᠣᠯᠭᠠᠬᠤ ᠶᠢᠨ ᠬᠠᠮᠲᠤ ᠢᠯᠡ ᠲᠣᠳᠣ ᠪᠣᠯᠭᠠᠬᠤ ᠶᠢᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠪᠠ ᠠᠷᠠᠳ ᠤᠯᠠᠨ ᠳᠤ ᠨᠡᠩ ᠰᠠᠶᠢᠲᠤᠷ ᠦᠢᠯᠡᠴᠢᠯᠡᠨ᠎ᠡ᠃      ᠵᠢᠷᠭᠤᠭ᠎ᠠ᠂ ᠪᠤᠰᠤᠳ ᠮᠡᠳᠡᠭᠦᠯᠬᠦ ᠴᠢᠬᠤᠯᠠᠲᠠᠢ ᠵᠦᠢᠯ     ᠮᠡᠳᠡᠭᠦᠯᠬᠦ ᠴᠢᠬᠤᠯᠠ ᠲᠠᠢ ᠪᠤᠰᠤᠳ ᠵᠦᠢᠯ ᠪᠠᠶᠢᠬᠤ ᠦᠭᠡᠢ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号