| | ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠣᠶ | ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠬᠡᠷᠡᠭᠵᠢᠭᠦᠯᠬᠦ ᠰᠠᠨᠠᠯ ᠤᠨ ᠪᠥᠬᠦ | ᠠᠭᠤᠯᠭ᠎ᠠ ᠨᠢ ᠳᠣᠤᠷᠠᠬᠢ ᠮᠡᠲᠦ᠄ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠣᠢ ᠰᠢᠭᠤᠢ ᠶᠢᠨ ᠳᠠᠷᠤᠭ᠎ᠠ ᠶᠢᠨ | ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠣᠶ | ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠠᠭᠠᠰᠢᠳᠠ ᠪᠣᠳᠠᠲᠠᠶᠢᠵᠢᠭᠤᠯᠵᠤ᠂ ᠣᠶ ᠰᠢᠭᠤᠶ ᠪᠠ ᠨᠤᠲᠤᠭ ᠪᠡᠯᠴᠢᠭᠡᠷ ᠵᠡᠷᠭᠡ ᠠᠮᠢ ᠠᠬᠤᠶ ᠶᠢᠨ | ᠰᠢᠰᠲ᠋ᠧᠮ ᠤᠨ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ ᠪᠠᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | | | ᠨᠢᠭᠡ᠂ ᠶᠡᠷᠦᠩᠬᠡᠶ ᠱᠠᠭᠠᠷᠳᠠᠯᠭ᠎ᠠ | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ | ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠦᠢᠯᠡᠳᠦᠯᠭᠡᠵᠢᠭᠦᠯᠵᠦ᠂ ᠰᠢ ᠶᠢᠨ ᠫᠢᠩ | ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠡᠷᠴᠢᠮᠲᠠᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ | ᠲᠤᠤᠱᠯᠠᠭᠤᠯᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠪᠠᠷ ᠭᠤᠣᠯ ᠪᠣᠯᠭᠠᠬᠤ᠂ ᠪᠣᠬᠢᠷᠲᠤᠯ | ᠦᠭᠡᠶ ᠬᠥᠭᠵᠢᠭᠦᠯᠬᠦ᠂ ᠠᠮᠢ ᠠᠬᠤᠶ ᠪᠠᠷ ᠠᠷᠠᠳ ᠲᠤ ᠠᠰᠢᠭ ᠬᠦᠷᠲᠡᠭᠡᠬᠦ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠨᠠᠮ ᠤᠨ ᠬᠤᠷᠢᠶ᠎ᠠ ᠤᠳᠤᠷᠢᠳᠬᠤ᠂ ᠰᠠᠯᠠᠭ᠎ᠠ | ᠮᠥᠴᠢᠷ ᠬᠠᠮᠲᠤᠷᠠᠨ ᠬᠥᠳᠡᠯᠦᠯᠴᠡᠬᠦ︾ ᠠᠵᠢᠯ ᠤᠨ ᠵᠠᠷᠴᠢᠮ ᠶᠣᠰᠣᠭᠠᠷ᠂ ᠪᠥᠬᠦ ᠣᠷᠣᠨ ᠳᠤ ᠣᠶ ᠰᠢᠭᠤᠶ ᠶᠢᠨ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠣᠶ | ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ | ᠬᠠᠷᠢᠭᠤᠴᠠᠯᠭ᠎ᠠ ᠶᠢ ᠲᠣᠳᠣᠷᠬᠠᠶᠢᠯᠠᠨ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠶ᠎ᠠ ᠭᠠᠵᠠᠷ | ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠡᠬᠢ ᠡᠭᠦᠰᠦᠯ ᠠᠴᠠ ᠨᠢ ᠵᠠᠰᠠᠬᠤ᠂ ᠱᠠᠩᠨᠠᠵᠤ ᠲᠣᠷᠭᠠᠬᠤ ᠶᠢ | ᠴᠢᠩᠭ᠎ᠠ ᠲᠣᠳᠣᠷᠬᠠᠶ ᠪᠠᠶᠢᠯᠭᠠᠬᠤ᠂ ᠪᠥᠬᠦ ᠣᠷᠣᠨ ᠪᠦᠰᠡ ᠪᠠᠷ ᠬᠠᠮᠤᠷᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠬᠤ ᠳᠤ | ᠲᠦᠷᠢᠮ ᠤᠨ ᠪᠠᠲᠤᠯᠠᠭ᠎ᠠ ᠬᠠᠩᠭᠠᠨ᠎ᠠ᠃ | 2021 ᠣᠨ ᠤ ᠵᠢᠯ ᠤᠨ ᠡᠴᠦᠰ ᠪᠣᠯᠬᠤ ᠳᠤ᠂ ᠨᠠᠮ ᠵᠠᠰᠠᠭ ᠤᠨ ᠤᠳᠤᠷᠢᠳᠤᠯᠭ᠎ᠠ ᠬᠠᠷᠢᠭᠤᠴᠠᠬᠤ | ᠲᠦᠷᠢᠮ ᠢᠶᠠᠷ ᠭᠤᠤᠯ ᠪᠣᠯᠭᠠᠭᠰᠠᠨ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶᠂ ᠰᠤᠮᠤ ᠪᠠᠯᠭᠠᠰᠤ᠂ ᠭᠠᠴᠠᠭ᠎ᠠ ᠲᠣᠰᠬᠤᠨ ᠤ ᠱᠠᠲᠤ ᠨᠢ ᠨᠢᠭᠡ ᠱᠠᠲᠤ ᠪᠠᠨ ᠳᠤ | ᠠᠩᠬᠠᠷᠤᠯ ᠢᠶᠠᠨ ᠬᠠᠨᠳᠤᠭᠤᠯᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠣᠶ ᠰᠢᠭᠤᠶ ᠶᠢᠨ | ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃ 2022 | ᠣᠨ ᠤ 6 ᠳ᠋ᠤᠭᠠᠷ ᠰᠠᠷ᠎ᠠ ᠪᠣᠯᠬᠤ ᠳᠤ᠂ ᠪᠥᠬᠦ ᠣᠷᠣᠨ ᠤ ᠡᠯ᠎ᠡ ᠱᠠᠲᠤᠨ ᠤ ᠬᠢᠨ ᠣᠶ ᠰᠢᠭᠤᠶ ᠶᠢᠨ ᠳᠠᠷᠤᠭ᠎ᠠ ᠶᠢᠨ | ᠲᠦᠷᠢᠮ ᠢ ᠪᠥᠬᠦ ᠲᠠᠯ᠎ᠠ ᠪᠠᠷ ᠪᠠᠶᠢᠭᠤᠯᠵᠤ᠂ ᠬᠠᠷᠢᠭᠤᠴᠠᠯᠭ᠎ᠠ ᠲᠣᠳᠣᠷᠬᠠᠶ᠂ ᠵᠣᠬᠢᠴᠠᠩᠭᠤᠶ ᠪᠥᠭᠡᠳ ᠡᠮᠬᠢ | ᠵᠢᠷᠤᠮ ᠲᠠᠢ᠂ ᠬᠢᠨᠠᠯᠲᠠ ᠬᠠᠮᠢᠶᠠᠷᠤᠯᠲᠠ ᠴᠢᠩᠭ᠎ᠠ᠂ ᠬᠠᠮᠠᠭᠠᠯᠠᠯᠲᠠ ᠡᠷᠴᠢᠮᠲᠡᠢ ᠣᠶ ᠰᠢᠭᠤᠶ ᠨᠤᠲᠤᠭ ᠪᠡᠯᠴᠢᠭᠡᠷ ᠨᠤᠭᠤ | ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠲᠣᠭᠲᠠᠴᠠ ᠶᠢ ᠪᠣᠶ ᠪᠣᠯᠭᠠᠨ᠎ᠠ᠃ | | | ᠬᠤᠶᠠᠷ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ᠎ᠠ | | ︵ᠨᠢᠭᠡ︶ ᠵᠣᠬᠢᠶᠠᠨ ᠪᠠᠶᠢᠭᠤᠯᠤᠯᠲᠠ ᠶᠢᠨ ᠬᠡᠯᠪᠡᠷᠢ | ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠶ ᠣᠢ ᠰᠢᠭᠤᠢ ᠶᠢᠨ ᠳᠠᠷᠤᠭ᠎ᠠ᠂ ᠳᠡᠳ᠋ ᠶᠡᠷᠦᠩᠬᠡᠶ ᠣᠢ | ᠰᠢᠭᠤᠢ ᠶᠢᠨ ᠳᠠᠷᠤᠭ᠎ᠠ ᠭᠠᠷᠭᠠᠨ᠎ᠠ᠃ ᠶᠡᠷᠦᠩᠬᠡᠶ ᠣᠢ ᠰᠢᠭᠤᠢ ᠶᠢᠨ ᠳᠠᠷᠤᠭ᠎ᠠ ᠶᠢᠨ ᠲᠤᠰᠢᠶᠠᠯ ᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠡᠭᠦᠷᠭᠡᠯᠡᠵᠦ᠂ ᠳᠡᠳ᠋ | ᠶᠡᠷᠦᠩᠬᠡᠶ ᠣᠢ ᠰᠢᠭᠤᠢ ᠶᠢᠨ ᠳᠠᠷᠤᠭ᠎ᠠ ᠶᠢᠨ ᠲᠤᠰᠢᠶᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠭᠦᠷᠭᠡᠯᠡᠨ᠎ᠡ᠃ | ᠪᠦᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠵᠡᠷᠭᠡ ᠠᠮᠢ | ᠠᠬᠤᠶ ᠶᠢᠨ ᠡᠬᠢ ᠪᠠᠶᠠᠯᠢᠭ ᠤᠨ ᠲᠠᠷᠬᠠᠯᠲᠠ ᠶᠢᠨ ᠣᠨᠴᠠᠯᠢᠭ ᠪᠠ ᠬᠠᠮᠠᠭᠠᠯᠠᠯᠲᠠ ᠬᠥᠭᠵᠢᠯᠲᠡ ᠶᠢᠨ ᠬᠡᠷᠡᠭᠴᠡᠭᠡ ᠶᠢ | ᠦᠨᠳᠦᠰᠦᠯᠡᠵᠦ᠂ ᠪᠥᠬᠦ ᠣᠷᠣᠨ ᠢ ᠣᠶ ᠰᠢᠭᠤᠶ ᠶᠢᠨ ᠳᠠᠷᠤᠭ᠎ᠠ ᠶᠢᠨ ᠬᠠᠷᠢᠭᠤᠴᠠᠬᠤ ᠣᠷᠣᠨ ᠪᠦᠰᠡ 6ᠬᠤᠪᠢᠶᠠᠨ᠎ᠠ᠂ | ᠲᠤᠬᠠᠶᠢᠯᠠᠪᠠᠯ ᠬᠥᠬᠡᠬᠤᠲᠠ᠂ ᠪᠤᠭᠤᠲᠤ ᠬᠤᠲᠠ ᠪᠠ ᠣᠷᠳᠣᠰ ᠬᠤᠲᠠ᠂ ᠬᠥᠯᠥᠨ ᠪᠤᠶᠢᠷ ᠬᠤᠲᠠ ᠪᠠ ᠬᠢᠩᠭᠠᠨ | ᠠᠶᠢᠮᠠᠭ᠂ ᠲᠦᠩᠯᠢᠶᠣᠤ ᠬᠤᠲᠠ ᠪᠠ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠪᠠ ᠰᠢᠯᠢ ᠶᠢᠨ ᠭᠤᠤᠯ ᠠᠶᠢᠮᠠᠭ | ᠂ ᠪᠠᠶᠠᠨᠨᠠᠭᠤᠷ ᠬᠤᠲᠠ᠂ ᠦᠬᠠᠶ ᠬᠤᠲᠠ ᠪᠠ ᠠᠯᠠᠱᠠ ᠠᠶᠢᠮᠠᠭ᠂ ᠥᠪᠥᠷ ᠮᠣᠩᠭᠤᠯ ᠤᠨ ᠶᠡᠭᠡ ᠬᠢᠩᠭᠠᠨ | ᠳᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶᠢᠲᠤ ᠣᠷᠣᠨ︔ ᠬᠠᠷᠢᠭᠤᠴᠠᠯᠭ᠎ᠠ ᠶᠢᠨ ᠣᠷᠣᠨ | ᠨᠢᠭᠡᠪᠦᠷᠢ ᠶᠢ 1 ᠨᠡᠷᠡᠰ ᠳᠡᠳ᠋ ᠶᠡᠷᠦᠩᠬᠡᠶ ᠣᠢ ᠰᠢᠭᠤᠢ ᠶᠢᠨ ᠳᠠᠷᠤᠭ᠎ᠠ ᠬᠠᠷᠢᠭᠤᠴᠠᠨ᠎ᠠ᠃ | ᠡᠯ᠎ᠡ ᠠᠶᠢᠮᠠᠭ ᠬᠤᠳᠠ ᠨᠤᠭᠤᠳ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠯ᠎ᠡ ᠱᠠᠲᠤᠨ ᠤ ᠤᠢ | ᠰᠢᠭᠤᠢ ᠶᠢᠨ ᠳᠠᠷᠤᠭ᠎ᠠ ︵ᠡᠰᠡᠬᠦᠯ᠎ᠡ ᠡᠪᠡᠰᠦ ᠪᠡᠯᠴᠢᠭᠡᠷ ᠤᠨ ᠳᠠᠷᠤᠭ᠎ᠠ᠂ ᠣᠢ ᠰᠢᠭᠤᠢ ᠡᠪᠡᠰᠦ ᠪᠡᠯᠴᠢᠭᠡᠷ ᠤᠨ | ᠳᠠᠷᠤᠭ᠎ᠠ᠂ ᠳᠣᠷᠣᠭᠰᠢ ᠠᠳᠠᠯᠢ︶ ᠭᠠᠷᠭᠠᠵᠤ ᠪᠣᠯᠤᠨ᠎ᠠ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠣᠭᠤᠷᠢᠭ︶ ᠤ ᠱᠠᠲᠤᠨ ᠤ ᠤᠢ ᠰᠢᠭᠤᠶ ᠶᠢᠨ ᠳᠠᠷᠤᠭ᠎ᠠ ᠶᠢᠨ ᠲᠤᠰᠢᠶᠠᠯ ᠢ ᠲᠤᠰ ᠲᠤᠰ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠣᠭᠤᠷᠢᠭ︶ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠡᠭᠦᠷᠭᠡᠯᠡᠵᠦ | ᠂ ᠤᠢ ᠰᠢᠭᠤᠶ ᠶᠢᠨ ᠳᠡᠳ᠋ ᠳᠠᠷᠤᠭ᠎ᠠ ᠶᠢᠨ ᠲᠤᠰᠢᠶᠠᠯ ᠢ ᠠᠳᠠᠯᠢ ᠱᠠᠲᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠳ ᠡᠭᠦᠷᠭᠡᠯᠡᠨ᠎ᠡ᠃ ᠰᠤᠮᠤ ᠪᠠᠯᠭᠠᠰᠤ ᠶᠢᠨ ᠱᠠᠲᠤᠨ ᠤ ᠣᠶ | ᠰᠢᠭᠤᠶ ᠶᠢᠨ ᠳᠠᠷᠤᠭ᠎ᠠ ᠶᠢᠨ ᠲᠤᠰᠢᠶᠠᠯ ᠢ ᠠᠳᠠᠯᠢ ᠱᠠᠲᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠨᠥᠬᠦᠷ | ᠡᠭᠦᠷᠭᠡᠯᠡᠨ᠎ᠡ᠃ ᠭᠠᠴᠠᠭ᠎ᠠ ᠲᠣᠰᠬᠤᠨ ᠤ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠲᠤᠰᠢᠶᠠᠯ ᠢ ᠭᠠᠴᠠᠭ᠎ᠠ | ᠲᠣᠰᠬᠤᠨ ᠤ ᠨᠠᠮ ᠤᠨ ᠡᠭᠦᠷ ᠤᠨ ᠱᠦᠵᠢ ᠪᠣᠯᠤᠨ ᠭᠠᠴᠠᠭ᠎ᠠ ᠲᠣᠰᠬᠤᠨ ᠤ ᠵᠥᠪᠯᠡᠯ ᠤᠨ ᠡᠷᠬᠢᠯᠡᠭᠴᠢ ᠡᠭᠦᠷᠭᠡᠯᠡᠨ᠎ᠡ᠃ | | ᠤᠯᠤᠰ ᠤᠨ ᠥᠮᠴᠢᠯᠡᠯ ᠤᠨ ᠤᠢ ᠰᠢᠭᠤᠶ ᠶᠢᠨ ᠲᠡᠯᠡᠪᠡᠢ ︵ᠤᠢ ᠰᠢᠭᠤᠶ ᠶᠢᠨ ᠲᠣᠪᠴᠢᠶ᠎ᠠ︶ ᠪᠣᠯᠤᠨ | ᠤᠯᠤᠰ ᠤᠨ ᠲᠠᠷᠢᠶᠠᠯᠠᠩ ᠮᠠᠯᠵᠢᠯ ᠤᠨ ᠲᠡᠯᠡᠪᠡᠢ ᠵᠢᠴᠢ ᠤᠯᠤᠰ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ᠂ ᠪᠠᠶᠢᠭᠠᠯᠢ ᠶᠢᠨ ᠴᠡᠴᠡᠷᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠪᠡᠶ᠎ᠡ ᠪᠠᠨ ᠳᠠᠭᠠᠭᠠᠵᠤ ᠡᠵᠡᠩᠨᠡᠨ | ᠬᠠᠮᠢᠶᠠᠷᠬᠤ ᠰᠢᠨᠵᠢ ᠴᠢᠨᠠᠷ ᠲᠠᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠨᠦᠭᠦᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠰ ᠲᠤᠨᠢ ᠤᠢ ᠶᠢᠨ ᠳᠠᠷᠤᠭ᠎ᠠ ᠭᠠᠷᠭᠠᠬᠤ ᠶᠢᠨ | ᠬᠠᠮᠲᠤ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠤᠢ ᠶᠢᠨ ᠳᠠᠷᠤᠭ᠎ᠠ ᠶᠢᠨ ᠬᠢᠨᠠᠯᠲᠠ ᠬᠠᠮᠢᠶᠠᠷᠤᠯᠲᠠ ᠶᠢ | ᠬᠦᠯᠢᠶᠡᠬᠦ ᠬᠡᠷᠡᠭᠲᠡᠶ᠃ | ︵ᠬᠤᠶᠠᠷ︶ ᠤᠢ ᠰᠢᠭᠤᠶ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ | ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠣᠶ ᠰᠢᠭᠤᠶ ᠶᠢᠨ ᠳᠠᠷᠤᠭ᠎ᠠ ᠪᠥᠬᠦ ᠣᠷᠣᠨ ᠤ ᠣᠶ ᠰᠢᠭᠤᠶ | ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ | ᠤᠳᠤᠷᠢᠳᠬᠤ ᠶᠢ ᠬᠠᠷᠢᠭᠤᠴᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠣᠶ | ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ᠂ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢ ᠤᠷᠤᠭᠰᠢ ᠠᠬᠢᠭᠤᠯᠬᠤ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠦᠭᠰᠡᠨ ᠪᠠ ᠣᠶ ᠰᠢᠭᠤᠶ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠶᠡᠷᠦᠩᠬᠡᠶ ᠵᠠᠬᠢᠷᠤᠯᠲᠠ ᠶᠢᠨ ᠵᠢᠯᠣᠭᠤᠳᠣᠯᠭ᠎ᠠ᠂ ᠶᠡᠷᠦᠩᠬᠡᠶ ᠲᠣᠬᠢᠷᠠᠭᠤᠯᠤᠯᠲᠠ ᠪᠠᠷ ᠭᠦᠢᠴᠡᠳᠬᠡᠨ᠎ᠡ᠃ ᠥᠪᠡᠷᠲᠡᠭᠡᠨ | ᠵᠠᠰᠠᠬᠤ ᠣᠷᠣᠨ ᠤ ᠳᠡᠳ᠋ ᠶᠡᠷᠦᠩᠬᠡᠶ ᠣᠶ ᠰᠢᠭᠤᠶ ᠶᠢᠨ ᠳᠠᠷᠤᠭ᠎ᠠ ᠬᠠᠷᠢᠭᠤᠴᠠᠬᠤ ᠣᠷᠣᠨ ᠪᠦᠰᠡ ᠶᠢᠨ ᠣᠶ ᠰᠢᠭᠤᠶ | ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠵᠢᠯ ᠢ ᠬᠠᠷᠢᠭᠤᠴᠠᠵᠤ᠂ | ᠬᠠᠷᠢᠭᠤᠴᠠᠬᠤ ᠣᠷᠣᠨ ᠪᠦᠰᠡ ᠶᠢᠨ ᠡᠯ᠎ᠡ ᠱᠠᠲᠤᠨ ᠤ ᠣᠶ ᠰᠢᠭᠤᠶ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ | ᠪᠥᠬᠦ ᠲᠠᠯ᠎ᠠ ᠪᠠᠷ ᠭᠦᠶᠴᠡᠳᠬᠡᠬᠦ ᠶᠢ ᠵᠢᠯᠣᠭᠤᠳᠤᠨ ᠰᠢᠮᠳᠠᠭᠤᠯᠤᠨ᠎ᠠ᠃ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠤ ᠱᠠᠲᠤᠨ ᠤ ᠣᠶ ᠰᠢᠭᠤᠶ ᠶᠢᠨ ᠳᠠᠷᠤᠭ᠎ᠠ ᠲᠣᠰ ᠵᠠᠰᠠᠭ ᠵᠠᠬᠢᠷᠭᠠᠨ ᠤ ᠣᠷᠣᠨ ᠤ ᠪᠠᠨ | ᠳᠣᠲᠣᠷᠠᠬᠢ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠢ ᠬᠠᠮᠠᠭᠠᠯᠠᠨ ᠬᠠᠮᠢᠶᠠᠷᠬᠤ ᠠᠵᠢᠯ ᠢ ᠵᠣᠬᠢᠶᠠᠨ | ᠪᠠᠶᠢᠭᠤᠯᠤᠨ ᠤᠳᠤᠷᠢᠳᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ | ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ | ᠬᠠᠮᠠᠭᠠᠯᠠᠨ ᠬᠥᠭᠵᠢᠭᠦᠯᠬᠦ ᠲᠥᠯᠥᠪᠵᠢᠭᠦᠯᠭᠡ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠣᠶ | ᠰᠢᠭᠤᠶ ᠶᠢᠨ ᠪᠦᠷᠬᠦᠴᠡ ᠶᠢᠨ ᠨᠣᠷᠮ᠎ᠠ᠂ ᠣᠶ ᠰᠢᠭᠤᠶ ᠶᠢᠨ ᠬᠠᠳᠠᠭᠠᠯᠠᠭᠳᠠᠴᠠ ᠶᠢᠨ ᠬᠡᠮᠵᠢᠶ᠎ᠡ᠂ ᠨᠤᠲᠤᠭ | ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ᠂ ᠨᠤᠭᠤ ᠭᠠᠵᠠᠷ ᠤᠨ | ᠬᠠᠮᠠᠭᠠᠯᠠᠯᠲᠠ ᠶᠢᠨ ᠨᠣᠷᠮ᠎ᠠ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠲᠠᠯᠠᠪᠠᠶ ᠵᠡᠷᠭᠡ ᠭᠦᠶᠴᠡᠳᠬᠡᠯ | ᠲᠤᠭ᠎ᠠ ᠶᠢᠨ ᠡᠭᠦᠷᠭᠡ ᠶᠢ ᠪᠡᠶᠡᠯᠡᠭᠦᠯᠵᠦ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠶ ᠰᠢᠭᠤᠶ ᠨᠤᠲᠤᠭ | ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠳᠤᠮᠳᠠᠬᠢ ᠠᠰᠠᠭᠤᠳᠠᠯ ᠢ ᠵᠣᠬᠢᠶᠠᠨ | ᠪᠠᠶᠢᠭᠤᠯᠤᠨ ᠵᠣᠬᠢᠴᠠᠭᠤᠯᠵᠤ ᠰᠢᠶᠳᠪᠦᠷᠢᠯᠡᠨ᠎ᠡ᠃ | ᠰᠤᠮᠤ ᠪᠠᠯᠭᠠᠰᠤ᠂ ᠭᠠᠴᠠᠭ᠎ᠠ ᠲᠣᠰᠬᠤᠨ ᠤ ᠳᠡᠰ ᠤᠨ ᠣᠶ ᠰᠢᠭᠤᠶ ᠶᠢᠨ ᠳᠠᠷᠤᠭ᠎ᠠ ᠬᠠᠷᠢᠶᠠᠲᠤ ᠣᠷᠣᠨ ᠤ ᠪᠠᠨ | ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠰᠢᠭᠤᠳ | ᠬᠠᠷᠢᠭᠤᠴᠠᠯᠭ᠎ᠠ ᠶᠢ ᠡᠭᠦᠷᠭᠡᠯᠡᠵᠦ᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠢ ᠬᠠᠮᠠᠭᠠᠯᠠᠨ ᠬᠥᠭᠵᠢᠭᠦᠯᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠵᠤ᠂ ᠣᠶ ᠰᠢᠭᠤᠶ ᠨᠤᠲᠤᠭ ᠪᠡᠯᠴᠢᠭᠡᠷ ᠤᠨ ᠡᠬᠢ | ᠪᠠᠶᠠᠯᠢᠭ ᠢ ᠪᠤᠶᠢᠵᠢᠭᠤᠯᠬᠤ ᠪᠠ ᠲᠣᠭᠤᠷᠢᠨ ᠪᠠᠶᠢᠴᠠᠭᠠᠵᠤ ᠬᠠᠮᠢᠶᠠᠷᠤᠨ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ | ᠴᠢᠩᠭᠠᠳᠬᠠᠵᠤ᠂ ᠭᠠᠴᠠᠭ᠎ᠠ ᠲᠣᠰᠬᠤᠨ᠂ ᠬᠤᠪᠢ ᠬᠥᠮᠦᠨ ᠤ ᠬᠤᠭᠤᠷᠣᠨᠳᠣᠬᠢ ᠣᠶᠢᠲᠤ ᠭᠠᠵᠠᠷ᠂ ᠣᠶ ᠮᠣᠳᠣ ᠪᠠ | ᠨᠤᠲᠤᠭ ᠪᠡᠯᠴᠢᠭᠡᠷ ᠤᠨ ᠡᠷᠬᠡ ᠶᠢᠨ ᠬᠠᠷᠢᠶᠠᠯᠠᠯ ᠤᠨ ᠮᠠᠷᠭᠤᠯᠳᠤᠭᠠᠨ ᠵᠢᠭᠤᠷᠠᠯᠳᠤᠭᠠᠨ ᠢ ᠬᠠᠤᠯᠢ ᠶᠣᠰᠣᠭᠠᠷ | ᠡᠶᠡᠳᠡᠭᠦᠯᠬᠦ ᠶᠢ ᠵᠣᠬᠢᠶᠠᠨ ᠪᠠᠶᠢᠭᠤᠯᠵᠤ᠂ ᠣᠶ ᠮᠣᠳᠣᠨ ᠤ ᠡᠷᠬᠡ ᠶᠢᠨ ᠡᠷᠬᠡᠲᠦ ᠬᠥᠮᠦᠨ ᠪᠠ ᠨᠤᠲᠤᠭ ᠪᠡᠯᠴᠢᠭᠡᠷ ᠤᠨ | ᠳᠠᠭᠠᠭᠠᠴᠢᠯᠠᠨ ᠡᠵᠡᠩᠨᠡᠬᠦ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠶᠢᠨ ᠣᠶ ᠰᠢᠭᠤᠶ ᠶᠢᠨ ᠳᠠᠷᠤᠭ᠎ᠠ | ᠲᠣᠰ ᠨᠢᠭᠡᠴᠢ ᠶᠢᠨ ᠢᠶᠠᠨ ᠡᠵᠡᠩᠨᠡᠵᠦ ᠪᠠᠶᠢᠭ᠎ᠠ ᠣᠷᠣᠨ ᠪᠦᠰᠡ ᠶᠢᠨ ᠳᠣᠲᠣᠷᠠᠬᠢ ᠣᠶ ᠰᠢᠭᠤᠶ ᠨᠤᠲᠤᠭ ᠪᠡᠯᠴᠢᠭᠡᠷ | ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠠᠵᠢᠯ ᠢ ᠬᠠᠷᠢᠭᠤᠴᠠᠨ᠎ᠠ᠃ | ︵ᠭᠤᠷᠪᠠ︶ ᠤᠢ ᠰᠢᠭᠤᠶ ᠶᠢᠨ ᠳᠠᠷᠤᠭ᠎ᠠ ᠶᠢᠨ ᠲᠥᠷᠢᠮ ᠤᠨ ᠠᠯᠪᠠᠨ ᠭᠡᠷ ᠢ ᠱᠠᠳᠤ ᠬᠤᠪᠢᠶᠠᠨ | ᠪᠠᠶᠢᠭᠤᠯᠤᠨ᠎ᠠ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ | ᠵᠣᠬᠢᠬᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠪᠠᠶᠢᠭᠤᠯᠵᠤ᠂ ᠣᠶ ᠰᠢᠭᠤᠶ ᠶᠢᠨ | ᠳᠠᠷᠤᠭ᠎ᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠣᠳᠠᠲᠠᠶ ᠠᠵᠢᠯ ᠢ ᠡᠭᠦᠷᠭᠡᠯᠡᠨ᠂ ᠣᠶ ᠰᠢᠭᠤᠶ ᠶᠢᠨ | ᠳᠠᠷᠤᠭ᠎ᠠ ᠶᠢᠨ ᠲᠣᠭᠲᠠᠭᠠᠭᠰᠠᠨ ᠵᠦᠶᠯᠡᠰ ᠢ ᠨᠠᠶᠢᠳᠠᠪᠤᠷᠢᠵᠢᠭᠤᠯᠵᠤ᠂ ᠲᠣᠰ ᠱᠠᠲᠤᠨ ᠤ ᠣᠶ ᠰᠢᠭᠤᠶ ᠶᠢᠨ | ᠳᠠᠷᠤᠭ᠎ᠠ ᠳᠤ ᠲᠣᠰ ᠬᠠᠷᠢᠭᠤᠴᠠᠯᠭ᠎ᠠ ᠶᠢᠨ ᠣᠷᠣᠨ ᠪᠦᠰᠡ ︵ᠵᠠᠰᠠᠭ ᠵᠠᠬᠢᠷᠭᠠᠨ ᠤ ᠣᠷᠣᠨ ᠪᠦᠰᠡ︶ ᠶᠢᠨ ᠣᠶ | ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠦᠭᠰᠡᠨ ᠪᠠᠶᠢᠳᠠᠯ ᠢᠶᠠᠨ | ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ᠎ᠡ︔ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠳᠣᠤᠷᠠᠳᠤ ᠱᠠᠲᠤᠨ ᠤ ᠣᠶ | ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠢ ᠰᠢᠮᠳᠠᠭᠤᠯᠤᠨ ᠵᠣᠬᠢᠴᠠᠭᠤᠯᠵᠤ᠂ ᠵᠢᠯᠣᠭᠤᠳᠴᠤ ᠪᠠᠶᠢᠭᠠᠳ | ᠡᠯ᠎ᠡ ᠵᠦᠶᠯ ᠤᠨ ᠠᠵᠢᠯ ᠢ ᠰᠠᠶᠢᠲᠤᠷ ᠠᠳᠬᠤᠨ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ᠂ ᠪᠠᠶᠢᠴᠠᠭᠠᠬᠤ ᠶᠢ ᠥᠷᠨᠢᠭᠦᠯᠦᠨ᠎ᠡ︔ ᠲᠤᠰ | ᠱᠠᠲᠤᠨ ᠤ ᠤᠢ ᠮᠣᠳᠣᠨ ᠤ ᠳᠠᠷᠤᠭ᠎ᠠ ᠶᠢᠨ ᠲᠥᠷᠢᠮ ᠤᠨ ᠲᠥᠬᠦᠷᠴᠢᠯᠡᠭᠰᠡᠨ ᠲᠥᠷᠢᠮ ᠢ ᠲᠤᠭᠤᠷᠪᠢᠨ ᠲᠣᠭᠲᠠᠭᠠᠵᠤ᠂ | ᠤᠢ ᠮᠣᠳᠣᠨ ᠤ ᠳᠠᠷᠤᠭ᠎ᠠ ᠶᠢᠨ ᠲᠥᠷᠢᠮ ᠤᠨ ᠬᠢᠨᠠᠨ ᠵᠢᠯᠣᠭᠤᠳᠴᠤ ᠬᠢᠨᠠᠨ ᠰᠢᠯᠭᠠᠬᠤ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠶ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠢ ᠠᠳᠠᠯᠢ ᠱᠠᠲᠤᠨ ᠤ | ᠤᠢ ᠰᠢᠭᠤᠶ ᠪᠠ ᠨᠤᠲᠤᠭ ᠪᠡᠯᠴᠢᠭᠡᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠭᠠᠷᠭᠠᠵᠤ᠂ ᠡᠷᠬᠢᠯᠡᠭᠴᠢ ᠶᠢᠨ | ᠲᠤᠰᠢᠶᠠᠯ ᠢ ᠤᠢ ᠰᠢᠭᠤᠶ ᠪᠠ ᠨᠤᠲᠤᠭ ᠪᠡᠯᠴᠢᠭᠡᠷ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠷ ᠡᠭᠦᠷᠭᠡᠯᠡᠨ᠎ᠡ᠃ | ︵ᠲᠦᠷᠪᠡ︶ ᠣᠢ ᠰᠢᠭᠤᠢ ᠶᠢᠨ ᠳᠠᠷᠤᠭ᠎ᠠ ᠶᠢᠨ ᠳᠦᠷᠢᠮᠲᠦ ᠪᠦᠷᠢᠯᠳᠦᠬᠦᠨ ᠨᠢᠭᠡᠴᠢ ᠬᠢᠭᠡᠳ ᠲᠡᠭᠦᠨ ᠤ | ᠲᠤᠰᠢᠶᠠᠯ ᠬᠠᠷᠢᠭᠤᠴᠠᠯᠭ᠎ᠠ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠳᠠᠷᠤᠭ᠎ᠠ ᠶᠢᠨ ᠳᠦᠷᠢᠮᠲᠦ ᠪᠦᠷᠢᠯᠳᠦᠬᠦᠨ ᠨᠢᠭᠡᠴᠢ ᠨᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠠᠷᠠᠳ ᠤᠨ ᠪᠠᠶᠢᠴᠠᠭᠠᠬᠤ ᠬᠤᠷᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠶᠢᠨ ᠣᠷᠴᠢᠨ | ᠲᠣᠭᠤᠷᠢᠨ ᠤ ᠲᠢᠩᠬᠢᠮ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ᠂ ᠬᠢᠨᠠᠨ ᠪᠤᠳᠤᠬᠤ ᠲᠢᠩᠬᠢᠮ᠂ | ᠲᠤᠭ᠎ᠠ ᠪᠦᠷᠢᠳᠬᠡᠯ ᠤᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ | ᠲᠣᠪᠴᠢᠶ᠎ᠠ ᠵᠡᠷᠭᠡ ᠪᠠᠷ ᠪᠦᠷᠢᠯᠳᠦᠨ᠎ᠡ᠃ ᠡᠯ᠎ᠡ ᠪᠦᠷᠢᠯᠳᠦᠬᠦᠨ ᠨᠢᠭᠡᠴᠢ ᠨᠦᠭᠦᠳ ᠲᠢᠩᠬᠢᠮ ᠤᠨ ᠲᠡᠰ ᠤᠨ 1 ᠺᠠᠳ᠋ᠷ ᠢ | ᠪᠦᠷᠢᠯᠳᠦᠬᠦᠨ ᠢᠶᠠᠷ ᠲᠣᠭᠲᠠᠭᠠᠵᠤ᠂ ᠭᠠᠵᠠᠷ ᠤᠨ ᠲᠡᠰ ᠤᠨ 1 ᠺᠠᠳ᠋ᠷ ᠢ ᠬᠤᠯᠪᠣᠭᠠᠴᠢᠨ ᠢᠶᠠᠷ ᠲᠣᠭᠲᠠᠭᠠᠪᠠ᠃ | ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠱᠠᠲᠤᠨ ᠤ ᠤᠢ ᠰᠢᠭᠤᠶ ᠶᠢᠨ | ᠳᠠᠷᠤᠭ᠎ᠠ ᠶᠢᠨ ᠳᠦᠷᠢᠮᠲᠦ ᠪᠦᠷᠢᠯᠳᠦᠬᠦᠨ ᠨᠢᠭᠡᠴᠢ ᠨᠦᠭᠦᠳ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠪᠠᠷ | ᠯᠠᠪᠯᠠᠯᠲᠠ ᠪᠣᠯᠭᠠᠵᠤ ᠪᠣᠯᠤᠨ᠎ᠠ᠃ | | | ᠭᠤᠷᠪᠠ᠂ ᠭᠤᠣᠯ ᠡᠭᠦᠷᠭᠡ ᠶᠢ ᠲᠣᠳᠣᠷᠬᠠᠶᠢᠯᠠᠨ᠎ᠠ | | ︵ᠨᠢᠭᠡ︶ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢ | ᠴᠢᠩᠭᠠᠳᠬᠠᠨ᠎ᠠ᠃ ᠣᠢ ᠰᠢᠭᠤᠶ ᠨᠤᠲᠤᠭ ᠪᠡᠯᠴᠢᠭᠡᠷ ᠤᠨ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠴᠢᠩᠳᠠᠯᠠᠵᠤ᠂ | ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ | ᠣᠶᠢᠲᠤ ᠭᠠᠵᠠᠷ᠂ ᠡᠪᠡᠰᠦᠲᠦ ᠭᠠᠵᠠᠷ ᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ | ᠬᠤᠪᠢᠷᠠᠭᠤᠯᠬᠤ ᠶᠢ ᠴᠢᠩᠭ᠎ᠠ ᠬᠢᠵᠠᠭᠠᠷᠯᠠᠵᠤ᠂ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠪᠠ ᠠᠮᠢ | ᠠᠬᠤᠶ ᠶᠢᠨ ᠣᠷᠴᠢᠨ ᠲᠣᠭᠤᠷᠢᠨ ᠤ ᠰᠡᠷᠭᠡᠭ ᠬᠡᠪᠡᠷᠡᠭ ᠣᠷᠣᠨ ᠪᠦᠰᠡ ᠶᠢᠨ ᠣᠶ ᠰᠢᠭᠤᠶ ᠨᠤᠲᠤᠭ ᠪᠡᠯᠴᠢᠭᠡᠷ ᠤᠨ | ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠎ᠠ᠃ ᠦᠨᠳᠦᠰᠦᠨ ᠨᠤᠲᠤᠭ ᠪᠡᠯᠴᠢᠭᠡᠷ ᠤᠨ | ᠬᠠᠮᠠᠭᠠᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ | ᠲᠣᠭᠲᠠᠭᠠᠬᠤ ᠶᠢ ᠰᠢᠯᠢᠳᠡᠭᠵᠢᠭᠦᠯᠦᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠲᠤᠰᠠᠯᠠᠵᠤ | ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ | ᠰᠡᠷᠭᠦᠭᠡᠬᠦ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ | ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢᠯᠡᠬᠦ ᠲᠦᠷᠢᠮ ᠢ | ᠰᠦᠪᠡᠭᠴᠢᠯᠡᠨ ᠪᠠᠶᠢᠭᠤᠯᠤᠨ᠎ᠠ᠃ ᠤᠢ ᠰᠢᠭᠤᠶ ᠶᠢ ᠣᠭᠲᠣᠯᠬᠤ ᠬᠢᠵᠠᠭᠠᠷ ᠲᠤᠭ᠎ᠠ ᠶᠢ ᠴᠢᠩᠭ᠎ᠠ ᠬᠡᠷᠡᠭᠵᠢᠭᠦᠯᠦᠨ᠎ᠡ᠃ | ᠪᠠᠶᠢᠭᠠᠯᠢ ᠶᠢᠨ ᠤᠢ ᠶᠢ ᠬᠠᠮᠢᠶᠠᠷᠤᠨ ᠬᠠᠮᠠᠭᠠᠯᠠᠬᠤ ᠲᠦᠷᠢᠮ ᠢ ᠲᠡᠭᠦᠯᠳᠡᠷᠵᠢᠭᠦᠯᠵᠦ᠂ ᠪᠠᠶᠢᠭᠠᠯᠢ ᠶᠢᠨ ᠤᠢ ᠶᠢ | ᠬᠠᠮᠠᠭᠠᠯᠠᠬᠤ ᠭᠤᠣᠯᠳᠠᠯᠭ᠎ᠠ ᠲᠠᠢ ᠣᠷᠣᠨ ᠪᠦᠰᠡ ᠶᠢ ᠲᠣᠭᠲᠠᠭᠠᠵᠤ᠂ ᠪᠠᠶᠢᠭᠠᠯᠢ ᠶᠢᠨ ᠤᠢ ᠶᠢ ᠬᠤᠳᠠᠯᠳᠤᠭᠠᠨ ᠤ | ᠴᠢᠨᠠᠷᠲᠠᠶ ᠪᠠᠷ ᠣᠭᠲᠣᠯᠬᠤ ᠶᠢ ᠪᠦᠬᠦ ᠲᠠᠯ᠎ᠠ ᠪᠠᠷ ᠵᠣᠭᠰᠣᠭᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠨᠡᠶᠢᠲᠡ ᠶᠢᠨ ᠠᠰᠠᠷᠠᠮᠵᠢ ᠶᠢᠨ ᠤᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠤᠢ ᠰᠢᠭᠤᠶ ᠶᠢᠨ ᠠᠮᠢ | ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠳᠦᠷᠢᠮ ᠢ ᠬᠥᠯᠥᠨ ᠪᠤᠶᠢᠷ᠂ ᠠᠯᠠᠱᠠ ᠠᠭᠤᠯᠠᠨ ᠤ ᠤᠯᠤᠰ ᠤᠨ | ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠴᠡᠴᠡᠷᠯᠢᠭ ᠢᠶᠠᠷ ᠭᠤᠤᠯ | ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠤᠨ᠎ᠠ | ᠃ ᠨᠤᠭᠤ ᠭᠠᠵᠠᠷ ᠤᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢᠯᠡᠬᠦ ᠲᠦᠷᠢᠮ ᠢ ᠰᠦᠪᠡᠭᠴᠢᠯᠡᠨ | ᠪᠠᠶᠢᠭᠤᠯᠤᠨ᠎ᠠ᠃ ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠣᠷᠣᠰᠢᠨ ᠠᠮᠢᠳᠤᠷᠠᠬᠤ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠨ᠎ᠠ᠃ | | ︵ᠬᠤᠶᠠᠷ︶ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠠᠮᠢ ᠠᠬᠤᠶ ᠶᠢᠨ ᠰᠡᠷᠭᠦᠭᠡᠯᠲᠡ ᠶᠢ | ᠴᠢᠩᠭᠠᠳᠬᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ | ᠠᠮᠢ ᠠᠬᠤᠶ ᠳᠤ ᠬᠡᠷᠡᠭᠯᠡᠬᠦ ᠭᠠᠵᠠᠷ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠴᠢᠬᠤᠯᠠ ᠠᠮᠢ ᠠᠬᠤᠶ ᠶᠢᠨ | ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠲᠣᠮᠣᠬᠠᠨ ᠢᠨᠵᠧᠨᠧᠷᠢᠩ ᠢ ᠬᠡᠷᠡᠭᠵᠢᠭᠦᠯᠵᠦ᠂ ᠬᠠᠳᠤᠨ ᠭᠤᠣᠯ ᠤᠨ ᠰᠠᠪᠠ | ᠭᠠᠵᠠᠷ᠂ ᠵᠡᠭᠦᠨ ᠬᠤᠶᠢᠲᠤ ᠶᠢᠨ ᠤᠢ ᠰᠢᠭᠤᠶ ᠶᠢᠨ ᠪᠦᠰᠡ᠂ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠶᠢᠨ | ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠶᠢ ᠤᠷᠤᠭᠰᠢ ᠠᠬᠢᠭᠤᠯᠵᠤ᠂ ᠲᠠᠷᠢᠶᠠᠯᠠᠬᠤ ᠶᠢ | ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ᠂ ᠭᠤᠷᠪᠠᠨ ᠤᠮᠠᠷᠠᠲᠤ ᠶᠢᠨ ᠬᠠᠯᠬᠠᠪᠴᠢ ᠤᠢ ᠶᠢᠨ | ᠰᠢᠰᠲ᠋ᠧᠮ ᠤᠨ ᠪᠦᠳᠦᠭᠡᠨ ᠪᠠᠶᠢᠭᠤᠯᠤᠯᠲᠠ᠂ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠵᠡᠷᠭᠡ | ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠴᠢᠨᠠᠷ | ᠴᠢᠨᠰᠠᠭ᠎ᠠ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ ᠣᠶ ᠰᠢᠭᠤᠶ ᠶᠢ ᠠᠷᠠᠴᠢᠯᠠᠨ ᠪᠤᠶᠢᠵᠢᠭᠤᠯᠬᠤ᠂ | ᠮᠠᠭᠤᠳᠠᠭᠰᠠᠨ ᠣᠶ ᠰᠢᠭᠤᠶ ᠶᠢ ᠬᠡᠰᠡᠭᠯᠡᠨ ᠰᠡᠷᠭᠦᠭᠡᠬᠦ᠂ ᠮᠠᠭᠤᠳᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠬᠤ᠂ | ᠮᠠᠭᠤᠳᠠᠭᠰᠠᠨ ᠨᠤᠭᠤ ᠭᠠᠵᠠᠷ ᠢ ᠰᠡᠷᠭᠦᠭᠡᠬᠦ᠂ ᠪᠤᠲᠠ ᠮᠣᠳᠣᠨ ᠤ ᠣᠶ ᠶᠢ ᠲᠡᠭᠰᠢ ᠭᠤᠤᠷᠰᠤ ᠪᠠᠷ ᠰᠡᠷᠭᠦᠭᠡᠨ | ᠰᠠᠶᠢᠵᠢᠷᠠᠭᠤᠯᠬᠤ ᠪᠠᠷ ᠰᠢᠪᠲᠤᠯᠤᠯᠲᠠ ᠶᠢᠨ ᠴᠢᠬ ᠪᠣᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠴᠢᠨᠠᠷ | ᠴᠢᠨᠰᠠᠭ᠎ᠠ ᠶᠢ ᠳᠡᠭᠡᠭᠰᠢᠯᠡᠭᠦᠯᠬᠦ ᠪᠠᠷ ᠰᠢᠪᠲᠤᠯᠤᠯᠲᠠ ᠶᠢᠨ ᠴᠢᠬ ᠪᠣᠯᠭᠠᠵᠤ᠂ ᠣᠶ ᠰᠢᠭᠤᠶ ᠨᠤᠲᠤᠭ ᠪᠡᠯᠴᠢᠭᠡᠷ ᠤᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠮᠣᠳᠣ ᠳᠠᠷᠢᠬᠤ ᠲᠣᠭᠲᠠᠴᠠ ᠶᠢᠨ ᠰᠢᠨ᠎ᠡ ᠶᠢ | ᠡᠭᠦᠳᠴᠦ᠂ ᠰᠠᠯᠠᠭ᠎ᠠ ᠮᠥᠴᠢᠷ ᠤᠨ ᠨᠣᠭᠤᠭᠠᠷᠠᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠥᠬᠦ | ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠶᠴᠡᠳᠬᠡᠬᠦ ᠨᠣᠷᠮ᠎ᠠ ᠶᠢ ᠳᠡᠭᠡᠭᠰᠢᠯᠡᠭᠦᠯᠦᠨ᠎ᠡ | ᠃ ᠣᠶ ᠰᠢᠭᠤᠶ ᠨᠤᠲᠤᠭ ᠪᠡᠯᠴᠢᠭᠡᠷ ᠢ ᠡᠪᠳᠡᠭᠰᠡᠨ ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠵᠠᠰᠠᠨ ᠰᠡᠷᠭᠦᠭᠡᠬᠦ | ᠡᠭᠦᠷᠭᠡ ᠪᠠᠨ ᠬᠠᠤᠯᠢ ᠶᠣᠰᠣᠭᠠᠷ ᠭᠦᠶᠴᠡᠳᠬᠡᠬᠦ ᠶᠢ ᠰᠢᠮᠳᠠᠭᠤᠯᠤᠨ᠎ᠠ᠃ ᠪᠠᠶᠢᠴᠠᠭᠠᠬᠤ ᠪᠠᠶᠢᠭᠤᠯᠭ᠎ᠠ ᠶᠢᠨ ᠨᠡᠶᠢᠲᠡ ᠶᠢᠨ | ᠠᠰᠠᠷᠠᠮᠵᠢ ᠶᠢᠨ ᠵᠠᠷᠭᠤ ᠶᠢᠨ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠶᠢ ᠲᠡᠮᠵᠢᠵᠤ᠂ ᠨᠡᠶᠢᠲᠡ ᠶᠢᠨ ᠠᠰᠠᠷᠠᠮᠵᠢ ᠶᠢᠨ | ᠤᠢ ᠰᠢᠭᠤᠶ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠢ ᠰᠢᠭᠤᠶ ᠨᠤᠲᠤᠭ ᠪᠡᠯᠴᠢᠭᠡᠷ ᠤᠨ ᠠᠮᠢ | ᠠᠬᠤᠢ ᠶᠢᠨ ᠰᠡᠷᠭᠦᠭᠡᠯᠲᠡ ᠶᠢ ᠠᠬᠢᠭᠤᠯᠤᠨ᠎ᠠ | ︵ᠭᠤᠷᠪᠠ︶ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠵᠠᠰᠠᠯᠲᠠ ᠶᠢ ᠴᠢᠩᠭᠠᠳᠬᠠᠨ᠎ᠠ᠃ ᠬᠠᠮᠠᠭᠠᠯᠠᠬᠤ ᠪᠠ | ᠵᠠᠰᠠᠬᠤ ᠶᠢ ᠵᠡᠷᠭᠡᠪᠡᠷ ᠴᠢᠬᠤᠯᠠᠴᠢᠯᠠᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠯᠡᠰᠦᠵᠢᠭᠰᠡᠨ | ᠭᠠᠵᠠᠷ ᠰᠢᠷᠣᠶ ᠶᠢ ᠵᠠᠰᠠᠬᠤ ᠪᠠ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ | ᠲᠣᠭᠲᠠᠪᠤᠷᠢᠲᠠᠢ ᠴᠦᠯ ᠤᠨ ᠠᠮᠢ ᠠᠬᠤᠶ ᠶᠢᠨ ᠰᠢᠰᠲ᠋ᠧᠮ ᠢ ᠰᠡᠷᠭᠦᠭᠡᠨ ᠲᠠᠬᠢᠨ ᠪᠠᠶᠢᠭᠤᠯᠤᠨ᠎ᠠ᠃ ᠬᠤᠷᠴᠢᠨ᠂ | ᠬᠤᠯᠠᠨ ᠰᠢᠷᠭ᠎ᠠ ᠶᠢᠨ ᠡᠯᠡᠰᠦ᠂ ᠮᠤᠤᠠᠤᠰᠤ ᠡᠯᠡᠰᠦᠷᠬᠡᠭ ᠭᠠᠵᠠᠷ ᠪᠣᠯᠤᠨ ᠮᠣᠨᠢ ᠠᠭᠤᠯᠠᠨ ᠤ ᠠᠷᠤ ᠬᠤᠷᠮᠣᠶ ᠶᠢᠨ | ᠰᠠᠯᠬᠢᠨ ᠳᠤ ᠡᠯᠡᠭᠳᠡᠵᠦ ᠡᠯᠡᠰᠦᠷᠬᠡᠭᠵᠢᠭᠰᠡᠨ ᠣᠷᠣᠨ ᠢ ᠵᠠᠰᠠᠬᠤ ᠶᠢ ᠭᠤᠤᠯᠳᠠᠯᠭ᠎ᠠ ᠲᠠᠢ ᠴᠢᠩᠭᠠᠳᠬᠠᠵᠤ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠣᠷᠣᠨ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ | ᠶᠡᠷᠦᠩᠬᠡᠶᠢᠯᠡᠨ ᠵᠠᠰᠠᠵᠤ᠂ ᠡᠯᠡᠰᠦ ᠮᠠᠩᠬ᠎ᠠ ᠶᠢᠨ ᠬᠢᠯᠢ ᠬᠢᠵᠠᠭᠠᠷ ᠤᠨ ᠣᠶ ᠰᠢᠭᠤᠶ ᠶᠢᠨ ᠪᠥᠲᠥᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠡᠯᠡᠰᠦᠷᠬᠡᠭ ᠣᠷᠣᠨ ᠤ ᠣᠶ ᠰᠢᠭᠤᠶ ᠡᠪᠡᠰᠦ | ᠤᠷᠭᠤᠮᠠᠯ ᠤᠨ ᠬᠤᠴᠢᠯᠭ᠎ᠠ ᠶᠢ ᠱᠠᠲᠤ ᠳᠠᠷᠠᠭ᠎ᠠ ᠲᠠᠢ ᠪᠠᠷ ᠰᠡᠷᠭᠦᠭᠡᠨ᠎ᠡ᠃ | ︵ᠳᠥᠷᠪᠡ︶ ᠣᠶ ᠰᠢᠭᠤᠶ ᠡᠪᠡᠰᠦᠨ ᠤ ᠠᠵᠤ ᠦᠶᠯᠡᠰ ᠤᠨ ᠬᠥᠭᠵᠢᠯᠲᠡ ᠶᠢ ᠠᠬᠢᠭᠤᠯᠤᠨ᠎ᠠ᠃ ᠣᠷᠣᠨ | ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠤᠨᠴᠠᠯᠢᠬᠳᠤ ᠤᠢ ᠵᠢᠮᠢᠰ ᠤᠨ ᠠᠵᠤ ᠠᠬᠤᠢ᠂ | ᠤᠢ ᠶᠢᠨ ᠬᠤᠷᠮᠣᠢ ᠶᠢᠨ ᠠᠵᠤ ᠠᠬᠤᠢ᠂ ᠮᠣᠳᠣᠯᠢᠭ ᠲᠣᠰᠣᠯᠢᠭ ᠲᠠᠷᠢᠮᠠᠯ᠂ ᠠᠮᠢ ᠠᠬᠤᠢ ᠶᠢᠨ ᠠᠶᠠᠯᠠᠯ ᠵᠢᠭᠤᠯᠴᠢᠯᠠᠯ | ᠪᠣᠯᠤᠨ ᠡᠷᠡᠭᠦᠯ ᠬᠠᠮᠠᠭᠠᠯᠠᠯ ᠰᠤᠪᠢᠯᠠᠯᠲᠠ ᠵᠡᠷᠭᠡ ᠪᠠᠷ ᠭᠤᠣᠯᠳᠠᠯᠭ᠎ᠠ ᠪᠣᠯᠭᠠᠵᠤ᠂ ᠳᠠᠪᠠᠭᠤᠯᠢᠭ ᠤᠨᠴᠠᠯᠢᠬᠳᠤ ᠤᠢ | ᠰᠢᠭᠤᠢ ᠡᠪᠡᠰᠦᠨ ᠤ ᠠᠵᠤ ᠦᠢᠯᠡᠰ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ | ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠤᠶᠢᠵᠢᠭᠤᠯᠵᠤ᠂ ᠤᠢ ᠰᠢᠭᠤᠢ ᠡᠪᠡᠰᠦᠨ ᠤ ᠠᠵᠤ ᠦᠢᠯᠡᠰ ᠤᠨ | ᠪᠦᠲᠦᠴᠡ ᠶᠢ ᠲᠠᠰᠤᠷᠠᠯᠳᠠ ᠦᠬᠡᠢ ᠰᠢᠯᠢᠳᠡᠭᠵᠢᠭᠦᠯᠵᠦ᠂ ᠠᠮᠢ ᠠᠬᠤᠢ ᠶᠢᠨ ᠠᠵᠤ ᠦᠢᠯᠡᠰᠵᠢᠯᠲᠡ᠂ ᠠᠵᠤ | ᠦᠢᠯᠡᠰ ᠤᠨ ᠠᠮᠢ ᠠᠬᠤᠶᠢᠵᠢᠯᠳᠠ ᠶᠢ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠷᠠᠳ ᠤᠯᠠᠨ ᠤ ᠪᠠᠶᠠᠨ ᠴᠢᠨᠡᠭᠡᠯᠢᠭ ᠪᠣᠯᠤᠨ ᠠᠮᠢ ᠠᠬᠤᠢ ᠶᠢᠨ ᠭᠤᠶᠤ | ᠰᠠᠶᠢᠬᠠᠨ ᠤ ᠣᠷᠭᠠᠨᠢᠭ ᠨᠢᠭᠡᠳᠦᠯ ᠢ ᠨᠡᠩ ᠰᠠᠶᠢᠲᠤᠷ ᠪᠡᠶᠡᠯᠡᠭᠦᠯᠦᠨ᠎ᠡ᠃ | ︵ᠲᠠᠪᠤ︶ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠭᠠᠮᠰᠢᠭ ᠢ ᠰᠡᠷᠭᠡᠶᠢᠯᠡᠨ | ᠬᠢᠵᠠᠭᠠᠷᠯᠠᠬᠤ ᠶᠢ ᠴᠢᠩᠭᠠᠳᠬᠠᠨ᠎ᠠ᠃ ᠬᠦᠨᠳᠦ ᠶᠡᠭᠡ ᠣᠶ ᠰᠢᠭᠤᠶ ᠨᠤᠲᠤᠭ ᠪᠡᠯᠴᠢᠭᠡᠷ ᠤᠨ ᠬᠥᠨᠥᠭᠡᠯᠲᠦ ᠠᠮᠢᠳᠤ | ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠵᠠᠰᠠᠭ ᠤᠨ ᠣᠷᠳᠣᠨ ᠠᠴᠠ ᠬᠠᠷᠢᠭᠤᠴᠠᠬᠤ ᠳᠦᠷᠢᠮ ᠢ ᠣᠶ | ᠰᠢᠭᠤᠶ ᠨᠤᠲᠤᠭ ᠪᠡᠯᠴᠢᠭᠡᠷ ᠤᠨ ᠬᠥᠨᠥᠭᠡᠯᠲᠦ ᠠᠮᠢᠳᠤ ᠪᠣᠳᠠᠰ ᠤᠨ ᠭᠠᠮᠰᠢᠭ ᠢ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠰᠢᠰᠲ᠋ᠧᠮ ᠳᠤ ᠣᠷᠣᠭᠤᠯᠵᠤ᠂ ᠬᠦᠨᠳᠦ ᠶᠡᠭᠡ ᠣᠶ ᠰᠢᠭᠤᠶ ᠨᠤᠲᠤᠭ | ᠪᠡᠯᠴᠢᠭᠡᠷ ᠤᠨ ᠬᠥᠨᠥᠭᠡᠯᠲᠡᠶ ᠠᠮᠢᠳᠤ ᠪᠣᠳᠠᠰ ᠢ ᠬᠢᠨᠠᠨ ᠬᠠᠮᠢᠶᠠᠷᠬᠤ ᠪᠠ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ | ᠵᠠᠰᠠᠬᠤ ᠲᠣᠭᠲᠠᠴᠠ ᠶᠢ ᠪᠦᠷᠢᠨᠰᠢᠬᠦᠯᠵᠦ᠂ ᠬᠦᠨᠳᠦ ᠶᠡᠭᠡ ᠰᠢᠨ᠎ᠡ ᠪᠠᠷ ᠡᠭᠦᠰᠬᠦ ᠭᠡᠨᠡᠳᠲᠡ ᠶᠢᠨ ᠬᠥᠨᠥᠭᠡᠯᠲᠡᠶ ᠠᠮᠢᠳᠤ | ᠪᠣᠳᠠᠰ ᠤᠨ ᠬᠥᠨᠥᠭᠡᠯ ᠪᠠ ᠭᠠᠳᠠᠨ᠎ᠠ ᠠᠴᠠ ᠢᠷᠡᠭᠰᠡᠨ ᠬᠥᠨᠥᠭᠡᠯᠲᠡᠶ ᠠᠮᠢᠳᠤ ᠪᠣᠳᠠᠰ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ ᠶᠢ ᠴᠢᠩᠭᠠᠳᠬᠠᠵᠤ᠂ ᠨᠠᠷᠠᠰᠤᠨ ᠮᠣᠳᠣᠨ ᠤ ᠤᠲᠠᠰᠤᠯᠢᠭ ᠬᠤᠷᠣᠬᠠᠶ ᠶᠢᠨ ᠡᠪᠡᠳᠴᠢᠨ ᠢ ᠰᠡᠷᠭᠡᠶᠢᠯᠡᠬᠦ | ᠪᠠ ᠠᠮᠧᠷᠢᠺᠠ ᠶᠢᠨ ᠴᠠᠭᠠᠨ ᠡᠷᠪᠡᠬᠡᠶ᠂ ᠬᠤᠯᠤᠭᠠᠨ᠎ᠠ ᠲᠠᠤᠯᠠᠶ ᠶᠢᠨ ᠬᠥᠨᠥᠭᠡᠯ᠂ ᠴᠠᠷᠴᠠᠬᠠᠶ᠂ ᠢᠮᠠᠯᠵᠢ ᠵᠡᠷᠭᠡ ᠣᠶ | ᠰᠢᠭᠤᠶ ᠨᠤᠲᠤᠭ ᠪᠡᠯᠴᠢᠭᠡᠷ ᠤᠨ ᠭᠠᠶ ᠭᠠᠮᠰᠢᠭ ᠢ ᠵᠠᠰᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ | ᠣᠶ ᠰᠢᠭᠤᠶ ᠨᠤᠲᠤᠭ ᠪᠡᠯᠴᠢᠭᠡᠷ ᠤᠨ ᠰᠡᠷᠭᠡᠶᠢᠯᠡᠨ ᠭᠠᠯ ᠲᠦᠢᠮᠡᠷ ᠤᠨ ᠠᠶᠤᠯ ᠠᠴᠠ ᠰᠡᠷᠭᠡᠶᠢᠯᠡᠨ ᠭᠠᠯ ᠢ | ᠤᠨᠲᠠᠷᠠᠭᠠᠬᠤ ᠶᠢ ᠨᠢᠭᠡ ᠴᠣᠭᠴᠠᠵᠢᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ | ᠲᠦᠷᠢᠮ ᠢ ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠪᠠ ᠬᠡᠭᠡᠷ᠎ᠡ ᠶᠢᠨ ᠭᠠᠯ ᠤᠨ | ᠢᠷᠡᠯᠲᠡ ᠶᠢ ᠬᠠᠮᠢᠶᠠᠷᠤᠨ ᠬᠢᠵᠠᠭᠠᠷᠯᠠᠬᠤ ᠶᠢ ᠴᠢᠩᠭᠠᠳᠬᠠᠵᠤ᠂ ᠭᠠᠯ ᠤᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ | ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠬᠦᠷᠢᠶᠡᠨ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠣᠶ ᠰᠢᠭᠤᠶ ᠶᠢᠨ ᠲᠠᠯᠠᠪᠠᠶ ᠶᠢᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠣᠶ ᠰᠢᠭᠤᠶ ᠶᠢᠨ ᠡᠬᠢ ᠪᠠᠶᠠᠯᠢᠭ ᠡᠳ᠋ | ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠨ᠂ ᠰᠢᠭᠤᠶᠢᠲᠤ ᠣᠷᠣᠨ ᠣᠶ ᠰᠢᠭᠤᠶ ᠶᠢᠨ ᠲᠠᠯᠠᠪᠠᠶ ᠶᠢᠨ | ᠦᠷᠭᠦᠯᠵᠢᠯᠡᠭᠦᠯᠦᠨ ᠨᠤᠲᠤᠭ ᠪᠡᠯᠴᠢᠭᠡᠷ ᠤᠨ ᠥᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ | ᠡᠵᠡᠩᠨᠡᠯᠲᠡ ᠶᠢᠨ ᠡᠷᠬᠡ ︽ᠭᠤᠷᠪᠠᠨ ᠡᠷᠬᠡ ᠶᠢ ᠰᠠᠯᠭᠠᠬᠤ︾ ᠶᠢ ᠲᠦᠷᠭᠡᠪᠴᠢᠯᠡᠨ ᠠᠬᠢᠭᠤᠯᠵᠤ᠂ ᠨᠤᠲᠤᠭ | ᠪᠡᠯᠴᠢᠭᠡᠷ ᠤᠨ ᠳᠠᠭᠠᠭᠠᠴᠢᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠨᠤᠲᠤᠭ ᠪᠡᠯᠴᠢᠭᠡᠷ ᠤᠨ ᠡᠷᠭᠢᠯᠲᠡ ᠶᠢ | ᠵᠢᠷᠤᠮᠵᠢᠭᠤᠯᠪᠠ᠃ ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠡᠯ᠎ᠡ ᠭᠠᠵᠠᠷ ᠤᠨ ᠬᠢᠨ ᠤ ︽ᠭᠤᠷᠪᠠᠨ ᠡᠷᠬᠡ ᠶᠢ ᠰᠠᠯᠭᠠᠬᠤ︾ ᠪᠠ ᠥᠮᠴᠢᠯᠡᠬᠦ ᠡᠷᠬᠡ ᠶᠢᠨ ᠡᠷᠬᠡ ᠴᠢᠳᠠᠪᠤᠷᠢ ᠶᠢ | ᠲᠡᠭᠦᠯᠳᠡᠷᠵᠢᠭᠦᠯᠬᠦ ᠲᠠᠯ᠎ᠠ ᠪᠠᠷ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠣᠶ ᠰᠢᠭᠤᠶ | ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠣᠷᠣᠭᠤᠯᠤᠯᠲᠠ ᠶᠢᠨ | ᠲᠣᠭᠲᠠᠴᠠ ᠶᠢᠨ ᠰᠢᠨ᠎ᠡ ᠶᠢ ᠡᠭᠦᠳᠴᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠶ ᠰᠢᠭᠤᠶ ᠨᠤᠲᠤᠭ ᠪᠡᠯᠴᠢᠭᠡᠷ | ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠥᠰᠢᠬᠦ ᠦᠶᠯᠡᠳᠦᠯ ᠢ ᠪᠠᠳᠠᠷᠠᠭᠤᠯᠵᠤ᠂ | ᠮᠥᠩᠭᠦᠨ ᠭᠦᠶᠯᠭᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠬᠥᠷᠥᠩᠭᠡ ᠶᠢ ᠤᠳᠤᠷᠢᠳᠤᠨ ᠵᠢᠯᠣᠭᠤᠳᠴᠤ ᠪᠠᠶᠢᠭᠠᠳ | ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠳᠤ ᠢᠳᠡᠪᠬᠢᠲᠡᠶ | ᠣᠷᠣᠯᠴᠠᠭᠤᠯᠤᠨ᠎ᠠ᠃ | ︵ᠳᠣᠯᠤᠭ᠎ᠠ︶ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠢ ᠬᠢᠨᠠᠨ ᠬᠡᠮᠵᠢᠵᠦ ᠬᠢᠨᠠᠨ ᠬᠠᠮᠢᠶᠠᠷᠬᠤ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︽ᠴᠠᠬᠢᠮ ᠰᠦᠯᠵᠢᠶ᠎ᠡ +︾ ᠣᠶ ᠰᠢᠭᠤᠶ ᠨᠤᠲᠤᠭ ᠪᠡᠯᠴᠢᠭᠡᠷ ᠨᠤᠭᠤ | ᠭᠠᠵᠠᠷ ᠤᠨ ᠡᠬᠢ ᠪᠠᠶᠠᠯᠢᠭ ᠤᠨ ᠲᠣᠤᠷ ᠰᠦᠯᠵᠢᠶ᠎ᠡ ᠪᠠᠷ ᠮᠡᠳᠡᠷᠡᠬᠦ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠪᠥᠬᠦ | ᠣᠷᠣᠨ ᠤ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ︽ᠨᠢᠭᠡ | ᠵᠢᠷᠤᠭ︾᠂ ︽ᠨᠢᠭᠡ ᠢᠵᠢ ᠲᠤᠭ᠎ᠠ︾ ᠶᠢᠨ ᠬᠥᠳᠡᠯᠦᠩᠭᠦᠶ ᠬᠢᠨᠠᠨ ᠬᠡᠮᠵᠢᠬᠦ ᠰᠢᠰᠲ᠋ᠧᠮᠵᠢ ᠶᠢ ᠲᠠᠰᠤᠷᠠᠯᠲᠠ ᠥᠬᠡᠶ | ᠲᠡᠭᠦᠯᠳᠡᠷᠵᠢᠭᠦᠯᠦᠨ᠂ ᠭᠤᠤᠯᠳᠠᠯᠭ᠎ᠠ ᠲᠠᠢ ᠣᠷᠣᠨ ᠪᠦᠰᠡ ᠶᠢᠨ ᠲᠤᠬᠠᠶ ᠶᠢᠨ ᠴᠠᠭ ᠲᠤᠨᠢ ᠬᠢᠨᠠᠨ ᠬᠢᠵᠠᠭᠠᠷᠯᠠᠬᠤ᠂ | ᠲᠤᠭ᠎ᠠ ᠪᠠᠷᠢᠮᠲᠠ ᠶᠢ ᠲᠤᠬᠠᠶ ᠶᠢᠨ ᠴᠠᠭ ᠲᠤᠨᠢ ᠰᠢᠨᠡᠴᠢᠯᠡᠬᠦ ᠶᠢ ᠱᠠᠲᠤ ᠳᠠᠷᠠᠭ᠎ᠠ ᠲᠠᠢ ᠪᠠᠷ ᠪᠡᠶᠡᠯᠡᠭᠦᠯᠵᠦ᠂ ᠡᠬᠢ | ᠪᠠᠶᠠᠯᠢᠭ ᠤᠨ ᠬᠢᠨᠠᠨ ᠬᠡᠮᠵᠢᠯᠲᠡ ᠶᠢᠨ ᠣᠶᠤᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠶ ᠰᠢᠭᠤᠶ | ᠨᠤᠲᠤᠭ ᠪᠡᠯᠴᠢᠭᠡᠷ ᠨᠤᠭᠤ ᠭᠠᠵᠠᠷ ᠢ ᠬᠢᠨᠠᠨ ᠬᠡᠮᠵᠢᠬᠦ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠬᠡᠮᠵᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠢᠨᠠᠨ ᠬᠡᠮᠵᠢᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠩᠨᠡᠭᠡ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠶ ᠪᠠ ᠨᠤᠲᠤᠭ | ᠪᠡᠯᠴᠢᠭᠡᠷ ᠤᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠣᠶ | ᠰᠢᠭᠤᠶ ᠪᠠ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠬᠠᠮᠢᠶᠠᠷᠬᠤ | ᠴᠢᠳᠠᠪᠤᠷᠢ ᠶᠢ ᠳᠡᠭᠡᠭᠰᠢᠯᠡᠭᠦᠯᠦᠨ᠂ ᠳᠤᠷ᠎ᠠ ᠪᠠᠷ ᠢᠶᠠᠨ ᠣᠭᠲᠣᠯᠬᠤ᠂ ᠳᠤᠷ᠎ᠠ ᠪᠠᠷ ᠢᠶᠠᠨ ᠲᠡᠭᠦᠵᠦ ᠮᠠᠯᠲᠠᠬᠤ᠂ ᠣᠶ | ᠰᠢᠭᠤᠶ ᠡᠪᠡᠰᠦ ᠪᠡᠯᠴᠢᠭᠡᠷ ᠢ ᠡᠪᠳᠡᠨ ᠴᠢᠭᠢᠭ ᠢ ᠡᠪᠳᠡᠨ ᠬᠠᠭᠠᠯᠪᠤᠷᠢᠯᠠᠬᠤ᠂ ᠣᠶᠢᠲᠤ ᠭᠠᠵᠠᠷ ᠨᠤᠲᠤᠭ ᠪᠡᠯᠴᠢᠭᠡᠷ | ᠨᠤᠭᠤ ᠭᠠᠵᠠᠷ ᠢ ᠳᠤᠷ᠎ᠠ ᠪᠠᠷ ᠢᠶᠠᠨ ᠡᠵᠡᠯᠡᠬᠦ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠩᠨᠠᠬᠤ ᠵᠡᠷᠭᠡ ᠣᠶ | ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠡᠪᠳᠡᠬᠦ ᠡᠯ᠎ᠡ ᠲᠥᠷᠥᠯ ᠤᠨ ᠬᠠᠤᠯᠢ ᠠᠴᠠ | ᠵᠥᠷᠢᠴᠡᠭᠰᠡᠨ ᠦᠶᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ | | ︵ᠨᠠᠢᠮᠠ︶ ᠦᠨᠳᠦᠰᠦᠨ ᠱᠠᠲᠤᠨ ᠤ ᠬᠠᠮᠢᠶᠠᠷᠴᠤ ᠬᠠᠮᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠠᠮᠢ ᠠᠬᠤᠶ ᠶᠢᠨ ᠣᠶ ᠰᠢᠭᠤᠶ ᠬᠠᠮᠠᠭᠠᠯᠠᠭᠴᠢ ᠵᠡᠷᠭᠡ ᠬᠠᠮᠢᠶᠠᠷᠤᠨ ᠬᠠᠮᠠᠭᠠᠯᠠᠬᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠣᠶ ᠰᠢᠭᠤᠶ ᠶᠢᠨ ᠳᠠᠷᠤᠭ᠎ᠠ ᠪᠠ ᠠᠮᠢ ᠠᠬᠤᠶ ᠶᠢᠨ ᠣᠶ ᠰᠢᠭᠤᠶ | ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠬᠡᠰᠡᠭ ᠬᠡᠰᠡᠭ ᠢᠶᠠᠷ ᠨᠠᠶᠢᠳᠠᠪᠤᠷᠢᠵᠢᠭᠤᠯᠤᠨ᠂ ᠣᠶ ᠰᠢᠭᠤᠶ ᠨᠤᠲᠤᠭ | ᠪᠡᠯᠴᠢᠭᠡᠷ ᠨᠤᠭᠤ ᠭᠠᠵᠠᠷ ᠤᠨ ᠲᠣᠤᠷᠵᠢᠭᠤᠯᠤᠭᠰᠠᠨ ᠬᠠᠮᠢᠶᠠᠷᠤᠯᠲᠠ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ | ᠰᠤᠮᠤ ᠪᠠᠯᠭᠠᠰᠤ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠤᠨ᠂ ᠬᠠᠮᠢᠶᠠᠷᠴᠤ | ᠬᠠᠮᠠᠭᠠᠯᠠᠬᠤ ᠠᠵᠢᠯᠲᠠᠨ ᠤ ᠪᠣᠯᠪᠠᠰᠤᠷᠠᠭᠤᠯᠤᠯ ᠪᠠ ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ | | | ᠲᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ | | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠱᠠᠲᠤᠨ ᠤ | ᠨᠠᠮ ᠤᠨ ᠬᠤᠷᠢᠶ᠎ᠡ ᠪᠣᠯᠤᠨ ᠵᠠᠰᠠᠭ ᠤᠨ ᠣᠷᠳᠣᠨ ᠪᠣᠯ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ | ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠤᠢ ᠰᠢᠭᠤᠢ ᠶᠢᠨ ᠳᠠᠷᠤᠭ᠎ᠠ ᠶᠢᠨ ᠳᠦᠷᠢᠮ ᠢ ᠪᠠᠶᠢᠭᠤᠯᠬᠤ | ᠶᠠᠪᠤᠳᠠᠯ ᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠠᠵᠢᠯ ᠤᠨ | ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ | ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ 2022 ᠣᠨ ᠤ6 ᠰᠠᠷ᠎ᠠ ᠶᠢᠨ ᠰᠡᠭᠦᠯᠴᠢ ᠠᠴᠠ ᠡᠮᠦᠨ᠎ᠡ ᠤᠢ | ᠰᠢᠭᠤᠢ ᠶᠢᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠱᠠᠲᠤᠨ ᠤ ᠣᠶ ᠰᠢᠭᠤᠶ ᠶᠢᠨ | ᠳᠠᠷᠤᠭ᠎ᠠ ᠨᠠᠷ ᠤᠨ ᠬᠤᠷᠠᠯ ᠤᠨ ᠲᠦᠷᠢᠮ᠂ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠲᠦᠷᠢᠮ᠂ ᠰᠠᠯᠠᠭ᠎ᠠ | ᠮᠥᠴᠢᠷ ᠤᠨ ᠬᠠᠮᠵᠢᠯᠴᠠᠬᠤ ᠲᠦᠷᠢᠮ᠂ ᠠᠵᠢᠯ ᠤᠨ ᠰᠢᠮᠳᠠᠭᠤᠯᠤᠨ ᠪᠠᠶᠢᠴᠠᠭᠠᠬᠤ ᠲᠦᠷᠢᠮ ᠢ ᠪᠠᠶᠢᠭᠤᠯᠵᠤ᠂ ᠣᠶ | ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠳᠤᠮᠳᠠᠬᠢ ᠲᠣᠮᠣᠬᠠᠨ | ᠠᠰᠠᠭᠤᠳᠠᠯ ᠢ ᠰᠤᠳᠤᠯᠵᠤ᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ | ᠬᠥᠭᠵᠢᠭᠦᠯᠬᠦ ᠭᠤᠤᠯᠳᠠᠯᠭ᠎ᠠ ᠲᠠᠢ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ᠃ ︽ | ᠣᠢ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠬᠠᠮᠲᠤᠷᠠᠨ ᠬᠥᠳᠡᠯᠦᠯᠴᠡᠬᠦ ᠬᠠᠮᠵᠢᠯᠴᠠᠭᠠᠨ ᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ | ᠪᠠᠶᠢᠴᠠᠭᠠᠬᠤ ᠬᠢᠨᠠᠯᠲᠠ ᠶᠢᠨ ᠪᠦᠲᠦᠮᠵᠢᠲᠡᠶ ᠵᠣᠯᠭᠠᠯᠳᠤᠯ ᠢ ᠪᠡᠶᠡᠯᠡᠭᠦᠯᠪᠡ᠃ | ︵ᠭᠤᠷᠪᠠ︶ ᠪᠠᠯᠠ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠣᠶ ᠰᠢᠭᠤᠶ ᠶᠢᠨ ᠳᠠᠷᠤᠭ᠎ᠠ ᠶᠢᠨ | ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠴᠢᠬᠤᠯᠠ ᠪᠥᠬᠦᠶ ᠠᠵᠢᠯ ᠤᠨ ᠵᠠᠷᠤᠳᠠᠯ ᠢ ᠨᠠᠶᠢᠳᠠᠪᠤᠷᠢᠵᠢᠭᠤᠯᠤᠨ᠂ ᠲᠥᠪ | ᠪᠠ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠤᠰᠬᠠᠶ ᠵᠦᠶᠯ ᠤᠨ ᠪᠠᠯᠠ | ᠮᠥᠩᠭᠦ ᠶᠢ ᠭᠦᠶᠴᠡᠳ ᠠᠰᠢᠭᠯᠠᠵᠤ᠂ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠠᠮᠢ ᠠᠬᠤᠶ ᠶᠢ | ᠬᠠᠮᠠᠭᠠᠯᠠᠬᠤ ᠪᠠ ᠰᠡᠷᠭᠦᠭᠡᠬᠦ᠂ ᠣᠶ ᠰᠢᠭᠤᠶ ᠬᠠᠮᠠᠭᠠᠯᠠᠭᠴᠢ᠂ ᠡᠪᠡᠰᠦ ᠪᠡᠯᠴᠢᠭᠡᠷ ᠤᠨ ᠬᠠᠮᠢᠶᠠᠷᠤᠭᠴᠢ ᠶᠢᠨ | ᠡᠩᠨᠡᠭᠡ ᠶᠢᠨ ᠪᠠᠶᠢᠭᠤᠯᠤᠯᠲᠠ ᠵᠢᠴᠢ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠢᠨᠠᠨ | ᠬᠡᠮᠵᠢᠬᠦ ᠵᠡᠷᠭᠡ ᠲᠠᠯ᠎ᠠ ᠶᠢᠨ ᠪᠠᠯᠠ ᠮᠥᠩᠭᠦ ᠶᠢᠨ ᠣᠷᠣᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠶ᠃ | ︵ᠳᠥᠷᠪᠡ︶ ᠬᠢᠨᠠᠨ ᠵᠢᠯᠣᠭᠤᠳᠴᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠡᠯ᠎ᠡ ᠱᠠᠲᠤᠨ ᠤ ᠣᠶ | ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠨᠢ ᠣᠶ ᠰᠢᠭᠤᠶ ᠶᠢᠨ ᠳᠠᠷᠤᠭ᠎ᠠ ᠶᠢᠨ ᠲᠦᠷᠢᠮ ᠢ | ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠬᠠᠮᠢᠶ᠎ᠠ ᠪᠥᠬᠦᠶ ᠰᠠᠯᠠᠭ᠎ᠠ | ᠮᠥᠴᠢᠷ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠢ ᠰᠢᠮᠳᠠᠭᠤᠯᠬᠤ ᠬᠡᠷᠡᠭᠲᠡᠶ᠃ ᠣᠶ ᠰᠢᠭᠤᠶ ᠶᠢᠨ | ᠳᠠᠷᠤᠭ᠎ᠠ ᠶᠢᠨ ᠲᠦᠷᠢᠮ ᠤᠨ ᠬᠢᠨᠠᠨ ᠵᠢᠯᠣᠭᠤᠳᠴᠤ ᠰᠢᠯᠭᠠᠨ ᠬᠢᠨᠠᠬᠤ ᠶᠢ ᠡᠯ᠎ᠡ ᠱᠠᠲᠤᠨ ᠤ ᠨᠠᠮ ᠤᠨ ᠬᠤᠷᠢᠶ᠎ᠠ ᠪᠠ | ᠵᠠᠰᠠᠭ ᠤᠨ ᠣᠷᠳᠣᠨ ᠤ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠵᠤ᠂ ᠣᠶ ᠰᠢᠭᠤᠶ ᠶᠢᠨ ᠳᠠᠷᠤᠭ᠎ᠠ ᠶᠢᠨ | ᠲᠦᠷᠢᠮ ᠤᠨ ᠰᠢᠯᠭᠠᠨ ᠬᠢᠨᠠᠵᠤ ᠦᠨᠡᠯᠡᠬᠦ ᠲᠦᠷᠢᠮ ᠪᠠ ᠰᠢᠯᠭᠠᠨ ᠬᠢᠨᠠᠬᠤ ᠭᠦᠶᠴᠡᠳᠬᠡᠯ ᠲᠤᠭ᠎ᠠ ᠶᠢᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠱᠠᠲᠤᠨ ᠠᠴᠠ ᠳᠡᠭᠡᠭᠰᠢᠬᠢ ᠣᠶ | ᠰᠢᠭᠤᠶ ᠶᠢᠨ ᠳᠠᠷᠤᠭ᠎ᠠ ᠨᠢ ᠳᠣᠤᠷ᠎ᠠ ᠨᠢᠭᠡ ᠱᠠᠲᠤᠨ ᠤ ᠣᠶ ᠰᠢᠭᠤᠶ ᠶᠢᠨ ᠳᠠᠷᠤᠭ᠎ᠠ ᠶᠢ ᠰᠢᠯᠭᠠᠨ ᠬᠢᠨᠠᠬᠤ ᠶᠢ ᠵᠣᠬᠢᠶᠠᠨ | ᠪᠠᠶᠢᠭᠤᠯᠬᠤ ᠶᠢ ᠬᠠᠷᠢᠭᠤᠴᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠣᠷᠣᠨ ᠨᠤᠲᠤᠭ ᠤᠨ ᠬᠤᠯᠪᠣᠭᠳᠠᠯ ᠪᠥᠬᠦᠶ | ᠨᠠᠮ ᠵᠠᠰᠠᠭ ᠤᠨ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠪᠠ ᠪᠠᠶᠢᠭᠠᠯᠢ ᠶᠢᠨ ᠡᠬᠢ ᠪᠠᠶᠠᠯᠢᠭ | ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠶᠢ ᠬᠢᠨᠠᠨ ᠪᠤᠳᠤᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ | ᠠᠵᠢᠯ ᠨᠢ ᠲᠣᠪᠤᠶᠢᠮ᠎ᠠ᠂ ᠦᠷ᠎ᠡ ᠪᠦᠲᠦᠮᠵᠢ ᠨᠢ ᠢᠯᠡᠷᠬᠡᠶ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠰᠠᠶᠢᠰᠢᠶᠠᠨ ᠬᠥᠬᠢᠭᠦᠯᠦᠨ᠎ᠡ︔ ᠠᠵᠢᠯ ᠢᠶᠠᠨ ᠡᠷᠴᠢᠮᠲᠡᠢ ᠠᠬᠢᠭᠤᠯᠤᠭᠰᠠᠨ ᠥᠬᠡᠶ ᠶᠢ ᠨᠢ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠦᠨ᠎ᠡ︔ ᠬᠠᠮᠢᠶᠠᠷᠤᠯᠲᠠ ᠶᠢᠨ ᠣᠷᠣᠨ ᠪᠦᠰᠡ ᠶᠢᠨ ᠳᠣᠲᠣᠷᠠᠬᠢ | ᠬᠡᠷᠡᠭ ᠪᠠᠶᠢᠲᠠᠯ᠎ᠠ ᠦᠯᠦ ᠮᠡᠳᠡᠭᠦᠯᠦᠭᠰᠡᠨ ᠪᠠᠶᠢᠪᠠᠯ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ | ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ | ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠲᠦᠷᠢᠮ ᠢ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠣᠷᠴᠢᠨ | ᠲᠣᠭᠤᠷᠢᠨ ᠢ ᠬᠤᠬᠢᠷᠠᠭᠤᠯᠤᠭᠰᠠᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ | ᠬᠠᠷᠢᠭᠤᠴᠠᠯᠭ᠎ᠠ ᠨᠡᠬᠡᠮᠵᠢᠯᠡᠨ᠎ᠡ᠃ | ︵ᠲᠠᠪᠤ︶ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃ ᠬᠠᠷᠢᠭᠤᠴᠠᠬᠤ ᠣᠷᠣᠨ ᠪᠦᠰᠡ ᠶᠢᠨ | ᠢᠯᠡᠷᠬᠡᠶ ᠣᠷᠣᠨ ᠪᠠᠶᠢᠷᠢ ᠳᠤ ᠣᠶ ᠰᠢᠭᠤᠶ ᠶᠢᠨ ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ ᠭᠠᠷᠭᠠᠵᠤ᠂ ᠣᠶ | ᠰᠢᠭᠤᠶ ᠶᠢᠨ ᠳᠠᠷᠤᠭ᠎ᠠ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ᠂ ᠣᠶ ᠰᠢᠭᠤᠶ ᠨᠤᠲᠤᠭ ᠪᠡᠯᠴᠢᠭᠡᠷ ᠨᠤᠭᠤ | ᠭᠠᠵᠠᠷ ᠤᠨ ᠡᠬᠢ ᠪᠠᠶᠠᠯᠢᠭ ᠤᠨ ᠲᠦᠢᠮᠣ ᠪᠠᠶᠢᠳᠠᠯ᠂ ᠬᠠᠮᠠᠭᠠᠯᠠᠨ ᠬᠥᠭᠵᠢᠭᠦᠯᠬᠦ ᠬᠠᠷᠠᠯᠲᠠ᠂ ᠬᠢᠨᠠᠯᠲᠠ ᠲᠠᠯᠪᠢᠬᠤ | ᠤᠲᠠᠰᠤ ᠵᠡᠷᠭᠡ ᠶᠢ ᠲᠣᠳᠣᠷᠬᠠᠶᠢᠯᠠᠵᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ ᠶᠠᠷᠢᠶ᠎ᠠ ᠬᠡᠯᠡᠯᠴᠡᠭᠡ ᠪᠠᠷ | ᠤᠳᠤᠷᠢᠳᠤᠨ ᠵᠢᠯᠣᠭᠤᠳᠬᠤ ᠶᠢ ᠴᠢᠩᠭᠠᠳᠬᠠᠵᠤ᠂ ᠣᠶ ᠰᠢᠭᠤᠶ ᠶᠢᠨ ᠳᠠᠷᠤᠭ᠎ᠠ ᠶᠢᠨ ᠲᠦᠷᠢᠮ ᠪᠠ ᠣᠶ ᠰᠢᠭᠤᠶ | ᠨᠤᠲᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠤᠬᠠᠭᠤᠯᠭ᠎ᠠ ᠬᠥᠮᠦᠵᠢᠯ ᠤᠨ | ᠡᠷᠴᠢᠮ ᠢ ᠴᠢᠩᠭᠠᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠣᠶ ᠰᠢᠭᠤᠶ ᠨᠤᠲᠤᠭ ᠪᠡᠯᠴᠢᠭᠡᠷ | ᠨᠤᠭᠤ ᠭᠠᠵᠠᠷ ᠤᠨ ᠬᠠᠮᠠᠭᠠᠯᠠᠯᠲᠠ ᠬᠥᠭᠵᠢᠯᠲᠡ ᠶᠢᠨ ᠪᠠᠶᠢᠳᠠᠯ ᠢ ᠨᠡᠶᠢᠲᠡᠯᠡᠵᠦ᠂ ᠣᠶ ᠰᠢᠭᠤᠶ ᠨᠤᠲᠤᠭ ᠪᠡᠯᠴᠢᠭᠡᠷ | ᠨᠤᠭᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠶ ᠳᠤᠨᠢ | ᠢᠯᠡᠴᠢᠯᠡᠨ᠎ᠡ᠃ | ᠡᠯ᠎ᠡ ᠠᠶᠢᠮᠠᠭ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ︵ᠵᠠᠰᠠᠭ ᠵᠠᠬᠢᠷᠭᠠᠨ ᠤ | ᠵᠠᠬᠢᠷᠭ᠎ᠠ︶ ᠤᠢ ᠰᠢᠭᠤᠶ ᠶᠢᠨ ᠳᠠᠷᠤᠭ᠎ᠠ ᠶᠢᠨ ᠲᠥᠷᠢᠮ ᠢ ᠬᠡᠷᠡᠭᠵᠢᠭᠦᠯᠬᠦ ᠶᠠᠪᠤᠴᠠ ᠳᠤ᠂ ᠲᠣᠮᠣᠬᠠᠨ ᠪᠠᠶᠢᠳᠠᠯ ᠢ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ | ᠮᠡᠳᠡᠭᠦᠯᠬᠦ ᠬᠡᠷᠡᠭᠲᠡᠶ᠃ ᠡᠯ᠎ᠡ ᠱᠠᠲᠤᠨ ᠤ ᠤᠢ ᠰᠢᠭᠤᠶ ᠶᠢᠨ ᠳᠠᠷᠤᠭ᠎ᠠ ᠶᠢᠨ ᠲᠥᠷᠢᠮ ᠤᠨ ᠠᠯᠪᠠᠨ ᠭᠡᠷ ᠨᠢ ᠵᠢᠯ | ᠪᠦᠷᠢ ᠶᠢᠨ 1 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠡᠭᠡᠷ᠎ᠡ | ᠨᠢᠭᠡ ᠵᠢᠯ ᠤᠨ ᠤᠢ ᠰᠢᠭᠤᠶ ᠶᠢᠨ ᠳᠠᠷᠤᠭ᠎ᠠ ᠶᠢᠨ ᠲᠥᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ | ᠪᠠᠶᠢᠳᠠᠯ ᠢᠶᠠᠨ ᠳᠡᠭᠡᠷ᠎ᠡ ᠨᠢᠭᠡ ᠱᠠᠲᠤᠨ ᠤ ᠤᠢ ᠰᠢᠭᠤᠶ ᠶᠢᠨ ᠳᠠᠷᠤᠭ᠎ᠠ ᠶᠢᠨ ᠲᠥᠷᠢᠮ ᠤᠨ ᠠᠯᠪᠠᠨ ᠭᠡᠷ ᠲᠤ | ᠮᠡᠳᠡᠭᠦᠯᠬᠦ ᠬᠡᠷᠡᠭᠲᠡᠶ᠃ | | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ | ᠪᠠ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠵᠢᠯ ᠤᠨ | ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |