ᠠᠯᠠᠱᠠ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2022/2/28
     ᠨᠢᠭᠡ᠂ ᠶᠡᠷᠦᠩᠬᠡᠢ ᠨᠥᠬᠦᠴᠡᠯ ᠪᠠᠶᠢᠳᠠᠯ      ︵ᠨᠢᠭᠡ︶ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠪᠡ      ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠲᠣᠳᠣ ᠪᠣᠯᠭᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠲᠣᠰ ᠭᠠᠵᠠᠷ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠯᠳᠠᠪᠤᠷᠢ ᠠᠴᠠ ᠰᠡᠷᠭᠡᠶᠢᠯᠡᠨ ᠬᠢᠵᠠᠭᠠᠷᠯᠠᠬᠤ ᠲᠤᠬᠠᠶ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠵᠢᠴᠢ ᠠᠵᠢᠯ ᠤᠨ ᠠᠬᠢᠴᠠ ᠶᠢᠨ ᠪᠠᠶᠢᠳᠠᠯ ᠢ ᠢᠯᠡ ᠨᠡᠶᠢᠲᠡᠯᠡᠪᠡ᠃      ︵ᠬᠤᠶᠠᠷ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠡ ᠲᠣᠳᠣ ᠪᠣᠯᠭᠠᠬᠤ ᠶᠢ ᠰᠠᠶᠢᠲᠤᠷ ᠭᠦᠢᠴᠡᠳᠬᠡᠪᠡ      ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 58 ᠳ᠋ᠤᠭᠠᠷ ᠲᠣᠭᠠᠲᠤ︶ ᠢ ᠴᠢᠩᠭ᠎ᠠ ᠨᠠᠶᠢᠳᠠᠪᠤᠷᠢᠵᠢᠭᠤᠯᠵᠤ᠂ ︽ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠠᠵᠢᠯ ᠢ ᠴᠠᠭᠠᠰᠢᠳᠠ ᠴᠢᠩᠭᠠᠳᠬᠠᠬᠤ ᠲᠤᠬᠠᠶ ᠮᠡᠳᠡᠭᠳᠡᠯ︾ ᠪᠣᠯᠤᠨ ︽ᠬᠡᠨ ᠲᠤᠭᠤᠷᠪᠢᠪᠠᠯ ᠬᠡᠨ ᠲᠠᠶᠢᠯᠤᠮᠵᠢ ᠶᠢᠨ︾ ᠠᠵᠢᠯ ᠤᠨ ᠵᠠᠷᠴᠢᠮ ᠶᠣᠰᠣᠭᠠᠷ᠂ ᠠᠷᠠᠳ ᠤᠨ ᠶᠠᠪᠤᠳᠠᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠠᠶᠢᠯᠤᠮᠵᠢ ᠶᠢᠨ ᠠᠵᠢᠯ ᠤᠨ ᠬᠠᠷᠢᠭᠤᠴᠠᠯᠭ᠎ᠠ ᠪᠠᠨ ᠴᠠᠭᠠᠰᠢᠳᠠ ᠲᠣᠳᠣᠷᠬᠠᠶᠢᠯᠠᠵᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢ ︽ᠨᠢᠭᠡᠳᠦᠭᠡᠷ ᠲᠠᠶᠢᠯᠪᠤᠷᠢᠯᠠᠭᠴᠢ ᠪᠠ ᠬᠠᠷᠢᠭᠤᠴᠠᠯᠭᠠᠲᠠᠨ︾ ᠢᠶᠠᠷ ᠲᠣᠭᠲᠠᠭᠠᠵᠤ᠂ ᠡᠯ᠎ᠡ ᠰᠠᠯᠠᠭ᠎ᠠ ᠲᠠᠰᠤᠭ ᠨᠢ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠵᠢᠩᠬᠢᠨᠢ ᠠᠩᠭᠢ ᠶᠢᠨ ᠲᠠᠰᠤᠭ ᠤᠨ ᠬᠠᠷᠢᠭᠤᠴᠠᠨ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠡᠪᠯᠡᠨ ᠲᠠᠷᠬᠠᠭᠠᠬᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠳᠤ ᠬᠡᠷᠡᠭᠰᠡᠬᠦ ᠠᠬᠤᠶ ᠪᠠᠶᠢᠳᠠᠯ ᠤᠨ ᠦᠨᠳᠦᠰᠦᠯᠡᠯ᠂ ᠬᠠᠷᠠᠯᠲᠠᠲᠤ ᠡᠭᠦᠷᠭᠡ᠂ ᠭᠤᠤᠯ ᠠᠭᠤᠯᠭ᠎ᠠ᠂ ᠬᠤᠯᠪᠣᠭᠳᠠᠬᠤ ᠬᠦᠷᠢᠶ᠎ᠡ ᠬᠡᠪᠴᠢᠶ᠎ᠡ᠂ ᠬᠡᠷᠡᠭᠵᠢᠭᠦᠯᠬᠦ ᠪᠠᠷᠢᠮᠵᠢᠶ᠎ᠠ ᠵᠢᠴᠢ ᠠᠩᠬᠠᠷᠬᠤ ᠵᠦᠶᠯᠡᠰ᠂ ᠵᠠᠩᠭᠢᠯᠠᠭ᠎ᠠ ᠶᠢᠨ ᠦᠭᠡ ᠶᠢ ᠲᠠᠶᠢᠯᠪᠤᠷᠢᠯᠠᠬᠤ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ ᠵᠥᠷᠢᠶ᠎ᠡ ᠵᠡᠷᠭᠡ ᠶᠢ ᠰᠠᠶᠢᠲᠤᠷ ᠪᠡᠶᠡᠯᠡᠭᠦᠯᠵᠦ᠂ ᠲᠥᠷᠥ ᠶᠢᠨ ᠪᠣᠳᠣᠯᠭ᠎ᠠ ᠶᠢᠨ ᠠᠭᠤᠯᠬᠤᠨ ᠢ ᠴᠠᠭᠠᠰᠢᠳᠠ ᠲᠡᠳᠡᠨ ᠪᠣᠯᠭᠠᠵᠤ᠂ ᠵᠦᠢ ᠪᠤᠰᠤ ᠪᠠᠷ ᠣᠶᠢᠯᠠᠭᠠᠬᠤ ᠠᠴᠠ ᠵᠠᠶᠢᠯᠠᠰᠬᠢᠪᠠ᠃      ︵ᠭᠤᠷᠪᠠ︶ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠢ ᠴᠢᠩᠭᠠᠳᠬᠠᠪᠠ      ᠡᠯ᠎ᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠨᠢ ᠣᠯᠠᠨ ᠲᠦᠮᠡᠨ ᠤ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠵᠢᠴᠢ ᠥᠨᠳᠥᠷ ᠨᠠᠰᠤᠨ ᠤ ᠨᠡᠮᠡᠭᠦᠷᠢ ᠮᠥᠩᠭᠦ᠂ ᠭᠤᠷᠪᠠᠨ ᠠᠷᠠᠳ ᠤᠨ ᠲᠣᠭᠲᠠᠭᠠᠭᠰᠠᠨ ᠠᠷᠠᠳ ᠲᠤ ᠨᠥᠬᠦᠪᠥᠷᠢ ᠥᠭᠬᠦ᠂ ᠥᠨᠥᠴᠢᠨ ᠬᠡᠤᠬᠡᠳ ᠢ ᠠᠰᠠᠷᠠᠨ ᠬᠥᠮᠦᠵᠢᠭᠦᠯᠬᠦ ᠨᠥᠬᠦᠪᠥᠷᠢ ᠮᠥᠩᠭᠦ ᠵᠡᠷᠭᠡ ᠠᠷᠠᠳ ᠤᠨ ᠠᠮᠢᠳᠤᠷᠠᠯ ᠤᠨ ᠪᠠᠯᠠ ᠮᠥᠩᠭᠦ ᠶᠢ ᠣᠯᠭᠤᠭᠰᠠᠨ ᠪᠠᠶᠢᠳᠠᠯ ᠢ ᠬᠠᠷᠢᠭᠤᠴᠠᠪᠠ ︵ᠰᠠᠷ᠎ᠠ ᠪᠠᠷ᠂ ᠤᠯᠠᠷᠢᠯ ᠢᠶᠠᠷ ᠠᠳᠠᠯᠢ ᠪᠤᠰᠤ︶ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠵᠦ᠂ ᠣᠯᠠᠨ ᠲᠦᠮᠡᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠪᠡ᠃      ᠬᠤᠰᠢᠭᠤᠨ ᠤ ᠬᠢᠨᠠᠨ ᠥᠭᠡᠷᠡᠴᠢᠯᠡᠬᠦ ᠠᠯᠪᠠᠨ ᠬᠡᠷ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠲᠣᠰ ᠱᠠᠲᠤᠨ ᠤ ᠠᠷᠠᠳ ᠤᠨ ᠶᠠᠪᠤᠳᠠᠯ ᠤᠨ ᠠᠵᠢᠯ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠥᠬᠦ ᠲᠠᠯ᠎ᠠ ᠪᠠᠷ ᠡᠮᠬᠢᠯᠡᠨ ᠨᠤᠲᠠᠯᠠᠬᠤ ᠶᠢᠨ ᠬᠠᠮᠲᠤ ᠵᠠᠰᠠᠭ ᠤᠨ ᠣᠷᠳᠣᠨ ᠤ ᠦᠶᠯᠡᠴᠢᠯᠡᠭᠡᠨ ᠤ ᠲᠣᠪᠴᠢᠶ᠎ᠠ ᠳᠤ ᠮᠡᠳᠡᠭᠦᠯᠪᠡ᠃ ᠮᠠᠨ ᠤ ᠲᠣᠪᠴᠢᠶᠠᠨ ᠤ ᠭᠤᠶᠤᠴᠢᠯᠠᠭᠰᠠᠨ ᠵᠦᠶᠯ ᠢ ᠦᠨᠳᠦᠰᠦᠯᠡᠨ ᠨᠡᠶᠢᠲᠡ 40 ᠵᠦᠶᠯ ᠬᠡᠷᠡᠭᠯᠡᠨ᠎ᠡ᠂ ᠡᠭᠦᠨ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ᠄ ᠭᠤᠤᠯ ᠵᠦᠶᠯ 9 ᠵᠦᠶᠯ᠂ ᠬᠤᠪᠢᠶᠠᠷᠢ ᠵᠦᠶᠯ 31 ᠵᠦᠶᠯ᠂ ᠵᠠᠰᠠᠭ ᠵᠠᠬᠢᠷᠭᠠᠨ ᠤ ᠨᠤᠲᠠᠯᠠᠬᠤ ᠵᠦᠶᠯᠡᠰ᠄ ᠭᠤᠤᠯ ᠵᠦᠶᠯ 10 ᠵᠦᠶᠯ᠂ ᠬᠤᠪᠢᠶᠠᠷᠢ ᠵᠦᠶᠯ 13 ᠵᠦᠶᠯ᠂ ᠵᠠᠰᠠᠭ ᠵᠠᠬᠢᠷᠭᠠᠨ ᠤ ᠣᠯᠭᠤᠬᠤ ᠵᠦᠶᠯᠡᠰ᠄ 6 ᠵᠦᠶᠯ ᠂ ᠵᠠᠰᠠᠭ ᠵᠠᠬᠢᠷᠭᠠᠨ ᠤ ᠱᠠᠩᠨᠠᠯ ᠤᠨ ᠵᠦᠶᠯᠡᠰ᠄ 5 ᠵᠦᠶᠯ᠂ ᠪᠤᠰᠤᠳ ᠵᠠᠰᠠᠭ ᠵᠠᠬᠢᠷᠭᠠᠨ ᠤ ᠡᠷᠬᠡ ᠶᠢᠨ ᠵᠦᠶᠯᠡᠰ᠄ ᠭᠤᠤᠯ ᠵᠦᠶᠯ 11 ᠵᠦᠶᠯ᠂ ᠬᠤᠪᠢᠶᠠᠷᠢ ᠵᠦᠶᠯ 14 ᠵᠦᠶᠯ ᠪᠠᠭᠲᠠᠨ᠎ᠠ᠃ ᠡᠷᠬᠡ ᠲᠤᠰᠢᠶᠠᠯ ᠤᠨ ᠶᠣᠰᠣᠭᠠᠷ ᠬᠢᠭᠰᠡᠨ ᠵᠦᠶᠯᠡᠰ ᠨᠢ ᠨᠡᠶᠢᠲᠡ 85 ᠵᠦᠶᠯ ᠪᠠᠶᠢᠵᠤ᠂ ᠡᠭᠦᠨ ᠳᠤ ᠵᠠᠰᠠᠭ ᠵᠠᠬᠢᠷᠭᠠᠨ ᠤ ᠰᠢᠢᠳᠬᠡᠯ 79 ᠵᠦᠶᠯ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ 3 ᠵᠦᠶᠯ᠂ ᠵᠠᠰᠠᠭ ᠵᠠᠬᠢᠷᠭᠠᠨ ᠤ ᠬᠢᠨᠠᠯᠲᠠ ᠪᠠᠶᠢᠴᠠᠭᠠᠯᠲᠠ 3 ᠵᠦᠶᠯ ᠪᠣᠶ᠃      ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ︽ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ︾ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠬᠠᠷᠢᠶᠠᠯᠠᠭᠳᠠᠬᠤ ᠵᠦᠶᠯᠡᠰ ᠤᠨ ᠬᠠᠤᠯᠢ ᠴᠠᠭᠠᠵᠠ ᠶᠢᠨ ᠦᠨᠳᠦᠰᠦᠯᠡᠯ᠂ ᠠᠵᠢᠯ ᠶᠠᠪᠤᠳᠠᠯ ᠭᠦᠶᠴᠡᠳᠬᠡᠬᠦ ᠲᠠᠰ ᠳᠠᠷᠠᠭᠠᠯᠠᠯ᠂ ᠠᠮᠠᠯᠠᠯᠲᠠ ᠶᠢᠨ ᠴᠠᠭ ᠤᠨ ᠬᠢᠵᠠᠭᠠᠷ ᠵᠡᠷᠭᠡ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠦᠶᠯᠡᠴᠢᠯᠡᠭᠡᠨ ᠤ ᠴᠤᠪᠤᠷᠠᠯ ᠪᠠ ᠠᠵᠢᠯ ᠶᠠᠪᠤᠳᠠᠯ ᠭᠦᠶᠴᠡᠳᠬᠡᠬᠦ ᠮᠠᠲ᠋ᠧᠷᠢᠶᠠᠯ ᠢ ᠴᠠᠭᠠᠰᠢᠳᠠ ᠳᠥᠭᠦᠮᠴᠢᠯᠡᠨ ᠰᠢᠯᠢᠳᠡᠭᠵᠢᠭᠦᠯᠵᠦ᠂ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠤᠨ ᠭᠠᠷᠴᠠᠭ ᠪᠠ ᠦᠶᠯᠡᠴᠢᠯᠡᠭᠡᠨ ᠤ ᠵᠦᠭᠯᠡᠭᠦᠷ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠦᠨᠳᠦᠰᠦᠨ ᠱᠠᠲᠤᠨ ᠤ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠥᠬᠦᠮ ᠦᠵᠡᠭᠦᠯᠪᠡ᠃      ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ ᠵᠠᠩᠭᠢ ᠶᠢ ᠤᠬᠠᠭᠤᠯᠬᠤ ᠪᠤᠯᠤᠩ ᠢᠶᠠᠷ ᠳᠠᠮᠵᠢᠭᠤᠯᠤᠨ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠠᠪᠤᠷᠠᠨ ᠲᠤᠰᠠᠯᠠᠬᠤ ᠨᠥᠬᠦᠴᠡᠯ᠂ ᠠᠪᠤᠷᠠᠨ ᠲᠤᠰᠠᠯᠠᠬᠤ ᠪᠠᠷᠢᠮᠵᠢᠶ᠎ᠠ᠂ ᠠᠪᠤᠷᠠᠨ ᠲᠤᠰᠠᠯᠠᠬᠤ ᠲᠠᠰ ᠳᠠᠷᠠᠭᠠᠯᠠᠯ ᠵᠡᠷᠭᠡ ᠪᠠᠶᠢᠳᠠᠯ ᠢ ᠴᠠᠭ ᠲᠤᠬᠠᠶ ᠳᠤᠨᠢ ᠢᠯᠡ ᠲᠣᠳᠣ ᠪᠣᠯᠭᠠᠪᠠ᠃ ᠡᠭᠦᠨ ᠤ ᠬᠠᠮᠲᠤ ᠪᠠᠰᠠ ᠸᠢᠴᠠᠲ ᠤᠨ ᠴᠠᠬᠢᠮ ᠲᠠᠪᠴᠠᠩ ᠳᠤ ᠤᠯᠠᠷᠢᠯ ᠢᠶᠠᠷ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠡᠶᠢᠲᠡ ᠶᠢᠨ ᠵᠠᠷ ᠢ ᠨᠡᠶᠢᠲᠡᠯᠡᠵᠦ᠂ ᠢᠯᠡ ᠪᠠᠷ ᠠᠪᠤᠷᠠᠨ ᠲᠤᠰᠠᠯᠠᠬᠤ ᠶᠢ ᠭᠦᠢᠴᠡᠳᠬᠡᠪᠡ᠃ ᠬᠢᠨᠠᠨ ᠬᠠᠷᠭᠤᠭᠤᠯᠬᠤ ᠶᠠᠪᠤᠴᠠ ᠳᠤ᠂ ᠮᠠᠭᠠᠳᠯᠠᠨ ᠲᠣᠭᠲᠠᠭᠠᠬᠤ ᠳᠤ ᠵᠠᠪᠠᠯ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠨᠠᠷᠢᠪᠴᠢᠯᠠᠨ ᠬᠠᠷᠭᠤᠭᠤᠯᠬᠤ ᠶᠢ ᠪᠠᠷᠢᠮᠲᠠᠯᠠᠵᠤ᠂ ᠭᠤᠶᠤᠴᠢᠯᠠᠯ ᠤᠨ ᠮᠠᠲ᠋ᠧᠷᠢᠶᠠᠯ ᠢ ᠵᠢᠷᠤᠮᠵᠢᠭᠤᠯᠤᠨ᠂ ᠬᠡᠷ ᠪᠦᠯᠢ ᠶᠢᠨ ᠣᠷᠣᠯᠭ᠎ᠠ ᠶᠢ ᠦᠨᠡᠨ ᠪᠣᠳᠠᠲᠠᠶ ᠪᠠᠷ ᠲᠠᠭᠯᠠᠪᠠ︔ ᠠᠷᠠᠳᠴᠢᠯᠠᠯ ᠢᠶᠠᠷ ᠦᠨᠡᠯᠡᠬᠦ ᠳᠤᠭᠤᠶᠢᠯᠠᠩ ᠤᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠦᠨᠡᠯᠡᠭᠰᠡᠨ ᠦᠷ᠎ᠡ ᠳ᠋ᠦᠩ ᠢᠶᠠᠷ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠢᠨᠠᠨ ᠬᠠᠷᠭᠤᠭᠤᠯᠬᠤ ᠴᠣᠷ ᠤᠨ ᠭᠠᠭᠴᠠ ᠦᠨᠳᠦᠰᠦᠯᠡᠯ ᠪᠣᠯᠭᠠᠬᠤ᠂ ᠠᠷᠠᠳᠴᠢᠯᠠᠯ ᠢᠶᠠᠷ ᠦᠨᠡᠯᠡᠬᠦ ᠶᠢ ᠶᠣᠰᠣᠨ ᠲᠡᠳᠦᠶ ᠥᠩᠭᠡᠷᠡᠭᠦᠯᠬᠦ ᠵᠡᠷᠭᠡ ᠠᠰᠠᠭᠤᠳᠠᠯ ᠢ ᠲᠠᠰᠤ ᠵᠣᠭᠰᠣᠭᠠᠪᠠ᠃ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠴᠢᠩᠳᠠᠯᠠᠬᠤ ᠶᠢᠨ ᠲᠥᠯᠥᠭᠡ᠂ ᠮᠠᠨ ᠤ ᠬᠤᠰᠢᠭᠤᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠢᠴᠢ ᠲᠤᠰᠬᠠᠶ ᠪᠡᠯᠡ ᠮᠥᠩᠭᠦ ᠶᠢ ᠬᠤᠰᠢᠭᠤᠨ ᠤ ᠡᠳ᠋ ᠤᠨ ᠵᠠᠰᠠᠭ ᠠᠴᠠ ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠥᠭᠴᠦ᠂ ᠲᠤᠰᠬᠠᠶ ᠵᠣᠭᠤᠰ ᠢ ᠲᠤᠰᠬᠠᠶ ᠵᠦᠢᠯ ᠳᠤ ᠬᠡᠷᠡᠭᠯᠡᠨ᠎ᠡ᠂ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠰᠠᠷ᠎ᠠ ᠪᠠᠷ ᠰᠠᠯᠭᠠᠨ ᠥᠭᠴᠦ᠂ ᠰᠠᠷ᠎ᠠ ᠪᠠᠷ ᠲᠠᠷᠬᠠᠭᠠᠬᠤ ᠶᠢᠨ ᠬᠠᠮᠲᠤ ᠬᠤᠲᠠ ᠬᠥᠳᠡᠭᠡ ᠶᠢᠨ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠤᠲᠠ ᠬᠥᠳᠡᠭᠡ ᠶᠢᠨ ᠠᠪᠤᠷᠠᠨ ᠲᠤᠰᠠᠯᠠᠬᠤ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠬᠢᠨᠠᠨ ᠵᠥᠪᠰᠢᠶᠡᠷᠡᠬᠦ᠂ ᠬᠢᠨᠠᠨ ᠪᠠᠶᠢᠴᠠᠭᠠᠬᠤ᠂ ᠭᠤᠶᠤᠴᠢᠯᠠᠬᠤ ᠲᠠᠰ ᠳᠠᠷᠠᠭᠠᠯᠠᠯ ᠢ ᠴᠢᠩᠳᠠᠯᠠᠵᠤ᠂ ᠠᠷᠠᠳᠴᠢᠯᠠᠯ ᠢᠶᠠᠷ ᠦᠨᠡᠯᠡᠬᠦ᠂ ᠵᠠᠷ ᠨᠠᠭᠠᠵᠤ ᠨᠡᠶᠢᠲᠡᠯᠡᠬᠦ ᠠᠷᠭ᠎ᠠ ᠶᠢ ᠪᠠᠷᠢᠮᠲᠠᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠶᠢᠨ ᠬᠠᠮᠲᠤ ᠨᠡᠶᠢᠭᠡᠮ ᠲᠣᠭᠤᠷᠢᠭ᠂ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠬᠡᠷ ᠤᠨ ᠢᠯᠡ ᠪᠤᠯᠤᠩ ᠳᠤ ᠴᠠᠭ ᠲᠤᠬᠠᠶ ᠳᠤᠨᠢ ᠢᠯᠡ ᠲᠣᠳᠣ ᠪᠣᠯᠭᠠᠵᠤ᠂ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠠᠰᠠᠭᠤᠳᠠᠯ ᠢ ᠣᠯᠵᠤ ᠮᠡᠳᠡᠪᠡᠯ᠂ ᠳᠠᠷᠤᠶ ᠲᠦᠷᠭᠡᠨ ᠪᠠᠶᠢᠴᠠᠭᠠᠨ ᠵᠣᠬᠢᠴᠠᠭᠤᠯᠪᠠ᠃      ᠬᠤᠶᠠᠷ᠂ ᠵᠠᠰᠠᠭ ᠤᠨ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠭᠰᠠᠨ ᠪᠠᠶᠢᠳᠠᠯ     ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠭᠤᠷᠪᠠ᠂ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠦᠰᠡᠯᠲᠡ ᠪᠠᠷ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠬᠦᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠭᠰᠠᠨ ᠵᠠᠰᠠᠭ ᠵᠠᠬᠢᠷᠭᠠᠨ ᠤ ᠲᠠᠬᠢᠨ ᠵᠥᠪᠯᠡᠭᠰᠡᠨ᠂ ᠵᠠᠰᠠᠭ ᠵᠠᠬᠢᠷᠭᠠᠨ ᠤ ᠬᠡᠷᠡᠭ ᠮᠠᠷᠭᠤᠭᠠᠨ ᠢᠶᠠᠷ ᠳᠠᠬᠢᠨ ᠳᠤᠷᠠᠳᠤᠭᠳᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ            ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ      ᠣᠷᠣᠰᠢᠵᠤ ᠪᠠᠶᠢᠭ᠎ᠠ ᠭᠤᠣᠯ ᠠᠰᠠᠭᠤᠳᠠᠯ ᠭᠡᠪᠡᠯ᠄ ᠨᠢᠭᠡ ᠳᠤ ᠢᠳᠡᠪᠬᠢᠲᠠᠢ ᠪᠠᠷ ᠢᠯᠡ ᠲᠣᠳᠣ ᠪᠣᠯᠭᠠᠬᠤ ᠠᠵᠢᠯ ᠢ ᠤᠬᠠᠭᠠᠯᠠᠭᠰᠠᠨ ᠢᠶᠠᠷ ᠬᠦᠷᠦᠯᠴᠡᠬᠦ ᠦᠭᠡᠶ ᠬᠤᠶᠠᠷ ᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠱᠠᠭᠠᠷᠳᠠᠯᠭ᠎ᠠ ᠲᠠᠢ ᠪᠠᠶᠢᠨ᠎ᠠ᠃      ᠵᠢᠷᠭᠤᠭ᠎ᠠ᠂ ᠪᠤᠰᠤᠳ ᠮᠡᠳᠡᠭᠦᠯᠬᠦ ᠴᠢᠬᠤᠯᠠᠲᠠᠢ ᠵᠦᠢᠯ     ᠮᠡᠳᠡᠭᠦᠯᠬᠦ ᠴᠢᠬᠤᠯᠠ ᠲᠠᠢ ᠪᠤᠰᠤᠳ ᠵᠦᠢᠯ ᠪᠠᠶᠢᠬᠤ ᠦᠭᠡᠢ᠃      ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号