ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤᠨ ᠤ ᠠᠷᠠᠳ ᠤᠨ ᠵᠠᠰᠠᠭ ᠤᠨ ᠣᠷᠳᠣᠨ ᠤ 2021 ᠣᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2022/2/28
     ᠲᠣᠰ ᠮᠡᠳᠡᠭᠦᠯᠦᠯᠲᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 711 ᠳ᠋ᠦ᠋ᠭᠡᠷ ᠲᠣᠭᠠᠲᠤ︶ ᠪᠣᠯᠤᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠣᠨ ᠤ ᠮᠡᠳᠡᠭᠦᠯᠦᠯᠲᠡ ᠶᠢᠨ ᠬᠤᠯᠪᠣᠭᠳᠠᠯ ᠪᠥᠬᠦᠶ ᠵᠦᠶᠯᠡᠰ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠬᠢᠭᠡᠳ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠠᠯᠪᠠᠨ ᠬᠡᠷ ᠤᠨ ᠮᠡᠳᠡᠭᠳᠡᠯ︾ ︵ᠲᠥᠷᠥ ᠠᠯᠪᠠᠨ ᠠᠵᠢᠯ ᠡᠷᠭᠢᠯᠡᠬᠦ ᠵᠠᠬᠢᠳᠠᠯ ﹇2019﹈ 60 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠰᠤᠮᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠬᠤᠯᠪᠣᠭᠳᠠᠯ ᠪᠥᠬᠦᠶ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠲᠠᠢ ᠤᠶᠠᠯᠳᠤᠭᠤᠯᠤᠨ ᠭᠠᠷᠭᠠᠪᠠ᠃ ᠮᠡᠳᠡᠭᠦᠯᠦᠯᠲᠡ ᠳᠤ ᠭᠤᠣᠯᠳᠠᠭᠤ᠄ ᠶᠡᠷᠦᠩᠬᠡᠢ ᠨᠥᠬᠦᠴᠡᠯ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠭᠰᠠᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠭᠤᠶᠤᠴᠢᠯᠠᠯ ᠢ ᠣᠯᠤᠭᠰᠠᠨ ᠪᠠ ᠰᠢᠶᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠴᠠ ᠪᠤᠯᠵᠤ ᠭᠤᠶᠤᠴᠢᠯᠠᠭᠳᠠᠭᠰᠠᠨ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠦᠭᠰᠡᠨ ᠪᠠ ᠵᠠᠰᠠᠭ ᠵᠠᠬᠢᠷᠭᠠᠨ ᠤ ᠵᠠᠷᠭᠤ ᠬᠢᠭᠰᠡᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠳᠠᠯ ᠪᠠ ᠮᠡᠳᠡᠭᠦᠯᠬᠦ ᠱᠠᠭᠠᠷᠳᠠᠯᠭ᠎ᠠ ᠲᠠᠢ ᠪᠤᠰᠤᠳ ᠵᠦᠢᠯᠡᠰ ᠪᠠᠭᠲᠠᠨ᠎ᠠ᠃ ᠲᠣᠰ ᠮᠡᠳᠡᠭᠦᠯᠦᠯᠲᠡ ᠳᠤ ᠬᠡᠷᠡᠭᠯᠡᠭᠰᠡᠨ ᠲᠤᠭ᠎ᠠ ᠪᠠᠷᠢᠮᠲᠠ ᠶᠢ ᠪᠦᠷᠢᠳᠬᠡᠬᠦ ᠬᠤᠭᠤᠴᠠᠭ᠎ᠠ ᠨᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ᠃ ᠬᠡᠷᠪᠡ ᠲᠣᠰ ᠮᠡᠳᠡᠭᠦᠯᠦᠯᠲᠡ ᠳᠤ ᠶᠠᠮᠠᠷ ᠨᠢᠭᠡᠨ ᠮᠠᠳᠠᠭ ᠲᠠᠢ ᠪᠠᠶᠢᠪᠠᠯ᠂ ᠡᠷᠬᠡᠬᠠᠰᠢᠬ᠎ᠠ ᠰᠤᠮᠤᠨ ᠤ ᠠᠷᠠᠳ ᠤᠨ ᠵᠠᠰᠠᠭ ᠤᠨ ᠣᠷᠳᠣᠨ ᠤ ᠨᠠᠮ ᠵᠠᠰᠠᠭ ᠤᠨ ᠠᠯᠪᠠᠨ ᠬᠡᠷ ᠲᠠᠢ ᠬᠠᠷᠢᠯᠴᠠᠭᠠᠷᠠᠶ ︵ᠬᠠᠶ᠋ᠢᠭ᠄ ᠡᠷᠬᠡᠬᠠᠰᠢᠬ᠎ᠠ ᠰᠤᠮᠤᠨ ᠤ ᠠᠷᠠᠳ ᠤᠨ ᠵᠠᠰᠠᠭ ᠤᠨ ᠣᠷᠳᠣᠨ᠂ ᠰᠢᠤᠳᠠᠨ ᠤ ᠨᠣᠮᠧᠷ᠄ 750300︶      ᠨᠢᠭᠡ᠂ ᠶᠡᠷᠦᠩᠬᠡᠢ ᠨᠥᠬᠦᠴᠡᠯ ᠪᠠᠶᠢᠳᠠᠯ      2021 ᠣᠨ ᠳᠤ᠂ ᠮᠠᠨ ᠤ ᠰᠤᠮᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠲᠦᠷᠢᠮ︾ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠪᠠ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤ ᠥᠭᠬᠦ ᠶᠢ ᠴᠢᠩᠭᠠᠳᠬᠠᠬᠤ ᠶᠢᠨ ᠲᠣᠭᠤᠷᠢᠨ ᠳᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠦᠯᠲᠡ ᠶᠢ ᠢᠯᠡ ᠲᠣᠳᠣ ᠪᠣᠯᠭᠠᠬᠤ ᠶᠢ ᠤᠷᠤᠭᠰᠢ ᠠᠬᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠮᠡᠳᠡᠭᠡ ᠵᠠᠩᠭᠢ ᠶᠢ ᠢᠯᠡ ᠲᠣᠳᠣ ᠪᠣᠯᠭᠠᠬᠤ᠂ ᠵᠠᠰᠠᠭ ᠤᠨ ᠶᠠᠪᠤᠳᠠᠯ ᠢ ᠢᠯᠡ ᠲᠣᠳᠣ ᠪᠣᠯᠭᠠᠬᠤ ᠲᠠᠪᠴᠠᠩ ᠤᠨ ᠪᠠᠶᠢᠭᠤᠯᠤᠯᠲᠠ᠂ ᠬᠢᠨᠠᠯᠲᠠ ᠲᠠᠯᠪᠢᠵᠤ ᠪᠠᠲᠤᠯᠠᠬᠤ ᠪᠠ ᠪᠠᠷᠢᠮᠵᠢᠶᠠᠵᠢᠭᠤᠯᠵᠤ ᠵᠢᠷᠤᠮᠵᠢᠭᠤᠯᠬᠤ ᠶᠢ ᠡᠮᠬᠢ ᠴᠡᠭᠴᠡ ᠲᠠᠢ ᠠᠬᠢᠭᠤᠯᠬᠤ ᠶᠢ ᠭᠦᠨᠵᠡᠭᠡᠶᠢᠷᠡᠭᠦᠯᠪᠡ᠃ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠬᠠᠮᠢᠶ᠎ᠠ ᠪᠥᠬᠦᠶ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ ᠠᠵᠢᠯ ᠤᠨ ᠲᠥᠯᠥᠪᠯᠡᠭᠡ ᠶᠢ ᠴᠠᠭ ᠲᠤᠬᠠᠶ ᠳᠤᠨᠢ ᠲᠣᠭᠲᠠᠭᠠᠵᠤ᠂ ᠪᠣᠳᠠᠲᠠᠶ ᠠᠵᠢᠯ᠂ ᠬᠠᠷᠠᠯᠲᠠ ᠶᠢ ᠢᠯᠡ ᠲᠣᠳᠣ ᠪᠣᠯᠭᠠᠬᠤ ᠡᠭᠦᠷᠭᠡ ᠶᠢ ᠳᠣᠭᠢᠷᠠᠭᠤᠯᠤᠨ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠪᠠ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠦᠴᠦᠨ ᠴᠢᠳᠠᠪᠤᠷᠢ ᠶᠢᠨ ᠪᠠᠶᠢᠭᠤᠯᠤᠯᠲᠠ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠢᠨᠠᠨ ᠰᠢᠯᠭᠠᠬᠤ ᠬᠡᠪᠴᠢᠶᠡᠨ ᠳᠤ ᠰᠤᠮᠤ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠤ ᠳᠠᠭᠤᠷ ᠡᠭᠦᠷᠭᠡᠯᠡᠵᠦ᠂ ᠪᠤᠰᠤᠳ ᠪᠠᠭ ᠤᠨ ᠭᠡᠰᠢᠭᠦᠨ᠂ ᠬᠤᠶᠠᠳᠤᠭᠠᠷ ᠳᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠭᠠᠴᠠᠭᠠᠨ ᠤ ᠡᠷᠬᠢᠯᠡᠭᠴᠢ ᠪᠠᠷ ᠪᠦᠷᠢᠯᠳᠦᠬᠦᠨ ᠪᠣᠯᠭᠠᠭᠰᠠᠨ ᠤᠳᠤᠷᠢᠳᠬᠤ ᠳᠤᠭᠤᠶᠢᠯᠠᠩ ᠪᠣᠯᠭᠠᠵᠠᠶ᠃ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠯᠤᠨ ᠪᠣᠳᠠᠲᠠᠶ ᠭᠠᠷᠲᠠᠨ ᠭᠦᠶᠴᠡᠳᠬᠡᠬᠦ ᠠᠵᠢᠯᠲᠠᠨ᠂ ᠰᠤᠮᠤᠨ ᠤ ᠡᠯ᠎ᠡ ᠲᠣᠪᠴᠢᠶ᠎ᠠ᠂ ᠥᠷᠲᠡᠭᠡ᠂ ᠠᠯᠪᠠᠨ ᠬᠡᠷ᠂ ᠭᠠᠵᠠᠷ᠂ ᠲᠥᠪ ᠤᠨ ᠬᠠᠷᠢᠭᠤᠴᠠᠯᠭᠠᠲᠠᠨ ᠤ ᠢᠯᠡ ᠲᠣᠳᠣ ᠪᠣᠯᠭᠠᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠤᠮᠤᠨ ᠤ ᠨᠠᠮ ᠵᠠᠰᠠᠭ ᠤᠨ ᠠᠯᠪᠠᠨ ᠬᠡᠷ ᠢ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠲᠠᠰᠤᠭ ᠪᠣᠯᠭᠠᠨ ᠲᠣᠭᠲᠠᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠡᠳᠦᠷ ᠲᠤᠲᠤᠮ ᠤᠨ ᠠᠵᠢᠯ ᠢ ᠬᠠᠷᠢᠭᠤᠴᠠᠭᠤᠯᠪᠠ᠃ ᠡᠭᠦᠨ ᠤ ᠬᠠᠮᠲᠤ᠂ ᠰᠤᠮᠤᠨ ᠤ ᠡᠯ᠎ᠡ ᠠᠯᠪᠠᠨ ᠬᠡᠷ ᠠᠴᠠ ᠨᠢᠭᠡ ᠠᠵᠢᠯᠲᠠᠨ ᠲᠣᠮᠢᠯᠠᠵᠤ᠂ ᠰᠠᠷ᠎ᠠ ᠪᠦᠷᠢ ᠨᠠᠮ ᠵᠠᠰᠠᠭ ᠤᠨ ᠠᠯᠪᠠᠨ ᠬᠡᠷ ᠲᠤ ᠮᠡᠳᠡᠭᠡ ᠵᠠᠩᠭᠢ ᠮᠡᠳᠡᠭᠦᠯᠦᠨ ᠬᠦᠷᠭᠡᠪᠡ᠃ ᠡᠯ᠎ᠡ ᠭᠠᠴᠠᠭ᠎ᠠ ᠲᠣᠰᠬᠤᠨ ᠤ ᠶᠠᠪᠤᠳᠠᠯ ᠢ ᠢᠯᠡ ᠲᠣᠳᠣ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠢ ᠵᠣᠬᠢᠴᠠᠩᠭᠤᠶ ᠪᠠᠷ ᠪᠠᠶᠢᠭᠤᠯᠵᠤ᠂ ᠪᠥᠬᠦ ᠰᠤᠮᠤᠨ ᠤ ᠰᠤᠮᠤ ᠭᠠᠴᠠᠭ᠎ᠠ ᠳᠤ ᠴᠥᠮ ᠠᠩᠬᠠᠷᠤᠯ ᠢᠶᠠᠨ ᠬᠠᠨᠳᠤᠭᠤᠯᠵᠤ ᠬᠠᠮᠲᠤ ᠪᠠᠷ ᠬᠠᠮᠢᠶᠠᠷᠬᠤ ᠪᠠᠶᠢᠳᠠᠯ ᠢ ᠪᠣᠶ ᠪᠣᠯᠭᠠᠵᠤ᠂ ᠵᠠᠰᠠᠭ ᠤᠨ ᠶᠠᠪᠤᠳᠠᠯ᠂ ᠲᠣᠰᠬᠤᠨ ᠤ ᠶᠠᠪᠤᠳᠠᠯ ᠢ ᠢᠯᠡ ᠲᠣᠳᠣ ᠪᠣᠯᠭᠠᠬᠤ ᠠᠵᠢᠯ ᠢ ᠤᠷᠤᠭᠰᠢᠲᠠᠶ ᠥᠷᠨᠢᠭᠦᠯᠬᠦ ᠳᠤ ᠴᠢᠩᠭ᠎ᠠ ᠡᠷᠴᠢᠮᠲᠡᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃      ︵ᠬᠤᠶᠠᠷ︶ ᠲᠦᠷᠢᠮ ᠢᠶᠠᠷ ᠬᠢᠵᠠᠭᠠᠷᠯᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠢ ᠪᠠᠶᠢᠩᠭᠤᠵᠢᠭᠤᠯᠤᠨ ᠶᠠᠪᠤᠭᠳᠠᠭᠤᠯᠬᠤ ᠶᠢ ᠠᠬᠢᠭᠤᠯᠪᠠ᠃ 2021 ᠣᠨ ᠳᠤ᠂ ᠡᠷᠬᠡᠬᠠᠰᠢᠬ᠎ᠠ ᠰᠤᠮᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠲᠦᠷᠢᠮ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠪᠡ᠃ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠲᠦᠷᠢᠮ ᠢ ᠲᠣᠭᠲᠠᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠲᠤᠰᠬᠠᠶ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠨᠣᠪᠴᠢᠲᠠᠶ ᠪᠥᠭᠡᠳ ᠴᠠᠭ ᠲᠤᠬᠠᠶ ᠳᠤᠨᠢ ᠢᠯᠡ ᠲᠣᠳᠣ ᠪᠣᠯᠭᠠᠬᠤ ᠶᠢ ᠪᠦᠲᠦᠮᠵᠢᠲᠡᠶ ᠤᠷᠤᠭᠰᠢ ᠠᠬᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠵᠢᠷᠤᠮᠵᠢᠭᠰᠠᠨ᠂ ᠪᠠᠶᠢᠩᠭᠤᠵᠢᠭᠰᠠᠨ ᠠᠵᠢᠯᠯᠠᠭᠠᠨ ᠢ ᠦᠨᠡᠨᠬᠦ ᠪᠠᠲᠤᠯᠠᠪᠠ᠃      ︵ᠭᠤᠷᠪᠠ︶ ᠰᠢᠮᠳᠠᠭᠤᠯᠤᠨ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠴᠠᠭ ᠲᠤᠨᠢ ᠳᠣᠭᠢᠷᠠᠭᠤᠯᠤᠨ ᠢᠯᠡ ᠲᠣᠳᠣ ᠪᠣᠯᠭᠠᠪᠠ᠃ ᠤᠯᠠᠷᠢᠯ ᠪᠦᠷᠢ ᠳᠤ ᠢᠯᠡ ᠲᠣᠳᠣ ᠪᠣᠯᠭᠠᠬᠤ ᠭᠠᠷᠴᠠᠭ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠤᠯᠠᠷᠢᠯ ᠢᠶᠠᠷ ᠢᠯᠡ ᠲᠣᠳᠣ ᠪᠣᠯᠭᠠᠬᠤ ᠲᠦᠷᠢᠮ ᠢ ᠴᠢᠩᠭ᠎ᠠ ᠬᠡᠷᠡᠭᠵᠢᠭᠦᠯᠦᠨ᠂ ᠢᠯᠡ ᠲᠣᠳᠣ ᠪᠣᠯᠭᠠᠬᠤ ᠠᠴᠠ ᠡᠮᠦᠨ᠎ᠡ ᠨᠢᠭᠡᠴᠢ ᠶᠢᠨ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠪᠡᠶᠡᠯᠡᠭᠦᠯᠵᠦ᠂ 2021 ᠣᠨ ᠳᠤ ᠡᠷᠬᠡᠬᠠᠰᠢᠬ᠎ᠠ ᠰᠤᠮᠤᠨ ᠤ ᠸᠢᠴᠠᠲ ᠤᠨ ᠴᠠᠬᠢᠮ ᠲᠠᠪᠴᠠᠩ ᠳᠤ ᠡᠳ᠋ ᠤᠨ ᠶᠠᠪᠤᠳᠠᠯ᠂ ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠭᠰᠠᠨ ᠨᠥᠬᠦᠪᠥᠷᠢ᠂ ᠠᠮᠢ ᠠᠬᠤᠶ ᠶᠢᠨ ᠣᠷᠴᠢᠨ ᠲᠣᠭᠤᠷᠢᠨ ᠤ ᠰᠢᠮᠳᠠᠭᠤᠯᠤᠨ ᠪᠠᠶᠢᠴᠠᠭᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠶᠯ ᠤᠨ ᠬᠡᠷᠡᠭᠵᠢᠭᠦᠯᠦᠯᠲᠡ ᠵᠢᠴᠢ ᠬᠥᠳᠡᠯᠦᠩᠭᠦᠶ ᠬᠠᠮᠢᠶᠠᠷᠤᠯᠲᠠ ᠶᠢᠨ ᠪᠠᠶᠢᠳᠠᠯ ᠵᠡᠷᠭᠡ 450 ᠬᠤᠪᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠪᠠ᠃ ᠰᠤᠮᠤ ᠳᠤ ᠢᠯᠡ ᠨᠡᠶᠢᠲᠡᠯᠡᠬᠦ ᠠᠴᠠ ᠭᠠᠳᠠᠨ᠎ᠠ᠂ ᠭᠠᠴᠠᠭ᠎ᠠ ᠶᠢ ᠰᠢᠮᠳᠠᠭᠤᠯᠵᠤ ᠪᠠᠶᠢᠭᠠᠳ ᠸᠢᠴᠠᠲ ᠤᠨ ᠪᠥᠭᠡᠮᠨᠡᠷᠡᠯ ᠢ ᠳᠠᠮᠵᠢᠭᠤᠯᠤᠨ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ︽ᠭᠤᠷᠪᠠᠨ ᠶᠠᠪᠤᠳᠠᠯ ᠢ ᠢᠯᠡ ᠲᠣᠳᠣ ᠪᠣᠯᠭᠠᠬᠤ︾ ᠲᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠳ ᠤᠨ ᠠᠩᠬᠠᠷᠴᠤ ᠬᠠᠯᠠᠮᠵᠢᠯᠠᠵᠤ ᠪᠠᠶᠢᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠨᠡᠶᠢᠭᠡᠮ ᠢ ᠵᠠᠰᠠᠬᠤ ᠵᠡᠷᠭᠡ ᠠᠭᠤᠯᠭ᠎ᠠ ᠶᠢ ᠤᠯᠠᠷᠢᠯ ᠢᠶᠠᠷ ᠴᠢᠩᠭ᠎ᠠ ᠢᠯᠡ ᠲᠣᠳᠣ ᠪᠣᠯᠭᠠᠬᠤ ᠶᠢᠨ ᠬᠠᠮᠲᠤ᠂ ᠠᠭᠤᠯᠭ᠎ᠠ ᠶᠢ ᠬᠥᠳᠡᠯᠦᠩᠭᠦᠶ ᠪᠠᠷ ᠬᠠᠮᠢᠶᠠᠷᠴᠤ᠂ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠢ ᠴᠠᠭ ᠲᠤᠬᠠᠶ ᠳᠤᠨᠢ ᠵᠢᠷᠤᠮᠵᠢᠭᠤᠯᠤᠨ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠪᠡ᠃      ︵ᠳᠥᠷᠪᠡ︶ ᠠᠴᠢᠶᠠᠯᠠᠪᠤᠷᠢ ᠶᠢᠨ ᠠᠷᠭ᠎ᠠ ᠵᠠᠮ ᠢ ᠥᠷᠭᠡᠨ ᠢᠶᠠᠷ ᠨᠡᠭᠡᠭᠡᠵᠦ᠂ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠠᠷᠠᠳ ᠲᠤ ᠲᠥᠬᠦᠮ ᠦᠵᠡᠭᠦᠯᠵᠦ ᠠᠷᠠᠳ ᠲᠤ ᠦᠶᠯᠡᠴᠢᠯᠡᠬᠦ ᠴᠢᠭᠯᠡᠯ ᠢᠶᠠᠷ ᠬᠥᠭᠵᠢᠬᠦ ᠶᠢ ᠠᠬᠢᠭᠤᠯᠪᠠ᠃ ᠡᠷᠬᠡᠬᠠᠰᠢᠬ᠎ᠠ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠡᠯ᠎ᠡ ᠵᠦᠶᠯ ᠤᠨ ᠬᠡᠯᠪᠡᠷᠢ ᠪᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠢ ᠤᠬᠠᠭᠤᠯᠵᠤ᠂ ᠡᠯ᠎ᠡ ᠰᠠᠯᠠᠭ᠎ᠠ ᠲᠠᠰᠤᠭ ᠰᠠᠯᠠᠭ᠎ᠠ ᠮᠥᠴᠢᠷ ᠪᠠ ᠬᠠᠷᠢᠶ᠎ᠠ ᠠᠵᠢᠯ ᠦᠶᠯᠡᠰ ᠤᠨ ᠨᠢᠭᠡᠴᠢ ᠶᠢ ᠰᠢᠮᠳᠠᠭᠤᠯᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠳᠦ ᠱᠠᠲᠤᠨ ᠳᠤ ᠮᠡᠳᠡᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠳᠤ ᠴᠠᠭ ᠲᠤᠬᠠᠶ ᠳᠤᠨᠢ ᠰᠠᠭᠤᠷᠢ ᠮᠡᠳᠡᠭᠡ ᠵᠠᠩᠭᠢ ᠬᠠᠩᠭᠠᠪᠠ᠃ ︽ᠲᠦᠷᠢᠮ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢ ᠲᠥᠪᠯᠡᠷᠡᠭᠦᠯᠦᠨ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠨᠢᠭᠤᠴᠠ ᠶᠢ ᠬᠠᠮᠠᠭᠠᠯᠠᠬᠤ ᠲᠦᠷᠢᠮ ᠤᠨ ᠲᠣᠭᠲᠠᠭᠠᠯ ᠢ ᠴᠢᠩᠭ᠎ᠠ ᠵᠢᠷᠤᠮᠯᠠᠭᠰᠠᠨ ᠮᠥᠷᠲᠡᠭᠡᠨ ᠪᠠᠰᠠ ︽ᠢᠯᠡ ᠲᠣᠳᠣ ᠪᠣᠯᠭᠠᠬᠤ ᠶᠣᠰᠣᠲᠠᠶ᠂ ᠠᠯᠢ ᠴᠢᠳᠠᠬᠤ ᠪᠠᠷ ᠢᠯᠡ ᠲᠣᠳᠣ ᠪᠣᠯᠭᠠᠬᠤ︾ ᠶᠢ ᠪᠡᠶᠡᠯᠡᠭᠦᠯᠵᠡᠶ᠃ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠷᠭ᠎ᠠ ᠵᠠᠮ ᠢ ᠪᠠᠶᠢᠭᠤᠯᠤᠨ ᠪᠦᠷᠢᠨᠰᠢᠬᠦᠯᠵᠦ᠂ ᠸᠢᠴᠠᠲ ᠤᠨ ᠠᠩᠬᠠᠷᠤᠯ ᠲᠠᠯᠪᠢᠵᠤ ᠪᠠᠶᠢᠭ᠎ᠠ ᠬᠥᠮᠦᠨ ᠤ ᠲᠤᠭ᠎ᠠ 1315 ᠬᠥᠮᠦᠨ ᠳᠤ ᠬᠦᠷᠴᠦ᠂ ᠡᠷᠬᠡᠬᠠᠰᠢᠬ᠎ᠠ ᠰᠤᠮᠤᠨ ᠤ ᠸᠢᠴᠠᠲ ᠤᠨ ᠴᠠᠬᠢᠮ ᠲᠠᠪᠴᠠᠩ ᠳᠡᠭᠡᠷ᠎ᠡ ᠨᠡᠶᠢᠲᠡ 949 ᠵᠤᠷᠪᠤᠰ ᠮᠡᠳᠡᠭᠡ ᠵᠠᠩᠭᠢ ᠶᠢ ᠢᠳᠡᠪᠬᠢᠲᠠᠢ ᠪᠠᠷ ᠨᠠᠶᠢᠷᠠᠭᠤᠯᠤᠨ ᠬᠢᠨᠠᠵᠤ᠂ ᠲᠣᠪᠴᠢᠳᠠᠭᠰᠠᠨ ᠬᠡᠮᠵᠢᠶ᠎ᠡ ᠶᠢ ᠬᠤᠶᠠᠷ ᠲᠦᠮᠡ ᠶᠢᠰᠦᠨ ᠮᠢᠩᠭ᠎ᠠ ᠤᠳᠠᠭ᠎ᠠ ᠠᠴᠠ ᠳᠡᠭᠡᠭᠰᠢ ᠪᠣᠯᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠵᠤ ᠠᠷᠠᠳ ᠲᠤ ᠲᠥᠬᠦᠮ ᠦᠵᠡᠭᠦᠯᠬᠦ ᠴᠢᠳᠠᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠪᠠ᠃      ︵ᠲᠠᠪᠤ︶ ᠨᠢᠭᠤᠴᠠ ᠶᠢ ᠬᠠᠮᠠᠭᠠᠯᠠᠬᠤ ᠰᠤᠷᠭᠠᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠠᠮᠤᠷ ᠲᠦᠪᠰᠢᠨ ᠵᠢᠴᠢ ᠨᠢᠭᠤᠴᠠ ᠶᠢ ᠬᠠᠮᠠᠭᠠᠯᠠᠬᠤ ᠶᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠭᠦᠢᠴᠡᠳᠬᠡᠪᠡ᠃ 2021 ᠣᠨ ᠳᠤ᠂ ᠮᠠᠨ ᠤ ᠰᠤᠮᠤ ︽ᠲᠦᠷᠢᠮ︾ ᠵᠢᠴᠢ ᠳᠡᠭᠡᠳᠦ ᠱᠠᠲᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠬᠡᠨ ᠭᠤᠤᠯᠯᠠᠨ ᠬᠠᠮᠢᠶᠠᠷᠪᠠᠯ ᠬᠡᠨ ᠬᠢᠨᠠᠨ ᠪᠠᠶᠢᠴᠠᠭᠠᠬᠤ᠂ ᠬᠡᠨ ᠬᠢᠨᠠᠨ ᠪᠠᠶᠢᠴᠠᠭᠠᠪᠠᠯ ᠬᠡᠨ ᠬᠠᠷᠢᠭᠤᠴᠠᠬᠤ᠂ ᠤᠷᠢᠳ ᠢᠶᠠᠷ ᠬᠢᠨᠠᠨ ᠪᠠᠶᠢᠴᠠᠭᠠᠵᠤ ᠳᠠᠷᠠᠭ᠎ᠠ ᠨᠢ ᠢᠯᠡ ᠲᠣᠳᠣ ᠪᠣᠯᠭᠠᠬᠤ︾ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯᠲᠠᠨ ᠤ ᠮᠡᠳᠡᠭᠡ ᠵᠠᠩᠭᠢ ᠶᠢᠨ ᠠᠮᠤᠷ ᠲᠦᠪᠰᠢᠨ ᠵᠢᠴᠢ ᠨᠢᠭᠤᠴᠠ ᠶᠢ ᠬᠠᠮᠠᠭᠠᠯᠠᠬᠤ ᠬᠥᠮᠦᠵᠢᠯ ᠰᠤᠷᠭᠠᠯᠲᠠ ᠶᠢ ᠴᠢᠩᠭᠠᠳᠬᠠᠪᠠ᠃      ᠬᠤᠶᠠᠷ᠂ ᠵᠠᠰᠠᠭ ᠤᠨ ᠮᠡᠳᠡᠭᠡ ᠵᠠᠩᠭᠢ ᠶᠢ ᠢᠳᠡᠪᠬᠢᠲᠠᠢ ᠪᠠᠷ ᠢᠯᠡ ᠲᠣᠳᠣ ᠪᠣᠯᠭᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠭᠤᠷᠪᠠ᠂ ᠣᠯᠠᠨ ᠨᠡᠶᠢᠲᠡ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠬᠦᠰᠡᠯᠲᠡ ᠪᠠᠷ ᠳᠦᠷᠢᠮ ᠵᠢᠷᠤᠮ᠂ ᠪᠠᠶᠢᠭᠤᠯᠭ᠎ᠠ ᠶᠢᠨ ᠡᠷᠬᠡ ᠮᠡᠳᠡᠯ ᠢ ᠦᠨᠳᠦᠰᠦᠯᠡᠨ ᠬᠦᠯᠢᠶᠡᠨ ᠠᠪᠤᠭᠰᠠᠨ ᠪᠠ ᠰᠢᠶᠳᠪᠦᠷᠢᠯᠡᠭᠰᠡᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ      ᠳᠥᠷᠪᠡ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠭᠰᠠᠨ ᠵᠠᠰᠠᠭ ᠵᠠᠬᠢᠷᠭᠠᠨ ᠤ ᠲᠠᠬᠢᠨ ᠵᠥᠪᠯᠡᠭᠰᠡᠨ᠂ ᠵᠠᠰᠠᠭ ᠵᠠᠬᠢᠷᠭᠠᠨ ᠤ ᠬᠡᠷᠡᠭ ᠮᠠᠷᠭᠤᠭᠠᠨ ᠢᠶᠠᠷ ᠳᠠᠬᠢᠨ ᠳᠤᠷᠠᠳᠤᠭᠳᠠᠭᠰᠠᠨ ᠪᠠᠶᠢᠳᠠᠯ      ᠨᠠᠷᠢᠨ ᠠᠭᠤᠯᠭ᠎ᠠ ᠶᠢ ᠨᠢ ᠠᠳᠡ ᠲᠣᠪᠰᠢᠵᠤ ᠦᠵᠡᠭᠡᠷᠡᠢ            ᠲᠠᠪᠤ᠂ ᠣᠷᠣᠰᠢᠵᠤ ᠪᠠᠶᠢᠭ᠎ᠠ ᠭᠤᠣᠯ ᠠᠰᠠᠭᠤᠳᠠᠯ ᠵᠢᠴᠢ ᠰᠠᠶᠢᠵᠢᠷᠠᠭᠤᠯᠤᠭᠰᠠᠨ ᠪᠠᠶᠢᠳᠠᠯ      2021᠂ ᠮᠠᠨ ᠤ ᠰᠤᠮᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ  ᠨᠢ ᠵᠢᠷᠤᠮᠵᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠢᠯᠡ ᠲᠣᠳᠣ ᠪᠣᠯᠭᠠᠬᠤ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠵᠣᠬᠢᠬᠤ ᠠᠬᠢᠴᠠ ᠪᠠ ᠦᠷ᠎ᠡ ᠪᠦᠲᠦᠮᠵᠢ ᠣᠯᠤᠭᠰᠠᠨ ᠪᠣᠯᠪᠠᠴᠤ ᠪᠠᠰᠠ ᠵᠠᠷᠢᠮ ᠬᠦᠷᠦᠯᠴᠡᠬᠦ ᠥᠬᠡᠶ ᠲᠠᠯ᠎ᠠ ᠪᠠ ᠠᠰᠠᠭᠤᠳᠠᠯ ᠣᠷᠣᠰᠢᠵᠤ ᠪᠠᠶᠢᠨ᠎ᠠ᠃ ᠡᠭᠦᠨ ᠤ ᠭᠤᠣᠯ ᠢᠯᠡᠷᠡᠯ ᠭᠡᠪᠡᠯ᠄ ᠨᠢᠭᠡ ᠳᠤ ᠡᠩᠨᠡᠭᠡᠨ ᠤ ᠪᠠᠶᠢᠭᠤᠯᠤᠯᠲᠠ ᠶᠢ ᠮᠥᠨ ᠴᠢᠩᠭᠠᠳᠬᠠᠬᠤ ᠱᠠᠭᠠᠷᠳᠠᠯᠭ᠎ᠠ ᠲᠠᠢ ᠪᠠᠶᠢᠨ᠎ᠠ᠃ ᠣᠳᠣᠬᠠᠨ ᠳᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠢ ᠬᠠᠷᠢᠭᠤᠴᠠᠵᠤ ᠪᠠᠶᠢᠭ᠎ᠠ ᠠᠵᠢᠯᠲᠠᠨ 1 ᠬᠥᠮᠦᠨ ᠪᠠᠶᠢᠵᠤ᠂ ᠠᠵᠢᠯᠲᠠᠨ ᠬᠦᠷᠦᠯᠴᠡᠬᠦ ᠥᠬᠡᠶ᠂ ᠬᠦᠴᠦᠨ ᠬᠦᠷᠦᠯᠴᠡᠬᠦ ᠥᠬᠡᠶ᠂ ᠰᠢᠨ᠎ᠡ ᠪᠠᠷ ᠢᠷᠡᠭᠰᠡᠨ ᠠᠵᠢᠯᠲᠠᠨ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠳᠤ ᠣᠷᠣᠯᠴᠠᠬᠤ ᠲᠠᠯ᠎ᠠ ᠪᠠᠷ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢᠶᠠᠷ ᠳᠤᠲᠠᠮᠠᠭ ᠪᠠᠶᠢᠵᠤ᠂ ᠠᠵᠢᠯ ᠤᠨ ᠳᠤᠮᠳᠠ ᠪᠠᠨ ᠲᠠᠰᠤᠷᠠᠯᠲᠠ ᠥᠬᠡᠶ ᠰᠤᠷᠤᠯᠴᠠᠬᠤ ᠱᠠᠲᠤᠨ ᠳᠤ ᠣᠷᠣᠰᠢᠵᠤ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠮᠥᠨ ᠬᠦ ᠴᠢᠩᠭᠠᠳᠬᠠᠬᠤ ᠱᠠᠭᠠᠷᠳᠠᠯᠭ᠎ᠠ  ᠲᠠᠢ ᠪᠠᠶᠢᠨ᠎ᠠ᠃ ᠬᠤᠶᠠᠷ ᠲᠤ ᠢᠯᠡ ᠲᠣᠳᠣ ᠪᠣᠯᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠳᠡᠰ ᠳᠠᠪᠬᠤᠷᠭ᠎ᠠ ᠪᠦᠷᠢᠨ ᠪᠤᠰᠤ ᠪᠠᠶᠢᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠶᠢᠨ ᠣᠯᠠᠩᠬᠢ ᠨᠢ ᠠᠷᠠᠳ ᠤᠨ ᠶᠠᠪᠤᠳᠠᠯ ᠤᠨ ᠦᠶᠯᠡᠴᠢᠯᠡᠭᠡᠨ ᠤ ᠲᠥᠷᠥᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠶᠯ ᠤᠨ ᠵᠠᠷᠢᠮ ᠬᠥᠳᠡᠯᠦᠯ ᠪᠠᠶᠢᠳᠠᠯ ᠢᠶᠠᠷ ᠢᠯᠡᠷᠡᠵᠦ᠂ ᠪᠤᠰᠤᠳ ᠲᠣᠪᠴᠢᠶ᠎ᠠ᠂ ᠥᠷᠲᠡᠭᠡ᠂ ᠠᠯᠪᠠᠨ ᠬᠡᠷ᠂ ᠭᠠᠵᠠᠷ ᠤᠨ ᠬᠠᠷᠢᠯᠴᠠᠭ᠎ᠠ ᠨᠢᠭᠲᠠ ᠪᠢᠰᠢ᠂ ᠢᠯᠡ ᠲᠣᠳᠣ ᠪᠣᠯᠭᠠᠬᠤ ᠳᠤ ᠬᠤᠯᠪᠣᠭᠳᠠᠬᠤ ᠠᠭᠤᠯᠭ᠎ᠠ ᠨᠡᠯᠢᠶᠡᠳ ᠴᠥᠭᠡᠨ ᠪᠠᠶᠢᠨ᠎ᠠ᠃      ᠡᠮᠦᠨ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ 2021 ᠣᠨ ᠳᠤ᠂ ᠮᠠᠨ ᠤ ᠰᠤᠮᠤ ᠥᠪᠡᠷᠲᠡᠭᠡᠨ ᠵᠠᠰᠠᠬᠤ ᠣᠷᠣᠨ ᠢ ᠡᠷᠴᠢᠮᠲᠠᠢ ᠲᠤᠤᠱᠯᠠᠭᠤᠯᠵᠤ᠂ ᠠᠶᠢᠮᠠᠭ᠂ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠬᠠᠮᠢᠶ᠎ᠠ ᠪᠦᠬᠦᠢ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠦᠢᠯᠡᠴᠢᠯᠡᠭᠡᠨ ᠤ ᠤᠬᠠᠮᠰᠠᠷ ᠢᠶᠠᠨ ᠴᠠᠭᠠᠰᠢᠳᠠ ᠴᠢᠩᠭᠠᠳᠬᠠᠵᠤ᠂ ᠪᠤᠰᠤᠳ ᠰᠤᠮᠤ ᠠᠴᠠ ᠰᠤᠷᠤᠯᠴᠠᠵᠤ᠂ ᠲᠤᠷᠰᠢᠯᠭ᠎ᠠ ᠪᠠᠨ ᠳ᠋ᠦᠩᠨᠡᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭᠠᠳᠬᠠᠵᠤ᠂ ᠪᠢᠳᠡ ᠬᠤᠶᠢᠰᠢᠳᠠ ᠶᠢᠨ ᠠᠵᠢᠯ ᠤᠨ ᠳᠤᠮᠳᠠ ᠪᠠᠨ ᠨᠢᠭᠡ ᠳᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠪᠠᠷ ᠢᠷᠡᠭᠰᠡᠨ ᠠᠵᠢᠯᠲᠠᠨ ᠢ ᠵᠣᠬᠢᠶᠠᠨ ᠪᠠᠶᠢᠭᠤᠯᠤᠨ ᠪᠣᠯᠪᠠᠰᠤᠷᠠᠭᠤᠯᠵᠤ᠂ ᠲᠡᠳᠡᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠨᠡᠮᠡᠭᠳᠡᠭᠦᠯᠦᠨ᠂ ᠨᠢᠭᠡ ᠪᠦᠯᠦᠭ ᠬᠦᠴᠦᠨ ᠲᠡᠭᠦᠯᠳᠡᠷ ᠡᠩᠨᠡᠭᠡ ᠶᠢ ᠬᠥᠮᠦᠵᠢᠭᠦᠯᠦᠨ ᠭᠠᠷᠭᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠬᠢᠷᠢ ᠬᠡᠮᠵᠢᠶ᠎ᠡ᠂ ᠢᠯᠡ ᠲᠣᠳᠣ ᠪᠣᠯᠭᠠᠬᠤ ᠦᠷ᠎ᠡ ᠪᠦᠲᠦᠮᠵᠢ ᠪᠠ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢᠨ ᠬᠠᠮᠲᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ ᠬᠠᠮᠢᠶᠠᠷᠤᠯᠲᠠ ᠪᠠᠨ ᠴᠢᠩᠭᠠᠳᠬᠠᠵᠤ᠂ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠡᠷᠴᠢᠮ ᠢᠶᠠᠨ ᠴᠢᠩᠭᠠᠷᠠᠭᠤᠯᠤᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠲᠣᠳᠣ ᠪᠣᠯᠭᠠᠬᠤ ᠠᠭᠤᠯᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠰᠠᠶᠢᠵᠢᠷᠠᠭᠤᠯᠬᠤ ᠪᠠᠷ ᠴᠢᠷᠮᠠᠶᠢᠨ᠎ᠠ᠃      ᠵᠢᠷᠭᠤᠭ᠎ᠠ᠂ ᠪᠤᠰᠤᠳ ᠮᠡᠳᠡᠭᠦᠯᠬᠦ ᠴᠢᠬᠤᠯᠠᠲᠠᠢ ᠵᠦᠢᠯ      2021 ᠣᠨ ᠳᠤ ᠮᠠᠨ ᠤ ᠰᠤᠮᠤᠨ ᠳᠤ ᠮᠡᠳᠡᠭᠦᠯᠬᠦ ᠱᠠᠭᠠᠷᠳᠠᠯᠭ᠎ᠠ ᠲᠠᠢ ᠪᠤᠰᠤᠳ ᠤᠴᠢᠷ ᠶᠠᠪᠤᠳᠠᠯ ᠳᠠᠭᠢᠵᠤ ᠪᠠᠶᠢᠬᠤ ᠥᠬᠡᠶ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号