| | ᠤᠢ ᠰᠢᠭᠤᠶ ᠶᠢᠨ ᠳᠠᠷᠤᠭ᠎ᠠ ᠶᠢᠨ ᠲᠦᠷᠢᠮ ᠪᠣᠯ ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠪᠠᠰᠠ ᠨᠢᠭᠡᠨ ᠲᠣᠮᠣᠬᠠᠨ ᠲᠦᠷᠢᠮ ᠤᠨ ᠰᠢᠨ᠎ᠡ ᠡᠭᠦᠳᠦᠯᠲᠡ ᠮᠥᠨ᠃ | | | ᠨᠢᠭᠡ᠂ ᠣᠢ ᠰᠢᠭᠤᠢ ᠶᠢᠨ ᠳᠠᠷᠤᠭ᠎ᠠ ᠭᠡᠭᠴᠢ ᠶᠠᠮᠠᠷ ᠳᠠᠷᠤᠭ᠎ᠠ ᠪᠤᠢ︖ | | | ᠲᠣᠪᠴᠢᠯᠠᠪᠠᠯ᠄ ᠮᠤᠵᠢ᠂ ᠬᠤᠲᠠ᠂ ᠬᠤᠰᠢᠭᠤ ᠰᠢᠶᠠᠨ᠂ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠬᠠᠷᠢᠭᠤᠴᠠᠯᠭᠠᠲᠠᠨ ᠢᠶᠠᠷ ᠣᠢ ᠰᠢᠭᠤᠢ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠭᠤᠯᠬᠤ ᠳᠦᠷᠢᠮ | ᠪᠣᠯ ︽ᠨᠡᠷ᠎ᠡ ᠬᠠᠳᠠᠬᠤ ᠳᠦᠷᠢᠮ︾ ᠪᠢᠰᠢ᠂ ᠬᠠᠷᠢᠨ ᠬᠠᠷᠢᠭᠤᠴᠠᠯᠭ᠎ᠠ ᠶᠢᠨ ᠳᠦᠷᠢᠮ ᠮᠥᠨ᠃ ᠣᠶ ᠰᠢᠭᠤᠶ ᠶᠢᠨ | ᠳᠠᠷᠤᠭ᠎ᠠ ᠶᠢᠨ ᠲᠦᠷᠢᠮ ᠤᠨ ᠭᠤᠤᠯᠳᠠᠯᠭ᠎ᠠ ᠪᠣᠯ ︽ᠱᠠᠲᠤ ᠬᠤᠪᠢᠶᠠᠨ ᠬᠠᠷᠢᠭᠤᠴᠠᠬᠤ︾ ᠶᠠᠪᠤᠳᠠᠯ ᠪᠣᠯᠤᠨ᠎ᠠ᠂ ᠡᠯ᠎ᠡ | ᠱᠠᠲᠤᠨ ᠤ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ | ᠨᠥᠬᠦᠳ ᠣᠶ ᠰᠢᠭᠤᠶ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠪᠤᠰᠤᠳ ᠬᠠᠷᠢᠭᠤᠴᠠᠯᠭᠠᠲᠠᠨ ᠨᠥᠬᠦᠳ ᠳᠡᠳ᠋ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠮᠤᠵᠢ ᠬᠤᠲᠠ ᠬᠤᠰᠢᠭᠤ ᠰᠢᠶᠠᠨ ᠰᠢᠶᠠᠩ ᠲᠣᠰᠬᠤᠨ ᠲᠠᠪᠤᠨ ᠱᠠᠲᠤᠨ ᠤ | ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠰᠢᠰᠲ᠋ᠧᠮᠵᠢ ᠶᠢ ᠪᠠᠶᠢᠭᠤᠯᠤᠨ᠂ ᠲᠣᠭᠤᠷᠢᠭ ︵ᠬᠡᠰᠡᠭ︶ ᠬᠤᠪᠢᠶᠠᠨ | ᠬᠠᠷᠢᠭᠤᠴᠠᠬᠤ ᠶᠢ ᠬᠡᠷᠡᠭᠵᠢᠭᠦᠯᠵᠦ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠷᠢᠶ᠎ᠠ ᠭᠠᠵᠠᠷ ᠢ | ᠬᠠᠮᠠᠭᠠᠯᠠᠨ ᠬᠥᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ | | | ᠬᠤᠶᠠᠷ᠂ ᠶᠠᠭᠤᠨ ᠤ ᠤᠴᠢᠷ ᠠᠴᠠ ᠣᠢ ᠰᠢᠭᠤᠢ ᠶᠢᠨ ᠳᠠᠷᠤᠭ᠎ᠠ ᠶᠢ ᠭᠠᠷᠭᠠᠭᠰᠠᠨ ᠪᠤᠢ︖ | | | ᠲᠣᠪᠴᠢᠯᠠᠪᠠᠯ᠄ ᠴᠠᠭ ᠦᠶ᠎ᠡ ᠶᠢᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠠᠷᠠᠳ ᠣᠯᠠᠨ ᠤ | ᠬᠦᠰᠡᠯ ᠡᠷᠡᠮᠡᠯᠵᠡᠯ ᠳᠤ ᠨᠡᠶᠢᠴᠡᠵᠦ᠂ ᠵᠠᠷᠢᠮ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢᠨ ᠲᠥᠯᠥᠭᠡ᠂ | ᠬᠠᠤᠯᠢ ᠶᠢ ᠵᠥᠷᠢᠴᠡᠨ ᠣᠶᠢᠲᠤ ᠭᠠᠵᠠᠷ ᠡᠪᠡᠰᠦᠲᠦ ᠭᠠᠵᠠᠷ ᠢ ᠡᠵᠡᠯᠡᠨ ᠠᠪᠴᠤ᠂ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠢ ᠡᠪᠳᠡᠵᠦ ᠪᠠᠶᠢᠨ᠎ᠠ︔ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ | ᠬᠠᠮᠠᠭᠠᠯᠠᠯᠲᠠ ᠬᠢᠭᠡᠳ ᠣᠷᠣᠨ ᠨᠤᠲᠤᠭ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ | ᠡᠭᠦᠷᠭᠡ ᠬᠠᠷᠢᠭᠤᠴᠠᠯᠭ᠎ᠠ ᠶᠢᠨ ᠬᠢᠵᠠᠭᠠᠷᠯᠠᠯ ᠬᠠᠩᠭᠠᠯᠲᠠ ᠦᠭᠡᠢ᠂ ᠵᠥᠪᠬᠡᠨ ᠣᠶ ᠰᠢᠭᠤᠶ ᠡᠪᠡᠰᠦ ᠪᠡᠯᠴᠢᠭᠡᠷ ᠤᠨ | ᠰᠠᠯᠠᠭ᠎ᠠ ᠮᠥᠴᠢᠷ ᠲᠤ ᠲᠦᠰᠢᠭᠯᠡᠭᠡᠳ ᠰᠠᠨᠠᠭ᠎ᠠ ᠪᠠᠶᠢᠭᠠᠳ ᠤᠨᠤᠭ᠎ᠠ ᠬᠥᠷᠬᠦ ᠥᠬᠡᠶ ᠪᠣᠢ᠃ ᠣᠶ ᠰᠢᠭᠤᠶ ᠶᠢᠨ | ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠪᠠᠷ ᠳᠡᠮᠵᠢᠨ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ | ᠬᠠᠮᠠᠭᠠᠯᠠᠯᠲᠠ ᠳᠤ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ︽ᠭᠠᠭᠴᠠᠭᠠᠷ ᠭᠦᠢᠴᠡᠳᠬᠡᠬᠦ︾ ᠠᠴᠠ | ᠨᠠᠮ ᠵᠠᠰᠠᠭ ᠤᠨ ᠡᠯ᠎ᠡ ᠰᠠᠯᠠᠭ᠎ᠠ ᠮᠥᠴᠢᠷ ᠤᠨ ᠴᠥᠮ ᠳᠤᠨᠢ ᠠᠩᠬᠠᠷᠤᠯ ᠢᠶᠠᠨ ᠬᠠᠨᠳᠤᠭᠤᠯᠵᠤ ᠬᠠᠮᠲᠤ ᠪᠠᠷ ᠬᠠᠮᠢᠶᠠᠷᠬᠤ | ︽ᠬᠠᠮᠲᠤᠪᠠᠷ ᠭᠦᠢᠴᠡᠳᠬᠡᠬᠦ︾ ᠶᠢ ᠪᠡᠶᠡᠯᠡᠭᠦᠯᠦᠨ᠎ᠡ᠃ | | | ᠭᠤᠷᠪᠠ᠂ ᠣᠢ ᠰᠢᠭᠤᠢ ᠶᠢᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠨᠢ ᠶᠠᠭᠤ ᠪᠤᠢ︖ | | | ᠲᠣᠪᠴᠢᠯᠠᠪᠠᠯ᠄ ᠣᠶ ᠰᠢᠭᠤᠶ ᠨᠤᠲᠤᠭ ᠪᠡᠯᠴᠢᠭᠡᠷ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ | ᠬᠠᠷᠢᠭᠤᠴᠠᠬᠤ ᠣᠷᠣᠨ ᠪᠦᠰᠡ ᠶᠢᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ | ᠠᠵᠢᠯ ᠢ ᠰᠠᠶᠢᠲᠤᠷ ᠬᠠᠮᠠᠭᠠᠯᠠᠨ᠎ᠠ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ | ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ᠂ | ᠣᠶ ᠰᠢᠭᠤᠶ ᠶᠢᠨ ᠬᠠᠳᠠᠭᠠᠯᠠᠭᠳᠠᠴᠠ ᠶᠢᠨ ᠬᠡᠮᠵᠢᠶ᠎ᠡ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ | ᠬᠤᠴᠢᠯᠭ᠎ᠠ ᠶᠢᠨ ᠪᠦᠷᠬᠦᠴᠡ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠵᠠᠰᠠᠬᠤ ᠲᠠᠯᠠᠪᠠᠶ ᠵᠡᠷᠭᠡ ᠪᠠᠷ ᠴᠢᠬᠤᠯᠠ | ᠭᠦᠶᠴᠡᠳᠬᠡᠯ ᠲᠤᠭ᠎ᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠠᠷᠠᠯᠲᠠ ᠶᠢᠨ ᠡᠭᠦᠷᠭᠡ ᠶᠢ | ᠲᠣᠭᠲᠠᠭᠠᠨ᠎ᠠ︔ ᠣᠶ ᠰᠢᠭᠤᠶ ᠨᠤᠲᠤᠭ ᠪᠡᠯᠴᠢᠭᠡᠷ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠥᠯᠥᠪᠯᠡᠭᠡ ᠶᠢ | ᠵᠣᠬᠢᠶᠠᠨ ᠪᠠᠶᠢᠭᠤᠯᠤᠨ ᠲᠣᠭᠲᠠᠭᠠᠵᠤ᠂ ᠨᠢᠭᠡᠳᠦᠯᠲᠡᠶ ᠲᠥᠯᠥᠪᠯᠡᠨ ᠵᠠᠰᠠᠬᠤ ᠶᠢ ᠴᠢᠩᠭᠠᠳᠬᠠᠨ᠂ ᠲᠦᠷᠢᠮ ᠤᠨ | ᠪᠠᠶᠢᠭᠤᠯᠤᠯᠲᠠ ᠶᠢ ᠠᠬᠢᠭᠤᠯᠵᠤ᠂ ᠬᠠᠷᠢᠭᠤᠴᠠᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ︔ ᠬᠠᠷᠢᠭᠤᠴᠠᠬᠤ | ᠣᠷᠣᠨ ᠪᠦᠰᠡ ᠶᠢᠨ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ | ᠰᠢᠶᠳᠪᠦᠷᠢᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠶᠣᠰᠣᠭᠠᠷ ᠪᠥᠬᠦ ᠲᠠᠯ᠎ᠠ ᠪᠠᠷ | ᠬᠠᠮᠠᠭᠠᠯᠠᠨ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠠᠬᠢᠭᠤᠯᠤᠨ᠎ᠠ︔ ᠣᠶ ᠰᠢᠭᠤᠶ ᠨᠤᠲᠤᠭ ᠪᠡᠯᠴᠢᠭᠡᠷ ᠤᠨ | ᠰᠡᠷᠭᠡᠶᠢᠯᠡᠨ ᠭᠠᠯ ᠲᠦᠢᠮᠡᠷ ᠤᠨ ᠠᠶᠤᠯ ᠠᠴᠠ ᠰᠡᠷᠭᠡᠶᠢᠯᠡᠨ ᠭᠠᠯ ᠢ ᠤᠨᠲᠠᠷᠠᠭᠠᠬᠤ᠂ ᠬᠦᠨᠳᠦ ᠶᠡᠭᠡ ᠬᠥᠨᠥᠭᠡᠯᠲᠡᠶ | ᠠᠮᠢᠳᠤ ᠪᠣᠳᠠᠰ ᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠠᠵᠢᠯ ᠲᠥᠷᠥᠯ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠴᠢᠩᠭᠠᠷᠠᠭᠤᠯᠤᠨ᠎ᠠ᠃ | | | ᠲᠦᠷᠪᠡ᠂ ᠣᠢ ᠰᠢᠭᠤᠢ ᠶᠢᠨ ᠳᠠᠷᠤᠭ᠎ᠠ ᠶᠢᠨ ᠲᠦᠷᠢᠮ ᠤᠨ ᠬᠠᠷᠠᠯᠲᠠ ᠨᠢ ᠶᠠᠭᠤ ᠪᠤᠢ︖ | | | ᠲᠣᠪᠴᠢᠯᠠᠪᠠᠯ᠄ ᠠᠭᠤᠯᠠ ᠶᠢ ᠬᠠᠮᠢᠶᠠᠷᠬᠤ ᠬᠥᠮᠦᠨ ᠲᠠᠢ᠂ ᠣᠶ ᠰᠢᠭᠤᠶ ᠶᠢ ᠵᠣᠬᠢᠶᠠᠮᠠᠯ ᠬᠥᠮᠦᠨ ᠲᠠᠢ᠂ | ᠮᠣᠳᠣ ᠶᠢ ᠬᠠᠮᠠᠭᠠᠯᠠᠬᠤ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ ᠪᠠᠶᠢᠬᠤ ᠨᠢ ᠣᠶ ᠰᠢᠭᠤᠶ | ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠥᠳᠡᠯᠭᠡᠬᠦ ᠬᠦᠴᠦᠨ ᠤ ᠠᠰᠠᠭᠤᠳᠠᠯ ᠢ ᠦᠨᠳᠦᠰᠦᠨ ᠠᠴᠠ ᠨᠢ | ᠰᠢᠶᠳᠪᠦᠷᠢᠯᠡᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠠᠰᠠᠭᠤᠳᠠᠯ ᠢ ᠦᠨᠡᠨ ᠬᠦ ᠰᠢᠶᠳᠪᠦᠷᠢᠯᠡᠵᠦ᠂ | ᠦᠷᠭᠦᠯᠵᠢᠯᠡᠭᠦᠯᠦᠨ ᠬᠦᠴᠦᠯᠡᠬᠦ᠂ ᠥᠨᠢ ᠤᠳᠠᠭᠠᠨ ᠴᠢᠷᠮᠠᠶᠢᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠭᠰᠠᠨ ᠪᠠᠶᠢᠨ᠎ᠠ᠃ | | | ᠲᠠᠪᠤ᠂ ᠣᠢ ᠰᠢᠭᠤᠢ ᠶᠢᠨ ᠳᠠᠷᠤᠭ᠎ᠠ ᠶᠢᠨ ᠠᠵᠢᠯ ᠳᠤ ᠬᠡᠨ ᠬᠢᠨᠠᠯᠲᠠ ᠲᠠᠯᠪᠢᠬᠤ ᠪᠤᠢ︖ | | | ᠲᠣᠪᠴᠢᠯᠠᠪᠠᠯ᠄ ᠵᠠᠭᠤᠴᠢᠯᠠᠭᠤᠷ᠂ ᠨᠡᠶᠢᠭᠡᠮ᠂ ᠭᠤᠷᠪᠠᠳᠠᠬᠢ ᠡᠲᠡᠭᠡᠳ ᠴᠥᠮ ᠵᠠᠭᠤᠴᠢᠯᠠᠭᠤᠷ ᠲᠤ ᠬᠢᠨᠠᠯᠲᠠ | ᠲᠠᠯᠪᠢᠵᠤ ᠪᠣᠯᠤᠨ᠎ᠠ᠄ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠮᠡᠳᠡᠭᠡ ᠵᠠᠩᠭᠢ ᠨᠡᠶᠢᠲᠡᠯᠡᠬᠦ ᠲᠠᠪᠴᠠᠩ ᠢ | ᠪᠠᠶᠢᠭᠤᠯᠵᠤ᠂ ᠵᠠᠭᠤᠴᠢᠯᠠᠭᠤᠷ ᠢᠶᠠᠷ ᠳᠠᠮᠵᠢᠭᠤᠯᠤᠨ ᠨᠡᠶᠢᠭᠡᠮ ᠳᠤ ᠣᠶ ᠰᠢᠭᠤᠶ ᠶᠢᠨ ᠳᠠᠷᠤᠭ᠎ᠠ ᠶᠢᠨ ᠨᠡᠷᠡᠰ ᠢ ᠵᠠᠷᠯᠠᠨ | ᠨᠡᠶᠢᠲᠡᠯᠡᠨ᠎ᠡ᠃ ᠨᠡᠶᠢᠭᠡᠮ᠄ ᠬᠠᠷᠢᠭᠤᠴᠠᠬᠤ ᠣᠷᠣᠨ ᠪᠦᠰᠡ ᠶᠢᠨ ᠢᠯᠡᠷᠬᠡᠶ ᠣᠷᠣᠨ ᠪᠠᠶᠢᠷᠢ ᠳᠤ ᠣᠶ ᠰᠢᠭᠤᠶ ᠶᠢᠨ | ᠳᠠᠷᠤᠭ᠎ᠠ ᠶᠢᠨ ᠢᠯᠡ ᠨᠡᠶᠢᠲᠡᠯᠡᠬᠦ ᠫᠠᠶᠢᠰᠠ ᠪᠠᠶᠢᠷᠢᠯᠠᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠪᠠ ᠮᠡᠳᠡᠭᠡ | ᠵᠠᠩᠭᠢ ᠶᠢᠨ ᠮᠡᠳᠡᠭᠦᠯᠦᠯᠲᠡ ᠶᠢ ᠬᠦᠯᠢᠶᠡᠨ᠎ᠡ᠃ ᠭᠤᠷᠪᠠᠳᠠᠬᠢ ᠡᠲᠡᠭᠡᠳ᠄ ᠨᠥᠬᠦᠴᠡᠯ ᠲᠠᠢ ᠭᠠᠵᠠᠷ ᠣᠷᠣᠨ ᠳᠤ ᠣᠶ | ᠰᠢᠭᠤᠶ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠢ ᠭᠤᠷᠪᠠᠳᠠᠬᠢ ᠡᠲᠡᠭᠡᠳ ᠠᠴᠠ ᠦᠨᠡᠯᠡᠨ | ᠵᠢᠱᠢᠬᠦ ᠶᠢ ᠬᠡᠷᠡᠭᠵᠢᠭᠦᠯᠵᠦ᠂ ᠣᠶ ᠰᠢᠭᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠬᠥᠭᠵᠢᠯᠲᠡ ᠶᠢᠨ ᠪᠠᠶᠢᠳᠠᠯ ᠢ ᠵᠢᠯ | ᠪᠦᠷᠢ ᠨᠡᠶᠢᠲᠡᠯᠡᠵᠦ ᠪᠣᠯᠤᠨ᠎ᠠ᠃ | | | ᠵᠢᠷᠭᠤᠭ᠎ᠠ᠂ ᠣᠢ ᠰᠢᠭᠤᠢ ᠶᠢᠨ ᠳᠠᠷᠤᠭ᠎ᠠ ᠳᠤ ᠶᠠᠭᠠᠬᠢᠵᠤ ︽ᠬᠤᠪᠢ ᠥᠭᠬᠦ︾ ᠪᠤᠢ︖ | | ᠲᠣᠪᠴᠢᠯᠠᠪᠠᠯ᠄ ᠴᠢᠩᠭ᠎ᠠ ᠬᠢᠨᠠᠨ ᠰᠢᠯᠭᠠᠵᠤ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠪᠠᠶᠢᠭᠠᠳ ᠣᠶ | ᠰᠢᠭᠤᠶ ᠶᠢᠨ ᠳᠠᠷᠤᠭ᠎ᠠ ᠶᠢᠨ ᠲᠦᠷᠢᠮ ᠤᠨ ᠬᠢᠨᠠᠨ ᠵᠢᠯᠣᠭᠤᠳᠴᠤ ᠬᠢᠨᠠᠨ ᠰᠢᠯᠭᠠᠬᠤ ᠶᠢ ᠣᠶ ᠰᠢᠭᠤᠶ ᠪᠠ ᠨᠤᠲᠤᠭ | ᠪᠡᠯᠴᠢᠭᠡᠷ ᠤᠨ ᠶᠡᠷᠦᠩᠬᠡᠶᠢᠯᠡᠭᠰᠡᠨ ᠬᠢᠨᠠᠨ ᠪᠠᠶᠢᠴᠠᠭᠠᠵᠤ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ᠂ ᠬᠤᠰᠢᠭᠤ | ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠣᠶ ᠰᠢᠭᠤᠶ ᠶᠢᠨ ᠳᠠᠷᠤᠭ᠎ᠠ ᠨᠢ ᠳᠣᠤᠷ᠎ᠠ ᠨᠢᠭᠡ ᠱᠠᠲᠤᠨ ᠤ ᠣᠶ | ᠰᠢᠭᠤᠶ ᠶᠢᠨ ᠳᠠᠷᠤᠭ᠎ᠠ ᠶᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ᠃ ᠨᠠᠮ | ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ | ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠬᠡᠮᠵᠢᠯᠡᠬᠦ ᠲᠦᠷᠢᠮ ᠢ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ | ᠪᠡᠯᠴᠢᠭᠡᠷ ᠤᠨ ᠡᠬᠢ ᠪᠠᠶᠠᠯᠢᠭ ᠢ ᠬᠦᠨᠳᠦ ᠨᠣᠴᠢᠲᠠᠶ ᠡᠪᠳᠡᠭᠰᠡᠨ ᠪᠠᠶᠢᠪᠠᠯ᠂ ᠬᠤᠯᠪᠣᠭᠳᠠᠯ ᠪᠥᠬᠦᠶ ᠲᠣᠭᠲᠠᠭᠠᠯ ᠢ | ᠴᠢᠩᠭ᠎ᠠ ᠵᠢᠷᠤᠮᠯᠠᠨ ᠬᠠᠷᠢᠭᠤᠴᠠᠯᠭ᠎ᠠ ᠨᠡᠬᠡᠮᠵᠢᠯᠡᠨ᠎ᠡ᠃ | | | ᠲᠤᠯᠤᠭ᠎ᠠ᠂ ᠣᠢ ᠰᠢᠭᠤᠢ ᠶᠢᠨ ᠳᠠᠷᠤᠭ᠎ᠠ ᠶᠢᠨ ᠲᠦᠷᠢᠮ ᠢ ᠶᠠᠪᠤᠭᠤᠯᠬᠤ ᠳᠤ ᠶᠠᠮᠠᠷ ᠶᠠᠮᠠᠷ ᠭᠤᠣᠯ ᠡᠭᠦᠷᠭᠡ | ᠪᠠᠶᠢᠬᠤ ᠪᠤᠢ︖ | | | ᠲᠣᠪᠴᠢᠯᠠᠪᠠᠯ᠄ ᠣᠶ ᠰᠢᠭᠤᠶ ᠨᠤᠲᠤᠭ ᠪᠡᠯᠴᠢᠭᠡᠷ ᠢ ᠬᠠᠮᠠᠭᠠᠯᠠᠬᠤ ᠪᠣᠯ ᠭᠤᠤᠯᠳᠠᠯᠭ᠎ᠠ ᠮᠥᠨ᠂ ᠨᠢᠭᠡ ᠳᠤ ᠣᠶ | ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠢ ᠠᠬᠤᠶ ᠶᠢᠨ ᠬᠠᠮᠠᠭᠠᠯᠠᠯᠲᠠ ᠶᠢ ᠬᠤᠶᠠᠷ ᠲᠤ ᠣᠶ ᠰᠢᠭᠤᠶ | ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠢ ᠠᠬᠤᠶ ᠶᠢᠨ ᠰᠡᠷᠭᠦᠭᠡᠯᠲᠡ ᠶᠢ ᠴᠢᠩᠭᠠᠳᠬᠠᠨ᠎ᠠ ᠭᠤᠷᠪᠠ ᠳᠤ᠂ ᠤᠢ | ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠭᠠᠮᠰᠢᠭ ᠢ ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠨ᠎ᠠ︔ | ᠳᠥᠷᠪᠡ ᠳᠤ ᠣᠶ ᠰᠢᠭᠤᠶ ᠨᠤᠲᠤᠭ ᠪᠡᠯᠴᠢᠭᠡᠷ ᠤᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ | ᠲᠠᠪᠤ ᠳᠤ᠂ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠢᠨᠠᠨ ᠬᠡᠮᠵᠢᠵᠦ ᠬᠢᠨᠠᠨ ᠬᠠᠮᠢᠶᠠᠷᠬᠤ ᠶᠢ | ᠴᠢᠩᠭᠠᠳᠬᠠᠨ᠎ᠠ︔ ᠵᠢᠷᠭᠤᠭ᠎ᠠ ᠳᠤ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | | | | ᠨᠠᠢᠮᠠ᠂ ᠠᠷᠠᠳ ᠢᠷᠭᠡᠳ ᠤᠨ ︽ᠪᠡᠯᠡ ᠭᠠᠨᠵᠤᠭ᠎ᠠ︾ ᠶᠢ ᠬᠡᠷᠬᠢᠨ ᠳᠦᠭᠦᠷᠡᠩ ᠪᠣᠯᠭᠠᠬᠤ ᠶᠤᠮ ᠪᠣᠢ' | | | | ᠲᠣᠪᠴᠢᠯᠠᠪᠠᠯ᠄ ᠠᠵᠢᠯ ᠣᠯᠭᠤᠯᠲᠠ ᠶᠢᠨ ᠠᠵᠤ ᠦᠶᠯᠡᠰ ᠢ ᠥᠷᠭᠡᠳᠬᠡᠨ ᠠᠷᠠᠳ ᠢ ᠪᠠᠶᠠᠵᠢᠭᠤᠯᠵᠤ᠂ ᠣᠶ | ᠰᠢᠭᠤᠶ ᠶᠢᠨ ᠡᠵᠡᠩᠨᠡᠯᠲᠡ᠂ ᠤᠨᠴᠠᠯᠢᠬᠳᠤ ᠠᠵᠤ ᠦᠶᠯᠡᠰ ᠤᠨ ᠬᠥᠭᠵᠢᠯᠲᠡ᠂ ᠲᠤᠰᠬᠠᠶ ᠪᠠᠯᠠ ᠮᠥᠩᠭᠦ ᠶᠢᠨ | ᠣᠷᠣᠭᠤᠯᠤᠯᠲᠠ ᠵᠡᠷᠭᠡ ᠪᠠᠷ ᠳᠠᠮᠵᠢᠭᠤᠯᠤᠨ᠂ ᠣᠶ ᠰᠢᠭᠤᠶ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠶᠢᠲᠤ | ᠭᠠᠵᠠᠷ ᠤᠨ ᠭᠠᠷᠤᠯᠲᠠ ᠶᠢ ᠨᠡᠮᠡᠭᠳᠡᠭᠦᠯᠦᠨ᠂ ᠦᠨᠳᠦᠰᠦᠨ ᠱᠠᠲᠤᠨ ᠤ ᠣᠯᠠᠨ ᠲᠦᠮᠡᠨ ᠤ ᠠᠵᠢᠯ ᠣᠯᠭᠤᠯᠲᠠ ᠶᠢ | ᠥᠷᠭᠡᠳᠬᠡᠨ᠎ᠡ᠃ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠬᠥᠭᠵᠢᠭᠦᠯᠬᠦ | ᠬᠠᠷᠠᠯᠲᠠ ᠶᠢ ᠪᠡᠶᠡᠯᠡᠭᠦᠯᠬᠦ ᠶᠢᠨ ᠬᠠᠮᠲᠤ᠂ ᠠᠵᠤ ᠦᠶᠯᠡᠰ ᠢ ᠬᠥᠭᠵᠢᠭᠦᠯᠵᠦ ᠠᠷᠠᠳ ᠢ ᠪᠠᠶᠠᠵᠢᠭᠤᠯᠤᠨ᠎ᠠ᠃ ︽ᠠᠮᠢ | ᠠᠬᠤᠶ ᠶᠢᠨ ᠠᠰᠢᠭ︾ ᠢ ᠪᠥᠬᠦ ᠬᠦᠴᠦᠨ ᠢᠶᠠᠷ ᠢᠶᠠᠨ ᠪᠠᠳᠠᠷᠠᠭᠤᠯᠵᠤ᠂ ᠠᠮᠢ ᠠᠬᠤᠶ ᠶᠢ ᠭᠤᠶᠣ ᠰᠠᠶᠢᠬᠠᠨ᠂ ᠠᠵᠤ | ᠦᠶᠯᠡᠰ ᠢ ᠬᠥᠭᠵᠢᠭᠦᠯᠵᠦ᠂ ᠠᠷᠠᠳ ᠢᠷᠭᠡᠳ ᠢ ᠪᠠᠶᠠᠵᠢᠭᠤᠯᠬᠤ ᠶᠢ ᠪᠡᠶᠡᠯᠡᠭᠦᠯᠦᠨ᠎ᠡ᠃ | | | ᠶᠢᠰᠦ᠂ ᠤᠢ ᠰᠢᠭᠤᠶ ᠶᠢᠨ ᠳᠠᠷᠤᠭ᠎ᠠ ᠶᠢᠨ ᠳᠦᠷᠢᠮ ᠤᠨ ᠠᠵᠢᠯ ᠳᠤ ᠡᠩ ᠤᠨ ᠤᠯᠠᠨ ᠲᠦᠮᠡᠨ ᠬᠡᠷᠬᠢᠨ | ᠣᠷᠣᠯᠴᠠᠬᠤ ᠪᠤᠢ︖ | | | ᠡᠩ ᠤᠨ ᠣᠯᠠᠨ ᠲᠦᠮᠡᠨ ᠪᠣᠯᠤᠭᠰᠠᠨ ᠤ ᠬᠤᠪᠢ ᠳᠤ᠂ ᠬᠠᠵᠠᠭᠤ ᠠᠴᠠ ᠪᠠᠨ ᠡᠬᠢᠯᠡᠨ ᠪᠡᠶᠡᠯᠡᠭᠦᠯᠵᠦ ᠪᠣᠯᠤᠨ᠎ᠠ | ᠄ ᠨᠢᠭᠡ ᠳᠤ ᠣᠶ ᠰᠢᠭᠤᠶ ᠶᠢᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ︽ᠮᠡᠷᠭᠡᠨ ᠬᠥᠮᠦᠨ︾ ᠪᠣᠯᠤᠨ᠎ᠠ᠃ | ᠬᠡᠵᠢᠶ᠎ᠡ ᠴᠦ ᠭᠡᠰᠡᠨ ᠭᠠᠯ ᠤᠨ ᠰᠤᠷᠪᠤᠯᠵᠢ ᠶᠢ ᠤᠢ ᠰᠢᠭᠤᠶ ᠳᠤ ᠠᠪᠴᠤ ᠣᠷᠣᠵᠤ ᠪᠣᠯᠬᠤ ᠦᠬᠡᠢ᠂ ᠪᠤᠰᠤᠳ | ᠬᠥᠮᠦᠨ ᠤ ᠤᠢ ᠰᠢᠭᠤᠶ ᠶᠢᠨ ᠭᠠᠯ ᠤᠨ ᠠᠶᠤᠯ ᠡᠭᠦᠰᠭᠡᠵᠦ ᠮᠡᠳᠡᠬᠦ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ | ᠵᠣᠭᠰᠣᠭᠠᠨ᠎ᠠ︔ ᠬᠤᠶᠠᠷ ᠲᠤ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ︽ᠵᠣᠷᠢᠭᠲᠠᠶ ᠬᠥᠮᠦᠨ︾᠃ | ᠤᠯᠠᠨ ᠢᠶᠠᠷ ᠢᠶᠠᠨ ᠴᠥᠮ ᠤᠢ ᠰᠢᠭᠤᠶ ᠶᠢᠨ ᠡᠬᠢ ᠪᠠᠶᠠᠯᠢᠭ ᠢ ᠬᠠᠮᠠᠭᠠᠯᠠᠬᠤ ᠲᠣᠭᠤᠷᠢᠨ ᠬᠠᠮᠠᠭᠠᠯᠠᠭᠴᠢ ᠪᠠ ᠬᠢᠨᠠᠯᠲᠠ | ᠲᠠᠯᠪᠢᠭᠴᠢ ᠪᠤᠯᠵᠤ᠂ ᠬᠡᠭᠡᠷ᠎ᠡ ᠶᠢᠨ ᠠᠮᠢᠳᠠᠨ ᠢ ᠠᠩᠨᠠᠬᠤ᠂ ᠬᠤᠳᠠᠯᠳᠤᠬᠤ ᠪᠠ ᠤᠢ ᠮᠣᠳᠣ ᠶᠢ ᠳᠤᠷ᠎ᠠ ᠪᠠᠷ ᠢᠶᠠᠨ | ᠣᠭᠲᠣᠯᠵᠤ ᠳᠤᠷ᠎ᠠ ᠪᠠᠷ ᠢᠶᠠᠨ ᠣᠭᠲᠣᠯᠬᠤ ᠠᠵᠢᠯᠯᠠᠭ᠎ᠠ ᠲᠠᠢ ᠲᠣᠬᠢᠶᠠᠯᠳᠤᠪᠠᠯ᠂ ᠲᠤᠬᠠᠶ ᠶᠢᠨ ᠭᠠᠵᠠᠷ ᠤᠨ ᠤᠢ | ᠰᠢᠭᠤᠶ ᠶᠢᠨ ᠳᠠᠷᠤᠭ᠎ᠠ ᠶᠢᠨ ᠠᠯᠪᠠᠨ ᠭᠡᠷ ᠲᠤ ᠴᠠᠭ ᠲᠤᠬᠠᠶ ᠳᠤᠨᠢ ᠲᠤᠰᠬᠠᠳᠠᠭ᠃ ᠭᠤᠷᠪᠠ ᠳᠤ᠂ ᠢᠳᠡᠪᠬᠢᠲᠡᠢ ᠪᠠᠷ | ᠨᠣᠭᠤᠭᠠᠷᠠᠭᠤᠯᠵᠤ ᠨᠣᠭᠤᠭᠠᠷᠠᠭᠤᠯᠬᠤ ︽ᠬᠠᠷᠢᠭᠤᠴᠠᠯᠭᠠᠲᠠᠨ︾ ᠢ ᠲᠠᠷᠢᠬᠤ ᠬᠡᠷᠡᠭᠲᠡᠢ᠃ ᠣᠶ ᠰᠢᠭᠤᠶᠢᠲᠤ ᠬᠤᠲᠠ | ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠡᠮᠵᠢᠬᠦ ᠪᠠ | ᠲᠡᠭᠦᠨ ᠳᠤ ᠣᠷᠣᠯᠴᠠᠵᠤ᠂ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠣᠬᠢᠷᠲᠤᠯ ᠥᠬᠡᠶ ᠬᠡᠷ | ᠣᠷᠣᠨ ᠢ ᠬᠠᠮᠲᠤᠪᠠᠷ ᠴᠣᠭᠴᠠᠯᠠᠨ ᠪᠠᠶᠢᠭᠤᠯᠤᠨ᠎ᠠ᠃ | | ᠲᠠᠶᠢᠯᠤᠮᠵᠢ ᠬᠢᠭᠴᠢ᠄ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶᠠᠨ ᠤ ᠣᠶ ᠰᠢᠭᠤᠶ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ | | | ᠪᠢᠴᠢᠭ ᠮᠠᠲ᠋ᠧᠷᠢᠶᠠᠯ ᠤᠨ ᠴᠠᠬᠢᠮ ᠬᠠᠭᠤᠳᠠᠰᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ︽ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ | ᠬᠡᠷᠡᠭᠵᠢᠭᠦᠯᠬᠦ ᠰᠠᠨᠠᠯ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | | |