| ᠠᠯᠠᠱᠠ ᠵᠡᠭᠦᠨ ᠬᠤᠰᠢᠭᠤᠨ ᠤ ᠰᠢᠨ ᠶᠢᠨ ᠶᠤᠸᠠᠨ ᠠᠭᠤᠷᠬᠠᠢ ᠶᠢᠨ ᠭᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠵᠢᠯ ᠤᠨ 100 ᠲᠦᠮᠡᠨ ᠲᠣᠨ ᠱᠦᠢᠨᠢ ᠳᠤ ᠬᠡᠷᠡᠭᠯᠡᠬᠦ ᠴᠣᠬᠤᠢ ᠶᠢᠨ ᠴᠢᠯᠠᠭᠤᠯᠢᠭ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢᠨ ᠲᠥᠰᠥᠯ ᠢ 2022 ᠣᠨ ᠤ 1 ᠳ᠋ᠦ᠋ᠭᠡᠷ | ᠰᠠᠷ᠎ᠠ ᠶᠢᠨ 18 ᠤ ᠡᠳᠦᠷ ᠠᠯᠠᠱᠠ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠶᠢᠨ ᠵᠥᠪᠯᠡᠯ ᠤᠨ 2022 ᠣᠨ ᠤ ᠠᠩᠬᠠᠳᠤᠭᠠᠷ ᠬᠤᠷᠠᠯᠳᠤᠭᠠᠨ ᠳᠤ ᠬᠢᠨᠠᠨ ᠵᠥᠪᠯᠡᠵᠦ | ᠪᠠᠲᠤᠯᠠᠪᠠ᠃ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ | ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠂ ᠢᠯᠡ ᠲᠥᠯᠦᠪᠵᠢᠭᠦᠯᠭᠡ ᠶᠢ ᠬᠡᠷᠡᠭᠵᠢᠭᠦᠯᠵᠦ᠂ | ᠲᠥᠯᠦᠪᠵᠢᠭᠦᠯᠭᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠ ᠶᠢᠨ ᠠᠷᠠᠳ ᠤᠨ ᠬᠤᠳᠠ | ᠬᠥᠳᠡᠭᠡ ᠶᠢᠨ ᠲᠥᠯᠦᠪᠵᠢᠭᠦᠯᠭᠡ ᠶᠢᠨ ᠪᠠᠶᠢᠳᠠᠯ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠮᠠᠭᠠᠯᠠᠵᠤ᠂ ᠬᠤᠳᠠ | ᠬᠥᠳᠡᠭᠡ ᠶᠢᠨ ᠲᠥᠯᠦᠪᠵᠢᠭᠦᠯᠭᠡ ᠶᠢᠨ ᠬᠢᠷᠢ ᠬᠡᠮᠵᠢᠶ᠎ᠡ ᠬᠢᠭᠡᠳ ᠤᠯᠠᠨ ᠨᠡᠶᠢᠲᠡ ᠶᠢᠨ ᠣᠷᠤᠯᠴᠠᠬᠤ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠲᠤᠰᠠᠳᠠ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠢᠷᠢ ᠬᠡᠮᠵᠢᠶ᠎ᠡ ᠬᠢᠭᠡᠳ ᠤᠯᠠᠨ | ᠨᠡᠶᠢᠲᠡ ᠶᠢᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠲᠥᠯᠦᠪᠵᠢᠭᠦᠯᠭᠡ ᠶᠢᠨ ᠲᠥᠰᠥᠯ ᠢ ᠳᠣᠣᠷᠠᠬᠢ | ᠮᠡᠲᠦ ᠵᠠᠷᠯᠠᠨ ᠨᠡᠶᠢᠲᠡᠯᠡᠶ᠎ᠡ᠄ | ᠨᠢᠭᠡ᠂ ᠲᠥᠷᠥᠯ ᠵᠦᠢᠯ ᠤᠨ ᠨᠡᠷᠡᠶᠢᠳᠦᠯ᠄ ᠵᠢᠯ ᠳᠤ 100 ᠲᠦᠮᠡᠨ ᠲᠣᠨ ᠱᠦᠢᠨᠢ ᠨᠡᠭᠡᠭᠡᠨ ᠮᠠᠯᠲᠠᠬᠤ ᠳᠤ | ᠬᠡᠷᠡᠭᠯᠡᠬᠦ ᠴᠣᠬᠤᠢ ᠶᠢᠨ ᠴᠢᠯᠠᠭᠤᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ | ᠬᠤᠶᠠᠷ᠂ ᠪᠦᠲᠦᠭᠡᠨ ᠪᠠᠶᠢᠭᠤᠯᠤᠯᠲᠠ ᠶᠢᠨ ᠣᠷᠣᠨ ᠪᠠᠶᠢᠷᠢ᠄ ᠠᠯᠠᠱᠠ ᠵᠡᠭᠦᠨ ᠬᠤᠰᠢᠭᠤᠨ ᠤ ᠪᠠᠷᠠᠭᠤᠨ ᠪᠠᠯ | ᠪᠠᠯᠭᠠᠰᠤᠨ ᠤ ᠱᠠᠩᠬᠠᠢ ᠭᠠᠴᠠᠭ᠎ᠠ | ᠭᠤᠷᠪᠠ᠂ ᠪᠦᠲᠦᠭᠡᠨ ᠪᠠᠶᠢᠭᠤᠯᠬᠤ ᠨᠢᠭᠡᠴᠡ᠄ ᠠᠯᠠᠱᠠ ᠵᠡᠭᠦᠨ ᠬᠤᠰᠢᠭᠤᠨ ᠤ ᠰᠢᠨ ᠶᠢᠨ ᠶᠤᠸᠠᠨ ᠠᠭᠤᠷᠬᠠᠢ ᠶᠢᠨ | ᠭᠠᠷᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠳᠥᠷᠪᠡ᠂ ᠪᠦᠲᠦᠭᠡᠨ ᠪᠠᠶᠢᠭᠤᠯᠬᠤ ᠠᠭᠤᠯᠭ᠎ᠠ᠄ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠢ 35979 | ㎡᠂ ᠪᠠᠷᠢᠯᠭ᠎ᠠ ᠶᠢᠨ ᠶᠡᠷᠦᠩᠬᠡᠢ ᠲᠠᠯᠠᠪᠠᠢ 22749 ㎡᠂ ᠪᠠᠭᠲᠠᠭᠠᠮᠵᠢ ᠶᠢᠨ ᠲᠠᠯᠠᠪᠠᠢ 44639 ㎡᠂ | ᠪᠠᠷᠢᠯᠭ᠎ᠠ ᠶᠢᠨ ᠰᠠᠭᠤᠷᠢ ᠶᠢᠨ ᠲᠠᠯᠠᠪᠠᠢ 22749 ㎡᠂ ᠪᠠᠭᠲᠠᠭᠠᠮᠵᠢ ᠶᠢᠨ ᠨᠤᠷᠮ᠎ᠠ 1.24᠂ ᠪᠠᠷᠢᠯᠭ᠎ᠠ ᠶᠢᠨ | ᠨᠢᠭᠲᠠᠴᠠ ᠶᠢᠨ ᠬᠡᠮᠵᠢᠶ᠎ᠡ 64%᠂ ᠪᠠᠷᠢᠯᠭ᠎ᠠ ᠶᠢᠨ ᠢᠯᠡᠳᠬᠡᠮᠵᠢ ᠶᠢᠨ ᠬᠡᠮᠵᠢᠶ᠎ᠡ 64%᠃ ᠭᠠᠵᠠᠷ ᠰᠢᠷᠣᠢ ᠶᠢᠨ | ᠲᠥᠷᠥᠯ ᠨᠢ ᠬᠠᠮᠲᠤ ᠶᠢᠨ ᠪᠠᠶᠢᠭᠠᠯᠢ ᠶᠢᠨ ᠪᠡᠯᠴᠢᠭᠡᠷ ᠲᠤ ᠬᠠᠷᠢᠶᠠᠯᠠᠭᠳᠠᠨ᠎ᠠ᠃ 1 ᠳ᠋ᠦ᠋ᠭᠡᠷ ᠨᠣᠮᠧᠷᠲᠤ | ᠦᠢᠯᠡᠳᠪᠦᠷᠢᠯᠡᠯ ᠤᠨ ᠱᠤᠭᠤᠮ ᠤᠨ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠢ 10664.418 ㎡᠂ | ᠣᠷᠣᠨ ᠤ ᠳᠣᠲᠣᠷᠠᠬᠢ ᠪᠠᠷᠢᠯᠭ᠎ᠠ ︵ᠪᠦᠲᠦᠴᠡ︶᠄ ᠶᠠᠰᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠲᠠᠰᠤᠭ ᠤᠨ | ᠲᠠᠯᠠᠪᠠᠢ ᠨᠢ ︵ᠲᠠᠩ ᠳᠠᠪᠬᠤᠷᠭᠠᠲᠤ ᠪᠣᠯᠣᠳ ᠪᠦᠲᠦᠴᠡ ᠲᠠᠢ᠂ ᠥᠨᠳᠥᠷ ᠨᠢ 12 ᠮᠧᠲᠷ︶ 7845 ㎡᠂ | ᠪᠠᠭᠲᠠᠭᠠᠮᠵᠢ ᠶᠢᠨ ᠲᠠᠯᠠᠪᠠᠢ 15690 ㎡ ; 2 ᠳ᠋ᠤᠭᠠᠷ ᠨᠣᠮᠧᠷᠲᠤ ᠦᠢᠯᠡᠳᠪᠦᠷᠢᠯᠡᠯ ᠤᠨ ᠱᠤᠭᠤᠮ ᠤᠨ | ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠢ 17479.908 ㎡᠂ ᠣᠷᠣᠨ ᠤ ᠳᠣᠲᠣᠷᠠᠬᠢ ᠪᠠᠷᠢᠯᠭ᠎ᠠ ︵ | ᠪᠦᠲᠦᠴᠡ︶᠄ ᠶᠠᠰᠤᠨ ᠮᠠᠲ᠋ᠧᠷᠢᠶᠠᠯ ᠤᠨ ᠦᠢᠯᠡᠳᠪᠦᠷᠢᠯᠡᠯ ᠤᠨ ᠲᠠᠰᠤᠭ ᠤᠨ ︵ᠲᠠᠩ ᠳᠠᠪᠬᠤᠷᠭᠠᠲᠤ ᠪᠣᠯᠣᠳ | ᠪᠦᠲᠦᠴᠡ ᠲᠠᠢ᠂ 12 ᠮᠧᠲᠷ ᠥᠨᠳᠥᠷ︶ ᠡᠵᠡᠯᠡᠬᠦ ᠲᠠᠯᠠᠪᠠᠢ ᠨᠢ 11973 ㎡᠂ ᠪᠠᠭᠲᠠᠭᠠᠮᠵᠢ ᠶᠢᠨ ᠲᠠᠯᠠᠪᠠᠢ | 23946 ㎡; ᠨᠤᠨᠳᠠᠭᠯᠠᠬᠤ ᠣᠷᠣᠨ ᠤ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠢ ᠨᠢ 2896. | 322 ㎡᠂ ᠣᠷᠣᠨ ᠤ ᠳᠣᠲᠣᠷᠠᠬᠢ ᠪᠠᠷᠢᠯᠭ᠎ᠠ ︵ᠪᠦᠲᠦᠴᠡ︶᠄ ᠨᠤᠨᠳᠠᠭᠯᠠᠬᠤ ᠦᠢᠯᠡᠳᠪᠦᠷᠢ ᠶᠢᠨ ᠲᠠᠰᠤᠭ ︵ | ᠲᠠᠩ ᠳᠠᠪᠬᠤᠷᠭᠠᠲᠤ ᠪᠣᠯᠣᠳ ᠪᠦᠲᠦᠴᠡ ᠲᠠᠢ᠂ ᠥᠨᠳᠥᠷ ᠨᠢ 10 ᠮᠧᠲᠷ︶ ᠤᠨ ᠲᠠᠯᠠᠪᠠᠢ ᠨᠢ 2069 ㎡᠂ | ᠪᠠᠭᠲᠠᠭᠠᠮᠵᠢ ᠶᠢᠨ ᠲᠠᠯᠠᠪᠠᠢ ᠨᠢ 4138 ㎡; ᠳᠠᠷᠢ ᠬᠠᠳᠠᠭᠠᠯᠠᠬᠤ ᠳᠤ ᠬᠡᠷᠡᠭᠯᠡᠬᠦ ᠭᠠᠵᠠᠷ 4761.739 ㎡᠂ | ᠣᠷᠣᠨ ᠤ ᠳᠣᠲᠣᠷᠠᠬᠢ ᠪᠠᠷᠢᠯᠭ᠎ᠠ ︵ᠪᠦᠲᠦᠴᠡ︶᠄ ᠳᠠᠷᠢ ᠶᠢᠨ ᠬᠥᠮᠥᠷᠭᠡ ︵ᠲᠠᠩ ᠳᠠᠪᠬᠤᠷᠭᠠᠲᠤ ᠲᠣᠭᠤᠰᠬᠠᠨ | ᠬᠤᠯᠢᠮᠠᠭ ᠪᠦᠲᠦᠴᠡ ᠲᠠᠢ᠂ ᠥᠨᠳᠥᠷ ᠨᠢ 6 ᠮᠧᠲᠷ︶ ᠶᠢᠨ ᠲᠠᠯᠠᠪᠠᠢ ᠨᠢ 685 ㎡᠂ ᠪᠠᠭᠲᠠᠭᠠᠮᠵᠢ ᠶᠢᠨ ᠲᠠᠯᠠᠪᠠᠢ | ᠨᠢ 685 ㎡; ᠵᠢᠵᠢᠭᠦᠷ ᠤᠨ ᠲᠠᠰᠤᠭ ᠤᠨ ᠲᠥᠯᠦᠪᠵᠢᠭᠦᠯᠭᠡ ᠳᠤ ᠬᠡᠷᠡᠭᠯᠡᠬᠦ ᠭᠠᠵᠠᠷ 177.459 ㎡᠂ | ᠣᠷᠣᠨ ᠤ ᠳᠣᠲᠣᠷᠠᠬᠢ ᠪᠠᠷᠢᠯᠭ᠎ᠠ ︵ᠪᠦᠲᠦᠴᠡ︶᠄ ᠵᠢᠵᠢᠭᠦᠷ ᠤᠨ ᠲᠠᠰᠤᠭ ︵ᠲᠠᠩ ᠳᠠᠪᠬᠤᠷᠭᠠᠲᠤ ᠲᠣᠭᠤᠰᠬ᠎ᠠ ᠶᠢᠨ | ᠪᠦᠲᠦᠴᠡ ᠲᠠᠢ᠂ 4 ᠮᠧᠲᠷ ᠥᠨᠳᠥᠷ︶ 177 ㎡᠂ ᠪᠠᠭᠲᠠᠭᠠᠮᠵᠢ ᠶᠢᠨ ᠲᠠᠯᠠᠪᠠᠢ 177 ㎡ ᠢ ᠡᠵᠡᠯᠡᠨ᠎ᠡ᠃ | ᠲᠠᠪᠤ᠂ ᠢᠯᠡ ᠨᠡᠶᠢᠲᠡᠯᠡᠬᠦ ᠴᠠᠭ᠄ 2022 ᠣᠨ ᠤ 2 ᠳ᠋ᠤᠭᠠᠷ ᠰᠠᠷ᠎ᠠ ᠶᠢᠨ 24 ᠤ ᠡᠳᠦᠷ ︱ 2022 ᠣᠨ ᠤ 3 | ᠳ᠋ᠤᠭᠠᠷ ᠰᠠᠷ᠎ᠠ ᠶᠢᠨ 7 ᠤ ᠡᠳᠦᠷ᠂ ᠨᠡᠶᠢᠲᠡ 7 ᠠᠵᠢᠯᠯᠠᠬᠤ ᠡᠳᠦᠷ᠃ | ᠵᠢᠷᠭᠤᠭ᠎ᠠ᠂ ᠢᠯᠡ ᠨᠡᠶᠢᠲᠡᠯᠡᠬᠦ ᠨᠢᠭᠡᠴᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ | ᠬᠠᠷᠢᠯᠴᠠᠬᠤ ᠤᠲᠠᠰᠤ᠄ 0483-8229711 ︵ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠶᠢᠨ ᠲᠠᠰᠤᠭ︶ | ᠰᠢᠤᠳᠠᠨ ᠬᠠᠶᠢᠷᠴᠠᠭ᠄ zyjgh4887@163.com | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠡᠯᠧᠺᠲᠷᠣᠨ ᠰᠢᠤᠳᠠᠨ ᠤ ᠵᠦᠢᠯ᠂ | ᠪᠢᠴᠢᠭ ᠤᠨ ᠬᠡᠯᠪᠡᠷᠢ ᠪᠠᠷ ᠮᠠᠨ ᠤ ᠲᠣᠪᠴᠢᠶᠠᠨ ᠳᠤ ᠲᠤᠰᠬᠠᠵᠤ ᠪᠣᠯᠣᠨ᠎ᠠ᠂ ᠵᠠᠷᠯᠠᠨ ᠨᠡᠶᠢᠲᠡᠯᠡᠵᠦ ᠬᠠᠷᠢᠭᠤ | ᠲᠤᠰᠬᠠᠭᠰᠠᠨ ᠰᠠᠨᠠᠯ ᠳᠡᠭᠡᠷ᠎ᠡ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ ᠴᠠᠭ ᠲᠤᠬᠠᠢ ᠳᠤᠨᠢ ᠨᠡᠪᠲᠡᠷᠡᠯᠴᠡᠬᠦ ᠳᠤ | ᠲᠥᠬᠦᠮ ᠦᠵᠡᠭᠦᠯᠦᠭᠡᠷᠡᠢ᠃ | | | | | | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |