2020 ᠣᠨ ᠤ ᠳᠤᠮᠳᠠ ᠪᠠᠭ᠎ᠠ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠶ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠰᠢᠯᠭᠠᠨ ᠠᠪᠬᠤ ᠳᠤ ᠬᠢᠷᠢ ᠲᠡᠩᠴᠡᠭᠰᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠨᠡᠷᠡᠰ ᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2022/3/2
     ᠠᠯᠠᠱᠠ ᠠᠶᠢᠮᠠᠭ᠂ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠰᠢᠯᠭᠠᠨ ᠠᠪᠬᠤ ᠪᠠᠷ ᠳᠡᠮᠵᠢᠨ᠂ ᠳᠣᠣᠷᠠᠬᠢ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠳᠠᠭᠠᠭᠠᠨ ᠬᠡᠷᠡᠭᠵᠢᠭᠦᠯᠦᠭᠰᠡᠨ 2020 ᠣᠨ ᠤ ᠳᠤᠮᠳᠠ ᠵᠢᠵᠢᠭ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠶ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠤᠨ ᠰᠢᠯᠭᠠᠨ ᠠᠪᠬᠤ ᠳᠤ ᠬᠢᠷᠢ ᠲᠡᠩᠴᠡᠪᠡ᠂ ᠲᠥᠷᠥᠯ ᠵᠦᠢᠯ ᠤᠨ ᠪᠠᠶᠢᠳᠠᠯ ᠨᠢ ᠳᠣᠣᠷᠠᠬᠢ ᠮᠡᠲᠦ᠄ ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ ︵ᠨᠢᠭᠡ︶ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠶᠢᠨ ᠰᠧ ᠲᠢᠶᠠᠨ ᠶᠤᠸᠠᠨ ᠲᠤᠰᠬᠠᠢ ᠬᠤᠷᠰᠢᠶ᠎ᠠ ᠶᠢᠨ ᠳᠤᠮᠳᠠ ᠵᠢᠵᠢᠭ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ 1. ᠲᠥᠷᠥᠯ ᠵᠦᠢᠯ ᠢ ᠳᠠᠭᠠᠭᠠᠨ ᠭᠦᠢᠴᠡᠳᠬᠡᠬᠦ ᠨᠢᠭᠡᠴᠡ᠄ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠶᠢᠨ ᠰᠧ ᠲᠢᠶᠠᠨ ᠶᠤᠸᠠᠨ ᠲᠤᠰᠬᠠᠢ ᠬᠤᠷᠰᠢᠶ᠎ᠠ 2. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠪᠠᠷᠠᠭᠤᠨ ᠪᠠᠯ  ᠪᠠᠯᠭᠠᠰᠤᠨ ᠤ ᠲᠠᠲᠠᠭᠠᠯ ᠤᠰᠤ ᠭᠠᠴᠠᠭ᠎ᠠ 3% ᠪᠦᠲᠦᠭᠡᠨ ᠪᠠᠶᠢᠭᠤᠯᠬᠤ ᠠᠭᠤᠯᠭ᠎ᠠ᠄ ᠲᠡᠵᠢᠭᠡᠯ ᠡᠪᠡᠰᠦ ᠪᠣᠷᠳᠤᠭ᠎ᠠ ᠶᠢᠨ ᠬᠥᠮᠥᠷᠭᠡ 1200 ᠲᠡᠭᠰᠢ ᠳᠥᠷᠪᠡᠯᠵᠢᠨ ᠮᠧᠲᠷ᠂ ᠭᠠᠵᠠᠷ ᠤᠨ ᠭᠠᠳᠠᠷᠭᠤ ᠶᠢᠨ ᠬᠠᠲᠠᠭᠤᠷᠠᠯ 2650 ᠲᠡᠭᠰᠢ ᠳᠥᠷᠪᠡᠯᠵᠢᠨ ᠮᠧᠲᠷ᠃ 4. ᠪᠡᠯᠡ ᠣᠷᠣᠭᠤᠯᠤᠯᠲᠠ᠄ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 125.1 ᠲᠦᠮᠡᠨ ㎡᠂ ᠡᠭᠦᠨ ᠳᠤ᠄ ᠲᠥᠷᠥᠯ ᠵᠦᠢᠯ ᠤᠨ ᠨᠥᠬᠦᠪᠦᠷᠢ ᠪᠡᠯᠡ ᠮᠥᠩᠭᠦ 53.5 ᠲᠦᠮᠡᠨ ㎡᠂ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠦ 71.6 ᠲᠦᠮᠡᠨ ㎡ ᠪᠣᠯᠣᠨ᠎ᠠ᠃ ︵ᠬᠤᠶᠠᠷ︶ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠣᠪᠣᠭ᠎ᠠ ᠳᠡᠭᠡᠵᠢ ᠲᠡᠮᠡᠭᠡᠨ ᠰᠠᠭᠠᠯᠢ ᠶᠢᠨ ᠲᠠᠯᠠᠪᠠᠶ ᠶᠢᠨ ᠳᠤᠮᠳᠠ ᠪᠠᠭ᠎ᠠ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠶ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ 1. ᠲᠥᠷᠥᠯ ᠵᠦᠢᠯ ᠢ ᠳᠠᠭᠠᠭᠠᠨ ᠡᠭᠦᠷᠭᠡᠯᠡᠬᠦ ᠨᠢᠭᠡᠴᠡ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ  ᠣᠪᠣᠭ᠎ᠠ ᠳᠡᠭᠡᠵᠢ ᠲᠡᠮᠡᠭᠡᠨ ᠰᠠᠭᠠᠯᠢ ᠶᠢᠨ ᠲᠠᠯᠠᠪᠠᠶ 2. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠪᠠᠶᠠᠨᠬᠤᠲᠠ ᠪᠠᠯᠭᠠᠰᠤ ᠶᠢᠨ ᠲᠤᠩᠭᠠᠯᠠᠭ ᠨᠠᠭᠤᠷ ᠭᠠᠴᠠᠭ᠎ᠠ 3. ᠪᠦᠲᠦᠭᠡᠨ ᠪᠠᠶᠢᠭᠤᠯᠬᠤ ᠠᠭᠤᠯᠭ᠎ᠠ᠄ ᠰᠢᠨ᠎ᠡ ᠪᠠᠷ ᠪᠠᠶᠢᠭᠤᠯᠬᠤ ᠬᠠᠰᠢᠶ᠎ᠠ ᠰᠠᠷᠠᠪᠴᠢ᠂  ᠰᠦ ᠰᠠᠭᠠᠬᠤ ᠭᠡᠷ 560 ᠲᠡᠭᠰᠢ ᠳᠥᠷᠪᠡᠯᠵᠢᠨ ᠮᠧᠲᠷ᠂ ᠲᠡᠵᠢᠭᠡᠯ ᠡᠪᠡᠰᠦ ᠪᠣᠷᠳᠤᠭ᠎ᠠ ᠶᠢᠨ ᠬᠥᠮᠥᠷᠭᠡ 600 ᠲᠡᠭᠰᠢ ᠳᠥᠷᠪᠡᠯᠵᠢᠨ ᠮᠧᠲᠷ᠂ ᠲᠡᠮᠡᠭᠡᠨ  ᠎ ᠤ ᠪᠣᠯᠣᠳ ᠬᠤᠭᠤᠯᠠᠢ ᠶᠢᠨ ᠬᠠᠰᠢᠶ᠎ᠠ᠂ ᠨᠡᠪᠲᠡᠷᠡᠬᠦ ᠵᠠᠮ 4800 ᠲᠡᠭᠰᠢ ᠳᠥᠷᠪᠡᠯᠵᠢᠨ ᠮᠧᠲᠷ᠂ ᠲᠦᠭᠦᠬᠡᠢ ᠰᠦ ᠬᠠᠳᠠᠭᠠᠯᠠᠬᠤ ᠭᠡᠷ᠂ ᠮᠠᠯ ᠡᠮᠨᠡᠯᠭᠡ ᠶᠢᠨ ᠭᠡᠷ᠂ ᠬᠥᠮᠥᠷᠭᠡ᠂ ᠬᠠᠮᠢᠶᠠᠷᠤᠯᠲᠠ ᠳᠤ ᠬᠡᠷᠡᠭᠯᠡᠬᠦ ᠭᠡᠷ ᠵᠢᠴᠢ ᠪᠠᠶᠢᠷᠢ ᠶᠢᠨ ᠭᠡᠷ 180 ᠲᠡᠭᠰᠢ ᠳᠥᠷᠪᠡᠯᠵᠢᠨ ᠮᠧᠲᠷ᠂ ᠬᠤᠳᠳᠤᠭ ᠮᠠᠯᠲᠠᠵᠤ᠂ ᠪᠡᠯᠴᠢᠭᠡᠷ ᠤᠨ ᠬᠦᠷᠢᠶ᠎ᠡ 16 ᠺᠢᠯᠣᠮᠧᠲᠷ᠃ 4. ᠪᠡᠯᠡ ᠣᠷᠣᠭᠤᠯᠤᠯᠲᠠ᠄ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 109.8 ᠲᠦᠮᠡᠨ ㎡᠂ ᠡᠭᠦᠨ ᠳᠤ᠄ ᠲᠥᠷᠥᠯ ᠵᠦᠢᠯ ᠤᠨ ᠨᠥᠬᠦᠪᠦᠷᠢ ᠪᠡᠯᠡ ᠮᠥᠩᠭᠦ 53.5 ᠲᠦᠮᠡᠨ ㎡᠂ ᠥᠪᠡᠷ ᠢᠶᠠᠨ ᠴᠤᠭᠯᠠᠭᠤᠯᠤᠭᠰᠠᠨ ᠪᠡᠯᠡ ᠮᠥᠩᠭᠦ 56.3 ᠲᠦᠮᠡᠨ ㎡ ᠪᠣᠯᠣᠨ᠎ᠠ᠃ ᠬᠤᠶᠠᠷ᠂ ᠢᠯᠡ ᠨᠡᠶᠢᠲᠡᠯᠡᠬᠦ ᠴᠠᠭ        2022 ᠣᠨ ᠤ 2 ᠰᠠᠷ᠎ᠠ ᠶᠢᠨ 24᠎ ᠤ ᠡᠳᠦᠷ ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠨᠢᠭᠡᠴᠡ ᠪᠣᠯᠣᠨ ᠬᠤᠪᠢ ᠬᠥᠮᠥᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠂ ᠲᠤᠰᠬᠠᠭᠰᠠᠨ ᠠᠭᠤᠯᠭ᠎ᠠ ᠨᠢ ᠦᠨᠡᠨ ᠠᠴᠠ ᠵᠥᠪ ᠢ ᠡᠷᠢᠵᠦ᠂ ᠦᠨᠡᠨ ᠪᠣᠳᠠᠲᠠᠢ ᠪᠠᠶᠢᠬᠤ ᠬᠡᠷᠡᠭᠲᠡᠢ᠃ ᠪᠢᠳᠡ ᠲᠤᠰᠬᠠᠳᠠᠭ ᠬᠥᠮᠥᠨ ᠪᠠ ᠲᠤᠰᠬᠠᠳᠠᠭ ᠤᠴᠢᠷ ᠶᠠᠪᠤᠳᠠᠯ ᠤᠨ ᠨᠢᠭᠤᠴᠠ ᠶᠢ ᠴᠢᠩᠭ᠎ᠠ ᠬᠠᠮᠠᠭᠠᠯᠠᠳᠠᠭ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠲᠤᠰᠬᠠᠭᠰᠠᠨ ᠠᠰᠠᠭᠤᠳᠠᠯ ᠢ ᠪᠢᠳᠡ ᠨᠠᠷᠢᠨ ᠬᠢᠨᠠᠮᠠᠭᠠᠢ ᠪᠠᠶᠢᠴᠠᠭᠠᠨ ᠬᠠᠷᠭᠤᠭᠤᠯᠵᠤ᠂ ᠪᠠᠶᠢᠳᠠᠯ ᠢ ᠨᠢ ᠦᠵᠡᠵᠦ ᠪᠠᠶᠢᠭᠠᠳ ᠰᠤᠳᠤᠯᠤᠨ ᠰᠢᠢᠳᠪᠦᠷᠢᠯᠡᠨ᠎ᠡ᠃ ᠬᠢᠨᠠᠯᠲᠠ ᠲᠠᠯᠪᠢᠬᠤ ᠤᠲᠠᠰᠤ᠄ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ 0483-8225075 ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 0483-8222262 ᠰᠤᠷᠪᠤᠯᠵᠢᠯᠠᠬᠤ ᠭᠠᠵᠠᠷ᠄ ᠬᠤᠳᠠ ᠶᠢᠨ ᠪᠠᠷᠠᠭᠤᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠮᠣ ᠠᠰᠠᠷ ᠤᠨ 7 ᠳ᠋ᠤᠭᠠᠷ ᠠᠰᠠᠷ ᠤᠨ 7012 ᠲᠣᠭᠠᠳᠣ ᠠᠯᠪᠠᠨ ᠭᠡᠷ ᠠᠯᠠᠱᠠ ᠵᠡᠭᠦᠨ ᠬᠤᠰᠢᠭᠤᠨ ᠤ ᠠᠵᠤ ᠠᠬᠤᠢ ᠶᠢᠨ ᠮᠡᠳᠡᠭᠡ ᠵᠠᠩᠭᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠮᠣ ᠠᠰᠠᠷ ᠤᠨ 4 ᠳ᠋ᠦ᠋ᠭᠡᠷ ᠠᠰᠠᠷ ᠤᠨ ᠲᠠᠷᠢᠶᠠᠯᠠᠩ ᠮᠠᠯ ᠠᠵᠤ ᠶᠢᠨ ᠲᠠᠰᠤᠭ ᠭᠥᠯᠢᠶᠡᠨ ᠠᠪᠬᠤ ᠴᠠᠭ᠄ ᠦᠳᠡ ᠶᠢᠨ ᠡᠮᠦᠨᠡᠬᠢ 9᠄ 00 ︱ 12᠄ 00᠂ ᠦᠳᠡ ᠶᠢᠨ ᠬᠤᠶᠢᠨᠠᠬᠢ 15᠄ 00 ︱ 18᠄ 00᠃ ᠡᠭᠦᠨ ᠤ ᠲᠤᠯᠠ ᠣᠨᠴᠠᠭᠠᠶᠢᠯᠠᠨ ᠵᠠᠷᠯᠠᠪᠠ᠃ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号