ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ︽ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠎ ᠢ ᠰᠢᠯᠵᠢᠭᠦᠯᠦᠨ ᠨᠡᠶᠢᠲᠡᠯᠡᠪᠡ
ᠨᠡᠶᠢᠲᠡᠯᠡᠭᠰᠡᠨ ᠴᠠᠭ᠄
2022/3/2
ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ  ᠣᠯᠣᠰ ᠡᠷᠡᠭᠦᠯ ᠬᠠᠮᠠᠭᠠᠯᠠᠯ ᠡᠮᠨᠡᠯᠭᠡ ᠲᠠᠷᠬᠠᠭᠠᠭᠰᠠᠨ 〔2021〕 19 ᠳ᠋ᠦ᠋ᠭᠡᠷ ᠲᠣᠭᠠᠲᠤ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠴᠡᠷᠢᠭ ᠤᠨ ᠠᠷᠮᠢ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠢᠩᠬᠢᠮ ︵ᠲᠣᠪᠴᠢᠶ᠎ᠠ︶᠂ ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ ︵ᠲᠣᠪᠴᠢᠶ᠎ᠠ︶᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠢᠲᠠᠳ ᠡᠮ ᠡᠮᠨᠡᠯᠭᠡ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ ᠳᠤ᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠡᠷᠡᠭᠦᠯ ᠡᠩᠬᠡ ᠳᠤᠮᠳᠠᠳᠤ ᠤᠯᠤᠰ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠥᠯᠥᠭᠡ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠣᠯᠠᠨ ᠲᠦᠮᠡᠨ ᠤ ᠣᠯᠠᠨ ᠶᠠᠩᠵᠤᠯᠠᠭᠰᠠᠨ᠂ ᠵᠦᠷᠢᠶᠡᠴᠢᠯᠡᠭᠰᠡᠨ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠠᠯᠬᠤᠮ ᠠᠯᠬᠤᠮ ᠢᠶᠠᠷ ᠬᠠᠩᠭᠠᠵᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠠᠴᠠ ︽ᠡᠷᠡᠭᠦᠯᠵᠢᠭᠦᠯᠬᠦ ᠡᠮᠴᠢᠯᠡᠭᠡᠨ ᠤ ᠠᠵᠢᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ︾᠎ ᠢ ᠲᠣᠭᠲᠠᠭᠠᠪᠠ᠃ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃  ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠰᠤᠷᠭᠠᠨ ᠬᠥᠮᠦᠵᠢᠯ ᠤᠨ ᠶᠠᠮᠤᠨ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠤᠯᠤᠰ ᠤᠨ ᠡᠮ ᠡᠮᠨᠡᠯᠭᠡ ᠶᠢᠨ ᠲᠠᠭᠠᠳᠬᠠᠯ ᠤᠨ ᠲᠣᠪᠴᠢᠶ᠎ᠠ ᠤᠯᠤᠰ ᠤᠨ ᠬᠢᠲᠠᠳ ᠡᠮ ᠡᠮᠨᠡᠯᠭᠡ ᠶᠢᠨ ᠲᠣᠪᠴᠢᠶ᠎ᠡ ᠲᠣᠮᠳᠠᠳᠣ ᠣᠯᠣᠰ ᠤᠨ ᠵᠡᠮᠳᠡᠭᠴᠣᠳ ᠤᠨ ᠬᠤᠯᠪᠣᠭ᠎ᠠ 2021 ᠣᠨ ᠤ 6 ᠳ᠋ᠣᠭᠠᠷ ᠰᠠᠷ᠎ᠠ ᠶᠢᠨ 8᠎ ᠤ ᠡᠳᠣᠷ ︵ᠮᠡᠳᠡᠭᠡ ᠵᠠᠩᠭᠢ ᠶᠢ ᠢᠯᠡ ᠪᠣᠯᠭᠠᠬᠤ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︶ ᠡᠷᠡᠭᠦᠯᠵᠢᠭᠦᠯᠬᠦ ᠡᠮᠴᠢᠯᠡᠭᠡᠨ ᠤ ᠠᠵᠢᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ ᠡᠷᠡᠭᠦᠯᠵᠢᠭᠦᠯᠬᠦ ᠡᠮᠴᠢᠯᠡᠭᠡᠨ ᠤ ᠠᠵᠢᠯ ᠪᠣᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠡᠷᠡᠭᠦᠯᠵᠢᠭᠦᠯᠬᠦ ᠡᠮᠴᠢᠯᠡᠭᠡᠨ ᠤ ᠠᠵᠢᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠨᠢ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠭᠡᠨᠡᠳᠲᠡ ᠶᠢᠨ ᠬᠡᠷᠡᠭ ᠢ ᠠᠷᠭᠠᠴᠠᠭᠠᠬᠤ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠡᠷᠡᠭᠦᠯᠵᠢᠭᠦᠯᠬᠦ ᠡᠮᠴᠢᠯᠡᠭᠡᠨ ᠤ ᠠᠵᠢᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃  ᠨᠢᠭᠡ᠂ ᠶᠡᠷᠦᠩᠬᠡᠢ ᠱᠠᠭᠠᠷᠳᠠᠯᠭ᠎ᠠ ᠪᠠ ᠭᠤᠣᠯ ᠬᠠᠷᠠᠯᠲᠠ ︵ᠨᠢᠭᠡ︶ ᠶᠡᠷᠦᠩᠬᠡᠢ ᠱᠠᠭᠠᠷᠳᠠᠯᠭ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠡᠷᠡᠭᠦᠯ ᠡᠩᠬᠡ ᠳᠤᠮᠳᠠᠳᠤ ᠤᠯᠤᠰ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠣ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠵᠤ ᠂ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠷᠡᠭᠦᠯᠵᠢᠭᠦᠯᠬᠦ ᠡᠮᠴᠢᠯᠡᠭᠡᠨ ᠤ ᠲᠤᠰᠬᠠᠢ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠷᠡᠭᠦᠯᠵᠢᠭᠦᠯᠬᠦ ᠡᠮᠴᠢᠯᠡᠭᠡᠨ ᠤ ᠬᠦᠷᠢᠶᠡᠨ ᠳᠠᠬᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︵ᠬᠤᠶᠠᠷ︶ ᠭᠤᠣᠯ ᠬᠠᠷᠠᠯᠲᠠ᠃ 2022 ᠣᠨ ᠪᠣᠯᠬᠤ ᠳᠤ᠂ ᠲᠤᠭ᠎ᠠ ᠬᠡᠮᠵᠢᠶ᠎ᠡ ᠪᠠᠷ ᠵᠦᠢ ᠵᠣᠬᠢᠰᠲᠠᠢ᠂ ᠬᠡᠪ ᠴᠢᠨᠠᠷ ᠢᠶᠠᠷ ᠰᠢᠯᠢᠳᠡᠭ ᠡᠷᠡᠭᠦᠯᠵᠢᠯ ᠤᠨ ᠡᠮᠴᠢᠯᠡᠭᠡᠨ ᠤ ᠲᠤᠰᠬᠠᠢ ᠮᠡᠷᠭᠡᠵᠢᠯ ᠤᠨ ᠡᠩᠨᠡᠭᠡ ᠶᠢ ᠠᠯᠬᠤᠮ ᠠᠯᠬᠤᠮ ᠢᠶᠠᠷ ᠪᠠᠶᠢᠭᠤᠯᠵᠤ᠂ 10 ᠲᠦᠮᠡᠨ ᠬᠥᠮᠥᠨ ᠠᠮᠠ ᠪᠦᠷᠢ ᠳᠤ 6 ᠡᠷᠡᠭᠦᠯᠵᠢᠯ ᠤᠨ ᠡᠮᠴᠢ᠂ ᠡᠷᠡᠭᠦᠯᠵᠢᠯ ᠤᠨ ᠡᠮᠴᠢᠯᠡᠭᠡᠨ ᠤ ᠡᠮᠴᠢ ᠶᠢ 10 ᠬᠥᠮᠥᠨ ᠳᠤ ᠬᠦᠷᠦᠭᠦᠯᠬᠦ ᠪᠠᠷ ᠴᠢᠷᠮᠠᠶᠢᠨ᠎ᠠ᠃ 2025 ᠣᠨ ᠪᠣᠯᠬᠤ ᠳᠤ᠂ 10 ᠲᠦᠮᠡᠨ ᠬᠥᠮᠥᠨ ᠪᠦᠷᠢ ᠳᠤ 8 ᠡᠷᠡᠭᠦᠯᠵᠢᠯ ᠤᠨ ᠡᠮᠴᠢ ᠲᠠᠢ ᠪᠣᠯᠵᠤ᠂ 12 ᠡᠷᠡᠭᠦᠯᠵᠢᠯ ᠤᠨ ᠡᠮᠴᠢᠯᠡᠭᠡᠨ ᠤ  ᠡᠮᠴᠢ ᠲᠠᠢ ᠪᠣᠯᠣᠨ᠎ᠠ᠃ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠦᠢᠯᠡᠴᠢᠯᠡᠭᠡᠨ ᠤ ᠠᠷᠭ᠎ᠠ ᠮᠠᠶ᠋ᠢᠭ ᠢ ᠨᠠᠩ ᠣᠯᠠᠨ ᠡᠰᠢᠵᠢᠭᠦᠯᠵᠦ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠲᠠᠰᠤᠷᠠᠯᠲᠠ ᠦᠭᠡᠢ ᠥᠷᠭᠡᠳᠬᠡᠨ᠂ ᠠᠷᠠᠳ ᠣᠯᠠᠨ ᠳᠤ ᠪᠥᠬᠦ ᠲᠠᠯ᠎ᠠ ᠶᠢᠨ ᠪᠠ ᠪᠥᠬᠦ ᠦᠶᠡᠯᠡᠯ ᠤᠨ ᠬᠤᠭᠤᠴᠠᠭᠠᠨ ᠤ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠶᠢ ᠡᠳ᠋ᠯᠡᠭᠦᠯᠣᠨ᠎ᠡ᠃  ᠬᠤᠶᠠᠷ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ  ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ ︵ᠭᠤᠷᠪᠠ︶ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠬᠠᠩᠭᠠᠬᠤ ᠡᠮᠴᠢᠯᠡᠭᠡᠨ ᠤ ᠪᠠᠶᠢᠭᠤᠯᠤᠮᠵᠢ ᠪᠠ ᠡᠪᠡᠳᠴᠢᠲᠡᠨ ᠤ ᠣᠷᠣ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠎ᠡ᠃ ᠡᠯ᠎ᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ︵ᠬᠢᠲᠠᠳ ᠡᠮ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠭᠲᠠᠨ᠎ᠠ᠂ ᠳᠣᠷᠣᠭᠰᠢ ᠠᠳᠠᠯᠢ︶᠎ ᠨᠢ ᠱᠠᠲᠤ ᠬᠤᠪᠢᠶᠠᠨ ᠣᠨᠣᠰᠢᠯᠠᠨ ᠡᠮᠨᠡᠬᠦ ᠠᠵᠢᠯ ᠪᠠ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠤ ᠡᠷᠡᠭᠦᠯᠵᠢᠭᠦᠯᠬᠦ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠲᠠᠢ ᠤᠶᠠᠯᠳᠤᠭᠤᠯᠤᠨ᠂ ᠪᠥᠬᠦ ᠬᠥᠮᠥᠰ ᠪᠠ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠡᠮᠴᠢᠯᠡᠭᠡᠨ ᠤ ᠡᠬᠢ ᠪᠠᠶᠠᠯᠢᠭ ᠡᠯᠪᠡᠭ ᠳᠡᠯᠪᠡᠭ ᠭᠠᠵᠠᠷ ᠣᠷᠣᠨ ᠤ ᠬᠡᠰᠡᠭ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢ ᠡᠷᠡᠭᠦᠯᠵᠢᠭᠦᠯᠬᠦ ᠡᠮᠨᠡᠯᠭᠡ ᠶᠢᠨ ᠬᠤᠷᠢᠶ᠎ᠠ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠨᠡᠶᠢᠭᠡᠮ ᠤᠨ ᠬᠦᠴᠦᠨ ᠤ ᠬᠡᠪᠴᠢᠶᠡᠵᠢᠭᠰᠡᠨ᠂ ᠬᠡᠯᠬᠢᠶᠡᠵᠢᠭᠰᠡᠨ ᠡᠷᠡᠭᠦᠯᠵᠢᠯ ᠤᠨ ᠡᠮᠴᠢᠯᠡᠭᠡᠨ ᠤ ᠲᠥᠪ ᠡᠷᠭᠢᠯᠡᠬᠦ ᠶᠢ ᠳᠡᠮᠵᠢᠬᠦ ᠪᠠ ᠬᠥᠲᠥᠯᠥᠨ ᠵᠢᠯᠤᠭᠤᠳᠴᠤ᠂ ᠬᠠᠷᠢᠶ᠎ᠠ ᠣᠷᠣᠨ ᠳᠠᠬᠢ ᠡᠷᠡᠭᠦᠯᠵᠢᠯ ᠤᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠡᠮᠴᠢᠯᠡᠭᠡᠨ ᠤ ᠪᠠᠶᠢᠭᠤᠯᠤᠮᠵᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠎ᠡ᠃ ᠨᠥᠬᠦᠴᠡᠯ ᠲᠠᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠪᠠᠨ ᠦᠨᠳᠦᠰᠦᠯᠡᠨ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠬᠠᠩᠭᠠᠬᠤ ᠣᠷᠣ ᠭᠠᠷᠭᠠᠬᠤ ᠪᠠ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃  ︵ᠳᠥᠷᠪᠡ︶ ᠡᠷᠡᠭᠦᠯᠵᠢᠭᠦᠯᠬᠦ ᠡᠮᠨᠡᠯᠭᠡ ᠶᠢᠨ ᠬᠤᠷᠢᠶ᠎ᠠ ᠪᠠ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠠᠨᠠᠭᠠᠬᠤ ᠤᠬᠠᠭᠠᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠭᠠᠵᠠᠷ ᠨᠢ ᠤᠯᠤᠰ ᠠᠴᠠ ᠳᠠᠷᠤᠮᠠᠯᠯᠠᠨ ᠲᠠᠷᠬᠠᠭᠠᠭᠰᠠᠨ ᠡᠷᠡᠭᠦᠯᠵᠢᠭᠦᠯᠬᠦ ᠡᠮᠨᠡᠯᠭᠡ ᠶᠢᠨ ᠬᠤᠷᠢᠶ᠎ᠠ᠂ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠡᠮᠨᠡᠯᠭᠡ ᠶᠢᠨ ᠰᠠᠯᠠᠭ᠎ᠠ ᠪᠣᠯᠣᠨ ᠬᠢᠲᠠᠳ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠡᠮᠨᠡᠯᠭᠡ ᠶᠢᠨ ᠰᠠᠯᠠᠭ᠎ᠠ ᠶᠢᠨ ᠦᠨᠳᠦᠰᠦᠨ ᠪᠠᠷᠢᠮᠵᠢᠶ᠎ᠠ ᠪᠣᠯᠣᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠢᠷᠤᠮᠵᠢᠯ ᠵᠡᠷᠭᠡ ᠶᠢᠨ ᠶᠣᠰᠣᠭᠠᠷ᠂ ᠵᠥᠭᠡᠯᠡᠨ ᠬᠠᠲᠠᠭᠤ ᠲᠣᠨᠤᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠨ ᠡᠷᠡᠭᠦᠯᠵᠢᠯ ᠤᠨ ᠡᠮᠴᠢᠯᠡᠭᠡᠨ ᠤ ᠦᠢᠯᠡᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ ᠶᠢ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ᠣᠷᠣᠭᠤᠯᠬᠤ ᠶᠢ ᠵᠣᠷᠢᠭᠵᠢᠭᠤᠯᠵᠤ᠂ ᠲᠤᠰᠬᠠᠢ ᠣᠷᠣᠨ ᠬᠤᠲᠠ ᠶᠢᠨ ᠱᠠᠲᠤᠨ ᠤ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠰᠢᠶᠠᠨ ᠤ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠠᠨᠠᠭᠠᠬᠤ ᠣᠷᠣᠨ ᠪᠦᠰᠡ ᠶᠢᠨ ᠳᠣᠲᠣᠷᠠᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠣᠯᠣᠨ ᠨᠡᠶᠢᠭᠡᠮ ᠤᠨ ᠬᠦᠴᠦᠨ ᠤ ᠡᠮᠨᠡᠯᠭᠡ ᠡᠷᠭᠢᠯᠡᠬᠦ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠵᠦ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢᠨ ᠲᠤᠭ᠎ᠠ ᠬᠡᠮᠵᠢᠶ᠎ᠡ ᠶᠢ ᠵᠠᠷᠴᠢᠮ ᠳᠡᠭᠡᠷ᠎ᠡ ᠪᠠᠨ᠂ ᠮᠤᠵᠢ ᠶᠢᠨ ᠲᠥᠪ ᠬᠤᠲᠠ ᠨᠢᠭᠡᠪᠦᠷᠢ ᠳᠤ᠂ ᠪᠠᠶᠢᠩᠭᠤ ᠰᠠᠭᠤᠭ᠎ᠠ ᠬᠥᠮᠥᠨ ᠠᠮᠠ ᠎ ᠨᠢ 300 ᠲᠦᠮᠡ ᠶᠢ ᠳᠠᠪᠠᠭᠰᠠᠨ ᠲᠤᠰᠬᠠᠢ ᠣᠷᠣᠨ ᠤ ᠲᠠᠰ ᠤᠨ ᠬᠤᠲᠠ ᠳᠤ ᠨᠠᠭᠠᠲᠤ ᠵᠠᠬ᠎ᠠ ᠳᠠᠭᠠᠨ 1 ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠭᠠᠷᠭᠠᠨ᠎ᠠ︔ ᠪᠠᠶᠢᠩᠭᠤ ᠰᠠᠭᠤᠭ᠎ᠠ ᠬᠥᠮᠥᠨ ᠠᠮᠠ ᠨᠢ 30 ᠲᠦᠮᠡ ᠶᠢ ᠳᠠᠪᠠᠭᠰᠠᠨ ᠰᠢᠶᠠᠨ ᠳᠤ ᠨᠠᠭᠠᠲᠤ ᠵᠠᠬ᠎ᠠ ᠳᠠᠭᠠᠨ 1 ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠷᠡᠭᠦᠯᠵᠢᠯ ᠤᠨ ᠡᠮᠨᠡᠯᠭᠡ ᠶᠢᠨ ᠤᠬᠠᠭᠠᠨ ᠤ ᠰᠠᠯᠠᠭ᠎ᠠ ᠭᠠᠷᠭᠠᠨ᠎ᠠ ; ᠪᠠᠶᠢᠩᠭᠤ ᠰᠠᠭᠤᠭ᠎ᠠ ᠬᠥᠮᠥᠨ ᠠᠮᠠ ᠨᠢ 30 ᠲᠦᠮᠡ ᠠᠴᠠ ᠳᠣᠷᠣᠭᠰᠢᠬᠢ ᠰᠢᠶᠠᠨ ᠳᠤ ᠨᠠᠭᠠᠲᠤ ᠵᠠᠬ᠎ᠠ ᠳᠠᠭᠠᠨ 1 ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠷᠡᠭᠦᠯᠵᠢᠭᠦᠯᠬᠦ ᠡᠮᠨᠡᠯᠭᠡ ᠶᠢᠨ ᠰᠠᠯᠠᠭᠠᠨ ᠤ ᠡᠭᠦᠳᠡᠨ ᠡᠮᠨᠡᠯᠭᠡ ᠲᠣᠬᠢᠷᠠᠭᠤᠯᠤᠨ᠎ᠠ᠃  ︵ᠲᠠᠪᠤ︶ ᠰᠢᠶᠠᠨ ᠤ ᠱᠠᠲᠤᠨ ᠤ ᠡᠮᠨᠡᠯᠭᠡ  ᠎ ᠶᠢᠨ ᠬᠤᠷᠢᠶ᠎ᠠ ᠪᠣᠯᠣᠨ ᠦᠨᠳᠦᠰᠦᠨ ᠱᠠᠲᠤᠨ ᠤ ᠡᠮᠴᠢᠯᠡᠭᠡᠨ  ᠎ ᠤ ᠪᠠᠶᠢᠭᠤᠯᠤᠮᠵᠢ  ᠎ ᠶᠢᠨ  ᠡᠷᠡᠭᠦᠯᠵᠢᠭᠦᠯᠬᠦ ᠡᠮᠴᠢᠯᠡᠭᠡᠨ ᠤ ᠴᠢᠳᠠᠪᠤᠷᠢ ᠶᠢᠨ  ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠤᠨ᠂ ᠡᠯ᠎ᠡ ᠭᠠᠵᠠᠷ ᠤᠨ ᠎ ᠬᠢᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠶᠢ ᠳᠤᠲᠠᠭᠤᠳᠠᠯ ᠢ ᠨᠥᠬᠦᠪᠦᠷᠢᠯᠡᠬᠦ ᠪᠠᠭᠤᠷᠠᠢ ᠶᠢ ᠨᠥᠬᠦᠪᠦᠷᠢᠯᠡᠬᠦ ᠭᠤᠣᠯᠳᠠᠯᠭ᠎ᠠ ᠲᠠᠢ ᠬᠦᠷᠢᠶ᠎ᠡ ᠪᠣᠯᠭᠠᠨ ᠴᠢᠩᠭᠠᠳᠬᠠᠬᠤ ᠶᠢ ᠵᠣᠷᠢᠭᠵᠢᠭᠤᠯᠵᠤ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠡᠮᠴᠢᠯᠡᠭᠡᠨ ᠤ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠪᠠ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠠᠵᠢᠯ ᠤᠨ ᠲᠠᠪᠴᠠᠩ ᠳᠤ ᠲᠦᠰᠢᠭᠯᠡᠨ᠂ ᠨᠥᠬᠦᠴᠡᠯ ᠲᠠᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯᠵᠢᠯ ᠤᠨ ᠡᠮᠴᠢᠯᠡᠭᠡᠨ ᠤ ᠡᠭᠦᠳᠡᠨ ᠡᠮᠨᠡᠯᠭᠡ ᠪᠠᠶᠢᠭᠤᠯᠬᠤ ᠶᠢ ᠳᠡᠮᠵᠢᠵᠦ᠂ ᠣᠯᠠᠨ ᠲᠦᠮᠡᠨ ᠳᠤ ᠳᠥᠭᠦᠮ ᠳᠥᠲᠡ᠂ ᠲᠤᠰᠬᠠᠢ ᠮᠡᠷᠭᠡᠵᠢᠯ ᠤᠨ ᠡᠷᠡᠭᠦᠯᠵᠢᠯ ᠤᠨ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃  ︵ᠵᠢᠷᠭᠤᠭ᠎ᠠ︶ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠡᠮᠴᠢᠯᠡᠭᠡᠨ ᠤ ᠪᠦᠯᠦᠭᠯᠡᠯ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ᠂ ᠲᠤᠰᠬᠠᠢ ᠰᠠᠯᠠᠭᠠᠨ ᠤ ᠬᠤᠯᠪᠣᠭ᠎ᠠ᠂ ᠠᠯᠤᠰ ᠡᠵᠡᠮᠰᠢᠯᠲᠦ ᠡᠮᠴᠢᠯᠡᠭᠡ ᠵᠡᠷᠭᠡ ᠣᠯᠠᠨ ᠵᠦᠢᠯ ᠤᠨ ᠬᠡᠯᠪᠡᠷᠢ ᠶᠢ ᠠᠰᠢᠭᠯᠠᠨ᠂ ᠠᠳᠠᠯᠢ ᠪᠤᠰᠤ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠪᠠᠶᠢᠷᠢ ᠲᠣᠭᠲᠠᠭᠠᠯᠲᠠ ᠨᠢ ᠲᠣᠳᠣᠷᠬᠠᠢ᠂ ᠠᠵᠢᠯ ᠬᠤᠪᠢᠶᠠᠷᠢᠯᠠᠨ ᠬᠠᠮᠵᠢᠯᠴᠠᠭᠰᠠᠨ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠭᠰᠡᠨ ᠡᠷᠡᠭᠦᠯᠵᠢᠯ ᠤᠨ ᠡᠮᠴᠢᠯᠡᠭᠡᠨ ᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠱᠠᠲᠤ ᠬᠤᠪᠢᠶᠠᠨ ᠣᠨᠣᠰᠢᠯᠠᠨ ᠡᠮᠨᠡᠬᠦ ᠱᠠᠭᠠᠷᠳᠠᠯᠭ᠎ᠠ ᠶᠣᠰᠣᠭᠠᠷ᠂ ᠴᠢᠳᠠᠮᠵᠢ ᠶᠢᠨ ᠪᠠᠶᠢᠷᠢ ᠲᠣᠭᠲᠠᠭᠠᠯᠲᠠ ᠲᠠᠢ ᠪᠠᠨ ᠤᠶᠠᠯᠳᠤᠭᠤᠯᠤᠨ ᠬᠡᠷᠡᠭᠴᠡᠭᠡ ᠶᠣᠰᠣᠭᠠᠷ ᠲᠥᠷᠥᠯ ᠬᠤᠪᠢᠶᠠᠨ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠬᠠᠩᠭᠠᠬᠤ ᠬᠡᠷᠡᠭᠲᠡᠢ᠃ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠠᠨᠠᠭᠠᠬᠤ ᠤᠬᠠᠭᠠᠨ ᠤ ᠰᠠᠯᠠᠭ᠎ᠠ᠂ ᠭᠤᠷᠪᠠᠳᠤᠭᠠᠷ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠰᠠᠯᠠᠭ᠎ᠠ ᠪᠠ ᠭᠤᠷᠪᠠᠳᠤᠭᠠᠷ ᠳᠡᠰ ᠤᠨ ᠡᠷᠡᠭᠦᠯᠵᠢᠭᠦᠯᠬᠦ ᠡᠮᠨᠡᠯᠭᠡ ᠶᠢᠨ ᠬᠤᠷᠢᠶ᠎ᠠ ᠨᠢ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ ᠪᠠ ᠬᠦᠴᠢᠷ ᠲᠦᠪᠡᠭᠲᠡᠢ ᠪᠤᠳᠤᠯᠢᠶᠠᠨᠲᠠᠢ ᠡᠪᠡᠳᠴᠢᠨ ᠲᠠᠢ ᠡᠪᠡᠳᠴᠢᠲᠡᠨ ᠳᠤ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠶᠢ ᠭᠤᠣᠯᠳᠠᠯᠭ᠎ᠠ ᠲᠠᠢ ᠪᠠᠷ ᠬᠠᠩᠭᠠᠨ᠎ᠠ᠃ ᠠᠯᠪᠠᠨ ᠠᠴᠠ ᠪᠠᠶᠢᠭᠤᠯᠤᠭᠰᠠᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠨᠤᠭᠤᠳ ᠬᠠᠷᠢᠶᠠᠲᠤ ᠣᠷᠣᠨ ᠤ ᠳᠣᠲᠣᠷᠠᠬᠢ ᠡᠷᠡᠭᠦᠯᠵᠢᠭᠦᠯᠬᠦ ᠡᠮᠴᠢᠯᠡᠭᠡᠨ ᠤ ᠰᠢᠨᠵᠢᠯᠡᠭᠡᠨ ᠤ ᠪᠠᠶᠢᠭᠤᠯᠤᠯᠲᠠ᠂ ᠴᠢᠳᠠᠪᠤᠷᠢᠲᠠᠨ ᠤ ᠪᠣᠯᠪᠠᠰᠤᠷᠠᠭᠤᠯᠤᠯ᠂ ᠮᠡᠷᠭᠡᠵᠢᠯ ᠤᠨ ᠳᠡᠮᠵᠢᠯᠭᠡ᠂ ᠰᠤᠳᠤᠯᠭᠠᠨ ᠤ ᠦᠷ᠎ᠡ ᠪᠦᠲᠦᠭᠡᠯ ᠢ ᠳᠡᠯᠭᠡᠷᠡᠭᠦᠯᠬᠦ ᠵᠡᠷᠭᠡ ᠡᠭᠦᠷᠭᠡ ᠶᠢ ᠡᠭᠦᠷᠭᠡᠯᠡᠵᠦ᠂ ᠬᠠᠪᠰᠤᠷᠤᠨ ᠲᠡᠳᠬᠦᠬᠦ ᠪᠠ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ᠂ ᠨᠡᠶᠢᠭᠡᠮ ᠤᠨ ᠬᠦᠴᠦᠨ ᠤ ᠡᠷᠭᠢᠯᠡᠭᠰᠡᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠬᠤ ᠬᠡᠷᠡᠭᠲᠡᠢ᠃ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠠᠨᠠᠭᠠᠬᠤ ᠤᠬᠠᠭᠠᠨ ᠤ ᠰᠠᠯᠠᠭ᠎ᠠ᠂ ᠬᠤᠶᠠᠳᠤᠭᠠᠷ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠰᠠᠯᠠᠭ᠎ᠠ᠂ ᠬᠤᠶᠠᠳᠤᠭᠠᠷ ᠳᠡᠰ ᠤᠨ ᠡᠷᠡᠭᠦᠯᠵᠢᠭᠦᠯᠬᠦ ᠡᠮᠨᠡᠯᠭᠡ ᠶᠢᠨ ᠬᠤᠷᠢᠶ᠎ᠠ᠂ ᠡᠷᠡᠭᠦᠯᠵᠢᠭᠦᠯᠬᠦ ᠡᠮᠴᠢᠯᠡᠭᠡᠨ ᠤ ᠲᠥᠪ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠵᠡᠷᠭᠡ ᠨᠢ ᠭᠤᠣᠯᠳᠠᠭᠤ ᠣᠨᠣᠰᠢᠯᠠᠯᠲᠠ ᠨᠢ ᠲᠣᠳᠣᠷᠬᠠᠢ᠂ ᠡᠪᠡᠳᠴᠢᠨ ᠤ ᠪᠠᠶᠢᠳᠠᠯ ᠨᠢ ᠲᠣᠭᠲᠠᠪᠤᠷᠢᠲᠠᠢ ᠪᠤᠶᠤ ᠤᠷᠲᠤ ᠬᠤᠭᠤᠴᠠᠭ᠎ᠠ ᠪᠠᠷ ᠡᠷᠡᠭᠦᠯᠵᠢᠭᠦᠯᠬᠦ ᠴᠢᠬᠤᠯᠠᠲᠠᠢ ᠡᠪᠡᠳᠴᠢᠲᠡᠨ ᠳᠤ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠᠷ ᠲᠦᠰᠢᠭ ᠪᠣᠯᠭᠠᠵᠤ᠂ ᠨᠡᠶᠢᠭᠡᠮ ᠲᠣᠭᠤᠷᠢᠭ ᠪᠠ ᠭᠡᠷ ᠲᠤᠨᠢ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠶᠢ ᠢᠳᠡᠪᠬᠢᠲᠡᠢ ᠥᠷᠨᠢᠭᠦᠯᠬᠦ ᠶᠢ ᠵᠣᠷᠢᠭᠵᠢᠭᠤᠯᠤᠨ᠎ᠠ᠃  ᠭᠤᠷᠪᠠ᠂ ᠡᠷᠡᠭᠦᠯᠵᠢᠭᠦᠯᠬᠦ ᠡᠮᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ ︵ᠳᠣᠯᠤᠭ᠎ᠠ︶ ᠡᠷᠡᠭᠦᠯᠵᠢᠭᠦᠯᠬᠦ ᠡᠮᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠦᠨ ᠬᠥᠮᠥᠵᠢᠭᠦᠯᠬᠦ ᠶᠢ ᠴᠢᠩᠭᠠᠳᠬᠠᠨ᠎ᠠ᠃ ᠨᠥᠬᠦᠴᠡᠯ ᠲᠠᠢ ᠳᠡᠭᠡᠳᠦ ᠰᠤᠷᠭᠠᠭᠤᠯᠢ ᠨᠤᠭᠤᠳ ᠡᠷᠡᠭᠦᠯᠵᠢᠭᠦᠯᠬᠦ ᠡᠮᠴᠢᠯᠡᠭᠡᠨ ᠤ ᠤᠬᠠᠭᠠᠨ ᠪᠠ ᠡᠷᠡᠭᠦᠯᠵᠢᠭᠦᠯᠬᠦ ᠢᠨᠵᠧᠨᠧᠷᠢᠩ ᠤᠨ ᠤᠬᠠᠭᠠᠨ ᠵᠡᠷᠭᠡ ᠲᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠢ ᠢᠳᠡᠪᠬᠢᠲᠡᠢ ᠲᠣᠬᠢᠷᠠᠭᠤᠯᠬᠤ ᠶᠢᠨ ᠬᠠᠮᠲᠤ᠂ ᠪᠣᠳᠠᠲᠠᠢ ᠪᠠᠨ ᠦᠨᠳᠦᠰᠦᠯᠡᠨ ᠡᠷᠡᠭᠦᠯᠵᠢᠭᠦᠯᠬᠦ ᠹᠢᠽᠢᠺ ᠤᠨ ᠡᠮᠴᠢᠯᠡᠭᠡᠨ ᠤ ᠤᠬᠠᠭᠠᠨ᠂ ᠡᠷᠡᠭᠦᠯᠵᠢᠭᠦᠯᠬᠦ ᠠᠵᠢᠯ ᠤᠨ ᠡᠮᠴᠢᠯᠡᠭᠡᠨ ᠤ ᠤᠬᠠᠭᠠᠨ᠂ ᠰᠣᠨᠣᠰᠬᠤ ᠴᠢᠳᠠᠪᠤᠷᠢ ᠬᠢᠭᠡᠳ ᠦᠭᠡ ᠬᠡᠯᠡᠨ ᠤ ᠡᠷᠡᠭᠦᠯᠵᠢᠯ ᠤᠨ ᠤᠬᠠᠭᠠᠨ ᠵᠡᠷᠭᠡ ᠲᠤᠰᠬᠠᠢ ᠮᠡᠷᠭᠡᠵᠢᠯ ᠢ ᠲᠣᠬᠢᠷᠠᠭᠤᠯᠵᠤ᠂ ᠡᠷᠡᠭᠦᠯᠵᠢᠭᠦᠯᠬᠦ ᠡᠮᠴᠢᠯᠡᠭᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠬᠠᠩᠭᠠᠯᠭ᠎ᠠ ᠶᠢ ᠨᠡᠮᠡᠭᠳᠡᠭᠦᠯᠦᠨ᠂ ᠡᠮᠴᠢᠯᠡᠭᠡᠨ ᠤ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠴᠢᠬᠤᠯᠠᠴᠢᠯᠠᠨ᠎ᠠ᠃ ᠡᠮᠴᠢᠯᠡᠭᠡᠨ ᠤ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠳᠤ ᠠᠨᠠᠭᠠᠬᠤ ᠤᠬᠠᠭᠠᠨ ᠤ ᠰᠣᠷᠣᠭᠴᠢ ᠶᠢᠨ ᠡᠷᠡᠭᠦᠯᠵᠢᠯ ᠤᠨ ᠠᠨᠠᠭᠠᠬᠤ ᠤᠬᠠᠭᠠᠨ ᠤ ᠬᠠᠮᠢᠶ᠎ᠠ ᠪᠦᠬᠦᠢ ᠮᠡᠳᠡᠯᠭᠡ ᠪᠠ ᠴᠢᠳᠠᠪᠤᠷᠢ ᠶᠢᠨ ᠬᠥᠮᠦᠵᠢᠯ ᠢ ᠴᠢᠩᠭᠠᠳᠬᠠᠬᠤ ᠶᠢ ᠵᠣᠷᠢᠭᠵᠢᠭᠤᠯᠵᠤ᠂ ᠡᠷᠡᠭᠦᠯᠵᠢᠯ ᠤᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠮᠡᠳᠡᠯᠭᠡ ᠶᠢ ᠲᠦᠭᠡᠮᠡᠯᠵᠢᠭᠦᠯᠦᠨ᠎ᠡ᠃ ᠡᠷᠡᠭᠦᠯᠵᠢᠭᠦᠯᠬᠦ ᠠᠨᠠᠭᠠᠬᠤ ᠤᠬᠠᠭᠠᠨ ᠤ ᠰᠠᠯᠠᠭ᠎ᠠ ᠶᠢᠨ ᠡᠮᠨᠡᠯᠭᠡ ᠳᠤ ᠰᠠᠭᠤᠬᠤ ᠡᠮᠴᠢ ᠶᠢᠨ ᠵᠢᠷᠤᠮᠵᠢᠭᠰᠠᠨ ᠪᠣᠯᠪᠠᠰᠤᠷᠠᠭᠤᠯᠤᠯ ᠢ ᠦᠷᠭᠦᠯᠵᠢᠯᠡᠨ ᠠᠬᠢᠭᠤᠯᠵᠤ᠂ ᠡᠷᠡᠭᠦᠯᠵᠢᠭᠦᠯᠬᠦ ᠠᠨᠠᠭᠠᠬᠤ ᠤᠬᠠᠭᠠᠨ ᠤ ᠰᠠᠯᠠᠭ᠎ᠠ ᠶᠢᠨ ᠡᠮᠴᠢ ᠶᠢᠨ ᠠᠵᠢᠯ ᠤᠨ ᠪᠠᠶᠢᠷᠢ ᠰᠣᠯᠢᠬᠤ ᠪᠣᠯᠪᠠᠰᠤᠷᠠᠭᠤᠯᠤᠯ ᠢ ᠰᠦᠪᠡᠭᠴᠢᠯᠡᠨ ᠥᠷᠨᠢᠭᠦᠯᠵᠦ᠂ ᠡᠷᠡᠭᠦᠯᠵᠢᠭᠦᠯᠬᠦ ᠡᠮᠴᠢᠯᠡᠭᠡᠨ ᠤ ᠠᠵᠢᠯ ᠡᠷᠭᠢᠯᠡᠬᠦ ᠡᠮᠴᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠎ᠡ᠃ ︵ᠨᠠᠢᠮᠠ︶ ᠡᠷᠡᠭᠦᠯᠵᠢᠭᠦᠯᠬᠦ ᠡᠮᠴᠢᠯᠡᠭᠡᠨ ᠤ ᠲᠤᠰᠬᠠᠢ ᠠᠵᠢᠯᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠤᠨ᠎ᠠ᠃ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠭᠰᠠᠨ᠂ ᠠᠵᠢᠯ ᠤᠨ ᠪᠠᠶᠢᠷᠢ ᠶᠢᠨ ᠡᠭᠦᠷᠭᠡᠯᠡᠵᠦ ᠳᠡᠶᠢᠯᠬᠦ ᠴᠢᠳᠠᠪᠤᠷᠢ ᠪᠠᠷ ᠭᠤᠣᠯ ᠪᠣᠯᠭᠠᠭᠰᠠᠨ ᠡᠷᠡᠭᠦᠯᠵᠢᠭᠦᠯᠬᠦ ᠡᠮᠴᠢᠯᠡᠭᠡᠨ ᠤ ᠲᠤᠰᠬᠠᠢ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠡᠷᠡᠭᠦᠯᠵᠢᠭᠦᠯᠬᠦ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠮᠴᠢᠯᠡᠭᠡᠨ ᠤ ᠪᠠᠶᠢᠭᠤᠯᠤᠮᠵᠢ ᠳᠠᠬᠢ ᠡᠷᠡᠭᠦᠯᠵᠢᠭᠦᠯᠬᠦ ᠡᠮᠴᠢᠯᠡᠭᠡᠨ ᠤ ᠠᠵᠢᠯ ᠬᠢᠵᠦ ᠪᠠᠶᠢᠭ᠎ᠠ ᠪᠠ ᠬᠢᠬᠦ ᠪᠠᠷ ᠪᠠᠶᠢᠭ᠎ᠠ ᠬᠥᠮᠥᠰ ᠲᠤ ᠲᠥᠯᠥᠪᠯᠡᠭᠡ ᠲᠠᠢ᠂ ᠲᠠᠰ ᠳᠠᠪᠬᠤᠷᠭ᠎ᠠ ᠬᠤᠪᠢᠶᠠᠨ ᠪᠣᠯᠪᠠᠰᠤᠷᠠᠭᠤᠯᠤᠯ ᠥᠷᠨᠢᠭᠦᠯᠵᠦ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠥᠬᠦ ᠡᠮᠨᠡᠯᠭᠡ ᠶᠢᠨ ᠠᠵᠢᠯᠲᠠᠨ ᠤ ᠡᠷᠡᠭᠦᠯᠵᠢᠭᠦᠯᠬᠦ ᠡᠮᠴᠢᠯᠡᠭᠡᠨ ᠤ ᠦᠨᠳᠦᠰᠦᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠡᠷᠡᠭᠦᠯᠵᠢᠭᠦᠯᠬᠦ ᠡᠮᠴᠢᠯᠡᠭᠡᠨ ᠤ ᠡᠷᠲᠡ ᠣᠷᠤᠯᠴᠠᠬᠤ᠂ ᠪᠥᠬᠦ ᠶᠠᠪᠤᠴᠠ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠡᠷᠡᠭᠦᠯᠵᠢᠭᠦᠯᠬᠦ ᠣᠨᠣᠯᠵᠢᠬᠤᠨ ᠢ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠣᠨᠣᠰᠢᠯᠠᠨ ᠡᠮᠨᠡᠬᠦ᠂ ᠡᠷᠡᠭᠦᠯᠵᠢᠭᠦᠯᠬᠦ ᠵᠡᠷᠭᠡ ᠪᠥᠬᠦ ᠶᠠᠪᠤᠴᠠ ᠳᠤ ᠲᠤᠤᠱᠯᠠᠭᠤᠯᠤᠨ᠎ᠠ᠃  ︵ᠶᠢᠰᠦ︶ ᠪᠠᠴᠢᠮ ᠪᠠᠶᠢᠳᠠᠯ ᠢ ᠠᠷᠭᠠᠴᠠᠭᠠᠬᠤ ᠭᠡᠨᠡᠳᠲᠡ ᠶᠢᠨ ᠪᠠᠶᠢᠳᠠᠯ ᠳᠣᠣᠷᠠᠬᠢ ᠡᠷᠡᠭᠦᠯᠵᠢᠭᠦᠯᠬᠦ ᠡᠮᠴᠢᠯᠡᠭᠡᠨ ᠤ ᠡᠩᠨᠡᠭᠡ ᠶᠢᠨ ᠨᠥᠭᠡᠴᠡ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠨ ᠬᠢᠨ ᠨᠥᠬᠦᠴᠡᠯ ᠲᠠᠢ᠂ ᠴᠢᠳᠠᠪᠤᠷᠢ ᠪᠠᠷ ᠴᠢᠩᠭ᠎ᠠ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠠᠨᠠᠭᠠᠬᠤ ᠤᠬᠠᠭᠠᠨ᠂ ᠬᠢᠲᠠᠳ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠰᠠᠯᠠᠭ᠎ᠠ ᠪᠠ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠡᠷᠡᠭᠦᠯᠵᠢᠯ ᠤᠨ ᠡᠮᠴᠢᠯᠡᠭᠡᠨ ᠤ ᠲᠤᠰᠬᠠᠢ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠬᠤ ᠪᠤᠶᠤ ᠨᠥᠭᠡᠴᠡᠯᠡᠬᠦ ᠬᠡᠷᠡᠭᠲᠡᠢ᠃ ᠬᠡᠪ ᠴᠢᠨᠠᠷ ᠢᠶᠠᠷ ᠰᠢᠯᠢᠳᠡᠭ ᠰᠠᠶᠢᠨ᠂ ᠲᠤᠰᠬᠠᠢ ᠮᠡᠷᠭᠡᠵᠢᠯ ᠳᠡᠭᠡᠨ ᠴᠠᠭᠠᠷᠠᠭᠰᠠᠨ᠂ ᠬᠦᠨᠳᠦ ᠶᠡᠭᠡ ᠬᠢᠵᠢᠭ ᠤᠨ ᠪᠠᠶᠢᠳᠠᠯ᠂ ᠭᠠᠢ ᠭᠠᠮᠰᠢᠭ ᠵᠡᠷᠭᠡ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠴᠠᠭ ᠲᠤᠬᠠᠢ ᠳᠤᠨᠢ ᠠᠷᠭᠠᠴᠠᠭᠠᠬᠤ ᠡᠷᠡᠭᠦᠯᠵᠢᠭᠦᠯᠬᠦ ᠡᠮᠴᠢᠯᠡᠭᠡᠨ ᠤ ᠲᠤᠰᠬᠠᠢ ᠡᠩᠨᠡᠭᠡ ᠶᠢ ᠪᠠᠶᠢᠭᠤᠯᠵᠤ᠂ ᠠᠵᠢᠯᠲᠠᠨ᠂ ᠡᠳ᠋ ᠪᠣᠳᠠᠰ ᠤᠨ ᠨᠥᠭᠡᠴᠡ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠷᠠᠭᠤᠯᠤᠨ᠂ ᠭᠡᠨᠡᠳᠲᠡ ᠡᠭᠦᠰᠦᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷᠠᠬᠢ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃  ᠳᠥᠷᠪᠡ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ      ︵ᠠᠷᠪᠠ︶ ᠡᠷᠡᠭᠦᠯᠵᠢᠭᠦᠯᠬᠦ ᠡᠮᠴᠢᠯᠡᠭᠡᠨ ᠤ ᠠᠵᠢᠯ ᠤᠨ ᠳᠦᠷᠢᠮ᠂ ᠦᠢᠯᠡᠴᠢᠯᠡᠭᠡᠨ ᠤ ᠵᠦᠭᠯᠡᠭᠦᠷ ᠪᠠ ᠮᠡᠷᠭᠡᠵᠢᠯ ᠤᠨ ᠵᠢᠷᠤᠮᠵᠢᠯ ᠢ ᠲᠡᠭᠦᠯᠳᠡᠷᠵᠢᠭᠦᠯᠦᠨ᠎ᠡ᠃ ᠡᠷᠡᠭᠦᠯᠵᠢᠭᠦᠯᠬᠦ ᠡᠮᠴᠢᠯᠡᠭᠡᠨ ᠤ ᠲᠤᠰᠬᠠᠢ ᠮᠡᠷᠭᠡᠵᠢᠯ ᠤᠨ ᠣᠨᠴᠠᠯᠢᠭ ᠪᠠ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠬᠥᠭᠵᠢᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯᠵᠢᠭᠦᠯᠬᠦ ᠡᠮᠴᠢᠯᠡᠭᠡᠨ ᠤ ᠠᠵᠢᠯ ᠤᠨ ᠳᠦᠷᠢᠮ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠵᠦᠭᠯᠡᠭᠦᠷ ᠪᠠ ᠮᠡᠷᠭᠡᠵᠢᠯ ᠤᠨ ᠵᠢᠷᠤᠮᠵᠢᠯ ᠵᠡᠷᠭᠡ᠂ ᠢᠯᠠᠩᠭᠤᠶ᠎ᠠ ᠬᠦᠨᠳᠦ ᠶᠡᠭᠡ ᠡᠪᠡᠳᠴᠢᠨ ᠡᠮᠭᠡᠭ᠂ ᠰᠢᠨ᠎ᠡ ᠪᠠᠷ ᠡᠭᠦᠰᠬᠦ ᠬᠠᠯᠳᠠᠪᠤᠷᠢᠲᠤ ᠴᠢᠨᠠᠷᠲᠠᠢ ᠡᠪᠡᠳᠴᠢᠨ ᠤ ᠡᠷᠡᠭᠦᠯᠵᠢᠭᠦᠯᠬᠦ ᠮᠡᠷᠭᠡᠵᠢᠯ ᠤᠨ ᠵᠦᠭᠯᠡᠭᠦᠷ ᠵᠡᠷᠭᠡ ᠶᠢ ᠲᠣᠭᠲᠠᠭᠠᠨ ᠲᠡᠭᠦᠯᠳᠡᠷᠵᠢᠭᠦᠯᠵᠦ᠂ ᠡᠮᠴᠢᠯᠡᠭᠡᠨ ᠤ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠴᠢᠨᠠᠷ ᠪᠠ ᠵᠢᠷᠤᠮᠵᠢᠯᠳᠤ ᠴᠢᠨᠠᠷ ᠢ ᠳᠡᠭᠡᠭᠰᠢᠯᠡᠭᠦᠯᠵᠦ᠂ ᠡᠮᠴᠢᠯᠡᠭᠡᠨ ᠤ ᠦᠷ᠎ᠡ ᠪᠦᠲᠦᠮᠵᠢ ᠶᠢ ᠤᠯᠠᠮ ᠴᠢᠨᠠᠭᠰᠢᠳᠠ ᠨᠡᠮᠡᠭᠳᠡᠭᠦᠯᠦᠨ᠎ᠡ᠃  ︵ᠠᠷᠪᠠᠨ ᠨᠢᠭᠡ︶ ᠡᠷᠡᠭᠦᠯᠵᠢᠭᠦᠯᠬᠦ ᠡᠮᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠭᠤᠷᠪᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠠᠨᠠᠭᠠᠬᠤ ᠤᠬᠠᠭᠠᠨ ᠤ ᠰᠠᠯᠠᠭ᠎ᠠ᠂ ᠭᠤᠷᠪᠠᠳᠤᠭᠠᠷ ᠳᠡᠰ ᠤᠨ ᠬᠢᠲᠠᠳ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠰᠠᠯᠠᠭ᠎ᠠ ᠪᠠ ᠭᠤᠷᠪᠠᠳᠤᠭᠠᠷ ᠳᠡᠰ ᠤᠨ ᠡᠷᠡᠭᠦᠯᠵᠢᠭᠦᠯᠬᠦ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠠᠩᠬᠠᠨ ᠤ ᠬᠤᠭᠤᠴᠠᠭᠠᠨ ᠤ ᠣᠷᠣᠯᠴᠠᠭ᠎ᠠ᠂ ᠣᠯᠠᠨ ᠰᠢᠨᠵᠢᠯᠡᠭᠡᠨ ᠤ ᠰᠠᠯᠠᠭ᠎ᠠ ᠶᠢᠨ ᠬᠠᠮᠲᠤᠷᠠᠯᠴᠠᠭ᠎ᠠ᠂ ᠬᠦᠴᠢᠷ ᠲᠦᠪᠡᠭᠲᠡᠢ ᠬᠦᠨᠳᠦ ᠡᠪᠡᠳᠴᠢᠲᠡᠨ ᠤ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠭᠤᠣᠯᠳᠠᠯᠭ᠎ᠠ ᠲᠠᠢ ᠴᠢᠩᠭᠠᠳᠬᠠᠨ᠎ᠠ᠃ ᠠᠳᠠᠯᠢ ᠪᠤᠰᠤ ᠬᠥᠮᠥᠰ ᠤᠨ ᠡᠪᠡᠳᠴᠢᠨ ᠡᠮᠭᠡᠭ ᠤᠨ ᠣᠨᠴᠠᠯᠢᠭ ᠪᠠ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠪᠠᠴᠢᠮ ᠬᠡᠷᠡᠭᠴᠡᠭᠡ ᠶᠢ ᠦᠨᠳᠦᠰᠦᠯᠡᠵᠦ᠂ ᠮᠡᠳᠡᠷᠡᠯ ᠤᠨ ᠡᠷᠡᠭᠦᠯᠵᠢᠯ᠂ ᠶᠠᠰᠤᠨ ᠤ ᠰᠠᠯᠠᠭᠠᠨ ᠤ ᠡᠷᠡᠭᠦᠯᠵᠢᠯ᠂ ᠵᠢᠷᠦᠬᠡ ᠠᠭᠤᠰᠬᠢᠨ ᠤ ᠡᠷᠡᠭᠦᠯᠵᠢᠯ᠂ ᠬᠠᠪᠤᠳᠠᠷ ᠤᠨ ᠡᠷᠡᠭᠦᠯᠵᠢᠯ᠂ ᠬᠡᠦᠬᠡᠳ ᠤᠨ ᠡᠷᠡᠭᠦᠯᠵᠢᠯ᠂ ᠨᠠᠰᠤᠲᠠᠶᠢᠴᠤᠳ ᠤᠨ ᠡᠷᠡᠭᠦᠯᠵᠢᠯ᠂ ᠡᠪᠡᠷᠰᠢᠶᠡᠯ ᠤᠨ ᠡᠷᠡᠭᠦᠯᠵᠢᠯ᠂ ᠬᠦᠨᠳᠦ ᠡᠪᠡᠳᠴᠢᠨ ᠤ ᠡᠷᠡᠭᠦᠯᠵᠢᠯ᠂ ᠬᠢᠲᠠᠳ ᠡᠮᠨᠡᠯᠭᠡ ᠶᠢᠨ ᠡᠷᠡᠭᠦᠯᠵᠢᠯ᠂ ᠰᠡᠳᠬᠢᠴᠡ ᠶᠢᠨ ᠡᠷᠡᠭᠦᠯᠵᠢᠯ ᠵᠡᠷᠭᠡ ᠡᠷᠡᠭᠦᠯᠵᠢᠯ ᠤᠨ ᠠᠨᠠᠭᠠᠬᠤ ᠤᠬᠠᠭᠠᠨ ᠤ ᠳᠡᠳ᠋ ᠲᠤᠰᠬᠠᠢ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳᠡᠳ᠋ ᠲᠤᠰᠬᠠᠢ ᠮᠡᠷᠭᠡᠵᠢᠯ ᠤᠨ ᠨᠠᠷᠢᠯᠢᠭᠵᠢᠭᠤᠯᠤᠭᠰᠠᠨ ᠡᠷᠡᠭᠦᠯᠵᠢᠯ ᠤᠨ ᠰᠢᠯᠭᠠᠨ ᠲᠣᠭᠲᠠᠭᠠᠯᠲᠠ᠂ ᠡᠷᠡᠭᠦᠯᠵᠢᠯ ᠤᠨ ᠡᠮᠴᠢᠯᠡᠭᠡ᠂ ᠡᠷᠡᠭᠦᠯᠵᠢᠯ ᠤᠨ ᠵᠢᠯᠣᠭᠤᠳᠤᠯᠭ᠎ᠠ ᠪᠠ ᠡᠷᠡᠭᠦᠯᠵᠢᠯ ᠤᠨ ᠳᠠᠭᠠᠵᠤ ᠰᠤᠷᠪᠤᠯᠵᠢᠯᠠᠬᠤ ᠵᠡᠷᠭᠡ ᠦᠢᠯᠡᠴᠢᠯᠡᠭᠡ ᠶᠢ ᠥᠷᠨᠢᠭᠦᠯᠦᠨ᠎ᠡ᠃  ︵ᠠᠷᠪᠠᠨ ᠬᠤᠶᠠᠷ︶ ᠦᠨᠳᠦᠰᠦᠨ ᠱᠠᠲᠤᠨ ᠤ ᠡᠷᠡᠭᠦᠯᠵᠢᠭᠦᠯᠬᠦ ᠡᠮᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠬᠤᠯᠪᠣᠭᠠᠲᠤ ᠴᠣᠭᠴᠠ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠳᠡᠮᠵᠢᠬᠦ᠂ ᠠᠯᠤᠰ ᠠᠴᠠ ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠷᠡᠭᠦᠯᠵᠢᠯ ᠤᠨ ᠡᠮᠴᠢᠯᠡᠭᠡᠨ ᠤ ᠴᠢᠨᠠᠷ ᠰᠠᠶᠢᠲᠠᠢ ᠡᠬᠢ ᠪᠠᠶᠠᠯᠢᠭ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠡᠷᠡᠭᠦᠯᠵᠢᠯ ᠤᠨ ᠡᠮᠴᠢᠯᠡᠭᠡᠨ ᠤ ᠲᠥᠪ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯᠵᠢᠯ ᠤᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠮᠴᠢᠯᠡᠭᠡᠨ ᠤ ᠬᠤᠯᠪᠣᠭ᠎ᠠ ᠶᠢᠨ ᠪᠡᠶ᠎ᠡ ᠶᠢᠨ ᠳᠣᠲᠣᠭᠠᠳᠤ ᠶᠢᠨ ᠨᠥᠬᠦᠴᠡᠯ ᠲᠠᠢ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠡᠮᠴᠢᠯᠡᠭᠡᠨ ᠤ ᠬᠠᠮᠲᠤᠷᠠᠭᠰᠠᠨ ᠪᠦᠯᠬᠦᠮ ᠨᠡᠶᠢᠲᠡ ᠪᠠᠶᠢᠭᠤᠯᠬᠤ᠂ ᠨᠢᠭᠡ  ᠎ ᠳᠤ ᠨᠢᠭᠡ ᠲᠣᠬᠢᠷᠠᠭᠤᠯᠣᠨ ᠬᠠᠪᠰᠤᠷᠬᠤ᠂ ᠡᠷᠡᠭᠦᠯᠵᠢᠭᠦᠯᠬᠦ ᠲᠤᠰᠬᠠᠢ ᠮᠡᠷᠭᠡᠵᠢᠯᠲᠡᠨ ᠢ ᠰᠣᠩᠭᠤᠨ ᠲᠣᠮᠢᠯᠠᠵᠤ ᠲᠣᠭᠲᠠᠮᠠᠯ ᠬᠤᠭᠤᠴᠠᠭ᠎ᠠ ᠲᠠᠢ ᠪᠠᠷ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠪᠠᠭᠤᠯᠭᠠᠵᠤ ᠡᠮᠨᠡᠭᠦᠯᠬᠦ᠂  ᠡᠪᠡᠳᠴᠢᠳᠡᠨ ᠤ ᠦᠷᠦᠭᠡ ᠶᠢ ᠪᠠᠶᠢᠴᠠᠭᠠᠬᠤ᠂ ᠪᠣᠯᠪᠠᠰᠤᠷᠠᠭᠤᠯᠤᠯ ᠬᠢᠬᠦ ᠵᠡᠷᠭᠡ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠬᠠᠪᠰᠤᠷᠤᠨ ᠲᠡᠳᠬᠦᠵᠦ ᠡᠷᠡᠭᠦᠯᠵᠢᠭᠦᠯᠬᠦ ᠡᠮᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ᠶᠡᠷᠦᠩᠬᠡᠢ ᠰᠠᠯᠠᠭᠠᠨ ᠤ ᠡᠮᠴᠢ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠪᠦᠯᠬᠦᠮ ᠨᠡᠶᠢᠲᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠲᠡᠳᠡᠨ ᠤ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠨᠥᠬᠦᠴᠡᠯ ᠲᠠᠢ ᠡᠮᠴᠢᠯᠡᠭᠡᠨ ᠤ ᠪᠠᠶᠢᠭᠤᠯᠤᠮᠵᠢ ᠬᠢᠭᠡᠳ ᠵᠡᠮᠳᠡᠭᠴᠦᠳ ᠤᠨ ᠲᠤᠰᠬᠠᠢ ᠡᠷᠡᠭᠦᠯᠵᠢᠯ ᠤᠨ ᠪᠠᠶᠢᠭᠤᠯᠤᠮᠵᠢ᠂ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠲᠡᠳᠡᠨ ᠤ ᠡᠷᠡᠭᠦᠯᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠠᠷᠪᠠᠨ ᠭᠤᠷᠪᠠ︶ ᠬᠢᠲᠠᠳ ᠡᠮᠨᠡᠯᠭᠡ ᠶᠢᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠢᠲᠠᠳ ᠡᠮ ᠡᠮᠨᠡᠯᠭᠡ ᠶᠢᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠤᠨ ᠬᠡᠷᠡᠭᠵᠢᠭᠦᠯᠬᠦ ᠲᠥᠰᠥᠯ ︵2021 ︱ 2025 ᠣᠨ︶᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾᠎ ᠢ ᠨᠠᠶᠢᠳᠠᠪᠤᠷᠢᠵᠢᠭᠤᠯᠵᠤ᠂ ᠬᠢᠲᠠᠳ ᠡᠮ ᠡᠮᠨᠡᠯᠭᠡ ᠶᠢᠨ ᠡᠪᠡᠳᠴᠢᠨ ᠡᠮᠭᠡᠭ ᠢ ᠡᠷᠡᠭᠦᠯᠵᠢᠭᠦᠯᠬᠦ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠨᠥᠬᠦᠴᠡᠯ ᠲᠠᠢ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ᠶᠢᠨ ᠡᠷᠡᠭᠦᠯᠵᠢᠯ ᠤᠨ ᠦᠢᠯᠡᠴᠢᠯᠡᠭᠡ ᠶᠢ ᠢᠳᠡᠪᠬᠢᠲᠡᠢ ᠬᠠᠩᠭᠠᠬᠤ ᠶᠢ ᠬᠢᠲᠠᠳ ᠡᠮ ᠡᠮᠨᠡᠯᠭᠡ ᠶᠢᠨ ᠡᠷᠡᠭᠦᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ᠶᠢᠨ ᠡᠷᠡᠭᠦᠯᠵᠢᠭᠦᠯᠬᠦ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠬᠢᠲᠠᠳ ᠡᠮᠨᠡᠯᠭᠡ ᠶᠢᠨ ᠡᠷᠡᠭᠦᠯᠵᠢᠭᠦᠯᠬᠦ ᠲᠥᠰᠥᠯ ᠪᠠ ᠮᠡᠷᠭᠡᠵᠢᠯ ᠤᠨ ᠵᠢᠷᠤᠮᠵᠢᠯ ᠤᠨ ᠰᠤᠳᠤᠯᠭᠠᠨ ᠢ ᠥᠷᠨᠢᠭᠦᠯᠵᠦ᠂ ᠬᠢᠲᠠᠳ ᠡᠮᠨᠡᠯᠭᠡ ᠶᠢᠨ ᠣᠨᠴᠠᠯᠢᠭᠲᠤ ᠡᠷᠡᠭᠦᠯᠵᠢᠭᠦᠯᠬᠦ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠦᠨ᠂ ᠦᠨᠳᠦᠰᠦᠨ ᠱᠠᠲᠤᠨ ᠤ ᠬᠢᠲᠠᠳ ᠡᠮᠨᠡᠯᠭᠡ ᠶᠢᠨ ᠡᠷᠡᠭᠦᠯᠵᠢᠭᠦᠯᠬᠦ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠢᠲᠠᠳ ᠡᠮ ᠡᠮᠨᠡᠯᠭᠡ ᠶᠢᠨ ᠡᠷᠡᠭᠦᠯᠵᠢᠭᠦᠯᠬᠦ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃  ᠲᠠᠪᠤ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠬᠦ ︵ᠠᠷᠪᠠᠨ ᠳᠥᠷᠪᠡ︶ ᠡᠷᠡᠭᠦᠯᠵᠢᠯ ᠬᠢᠭᠡᠳ ᠡᠮᠴᠢᠯᠡᠭᠡᠨ ᠤ ᠣᠯᠠᠨ ᠰᠢᠨᠵᠢᠯᠡᠭᠡᠨ ᠤ ᠬᠠᠮᠲᠤᠷᠠᠯᠴᠠᠭ᠎ᠠ ᠶᠢᠨ ᠵᠠᠭᠪᠤᠷ ᠢ ᠠᠯᠬᠤᠮ ᠠᠯᠬᠤᠮ ᠢᠶᠠᠷ ᠠᠬᠢᠭᠤᠯᠤᠨ᠎ᠠ᠃ ᠨᠥᠬᠦᠴᠡᠯ ᠲᠠᠢ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯᠵᠢᠭᠦᠯᠬᠦ ᠡᠮᠴᠢᠯᠡᠭᠡ ᠬᠢᠭᠡᠳ ᠭᠠᠳᠠᠷ ᠰᠠᠯᠠᠭ᠎ᠠ᠂ ᠮᠡᠳᠡᠷᠡᠯ ᠤᠨ ᠰᠠᠯᠠᠭ᠎ᠠ᠂ ᠶᠠᠰᠤᠨ ᠤ ᠰᠠᠯᠠᠭ᠎ᠠ᠂ ᠵᠢᠷᠦᠬᠡ ᠴᠢᠰᠤᠨ ᠰᠤᠳᠠᠯ᠂ ᠠᠮᠢᠰᠬᠤᠯ᠂ ᠬᠦᠨᠳᠦ ᠡᠪᠡᠳᠴᠢᠨ᠂ ᠬᠢᠲᠠᠳ ᠡᠮᠨᠡᠯᠭᠡ ᠵᠡᠷᠭᠡ ᠡᠮᠴᠢᠯᠡᠭᠡᠨ ᠤ ᠬᠠᠮᠢᠶ᠎ᠠ ᠪᠦᠬᠦᠢ ᠰᠢᠨᠵᠢᠯᠡᠭᠡᠨ ᠤ ᠰᠠᠯᠠᠭ᠎ᠠ ᠶᠢᠨ ᠨᠢᠭᠲᠠ ᠬᠠᠮᠲᠤᠷᠠᠯᠴᠠᠬᠤ ᠵᠠᠭᠪᠤᠷ ᠲᠤ ᠰᠢᠨ᠎ᠡ ᠶᠢ ᠡᠭᠦᠳᠦᠨ ᠥᠷᠨᠢᠭᠦᠯᠬᠦ ᠶᠢ ᠵᠣᠷᠢᠭᠵᠢᠭᠤᠯᠤᠨ᠎ᠠ᠃ ᠡᠪᠡᠳᠴᠢᠲᠡᠨ ᠢᠶᠠᠷ ᠲᠥᠪ ᠪᠣᠯᠭᠠᠵᠤ᠂ ᠡᠷᠡᠭᠦᠯᠵᠢᠯ ᠤᠨ ᠡᠬᠢᠨ ᠤ ᠬᠤᠭᠤᠴᠠᠭᠠᠨ ᠳᠤ ᠣᠷᠤᠯᠴᠠᠬᠤ ᠶᠢ ᠴᠢᠩᠭᠠᠳᠬᠠᠨ᠂ ᠡᠷᠡᠭᠦᠯᠵᠢᠯ ᠤᠨ ᠭᠠᠳᠠᠷ ᠰᠠᠯᠠᠭ᠎ᠠ ᠶᠢ ᠲᠦᠷᠭᠡᠳᠬᠡᠬᠦ ᠶᠢ ᠠᠬᠢᠭᠤᠯᠵᠤ᠂ ᠡᠷᠡᠭᠦᠯᠵᠢᠯ ᠢ ᠡᠪᠡᠳᠴᠢᠨ ᠡᠮᠭᠡᠭ ᠢ ᠣᠨᠣᠰᠢᠯᠠᠨ ᠡᠮᠨᠡᠬᠦ ᠪᠥᠬᠦ ᠶᠠᠪᠤᠴᠠ ᠳᠤ ᠲᠤᠤᠱᠯᠠᠭᠤᠯᠤᠨ᠂ ᠡᠮᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠪᠡᠳᠴᠢᠲᠡᠨ ᠤ ᠲᠦᠷᠭᠡᠨ ᠡᠷᠡᠭᠦᠯᠵᠢᠬᠦ ᠪᠠ ᠴᠢᠳᠠᠮᠵᠢ ᠶᠢᠨ ᠰᠡᠷᠭᠦᠭᠡᠯᠲᠡ ᠶᠢ ᠠᠬᠢᠭᠤᠯᠤᠨ᠎ᠠ᠃ ︵ᠠᠷᠪᠠᠨ ᠲᠠᠪᠤ︶ ᠨᠡᠶᠢᠭᠡᠮ ᠲᠣᠭᠤᠷᠢᠭ ᠪᠠ ᠭᠡᠷ ᠲᠤᠨᠢ ᠡᠷᠡᠭᠦᠯᠵᠢᠭᠦᠯᠬᠦ ᠡᠮᠴᠢᠯᠡᠭᠡ ᠶᠢ ᠢᠳᠡᠪᠬᠢᠲᠡᠢ ᠬᠥᠭᠵᠢᠭᠦᠯᠦᠨ᠎ᠡ᠃ ᠨᠥᠬᠦᠴᠡᠯ ᠲᠠᠢ ᠡᠮᠴᠢᠯᠡᠭᠡᠨ ᠤ ᠪᠠᠶᠢᠭᠤᠯᠤᠮᠵᠢ ᠶᠢᠨ ︽ᠢᠨᠲ᠋ᠧᠷ ᠰᠦᠯᠵᠢᠶ᠎ᠡ +︾᠂ ᠭᠡᠷ ᠪᠦᠯᠢ ᠶᠢᠨ ᠡᠪᠡᠳᠴᠢᠲᠡᠨ ᠤ ᠣᠷᠣ᠂ ᠭᠡᠷ ᠲᠤᠨᠢ ᠬᠦᠷᠴᠦ ᠲᠣᠭᠤᠷᠢᠨ ᠡᠮᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠶᠢᠭᠤᠯᠤᠮᠵᠢ ᠶᠢᠨ ᠳᠣᠲᠣᠷᠠᠬᠢ ᠡᠷᠡᠭᠦᠯᠵᠢᠯ ᠤᠨ ᠡᠮᠴᠢᠯᠡᠭᠡᠨ ᠤ ᠦᠢᠯᠡᠴᠢᠯᠡᠭᠡ ᠶᠢ ᠨᠡᠶᠢᠭᠡᠮ ᠲᠣᠭᠤᠷᠢᠭ ᠪᠠ ᠭᠡᠷ ᠪᠦᠯᠢ ᠳᠤ ᠬᠦᠷᠲᠡᠯ᠎ᠡ ᠤᠷᠲᠤᠳᠬᠠᠬᠤ ᠶᠢ ᠵᠣᠷᠢᠭᠵᠢᠭᠤᠯᠤᠨ᠎ᠠ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠵᠠᠭᠪᠤᠷ ᠢᠶᠠᠨ ᠪᠠᠶᠠᠯᠢᠭᠵᠢᠭᠤᠯᠬᠤ ᠪᠠ ᠰᠢᠨ᠎ᠡ ᠶᠢ ᠡᠭᠦᠳᠬᠦ ᠶᠢ ᠳᠡᠮᠵᠢᠵᠦ᠂ ᠤᠷᠢᠳᠠᠪᠠᠷ ᠴᠢᠳᠠᠪᠤᠷᠢ ᠪᠠᠨ ᠠᠯᠳᠠᠭᠰᠠᠨ ᠪᠤᠶᠤ ᠥᠨᠳᠥᠷ ᠨᠠᠰᠤᠲᠠᠢ ᠨᠠᠰᠤᠲᠠᠨ᠂ ᠤᠳᠠᠭᠠᠨ ᠴᠢᠨᠠᠷᠲᠠᠢ ᠡᠪᠡᠳᠴᠢᠨᠲᠡᠨ᠂ ᠬᠦᠳᠦ ᠵᠡᠮᠳᠡᠭ ᠬᠥᠮᠥᠨ ᠵᠡᠷᠭᠡ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠲᠤᠯᠭᠠᠮ᠎ᠠ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠲᠤ ᠭᠡᠷ ᠲᠡᠭᠡᠨ ᠡᠷᠡᠭᠦᠯᠵᠢᠭᠦᠯᠬᠦ ᠡᠮᠴᠢᠯᠡᠭᠡ᠂ ᠡᠳᠦᠷ ᠤᠨ ᠡᠷᠡᠭᠦᠯᠵᠢᠭᠦᠯᠬᠦ ᠪᠣᠯᠪᠠᠰᠤᠷᠠᠯ᠂ ᠡᠷᠡᠭᠦᠯᠵᠢᠭᠦᠯᠬᠦ ᠵᠢᠯᠣᠭᠤᠳᠤᠯᠭ᠎ᠠ ᠵᠡᠷᠭᠡ ᠦᠢᠯᠡᠴᠢᠯᠡᠭᠡ ᠶᠢ ᠬᠠᠩᠭᠠᠨ᠎ᠠ᠃  ︵ᠠᠷᠪᠠᠨ ᠵᠢᠷᠭᠤᠭ᠎ᠠ︶ ᠡᠷᠡᠭᠦᠯᠵᠢᠯ ᠤᠨ ᠡᠮᠴᠢᠯᠡᠭᠡ ᠬᠢᠭᠡᠳ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ ᠦᠢᠯᠡᠴᠢᠯᠡᠭᠡ ᠶᠢ ᠵᠣᠯᠭᠠᠭᠤᠯᠤᠨ ᠠᠭᠤᠰᠤᠯᠴᠠᠭᠤᠯᠬᠤ ᠶᠢ ᠠᠬᠢᠭᠤᠯᠤᠨ᠎ᠠ᠃ ︽ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠢ ᠰᠠᠨᠠᠯ ᠤᠳ︾᠎ ᠢ ᠨᠠᠶᠢᠳᠠᠪᠤᠷᠢᠵᠢᠭᠤᠯᠵᠤ᠂ ᠡᠷᠡᠭᠦᠯᠵᠢᠯ ᠤᠨ ᠡᠮᠴᠢᠯᠡᠭᠡᠨ ᠤ ᠦᠢᠯᠡᠴᠢᠯᠡᠭᠡ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ ᠦᠢᠯᠡᠴᠢᠯᠡᠭᠡᠨ ᠤ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠷᠡᠭᠦᠯᠵᠢᠭᠦᠯᠬᠦ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠤᠨ ᠲᠣᠬᠢᠷᠠᠭᠤᠯᠬᠤ ᠲᠥᠬᠦᠭᠡᠷᠦᠮᠵᠢ ᠪᠡᠯᠡᠳᠬᠡᠮᠵᠢ ᠶᠢ ᠵᠦᠢ ᠵᠣᠬᠢᠰᠲᠠᠢ ᠲᠣᠬᠢᠷᠠᠭᠤᠯᠵᠤ᠂ ᠬᠠᠮᠢᠶ᠎ᠠ ᠪᠦᠬᠦᠢ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠷᠠᠭᠤᠯᠤᠨ᠂ ᠡᠷᠡᠭᠦᠯᠵᠢᠭᠦᠯᠬᠦ ᠡᠮᠴᠢ᠂ ᠡᠷᠡᠭᠦᠯᠵᠢᠭᠦᠯᠬᠦ ᠡᠮᠴᠢᠯᠡᠭᠴᠢ ᠬᠢᠭᠡᠳ ᠡᠷᠡᠭᠦᠯᠵᠢᠭᠦᠯᠬᠦ ᠲᠤᠰᠠᠯᠠᠬᠤ ᠪᠠᠭᠠᠵᠢ ᠬᠡᠷᠡᠭᠰᠡᠯ ᠤᠨ ᠲᠣᠬᠢᠷᠠᠭᠤᠯᠬᠤ ᠠᠵᠢᠯᠲᠠᠨ ᠤ ᠪᠦᠯᠬᠦᠮ ᠤᠨ ᠬᠠᠮᠲᠣᠷᠣᠨ ᠠᠵᠢᠯᠯᠠᠬᠤ ᠲᠣᠭᠲᠠᠴᠠ ᠶᠢ ᠪᠠᠶᠢᠭᠤᠯᠵᠤ᠂ ᠲᠤᠰᠬᠠᠢ ᠮᠡᠷᠭᠡᠵᠢᠯ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃  ᠵᠢᠷᠭᠤᠭ᠎ᠠ᠂ ᠳᠡᠮᠵᠢᠵᠦ ᠪᠠᠲᠤᠯᠠᠬᠤ ᠡᠷᠴᠢᠮ ᠢ ᠴᠢᠩᠭᠠᠷᠠᠭᠤᠯᠤᠨ᠎ᠠ ︵ᠠᠷᠪᠠᠨ ᠳᠣᠯᠤᠭ᠎ᠠ︶ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠪᠠ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠲᠡᠭᠦᠯᠳᠡᠷᠵᠢᠭᠦᠯᠦᠨ᠎ᠡ᠃ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠬᠠᠮᠢᠶ᠎ᠠ ᠪᠦᠬᠦᠢ ᠲᠥᠷᠥᠯ ᠵᠦᠢᠯ ᠤᠨ ᠦᠨ᠎ᠡ ᠬᠠᠩᠰᠢ ᠶᠢ ᠲᠣᠬᠢᠷᠠᠭᠤᠯᠬᠤ ᠪᠠ ᠰᠢᠯᠢᠳᠡᠭᠵᠢᠭᠦᠯᠬᠦ ᠠᠵᠢᠯ ᠢ ᠰᠠᠶᠢᠲᠤᠷ ᠬᠢᠨ᠎ᠡ᠃ ᠡᠯ᠎ᠡ ᠭᠠᠵᠠᠷ ᠤᠨ ᠡᠷᠡᠭᠦᠯᠵᠢᠯ ᠤᠨ ᠶᠡᠷᠦᠩᠬᠡᠶᠢᠯᠡᠭᠰᠡᠨ ᠦᠨᠡᠯᠡᠨ ᠲᠣᠭᠲᠠᠭᠠᠯᠲᠠ ᠵᠡᠷᠭᠡ 29 ᠵᠦᠢᠯ ᠤᠨ ᠡᠮᠴᠢᠯᠡᠭᠡᠨ ᠤ ᠡᠷᠡᠭᠦᠯᠵᠢᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠵᠢᠯᠤᠭᠤᠳᠴᠤ᠂ ᠡᠮᠴᠢᠯᠡᠭᠡᠨ ᠤ ᠡᠷᠡᠭᠦᠯᠵᠢᠯ ᠤᠨ ᠲᠥᠷᠥᠯ ᠵᠦᠢᠯ ᠤᠨ ᠳᠥᠯᠥᠬᠦ ᠬᠠᠮᠢᠶᠠᠷᠤᠯᠲᠠ ᠶᠢ ᠴᠢᠩᠭᠠᠳᠬᠠᠨ᠂ ᠣᠯᠠᠨ ᠲᠦᠮᠡᠨ ᠤ ᠦᠨᠳᠦᠰᠦᠨ ᠡᠷᠡᠭᠦᠯᠵᠢᠯ ᠤᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃  ︵ᠠᠷᠪᠠᠨ ᠨᠠᠢᠮᠠ︶ ᠡᠷᠡᠭᠦᠯᠵᠢᠭᠦᠯᠬᠦ ᠡᠮᠴᠢᠯᠡᠭᠡᠨ ᠤ ᠲᠤᠰᠬᠠᠢ ᠮᠡᠷᠭᠡᠵᠢᠯ ᠤᠨ ᠠᠵᠢᠯᠲᠠᠨ ᠤ ᠢᠳᠡᠪᠬᠢᠵᠢᠯ ᠢ ᠳᠠᠶᠢᠴᠢᠯᠠᠨ᠎ᠠ᠃ ᠡᠮᠴᠢᠯᠡᠭᠡᠨ ᠤ ᠪᠠᠶᠢᠭᠤᠯᠤᠮᠵᠢ ᠨᠤᠭᠤᠳ ᠡᠷᠡᠭᠦᠯᠵᠢᠭᠦᠯᠬᠦ ᠡᠮᠴᠢᠯᠡᠭᠡᠨ ᠤ ᠲᠤᠰᠬᠠᠢ ᠮᠡᠷᠭᠡᠵᠢᠯ ᠤᠨ ᠠᠵᠢᠯᠲᠠᠨ ᠟  ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠡᠮᠴᠢᠯᠡᠭᠡᠨ ᠤ ᠠᠵᠢᠯ ᠤᠨ ᠬᠡᠮᠵᠢᠶ᠎ᠡ᠂ ᠦᠢᠯᠡᠴᠢᠯᠡᠭᠡᠨ ᠤ ᠶᠠᠰᠤ ᠴᠢᠨᠠᠷ᠂ ᠦᠶᠯᠡ ᠠᠵᠢᠯᠯᠠᠭ᠎ᠠ ᠶᠢᠨ ᠵᠢᠷᠤᠮᠵᠢᠯ᠂ ᠡᠮᠴᠢᠯᠡᠭᠡᠨ ᠤ ᠶᠠᠰᠤ ᠴᠢᠨᠠᠷ ᠤᠨ ᠠᠮᠤᠷ ᠲᠦᠪᠰᠢᠨ᠂ ᠡᠮᠴᠢ ᠶᠢᠨ ᠮᠣᠷᠠᠯ ᠰᠤᠷᠲᠠᠯ᠂ ᠡᠪᠡᠳᠴᠢᠲᠡᠨ ᠤ ᠬᠠᠨᠤᠮᠵᠢ ᠶᠢᠨ ᠬᠡᠮᠵᠢᠶ᠎ᠡ ᠵᠡᠷᠭᠡ ᠪᠠᠷ ᠭᠤᠣᠯ ᠪᠣᠯᠭᠠᠭᠰᠠᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠵᠦ᠂ ᠰᠢᠯᠭᠠᠨ ᠬᠢᠨᠠᠭᠰᠠᠨ ᠦᠷ᠎ᠡ ᠳ᠋ᠦᠩ ᠢ ᠡᠷᠡᠭᠦᠯᠵᠢᠭᠦᠯᠬᠦ ᠡᠮᠴᠢᠯᠡᠭᠡᠨ ᠤ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠤᠨ ᠪᠠᠶᠢᠷᠢ ᠳᠤ ᠤᠷᠢᠨ ᠬᠡᠷᠡᠭᠯᠡᠬᠦ᠂ ᠮᠡᠷᠭᠡᠵᠢᠯ ᠤᠨ ᠴᠣᠯᠠ ᠳᠡᠪᠰᠢᠭᠦᠯᠬᠦ᠂ ᠠᠵᠢᠯ ᠤᠨ ᠠᠮᠵᠢᠯᠲᠠ ᠪᠦᠲᠦᠮᠵᠢ ᠶᠢ ᠬᠤᠪᠢᠶᠠᠷᠢᠯᠠᠬᠤ᠂ ᠰᠢᠯᠢᠳᠡᠭ ᠢ ᠱᠠᠩᠨᠠᠨ ᠰᠢᠯᠭᠠᠷᠠᠭᠤᠯᠬᠤ ᠵᠡᠷᠭᠡ ᠯᠦᠭᠡ ᠬᠤᠯᠪᠣᠭᠳᠠᠭᠤᠯᠵᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠰᠢᠯᠢᠳᠡᠭ ᠠᠮᠵᠢᠯᠲᠠ ᠪᠦᠲᠦᠮᠵᠢ ᠪᠠᠷ ᠰᠠᠶᠢᠨ ᠬᠥᠯᠥᠰᠦ ᠣᠯᠭᠤᠮᠵᠢ ᠣᠯᠭᠤᠬᠤ ᠶᠢ ᠪᠡᠶᠡᠯᠡᠭᠦᠯᠵᠦ᠂ ᠲᠡᠳᠡᠨ ᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃  ︵ᠠᠷᠪᠠ ᠶᠢᠰᠦ︶ ᠡᠷᠡᠭᠦᠯᠵᠢᠭᠦᠯᠬᠦ ᠡᠮᠴᠢᠯᠡᠭᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠭᠦᠯᠡᠨ ᠪᠣᠳᠣᠯᠲᠠ᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠣᠶᠤᠨᠲᠤ ᠡᠮᠴᠢᠯᠡᠭᠡ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠮᠡᠳᠡᠭᠡ ᠵᠠᠩᠭᠢᠵᠢᠯᠲᠠ ᠶᠢᠨ ᠮᠡᠷᠭᠡᠵᠢᠯ ᠢ ᠭᠦᠢᠴᠡᠳ ᠠᠰᠢᠭᠯᠠᠨ᠂ ᠡᠷᠡᠭᠦᠯᠵᠢᠭᠦᠯᠬᠦ ᠡᠮᠴᠢᠯᠡᠭᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠵᠡᠷᠭᠡ ᠳᠡᠰ ᠤᠨ ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠰᠢᠨ᠎ᠡ ᠵᠠᠭᠪᠤᠷ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠮᠡᠷᠭᠡᠵᠢᠯ ᠢ ᠰᠢᠨ᠎ᠡ ᠪᠠᠷ ᠡᠭᠦᠳᠦᠨ ᠬᠥᠭᠵᠢᠭᠦᠯᠵᠦ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠷᠡᠭᠦᠯᠵᠢᠭᠦᠯᠬᠦ ᠡᠮᠴᠢᠯᠡᠭᠡᠨ ᠤ ᠬᠦᠷᠢᠶᠡᠨ ᠳᠠᠬᠢ ᠠᠯᠤᠰ ᠡᠵᠡᠮᠰᠢᠯᠲᠦ ᠡᠮᠴᠢᠯᠡᠭᠡ᠂ ᠬᠠᠮᠲᠤᠷᠠᠨ ᠣᠨᠣᠰᠢᠯᠠᠬᠤ᠂ ᠪᠣᠯᠪᠠᠰᠤᠷᠠᠭᠤᠯᠤᠯ᠂ ᠮᠡᠷᠭᠡᠵᠢᠯ ᠤᠨ ᠵᠢᠯᠣᠭᠤᠳᠤᠯᠭ᠎ᠠ ᠵᠡᠷᠭᠡ ᠶᠢ ᠢᠳᠡᠪᠬᠢᠲᠡᠢ ᠥᠷᠨᠢᠭᠦᠯᠵᠦ᠂ ᠨᠠᠩ ᠣᠯᠠᠨ ᠦᠨᠳᠦᠰᠦᠨ ᠱᠠᠲᠤᠨ ᠤ ᠣᠯᠠᠨ ᠲᠦᠮᠡᠨ ᠳᠤ ᠠᠰᠢᠭ ᠬᠦᠷᠲᠡᠭᠡᠨ᠎ᠡ᠃  ︵ᠬᠤᠷᠢ︶ ᠡᠷᠡᠭᠦᠯᠵᠢᠭᠦᠯᠬᠦ ᠡᠮᠴᠢᠯᠡᠭᠡᠨ ᠤ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠡᠯ᠎ᠡ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠦᠷ᠎ᠡ ᠪᠦᠲᠦᠭᠡᠯ ᠢᠶᠠᠨ ᠬᠤᠪᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠳᠠᠲᠠᠢ ᠲᠠᠢ ᠪᠠᠨ ᠤᠶᠠᠯᠳᠤᠭᠤᠯᠤᠨ᠂ ᠡᠷᠡᠭᠦᠯᠵᠢᠭᠦᠯᠬᠦ ᠡᠮᠴᠢᠯᠡᠭᠡᠨ ᠤ ᠬᠠᠮᠢᠶ᠎ᠠ ᠪᠦᠬᠦᠢ ᠠᠵᠤ ᠦᠢᠯᠡᠰ ᠢ ᠪᠣᠶᠢᠵᠢᠭᠤᠯᠬᠤ ᠶᠢ ᠵᠣᠷᠢᠭᠵᠢᠭᠤᠯᠤᠨ᠎ᠠ᠃ ᠨᠠᠰᠤᠲᠠᠶᠢᠴᠤᠳ᠂ ᠵᠡᠮᠳᠡᠭᠴᠦᠳ᠂ ᠰᠢᠷᠬᠠᠲᠤᠭᠰᠠᠳ᠂ ᠡᠪᠡᠳᠴᠢᠲᠡᠨ ᠵᠢᠴᠢ ᠬᠡᠦᠬᠡᠳ ᠵᠡᠷᠭᠡ ᠬᠥᠮᠥᠰ ᠤᠨ ᠡᠷᠡᠭᠦᠯᠵᠢᠯ ᠤᠨ ᠡᠮ ᠡᠮᠨᠡᠯᠭᠡ ᠶᠢᠨ ᠲᠠᠯ᠎ᠠ ᠪᠠᠷ ᠡᠮᠴᠢᠯᠡᠭᠡᠨ ᠤ ᠠᠵᠢᠯ ᠢ ᠤᠶᠠᠯᠳᠤᠭᠤᠯᠬᠤ ᠶᠢ ᠡᠩ ᠲᠡᠷᠢᠭᠦᠨ ᠳᠤ ᠠᠬᠢᠭᠤᠯᠤᠨ᠎ᠠ᠃ ᠨᠢᠭᠡ ᠪᠦᠯᠦᠭ ᠳᠡᠭᠡᠳᠦ ᠤᠶᠤᠨᠴᠢᠷ᠂ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠴᠢᠨᠠᠷ ᠰᠠᠶᠢᠲᠠᠢ ᠡᠷᠡᠭᠦᠯᠵᠢᠭᠦᠯᠬᠦ ᠲᠤᠰᠠᠯᠠᠬᠤ ᠪᠠᠭᠠᠵᠢ ᠬᠡᠷᠡᠭᠰᠡᠯ ᠤᠨ ᠦᠢᠯᠡᠳᠬᠦᠨ ᠪᠠ ᠡᠷᠡᠭᠦᠯᠵᠢᠭᠦᠯᠬᠦ ᠡᠮᠴᠢᠯᠡᠭᠡᠨ ᠤ ᠲᠥᠬᠦᠭᠡᠷᠦᠮᠵᠢ ᠵᠡᠷᠭᠡ ᠶᠢ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠢᠳᠡᠪᠬᠢᠲᠡᠢ ᠪᠠᠷ ᠳᠡᠮᠵᠢᠵᠦ᠂ ᠠᠷᠠᠳ ᠣᠯᠠᠨ ᠤ ᠡᠷᠡᠭᠦᠯ ᠮᠡᠨᠳᠦ ᠶᠢᠨ ᠬᠡᠷᠡᠭᠴᠡᠭᠡ ᠶᠢ ᠠᠯᠬᠤᠮ ᠠᠯᠬᠤᠮ ᠢᠶᠠᠷ ᠬᠠᠩᠭᠠᠨ᠎ᠠ᠃  ᠳᠣᠯᠤᠭ᠎ᠠ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ︵ᠬᠤᠷᠢᠨ ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠢ ᠨᠡᠮᠡᠭᠳᠡᠭᠦᠯᠬᠦ ᠥᠨᠳᠥᠷᠴᠡ ᠠᠴᠠ ᠡᠷᠡᠭᠦᠯᠵᠢᠭᠦᠯᠬᠦ ᠡᠮᠴᠢᠯᠡᠭᠡᠨ ᠤ ᠠᠵᠢᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠳᠡᠮᠵᠢᠵᠦ ᠢᠵᠢ ᠪᠦᠷᠢᠳᠦᠭᠦᠯᠬᠦ ᠲᠥᠷᠥ ᠶᠢᠨ ᠡᠯ᠎ᠡ ᠮᠤᠵᠢ ᠶᠢᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ 2021 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠭᠠᠵᠠᠷ ᠣᠷᠣᠨ ᠤ ᠪᠠᠨ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠬᠦ ᠪᠣᠳᠠᠲᠠᠢ ᠬᠡᠷᠡᠭᠵᠢᠭᠦᠯᠬᠦ ᠲᠥᠰᠥᠯ ᠢ ᠲᠣᠭᠲᠠᠭᠠᠬᠤ ᠶᠢᠨ ᠬᠠᠮᠲᠤ ᠨᠡᠶᠢᠲᠡᠯᠡᠬᠦ ᠬᠡᠷᠡᠭᠲᠡᠢ᠃  ︵ᠬᠤᠷᠢᠨ ᠬᠤᠶᠠᠷ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠥᠷᠥ ᠶᠢᠨ ᠪᠣᠳᠣᠯᠭ᠎ᠠ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠬᠥᠭᠵᠢᠯᠲᠡ ᠶᠢ ᠡᠯ᠎ᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠱᠠᠭᠠᠷᠳᠠᠯᠭ᠎ᠠ ᠶᠣᠰᠣᠭᠠᠷ ᠣᠷᠣᠨ ᠪᠦᠰᠡ ᠶᠢᠨ ᠳᠣᠲᠣᠷᠠᠬᠢ ᠡᠷᠡᠭᠦᠯᠵᠢᠭᠦᠯᠬᠦ ᠡᠮᠴᠢᠯᠡᠭᠡᠨ ᠤ ᠡᠬᠢ ᠪᠠᠶᠠᠯᠢᠭ ᠢ ᠵᠦᠢ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠡᠷᠡᠭᠦᠯᠵᠢᠭᠦᠯᠬᠦ ᠡᠮᠴᠢᠯᠡᠭᠡᠨ ᠤ ᠲᠤᠰᠬᠠᠢ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠪᠠ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠡᠷᠡᠭᠦᠯᠵᠢᠭᠦᠯᠬᠦ ᠡᠮᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠵᠤ᠂ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠡᠮᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠡᠷᠡᠭᠦᠯᠵᠢᠭᠦᠯᠬᠦ ᠡᠮᠴᠢᠯᠡᠭᠡᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠬᠤ ᠬᠡᠷᠡᠭᠲᠡᠢ᠃ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠦᠷᠢᠵᠢᠭᠤᠯᠵᠣ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢᠨ ᠬᠠᠮᠢᠶᠠᠷᠣᠯᠳᠠ ᠶᠢᠨ ᠲᠣᠭᠲᠠᠴᠠ ᠶᠢ ᠪᠦᠷᠢᠨᠰᠢᠭᠦᠯᠦᠨ᠎ᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠡᠷᠡᠭᠦᠯᠵᠢᠭᠦᠯᠬᠦ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠬᠢᠲᠠᠳ ᠡᠮ ᠡᠮᠨᠡᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠢᠲᠠᠳ ᠡᠮ ᠡᠮᠨᠡᠯᠭᠡ ᠶᠢᠨ ᠣᠨᠴᠠᠯᠢᠭᠲᠤ ᠡᠷᠡᠭᠦᠯᠵᠢᠭᠦᠯᠬᠦ ᠦᠢᠯᠡᠴᠢᠯᠡᠭᠡᠨ ᠢ ᠶᠡᠬᠡᠪᠡᠷ ᠬᠥᠭᠵᠢᠭᠦᠯᠬᠦ ᠬᠡᠷᠡᠭᠲᠡᠢ᠃ ᠵᠡᠮᠳᠡᠭᠴᠦᠳ ᠤᠨ ᠬᠤᠯᠪᠣᠭ᠎ᠠ ᠨᠢ ᠵᠡᠮᠳᠡᠭ ᠬᠡᠦᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠵᠡᠮᠳᠡᠭᠴᠦᠳ ᠢ ᠡᠷᠡᠭᠦᠯᠵᠢᠭᠦᠯᠬᠦ ᠡᠮᠴᠢᠯᠡᠭᠡᠨ ᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠰᠠᠶᠢᠲᠤᠷ ᠬᠢᠨ᠎ᠡ᠃  ︵ᠬᠤᠷᠢᠨ ᠭᠤᠷᠪᠠ︶ ᠵᠢᠯᠣᠭᠤᠳᠤᠯᠭ᠎ᠠ ᠬᠢᠵᠦ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠮᠠᠯ ᠬᠤᠭᠤᠴᠠᠭ᠎ᠠ ᠲᠠᠢ ᠪᠠᠷ ᠵᠢᠯᠣᠭᠤᠳᠤᠨ ᠦᠨᠡᠯᠡᠨ ᠵᠢᠱᠢᠬᠦ᠂ ᠭᠤᠣᠯᠳᠠᠯᠭ᠎ᠠ ᠲᠠᠢ ᠠᠵᠢᠯ ᠢ ᠮᠥᠷᠳᠡᠬᠦ ᠲᠣᠭᠲᠠᠴᠠ ᠶᠢ ᠪᠠᠶᠢᠭᠤᠯᠵᠤ᠂ ᠢᠯᠡᠷᠡᠭᠰᠡᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠵᠤ᠂ ᠠᠰᠢᠭᠲᠠᠢ ᠲᠤᠷᠰᠢᠯᠭ᠎ᠠ ᠶᠢ ᠳᠡᠯᠭᠡᠷᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠢ ᠵᠣᠷᠢᠭᠵᠢᠭᠤᠯᠵᠤ ᠪᠠᠶᠢᠭᠠᠳ ᠠᠯᠪᠠᠨ ᠠᠴᠠ ᠪᠠᠶᠢᠭᠤᠯᠤᠭᠰᠠᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠤᠨ ᠨᠢᠭᠡᠳᠦᠯᠲᠡᠢ ᠲᠥᠯᠥᠪᠯᠡᠬᠦ ᠱᠠᠭᠠᠷᠳᠠᠯᠭ᠎ᠠ ᠶᠢ ᠰᠦᠪᠡᠭᠴᠢᠯᠡᠨ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠤᠷᠮᠠᠰᠢᠭᠤᠯᠬᠤ ᠦᠢᠯᠡᠳᠦᠯ ᠢ ᠪᠠᠳᠠᠷᠠᠭᠤᠯᠵᠤ᠂ ᠡᠷᠡᠭᠦᠯᠵᠢᠯ ᠤᠨ ᠡᠮᠨᠡᠯᠭᠡ ᠶᠢᠨ ᠬᠤᠷᠢᠶᠠᠨ ᠤ ᠦᠷᠭᠦᠯᠵᠢᠯᠡᠨ ᠬᠦᠭᠵᠢᠬᠦ ᠶᠢ ᠬᠦᠲᠣᠯᠣᠨ ᠲᠠᠭᠠᠭᠤᠯᠣᠨ᠎ᠠ᠃  ︵ᠬᠤᠷᠢᠨ ᠳᠥᠷᠪᠡ︶ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠭᠠᠵᠠᠷ ᠤᠨ ᠬᠢᠨ ᠡᠷᠡᠭᠦᠯᠵᠢᠭᠦᠯᠬᠦ ᠡᠮᠴᠢᠯᠡᠭᠡᠨ ᠤ ᠦᠢᠯᠡᠴᠢᠯᠡᠭᠡᠨ ᠤ ᠠᠵᠢᠯ ᠤᠨ ᠤᠬᠠᠭᠤᠯᠭ᠎ᠠ ᠶᠢ ᠴᠢᠬᠤᠯᠠᠴᠢᠯᠠᠨ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢᠨ ᠡᠮᠨᠡᠯᠭᠡ ᠶᠢᠨ ᠠᠵᠢᠯᠲᠠᠨ ᠤ ᠡᠷᠡᠭᠦᠯᠵᠢᠭᠦᠯᠬᠦ ᠡᠮᠴᠢᠯᠡᠭᠡᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠷᠡᠭᠦᠯᠵᠢᠭᠦᠯᠬᠦ ᠣᠨᠣᠯᠵᠢᠬᠤᠨ᠂ ᠡᠷᠡᠭᠦᠯᠵᠢᠭᠦᠯᠬᠦ ᠮᠡᠳᠡᠯᠭᠡ ᠪᠠ ᠡᠷᠡᠭᠦᠯᠵᠢᠭᠦᠯᠬᠦ ᠮᠡᠷᠭᠡᠵᠢᠯ ᠵᠡᠷᠭᠡ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠡᠷᠡᠭᠦᠯᠵᠢᠭᠦᠯᠬᠦ ᠲᠤᠬᠠᠢ ᠲᠠᠨᠢᠯᠲᠠ ᠪᠠ ᠴᠢᠬᠤᠯᠠᠴᠢᠯᠠᠯ ᠢ ᠲᠦᠭᠡᠮᠡᠯᠵᠢᠭᠦᠯᠦᠨ ᠳᠡᠭᠡᠭᠰᠢᠯᠡᠭᠦᠯᠵᠦ᠂ ᠡᠷᠡᠭᠦᠯᠵᠢᠭᠦᠯᠬᠦ ᠡᠮᠴᠢᠯᠡᠭᠡᠨ ᠤ ᠬᠥᠭᠵᠢᠯᠲᠡ ᠶᠢ ᠲᠦᠯᠬᠢᠨ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠵᠣᠬᠢᠶᠠᠯ ᠤᠨ ᠬᠤᠯᠪᠣᠭᠠᠰᠤ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽ᠡᠷᠡᠭᠦᠯᠵᠢᠯ ᠡᠮᠴᠢᠯᠡᠭᠡᠨ ᠤ ᠠᠵᠢᠯ ᠤᠨ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ ᠰᠠᠨᠠᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠮᠡᠳᠡᠭᠡ ᠵᠠᠩᠭᠢ ᠶᠢᠨ ᠢᠷᠡᠯᠲᠡ᠄ ᠠᠯᠠᠱᠠ ᠵᠡᠭᠦᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号