| ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠪᠠᠴᠢᠮ | ᠪᠠᠶᠢᠳᠠᠯ ᠢ ᠠᠷᠭᠠᠴᠠᠭᠠᠵᠣ ᠠᠶᠤᠯ ᠠᠴᠠ ᠠᠪᠤᠷᠠᠬᠤ ᠪᠠ ᠲᠤᠰᠬᠠᠶᠢᠵᠢᠭᠰᠠᠨ ᠠᠷᠠᠴᠢᠯᠠᠨ ᠬᠠᠮᠠᠭᠠᠯᠠᠬᠤ ᠠᠩᠭᠢ ᠶᠢᠨ ᠡᠳ᠋ | ᠪᠣᠳᠠᠰ ᠬᠠᠩᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢᠨ | ᠲᠥᠰᠥᠯ ᠢ 2022 ᠣᠨ ᠤ 1 ᠳ᠋ᠦ᠋ᠭᠡᠷ ᠰᠠᠷ᠎ᠠ ᠶᠢᠨ 18 ᠤ ᠡᠳᠦᠷ ᠠᠯᠠᠱᠠ ᠵᠡᠭᠦᠨ ᠬᠤᠰᠢᠭᠤᠨ ᠤ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ 2022 ᠣᠨ ᠤ ᠠᠩᠬᠠᠳᠤᠭᠠᠷ | ᠬᠤᠷᠠᠯᠳᠤᠭᠠᠨ ᠳᠤ ᠬᠢᠨᠠᠨ ᠶᠠᠷᠢᠯᠴᠠᠵᠤ ᠪᠠᠲᠤᠯᠠᠪᠠ᠃ ᠬᠤᠳᠠ ᠶᠢᠨ ᠠᠷᠠᠳ ᠤᠨ ᠬᠤᠳᠠ ᠬᠥᠳᠡᠭᠡ ᠶᠢᠨ | ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠂ ᠢᠯᠡ | ᠲᠥᠯᠦᠪᠵᠢᠭᠦᠯᠭᠡ ᠶᠢ ᠬᠡᠷᠡᠭᠵᠢᠭᠦᠯᠵᠦ᠂ ᠲᠥᠯᠦᠪᠵᠢᠭᠦᠯᠭᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ | ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠪᠠᠶᠢᠳᠠᠯ ᠮᠡᠳᠡᠬᠦ ᠡᠷᠬᠡ᠂ ᠬᠢᠨᠠᠯᠲᠠ | ᠲᠠᠯᠪᠢᠬᠤ ᠡᠷᠬᠡ ᠶᠢ ᠬᠠᠮᠠᠭᠠᠯᠠᠵᠤ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠢᠷᠢ ᠬᠡᠮᠵᠢᠶ᠎ᠡ ᠬᠢᠭᠡᠳ ᠤᠯᠠᠨ | ᠨᠡᠶᠢᠲᠡ ᠶᠢᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠬᠤᠳᠠ ᠬᠥᠳᠡᠭᠡ ᠶᠢᠨ | ᠲᠥᠯᠦᠪᠵᠢᠭᠦᠯᠭᠡ ᠶᠢᠨ ᠬᠢᠷᠢ ᠬᠡᠮᠵᠢᠶ᠎ᠡ ᠬᠢᠭᠡᠳ ᠤᠯᠠᠨ ᠨᠡᠶᠢᠲᠡ ᠶᠢᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ | ᠡᠳᠦᠭᠡ ᠲᠥᠯᠦᠪᠵᠢᠭᠦᠯᠭᠡ ᠶᠢᠨ ᠲᠥᠰᠥᠯ ᠢ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠄ | ᠨᠢᠭᠡ᠂ ᠲᠥᠷᠥᠯ ᠵᠦᠢᠯ ᠤᠨ ᠨᠡᠷᠡᠶᠢᠳᠦᠯ᠄ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ | ᠬᠥᠭᠵᠢᠯᠲᠡ ᠶᠢᠨ ᠲᠥᠪ ᠤᠨ ᠪᠠᠴᠢᠮ ᠪᠠᠶᠢᠳᠠᠯ ᠢ ᠠᠷᠭᠠᠴᠠᠭᠠᠵᠣ ᠠᠶᠤᠯ ᠠᠴᠠ ᠠᠪᠤᠷᠠᠬᠤ ᠪᠠ ᠲᠤᠰᠬᠠᠶᠢᠵᠢᠭᠰᠠᠨ | ᠠᠷᠠᠴᠢᠯᠠᠨ ᠬᠠᠮᠠᠭᠠᠯᠠᠬᠤ ᠠᠩᠭᠢ ᠶᠢᠨ ᠡᠳ᠋ ᠪᠠᠷᠠᠭ᠎ᠠ ᠬᠠᠩᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ | ᠬᠤᠶᠠᠷ᠂ ᠪᠦᠲᠦᠭᠡᠨ ᠪᠠᠶᠢᠭᠤᠯᠤᠯᠲᠠ ᠶᠢᠨ ᠣᠷᠣᠨ ᠪᠠᠶᠢᠷᠢ᠄ ᠠᠯᠠᠱᠠ ᠵᠡᠭᠦᠨ ᠬᠤᠰᠢᠭᠤᠨ ᠤ ᠪᠠᠶᠠᠨᠨᠢᠷᠣᠭᠤᠨ | ᠰᠤᠮᠤ ᠶᠢᠨ ᠶᠡᠬᠡᠪᠣᠯᠠᠭ ᠭᠠᠴᠠᠭ᠎ᠠ | ᠭᠤᠷᠪᠠ᠂ ᠪᠦᠲᠦᠭᠡᠨ ᠪᠠᠶᠢᠭᠤᠯᠬᠤ ᠨᠢᠭᠡᠴᠡ᠄ ᠠᠯᠠᠱᠠ ᠠᠶᠢᠮᠠᠭ ᠤᠨ ᠵᠠᠮ ᠬᠥᠭᠦᠷᠭᠡ ᠶᠢᠨ ᠪᠠᠷᠢᠯᠭ᠎ᠠ ᠶᠢᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠳᠥᠷᠪᠡ᠂ ᠪᠦᠲᠦᠭᠡᠨ ᠪᠠᠶᠢᠭᠤᠯᠬᠤ ᠠᠭᠤᠯᠭ᠎ᠠ᠄ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠢ 67371. | 48 ㎡᠂ ᠡᠭᠦᠨ ᠤ ᠳᠣᠲᠣᠷ᠎ᠠ ᠬᠠᠮᠲᠤ ᠶᠢᠨ ᠭᠠᠴᠠᠭ᠎ᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠲᠠᠯᠠᠪᠠᠢ 57080.11 ㎡᠂ ᠬᠠᠮᠲᠤ ᠶᠢᠨ ᠪᠠᠶᠢᠭᠠᠯᠢ ᠶᠢᠨ ᠪᠡᠯᠴᠢᠭᠡᠷ ᠤᠨ ᠲᠠᠯᠠᠪᠠᠢ 10291.37 | ㎡᠃ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 26747 ㎡᠂ ᠡᠭᠦᠨ ᠤ ᠳᠣᠲᠣᠷ᠎ᠠ ᠨᠢᠭᠡᠨᠲᠡ ᠪᠠᠶᠢᠭᠤᠯᠤᠭᠰᠠᠨ | ᠪᠠᠷᠢᠯᠭ᠎ᠠ ᠶᠢᠨ ᠲᠠᠯᠠᠪᠠᠢ ᠨᠢ 5737 ㎡᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠲᠠᠯᠠᠪᠠᠢ ᠨᠢ 21010 | ㎡᠂ ᠪᠠᠭᠲᠠᠭᠠᠮᠵᠢ ᠶᠢᠨ ᠪᠠᠷᠢᠯᠭ᠎ᠠ ᠶᠢᠨ ᠲᠠᠯᠠᠪᠠᠢ ᠨᠢ 48579.1 ㎡᠂ ᠪᠠᠷᠢᠯᠭ᠎ᠠ ᠶᠢᠨ ᠰᠠᠭᠤᠷᠢ ᠶᠢᠨ ᠲᠠᠯᠠᠪᠠᠢ | ᠨᠢ 26801 ㎡᠂ ᠪᠠᠭᠲᠠᠭᠠᠮᠵᠢ ᠶᠢᠨ ᠨᠤᠷᠮ᠎ᠠ ᠨᠢ 0.72 ㎡᠂ ᠪᠠᠷᠢᠯᠭ᠎ᠠ ᠶᠢᠨ ᠨᠢᠭᠲᠠᠴᠠ ᠨᠢ 40%᠂ | ᠨᠣᠭᠤᠭᠠᠷᠠᠭᠤᠯᠬᠤ ᠨᠤᠷᠮ᠎ᠠ ᠨᠢ 6.9% ᠳᠤ ᠬᠦᠷᠴᠡᠢ᠃ | ᠲᠠᠪᠤ᠂ ᠢᠯᠡ ᠨᠡᠶᠢᠲᠡᠯᠡᠬᠦ ᠴᠠᠭ᠄ 2022 ᠣᠨ ᠤ 2 ᠳ᠋ᠤᠭᠠᠷ ᠰᠠᠷ᠎ᠠ ᠶᠢᠨ 24 ᠤ ᠡᠳᠦᠷ ︱ 2022 ᠣᠨ ᠤ | 3 ᠳ᠋ᠤᠭᠠᠷ ᠰᠠᠷ᠎ᠠ ᠶᠢᠨ 7 ᠤ ᠡᠳᠦᠷ᠂ ᠨᠡᠶᠢᠲᠡ 7 ᠠᠵᠢᠯᠯᠠᠬᠤ ᠡᠳᠦᠷ᠃ | ᠵᠢᠷᠭᠤᠭ᠎ᠠ᠂ ᠢᠯᠡ ᠨᠡᠶᠢᠲᠡᠯᠡᠬᠦ ᠨᠢᠭᠡᠴᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ | ᠬᠠᠷᠢᠯᠴᠠᠬᠤ ᠤᠲᠠᠰᠤ᠄ 0483-8229711 ︵ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ ᠶᠢᠨ ᠲᠠᠰᠤᠭ︶ | ᠰᠢᠤᠳᠠᠨ ᠬᠠᠶᠢᠷᠴᠠᠭ᠄ zyjgh4887@163.com | ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠡᠯᠧᠺᠲᠷᠣᠨ ᠰᠢᠤᠳᠠᠨ ᠤ ᠵᠦᠢᠯ᠂ | ᠪᠢᠴᠢᠭ ᠤᠨ ᠬᠡᠯᠪᠡᠷᠢ ᠪᠠᠷ ᠮᠠᠨ ᠤ ᠲᠣᠪᠴᠢᠶ᠎ᠠ ᠳᠤ ᠲᠤᠰᠬᠠᠵᠤ ᠪᠣᠯᠣᠨ᠎ᠠ᠂ ᠵᠠᠷᠯᠠᠨ ᠨᠡᠶᠢᠲᠡᠯᠡᠵᠦ ᠬᠠᠷᠢᠭᠤ | ᠲᠤᠰᠬᠠᠭᠰᠠᠨ ᠰᠠᠨᠠᠯ ᠳᠡᠭᠡᠷ᠎ᠡ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ ᠴᠠᠭ ᠲᠤᠬᠠᠢ ᠳᠤᠨᠢ ᠨᠡᠪᠲᠡᠷᠡᠯᠴᠡᠬᠦ ᠳᠤ | ᠲᠥᠬᠦᠮ ᠦᠵᠡᠭᠦᠯᠦᠭᠡᠷᠡᠢ᠃ | | | | | | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |