| | ᠨᠢᠭᠡ᠂ ᠮᠡᠳᠡᠭᠦᠯᠬᠦ ᠱᠠᠭᠠᠷᠳᠠᠯᠭ᠎ᠠ | 1. ᠮᠡᠳᠡᠭᠦᠯᠬᠦ ᠨᠢᠭᠡᠴᠡ ᠨᠢ ᠠᠯᠠᠱᠠ ᠠᠶᠢᠮᠠᠭ ᠤᠨ ᠬᠢᠯᠢ ᠶᠢᠨ ᠳᠣᠲᠣᠷ᠎ᠠ ᠳᠠᠩᠰᠠᠯᠠᠭᠤᠯᠤᠭᠰᠠᠨ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ ᠪᠠ ᠠᠵᠤ ᠠᠬᠤᠶᠢᠯᠠᠯ ᠵᠡᠷᠭᠡ | ᠪᠠᠶᠢᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠵᠤ᠂ ᠨᠢᠭᠡ ᠵᠢᠯ ᠠᠴᠠ ᠳᠡᠭᠡᠭᠰᠢ | ︵2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠳᠠᠩᠰᠠᠯᠠᠭᠤᠯᠤᠨ᠎ᠠ︶ ᠪᠦᠷᠢᠳᠬᠡᠨ | ᠳᠠᠩᠰᠠᠯᠠᠭᠤᠯᠵᠤ᠂ ᠨᠡᠯᠢᠶᠡᠳ ᠴᠢᠩᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠴᠢᠳᠠᠪᠤᠷᠢ ᠪᠠ | ᠨᠥᠬᠦᠴᠡᠯ ᠢ ᠪᠦᠷᠢᠳᠦᠭᠦᠯᠵᠦ᠂ ᠠᠵᠢᠯᠯᠠᠭᠠᠨ ᠤ ᠬᠠᠮᠢᠶᠠᠷᠤᠯᠲᠠ ᠶᠢᠨ ᠵᠢᠷᠤᠮᠵᠢᠯ ᠲᠠᠢ ᠪᠠᠶᠢᠵᠤ᠂ ᠬᠦᠨᠳᠦ ᠨᠣᠴᠢᠲᠠᠢ | ᠢᠲᠡᠭᠡᠯ ᠠᠯᠳᠠᠭᠰᠠᠨ ᠦᠶᠯᠡ ᠠᠵᠢᠯᠯᠠᠭ᠎ᠠ ᠦᠭᠡᠢ ᠪᠠᠶᠢᠬᠤ ᠬᠡᠷᠡᠭᠲᠡᠢ᠃ ᠠᠵᠢᠯ ᠦᠢᠯᠡᠰ ᠤᠨ ᠨᠢᠭᠡᠴᠢ ᠶᠢᠨ | ᠥᠭᠡᠷᠡᠴᠢᠯᠡᠯᠲᠡ ᠠᠴᠠ ᠪᠣᠯᠵᠤ ᠰᠢᠨ᠎ᠡ ᠪᠠᠷ ᠪᠠᠶᠢᠭᠤᠯᠤᠭᠳᠠᠭᠰᠠᠨ ᠪᠤᠶᠤ ᠨᠡᠷ᠎ᠡ ᠶᠢ ᠨᠢ ᠬᠠᠯᠠᠭᠰᠠᠨ ᠠᠵᠢᠯ | ᠦᠢᠯᠡᠰ ᠤᠨ ᠨᠢᠭᠡᠴᠢ ᠨᠢ ᠪᠦᠷᠢᠳᠬᠡᠭᠦᠯᠦᠨ ᠳᠠᠩᠰᠠᠯᠠᠭᠤᠯᠬᠤ ᠴᠠᠭ ᠤᠨ ᠬᠢᠵᠠᠭᠠᠷᠯᠠᠯ ᠳᠤ ᠬᠢᠵᠠᠭᠠᠷᠯᠠᠭᠳᠠᠬᠤ ᠦᠭᠡᠢ᠃ | 2. ᠬᠤᠶᠠᠷ ᠵᠢᠴᠢ ᠲᠡᠭᠦᠨ ᠠᠴᠠ ᠳᠡᠭᠡᠭᠰᠢᠬᠢ ᠨᠢᠭᠡᠴᠡ ᠬᠠᠮᠲᠤᠷᠠᠨ ᠮᠡᠳᠡᠭᠦᠯᠦᠭᠰᠡᠨ ᠪᠠᠶᠢᠪᠠᠯ᠂ ᠡᠯ᠎ᠡ | ᠨᠢᠭᠡᠴᠡ ᠡᠷᠬᠡᠪᠰᠢ ᠮᠡᠷᠭᠡᠵᠢᠯ ᠤᠨ ᠰᠤᠳᠤᠯᠤᠨ ᠨᠡᠭᠡᠭᠡᠯᠲᠡ ᠪᠤᠶᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠦᠨᠡᠨ | ᠪᠣᠳᠠᠲᠠᠢ ᠪᠠᠷ ᠥᠷᠨᠢᠭᠦᠯᠬᠦ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢᠨ ᠬᠤᠭᠤᠰᠤᠨ ᠨᠡᠷ᠎ᠡ | ᠵᠡᠭᠦᠬᠦ ᠦᠶᠯᠡ ᠠᠵᠢᠯᠯᠠᠭ᠎ᠠ ᠶᠢ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠲᠡᠮᠳᠡᠭᠯᠡᠯ ᠳᠤ | ᠣᠷᠣᠭᠤᠯᠤᠨ᠎ᠠ᠃ | 3. ᠬᠤᠯᠪᠤᠭᠠᠯᠠᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢ ᠬᠥᠭᠵᠢᠭᠦᠯᠬᠦ ︽4+8+N︾ | ᠬᠠᠮᠲᠤᠷᠠᠯᠴᠠᠭᠠᠨ ᠤ ᠭᠤᠣᠯ ᠴᠣᠭᠴᠠ ᠵᠢᠴᠢ ᠣᠷᠣᠨ ᠤ ᠳᠣᠲᠣᠷ᠎ᠠ ᠭᠠᠳᠠᠨᠠᠬᠢ ᠪᠤᠰᠤᠳ ᠨᠢᠭᠡᠴᠡ ᠨᠦᠭᠦᠳ | ᠬᠤᠯᠪᠤᠭᠠᠯᠠᠨ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ᠎ᠠ᠃ | 4. ᠵᠠᠰᠠᠭ ᠤᠨ ᠣᠷᠳᠣᠨ ᠤ ᠪᠠᠶᠢᠭᠤᠯᠤᠯᠭ᠎ᠠ ︵ᠠᠯᠪᠠᠨ ᠳᠤ ᠣᠷᠤᠯᠴᠠᠬᠤ ᠠᠵᠢᠯ ᠦᠢᠯᠡᠰ ᠤᠨ ᠨᠢᠭᠡᠴᠡ ᠶᠢ | ᠪᠠᠭᠲᠠᠭᠠᠨ᠎ᠠ︶ ᠨᠢ ᠲᠥᠷᠥᠯ ᠵᠦᠢᠯ ᠭᠤᠶᠤᠴᠢᠯᠠᠨ ᠮᠡᠳᠡᠭᠦᠯᠬᠦ ᠶᠢ ᠲᠦᠷᠦᠭᠦᠯᠡᠨ ᠬᠢᠬᠦ ᠪᠤᠶᠤ ᠣᠷᠣᠯᠴᠠᠵᠤ ᠪᠣᠯᠬᠤ | ᠦᠭᠡᠢ᠃ | ᠬᠤᠶᠠᠷ᠂ ᠮᠡᠳᠡᠭᠦᠯᠬᠦ ᠴᠤᠪᠤᠷᠠᠯ | ᠮᠡᠳᠡᠭᠦᠯᠬᠦ ᠲᠥᠷᠥᠯ ᠵᠦᠢᠯ ᠢ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠨ᠎ᠡ | ᠂ ︽ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ︾ ︵ᠳᠣᠷᠣᠭᠰᠢ ︽ᠮᠡᠳᠡᠭᠡ ᠵᠠᠩᠭᠢ ᠶᠢᠨ ᠰᠢᠰᠲ᠋ᠧᠮ︾ ᠭᠡᠵᠦ | ᠲᠣᠪᠴᠢᠯᠠᠨ᠎ᠠ︶ ᠢᠶᠠᠷ ᠮᠡᠳᠡᠭᠦᠯᠦᠭᠰᠡᠨ ᠦᠭᠡᠢ ᠲᠥᠷᠥᠯ ᠵᠦᠢᠯ ᠢ ᠭᠥᠯᠢᠶᠡᠨ ᠠᠪᠴᠤ ᠰᠢᠢᠳᠪᠦᠷᠢᠯᠡᠬᠦ ᠦᠭᠡᠢ᠃ | ︵ᠨᠢᠭᠡ︶ ᠰᠦᠯᠵᠢᠶᠡᠨ ᠳᠡᠭᠡᠷ᠎ᠡ ᠮᠡᠳᠡᠭᠦᠯᠬᠦ | 1. ᠮᠡᠳᠡᠭᠦᠯᠦᠭᠰᠡᠨ ᠨᠢᠭᠡᠴᠢ ᠶᠢᠨ ᠳᠠᠩᠰᠠᠯᠠᠭᠤᠯᠤᠯᠲᠠ | ᠮᠡᠳᠡᠭᠦᠯᠬᠦ ᠨᠢᠭᠡᠴᠡ ︽ᠮᠡᠳᠡᠭᠡ ᠵᠠᠩᠭᠢ ᠶᠢᠨ ᠰᠢᠰᠲ᠋ᠧᠮ︾ ︵http://xmzlck888.com/︶ ᠲᠤ | ᠲᠡᠮᠳᠡᠭᠯᠡᠭᠰᠡᠨ ᠤ ᠳᠠᠷᠠᠭ᠎ᠠ᠂ ︽ᠪᠢᠴᠢᠭ ᠮᠠᠲ᠋ᠧᠷᠢᠶᠠᠯ ᠪᠠᠭᠤᠯᠭᠠᠬᠤ︾ ᠲᠣᠭᠤᠷᠢᠭ ᠲᠤ ᠮᠡᠳᠡᠭᠦᠯᠬᠦ ᠴᠤᠪᠤᠷᠠᠯ ᠵᠢᠴᠢ | ᠠᠵᠢᠯᠯᠠᠭᠤᠯᠬᠤ ᠲᠣᠳᠣᠷᠬᠠᠶᠢᠯᠠᠯᠲᠠ ᠶᠢᠨ ᠪᠢᠴᠢᠭ ᠢ ᠪᠠᠭᠤᠯᠭᠠᠨ ᠠᠪᠴᠤ᠂ ᠱᠠᠭᠠᠷᠳᠠᠯᠭ᠎ᠠ ᠶᠣᠰᠣᠭᠠᠷ | ᠳᠠᠩᠰᠠᠯᠠᠭᠤᠯᠤᠭᠰᠠᠨ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠲᠤᠰᠢᠶᠠᠵᠤ᠂ ᠰᠢᠰᠲ᠋ᠧᠮᠵᠢᠭᠦᠯᠦᠨ | ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠤᠯᠵᠤ ᠪᠠᠲᠤᠯᠠᠭᠤᠯᠤᠭᠰᠠᠨ ᠤ ᠳᠠᠷᠠᠭ᠎ᠠ ᠮᠡᠳᠡᠭᠦᠯᠬᠦ | ᠨᠢᠭᠡᠴᠡ ᠶᠢᠨ ᠲᠠᠩᠰᠠᠨ ᠨᠣᠮᠧᠷ ᠢ ᠪᠣᠶ ᠪᠣᠯᠭᠠᠨ᠎ᠠ᠃ | 2. ᠰᠦᠯᠵᠢᠶᠡᠨ ᠳᠡᠭᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠨ᠎ᠠ | ᠲᠥᠷᠥᠯ ᠵᠦᠢᠯ ᠮᠡᠳᠡᠭᠦᠯᠬᠦ ᠨᠢᠭᠡᠴᠡ ᠲᠡᠮᠳᠡᠭᠯᠡᠭᠰᠡᠨ ᠤ ᠳᠠᠷᠠᠭ᠎ᠠ᠂ ᠰᠦᠯᠵᠢᠶᠡᠨ ᠳᠡᠭᠡᠷ᠎ᠡ ᠮᠡᠳᠡᠭᠦᠯᠬᠦ | ᠪᠢᠴᠢᠭ ᠢ ᠲᠠᠭᠯᠠᠵᠤ᠂ ᠬᠠᠮᠢᠶ᠎ᠠ ᠪᠦᠬᠦᠢ ᠬᠠᠪᠰᠤᠷᠤᠯᠲᠠ ᠵᠢᠴᠢ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ | ᠮᠠᠲ᠋ᠧᠷᠢᠶᠠᠯ ︵ᠶᠡᠭᠡ ᠪᠠᠭ᠎ᠠ ᠨᠢ 10M ᠪᠤᠳᠤᠭ ᠤᠨ ᠰᠢᠷᠪᠢᠯᠲᠡ ᠶᠢ PDF ᠵᠠᠭᠪᠤᠷ ᠠᠴᠠ ᠬᠡᠲᠦᠷᠡᠭᠦᠯᠬᠦ ᠦᠭᠡᠢ︶ | ᠢ ᠳᠡᠭᠡᠭᠰᠢ ᠳᠠᠮᠵᠢᠭᠤᠯᠵᠤ᠂ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠵᠤ ᠬᠢᠨᠠᠨ | ᠬᠠᠷᠭᠤᠭᠤᠯᠤᠨ᠎ᠠ᠃ | ᠲᠥᠷᠥᠯ ᠵᠦᠢᠯ ᠮᠡᠳᠡᠭᠦᠯᠦᠭᠰᠡᠨ ᠨᠢᠭᠡᠴᠡ ᠬᠠᠤᠯᠢ ᠶᠢᠨ ᠡᠷᠬᠡᠲᠡᠨ᠂ ᠲᠥᠷᠥᠯ ᠵᠦᠢᠯ ᠤᠨ ᠬᠠᠷᠢᠭᠤᠴᠠᠯᠭᠠᠲᠠᠨ | ᠮᠡᠳᠡᠭᠦᠯᠦᠭᠰᠡᠨ ᠲᠥᠷᠥᠯ ᠵᠦᠢᠯ ᠤᠨ ᠮᠡᠳᠡᠭᠡ ᠵᠠᠩᠭᠢ ᠪᠠᠨ ᠠᠷᠭᠠᠴᠠᠭᠰᠠᠨ | ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠲᠤ ᠬᠠᠷᠢᠭᠤᠴᠠᠨ᠎ᠠ᠃ | ︵ᠬᠤᠶᠠᠷ︶ ᠮᠡᠳᠡᠭᠦᠯᠬᠦ ᠴᠠᠭ ᠤᠨ ᠬᠢᠵᠠᠭᠠᠷ | ᠡᠯ᠎ᠡ ᠮᠡᠳᠡᠭᠦᠯᠦᠯᠲᠡ ᠶᠢᠨ ᠬᠠᠭᠤᠳᠠᠰᠤ ᠶᠢ 2022 ᠣᠨ ᠤ 4 ᠰᠠᠷ᠎ᠠ ᠶᠢᠨ 1 ᠤ ᠡᠳᠦᠷ ᠠᠴᠠ ᠡᠮᠦᠨ᠎ᠡ | ᠰᠦᠯᠵᠢᠶᠡᠨ ᠳᠡᠭᠡᠷ᠎ᠡ ᠮᠡᠳᠡᠭᠦᠯᠵᠦ ᠳᠠᠭᠤᠰᠬᠠᠨ᠎ᠠ᠂ ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠣᠶ | ᠡᠪᠡᠰᠦᠨ ᠤ ᠲᠣᠪᠴᠢᠶ᠎ᠠ ᠠᠴᠠ ᠮᠡᠳᠡᠭᠦᠯᠦᠯᠲᠡ ᠶᠢᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠬᠦ ᠶᠢᠨ ᠬᠠᠮᠲᠤ | ᠰᠢᠯᠢᠳᠡᠭ ᠢ ᠨᠢ ᠰᠣᠩᠭᠤᠵᠤ ᠳᠡᠭᠡᠭᠰᠢ ᠮᠡᠳᠡᠭᠦᠯᠦᠨ᠎ᠡ᠃ | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |