| | ︽ᠣᠷᠣᠯᠠᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 98 | ᠳ᠋ᠤᠭᠠᠷ ᠲᠣᠭᠠᠲᠤ︶ ᠶᠢᠨ ᠲᠣᠭᠲᠠᠭᠠᠯ ᠢ ᠦᠨᠳᠦᠰᠦᠯᠡᠪᠡᠯ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ | ᠭᠠᠵᠠᠷ ᠠᠴᠠ ᠪᠤᠰᠤᠳ ᠪᠠᠶᠢᠭᠤᠯᠤᠮᠵᠢ ᠣᠷᠣᠯᠠᠨ ᠳᠠᠩᠰᠠᠯᠠᠬᠤ ᠲᠤᠬᠠᠶᠢᠯᠠᠭᠰᠠᠨ ᠠᠵᠢᠯ ᠢ ᠡᠷᠬᠢᠯᠡᠬᠦ ᠳᠤ᠂ ᠰᠢᠶᠠᠨ ᠤ | ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠦᠭᠡᠳ᠂ ᠡᠳ᠋ ᠤᠨ ᠵᠠᠰᠠᠭ ᠤᠨ ᠶᠠᠮᠤᠨ ᠠᠴᠠ ᠨᠢᠭᠡᠳᠦᠯᠲᠡᠢ ᠲᠣᠭᠲᠠᠭᠠᠭᠰᠠᠨ ᠶᠠᠩᠵᠤ | ᠬᠡᠯᠪᠡᠷᠢ ᠶᠢᠨ ᠣᠷᠣᠯᠠᠨ ᠳᠠᠩᠰᠠᠯᠠᠬᠤ ᠵᠥᠪᠰᠢᠶᠡᠷᠡᠯ ᠤᠨ ᠦᠨᠡᠮᠯᠡᠯ ᠢ ᠠᠪᠬᠤ ᠬᠡᠷᠡᠭᠲᠡᠢ᠃ ᠣᠷᠣᠯᠠᠨ ᠳᠠᠩᠰᠠᠯᠠᠬᠤ | ᠪᠠᠶᠢᠭᠤᠯᠤᠮᠵᠢ ᠶᠢᠨ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠣᠷᠣᠯᠠᠨ ᠳᠠᠩᠰᠠᠯᠠᠬᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ | ᠡᠮᠬᠢ ᠳᠢᠭᠯᠢᠮ ᠢ ᠦᠨᠡᠨᠬᠦ ᠬᠠᠮᠠᠭᠠᠯᠠᠵᠤ᠂ ︽ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ︿ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ 2022 ᠣᠨ ᠤ ᠦᠨᠡᠮᠯᠡᠯ ᠦᠭᠡᠢ | ᠡᠵᠡᠩᠨᠡᠯᠲᠡ ᠶᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ﹀ ᠢ | ᠤᠯᠠᠮᠵᠢᠯᠠᠨ ᠲᠠᠷᠬᠠᠭᠠᠬᠤ ᠲᠤᠬᠠᠢ ᠮᠡᠳᠡᠭᠳᠡᠯ︾ ︵ᠠᠯᠠᠱᠠ ᠵᠡᠭᠦᠨ ᠬᠤᠰᠢᠭᠤᠨ ᠤ ᠬᠢᠨᠠᠨ ᠲᠠᠷᠬᠠᠭᠠᠭᠰᠠᠨ ﹇2022﹈ | 25 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠣᠲᠣ ᠨᠡᠶᠢᠭᠡᠮ ᠳᠤ ᠦᠨᠡᠮᠯᠡᠯ ᠦᠭᠡᠢ ᠪᠠᠷ ᠲᠠᠩᠰᠠ | ᠲᠡᠮᠳᠡᠭᠯᠡᠬᠦ ᠲᠤᠬᠠᠶᠢᠯᠠᠭᠰᠠᠨ ᠠᠵᠢᠯ ᠢ ᠣᠷᠣᠯᠠᠨ ᠡᠷᠭᠢᠯᠡᠵᠦ ᠪᠠᠶᠢᠭ᠎ᠠ ᠢᠯᠡᠴᠢᠯᠡᠨ ᠮᠡᠳᠡᠭᠦᠯᠬᠦ ᠤᠲᠠᠰᠤ ᠶᠢ ᠢᠯᠡ | ᠨᠡᠶᠢᠲᠡᠯᠡᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠬᠦᠯᠢᠶᠡᠵᠦ | ᠪᠠᠶᠢᠨ᠎ᠠ᠂ ᠮᠠᠨ ᠤ ᠨᠢᠭᠡᠴᠡ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠮᠠᠨ ᠤ ᠬᠤᠰᠢᠭᠤᠨ ᠤ ᠣᠷᠣᠯᠠᠨ ᠳᠠᠩᠰᠠᠯᠠᠬᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ | ᠂ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠡᠯ᠎ᠡ | ᠪᠠᠶᠢᠭᠤᠯᠤᠯᠭ᠎ᠠ ᠶᠢᠨ ᠬᠢᠨ ᠵᠥᠪᠰᠢᠶᠡᠷᠡᠯ ᠣᠯᠣᠭᠰᠠᠨ ᠣᠷᠣᠯᠠᠨ ᠳᠠᠩᠰᠠᠯᠠᠬᠤ ᠪᠠᠶᠢᠭᠤᠯᠤᠮᠵᠢ ᠳᠤ ᠨᠠᠶᠢᠳᠠᠵᠤ ᠣᠷᠣᠯᠠᠨ | ᠳᠠᠩᠰᠠᠯᠠᠬᠤ ᠦᠢᠯᠡᠴᠢᠯᠡᠭᠡᠨ ᠤ ᠠᠵᠢᠯ ᠢ ᠳᠠᠭᠠᠭᠠᠨ ᠠᠪᠤᠭᠤᠯᠤᠨ᠎ᠠ ︵ᠣᠷᠣᠯᠠᠨ ᠳᠠᠩᠰᠠᠯᠠᠬᠤ ᠬᠢᠷᠢ ᠬᠡᠮ ᠲᠠᠢ | ᠪᠠᠶᠢᠭᠤᠯᠤᠮᠵᠢ ᠶᠢᠨ ᠨᠡᠷᠡᠰ ᠢ ᠬᠠᠪᠰᠤᠷᠤᠯᠲᠠ ᠳᠤ ᠦᠵᠡ︶᠃ | ᠢᠯᠡᠴᠢᠯᠡᠨ ᠮᠡᠳᠡᠭᠦᠯᠬᠦ ᠤᠲᠠᠰᠤ᠄ 0483-8221518 | ᠭᠥᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 — 12᠄ 00 | ᠦᠳᠡ ᠶᠢᠨ ᠬᠤᠶᠢᠨᠠᠬᠢ 15᠄ 00 — 18᠄ 00 | | 2022 ᠣᠨ ᠤ 3 ᠰᠠᠷ᠎ᠠ ᠶᠢᠨ 11 | ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |