ᠪᠠᠷᠠᠭᠤᠨ ᠪᠡᠯ ᠪᠠᠯᠭᠠᠰᠤᠨ ᠤ ᠲᠡᠮᠦᠷ ᠡᠭᠦᠳᠡ ᠭᠠᠴᠠᠭ᠎ᠠ ᠶᠢᠨ ᠠᠷᠠᠳ ᠤᠨ ᠵᠥᠪᠯᠡᠯ ᠤᠨ ᠭᠤᠶᠤᠴᠢᠯᠠᠯ ᠢᠶᠠᠷ᠂ | ᠮᠠᠨ ᠤ ᠲᠣᠪᠴᠢᠶ᠎ᠠ ᠲᠡᠮᠦᠷ ᠡᠭᠦᠳᠡ ᠭᠠᠴᠠᠭ᠎ᠠ ᠪᠣᠯᠣᠨ ᠰᠢᠷ᠎ᠠ ᠬᠥᠳᠡᠭᠡ ᠭᠠᠴᠠᠭ᠎ᠠ ᠶᠢᠨ ᠮᠠᠷᠭᠤᠯᠳᠤᠭᠠᠨ ᠲᠠᠢ ᠭᠠᠵᠠᠷ | ᠰᠢᠷᠣᠢ ᠳᠤ ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ ᠬᠢᠵᠦ᠂ ︽ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢᠨ ᠲᠦᠷ ᠬᠡᠷᠡᠭᠵᠢᠭᠦᠯᠬᠦ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠤᠨ ᠠᠷᠪᠠᠨ ᠳᠣᠯᠣᠳᠤᠭᠠᠷ | ᠵᠦᠢᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠪᠠᠶᠢᠴᠠᠭᠠᠯᠲᠠ ᠶᠢᠨ ᠦᠷ᠎ᠡ ᠳ᠋ᠦᠩ ᠢ ᠢᠯᠡ ᠨᠡᠶᠢᠲᠡᠯᠡᠶ᠎ᠡ ︵ | ᠨᠠᠷᠢᠨ ᠪᠠᠶᠢᠳᠠᠯ ᠢ ᠭᠠᠵᠠᠷ ᠤᠨ ᠵᠢᠷᠤᠭ᠂ ᠪᠠᠶᠢᠴᠠᠭᠠᠯᠲᠠ ᠶᠢᠨ ᠠᠯᠪᠠᠨ ᠵᠠᠷ ᠤᠨ ᠲᠣᠳᠣᠷᠬᠠᠶᠢᠯᠠᠯᠲᠠ ᠳᠤ ᠦᠵᠡ︶᠃ | ᠪᠠᠶᠢᠴᠠᠭᠠᠯᠲᠠ ᠶᠢᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ᠬᠥᠷᠰᠢ ᠵᠡᠷᠭᠡᠯᠡᠳᠡᠭᠡ ᠶᠢᠨ ᠡᠷᠬᠡ ᠶᠢᠨ | ᠬᠠᠷᠢᠶᠠᠯᠠᠯ ᠤᠨ ᠨᠢᠭᠡᠴᠢ ᠵᠢᠴᠢ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠢᠶᠠᠷ ᠣᠨᠳᠣᠣ ᠰᠠᠨᠠᠯ ᠤᠨ ᠭᠤᠶᠤᠴᠢᠯᠠᠯ | ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠪᠢᠴᠢᠭ ᠢᠶᠠᠷ ᠲᠤᠰᠢᠶᠠᠯᠭᠠᠨ᠎ᠠ᠃ | ᠡᠷᠬᠡ ᠶᠢᠨ ᠬᠠᠷᠢᠶᠠᠯᠠᠯ ᠢ ᠪᠠᠶᠢᠴᠠᠭᠠᠬᠤ ᠠᠯᠪᠠᠨ ᠵᠠᠷ ᠤᠨ ᠲᠣᠳᠣᠷᠬᠠᠶᠢᠯᠠᠯᠲᠠ | ᠲᠣᠰ ᠤᠳᠠᠭᠠᠨ ᠤ ᠡᠷᠬᠡ ᠶᠢᠨ ᠬᠠᠷᠢᠶᠠᠯᠠᠯ ᠤᠨ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠨᠢ 3422. | 1946 ᠾᠧᠺᠲ᠋ᠠᠷ ᠪᠠᠶᠢᠵᠤ᠂ ᠪᠠᠷᠠᠭᠤᠨ ᠤ ᠪᠡᠯ ᠪᠠᠯᠭᠠᠰᠤᠨ ᠤ ᠲᠡᠮᠦᠷ ᠡᠭᠦᠳᠡ ᠭᠠᠴᠠᠭ᠎ᠠ᠂ ᠰᠢᠷ᠎ᠠ ᠬᠥᠳᠡᠭᠡ | ᠭᠠᠴᠠᠭ᠎ᠠ᠂ ᠱᠠᠩᠬᠠᠢ ᠭᠠᠴᠠᠭ᠎ᠠ ᠶᠢᠨ ᠵᠢᠭᠠᠯᠲᠠ ᠶᠢᠨ ᠡᠲᠡᠭᠡᠳ ᠤᠨ ᠨᠤᠲᠠᠯᠠᠯᠲᠠ ᠪᠠᠷ ᠳᠡᠮᠵᠢᠨ᠂ ᠡᠷᠬᠡ ᠶᠢᠨ | ᠬᠠᠷᠢᠶᠠᠯᠠᠯ ᠤᠨ 3 ᠬᠡᠰᠡᠭ ᠭᠠᠵᠠᠷ ᠢ ᠪᠣᠶ ᠪᠣᠯᠭᠠᠪᠠ᠃ ᠰᠢᠷ᠎ᠠ ᠬᠥᠳᠡᠭᠡ ᠭᠠᠴᠠᠭ᠎ᠠ ᠶᠢᠨ ᠬᠡᠰᠡᠭ ᠭᠠᠵᠠᠷ ᠤᠨ ᠲᠠᠯᠠᠪᠠᠶ | ᠨᠢ 1868.9562 ᠾᠧᠺᠲ᠋ᠠᠷ ᠪᠠᠶᠢᠵᠤ᠂ ᠡᠭᠦᠨ ᠳᠤ ᠰᠢᠷᠠᠬᠤᠳ᠋ ᠭᠠᠴᠠᠭ᠎ᠠ ᠶᠢᠨ ᠲᠠᠷᠢᠶᠠᠴᠢᠳ ᠤᠨ ᠬᠠᠮᠲᠤ ᠶᠢᠨ | ᠭᠠᠵᠠᠷ ᠰᠢᠷᠣᠢ 1866.8654 ᠾᠧᠺᠲ᠋ᠠᠷ ᠪᠠᠶᠢᠵᠤ᠂ ᠤᠯᠤᠰ ᠤᠨ ᠥᠮᠴᠢᠯᠡᠯᠲᠦ ᠵᠠᠰᠠᠮᠠᠯ ᠵᠠᠮ ᠤᠨ ᠬᠡᠷᠡᠭᠯᠡᠬᠦ | ᠭᠠᠵᠠᠷ ᠨᠢ 2.0908 ᠾᠧᠺᠲ᠋ᠠᠷ ᠪᠣᠯᠣᠨ᠎ᠠ᠃ | ᠬᠤᠸᠠᠩ ᠲᠤ ᠭᠧᠦ ᠶᠢᠨ ᠬᠡᠰᠡᠭ ᠭᠠᠵᠠᠷ ᠤᠨ ᠲᠠᠯᠠᠪᠠᠶ ᠨᠢ 996.461 ᠾᠧᠺᠲ᠋ᠠᠷ ᠪᠠᠶᠢᠵᠤ᠂ ᠭᠠᠵᠠᠷ | ᠰᠢᠷᠣᠢ ᠶᠢᠨ ᠡᠷᠬᠡ ᠶᠢᠨ ᠬᠠᠷᠢᠶᠠᠯᠠᠯ ᠨᠢ ᠲᠡᠮᠦᠷ ᠡᠭᠦᠳᠡ ᠭᠠᠴᠠᠭᠠᠨ ᠤ ᠲᠠᠷᠢᠶᠠᠴᠢᠳ ᠤᠨ ᠬᠠᠮᠲᠤ ᠶᠢᠨ ᠥᠮᠴᠢᠯᠡᠯ | ᠪᠣᠯᠣᠨ᠎ᠠ᠃ | ᠲᠣᠯᠢ ᠶᠢᠨ ᠬᠡᠰᠡᠭ ᠭᠠᠵᠠᠷ ᠤᠨ ᠲᠠᠯᠠᠪᠠᠶ ᠨᠢ 446.3092 ᠾᠧᠺᠲ᠋ᠠᠷ ᠪᠠᠶᠢᠵᠤ᠂ ᠡᠭᠦᠨ ᠳᠤ ᠡᠷᠬᠡ ᠶᠢᠨ | ᠬᠠᠷᠢᠶ᠎ᠠ ᠨᠢ ᠲᠡᠮᠦᠷ ᠡᠭᠦᠳᠡ ᠭᠠᠴᠠᠭᠠᠨ ᠤ ᠲᠠᠷᠢᠶᠠᠴᠢᠳ ᠤᠨ ᠬᠠᠮᠲᠤ ᠶᠢᠨ ᠭᠠᠵᠠᠷ ᠰᠢᠷᠣᠢ 438.2169 | ᠾᠧᠺᠲ᠋ᠠᠷ ᠪᠠᠶᠢᠵᠤ᠂ ᠤᠯᠤᠰ ᠤᠨ ᠥᠮᠴᠢᠯᠡᠯᠲᠦ ᠵᠠᠰᠠᠮᠠᠯ ᠵᠠᠮ ᠤᠨ ᠬᠡᠷᠡᠭᠯᠡᠬᠦ ᠭᠠᠵᠠᠷ ᠰᠢᠷᠣᠢ 8.0923 ᠾᠧᠺᠲ᠋ᠠᠷ | ᠪᠣᠯᠣᠨ᠎ᠠ᠃ ᠵᠠᠬ᠎ᠠ ᠶᠢᠨ ᠬᠡᠪᠴᠢᠶ᠎ᠡ ᠶᠢ ᠭᠠᠵᠠᠷ ᠤᠨ ᠵᠢᠷᠤᠭ ᠲᠤ ᠨᠠᠷᠢᠪᠴᠢᠯᠠᠨ ᠦᠵᠡᠭᠡᠷᠡᠢ᠃ | ᠵᠠᠷᠯᠠᠨ ᠨᠡᠶᠢᠲᠡᠯᠡᠬᠦ ᠬᠤᠭᠤᠴᠠᠭ᠎ᠠ᠄ 2022 ᠣᠨ ᠤ 3 ᠰᠠᠷ᠎ᠠ ᠶᠢᠨ 12 ᠤᠨ ᠡᠳᠦᠷ — 31 ᠤ ᠡᠳᠦᠷ | ᠣᠨᠳᠣᠣ ᠰᠠᠨᠠᠯ ᠢ ᠬᠦᠷᠭᠡᠬᠦ ᠭᠠᠵᠠᠷ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠪᠠᠶᠢᠴᠠᠭᠠᠬᠤ ᠲᠠᠰᠤᠭ | ᠬᠠᠷᠢᠯᠴᠠᠬᠤ ᠬᠥᠮᠥᠨ᠄ ᠵᠢᠶᠠᠩ ᠹᠧᠩ 04838229735 | ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ | 2022 ᠣᠨ ᠤ 3 ᠰᠠᠷ᠎ᠠ ᠶᠢᠨ 12 | | | ᠬᠠᠪᠰᠤᠷᠤᠯᠲᠠ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |