︽ᠠᠯᠠᠱᠠ ᠠᠶᠢᠮᠠᠭ ᠤᠨ ᠵᠢᠯᠣᠭᠤᠴᠢ ᠶᠢᠨ ᠰᠤᠷᠭᠠᠭᠤᠯᠢ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠤᠨ ᠲᠥᠯᠦᠪᠵᠢᠭᠦᠯᠭᠡ ᠶᠢᠨ ᠲᠣᠬᠢᠷᠠᠭᠤᠯᠤᠯᠲᠠ︾᠎ ᠶᠢᠨ ᠲᠤᠬᠠᠢ ᠢᠯᠡ ᠵᠠᠷᠯᠠᠯ
ᠨᠡᠶᠢᠲᠡᠯᠡᠭᠰᠡᠨ ᠴᠠᠭ᠄
2022/3/22
            ᠠᠯᠠᠱᠠ ᠠᠶᠢᠮᠠᠭ ᠤᠨ ᠵᠢᠶᠦ᠋ᠨ ᠯᠦᠩ ᠵᠢᠯᠣᠭᠤᠴᠢ ᠶᠢᠨ ᠰᠤᠷᠭᠠᠭᠤᠯᠢ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ 2020 ᠣᠨ ᠳᠤ ᠠᠶᠢᠮᠠᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ ᠠᠯᠪᠠᠨ ᠭᠡᠷ ᠤᠨ ᠨᠢᠭᠡᠳᠦᠭᠡᠷ ᠪᠦᠯᠦᠭ ᠤᠨ ᠲᠥᠯᠦᠪᠵᠢᠭᠦᠯᠭᠡ ᠶᠢᠨ ᠲᠥᠷᠥᠯ ᠵᠦᠢᠯ ᠢ ᠬᠢᠨᠠᠨ ᠵᠥᠪᠯᠡᠪᠡ ︵ᠠᠷᠤ ᠬᠤᠷᠢᠶ᠎ᠠ ᠶᠢᠨ ᠲᠣᠭᠲᠠᠭᠠᠯ ᠤᠨ ᠵᠥᠪᠯᠡᠯ ᠤᠨ ᠠᠯᠪᠠᠨ ᠭᠡᠷ ᠤᠨ ︽2020︾ 1 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ︶᠂ ᠬᠢᠨᠠᠨ ᠵᠥᠪᠯᠡᠭᠰᠡᠨ ᠰᠠᠨᠠᠯ᠄ ᠪᠦᠲᠦᠭᠡᠨ ᠪᠠᠶᠢᠭᠤᠯᠬᠤ ᠶᠢ ᠵᠥᠪᠰᠢᠶᠡᠷᠡᠬᠦ ᠦᠭᠡᠢ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠲᠥᠰᠥᠯ ᠢ 2022 ᠣᠨ ᠤ 1 ᠰᠠᠷ᠎ᠠ ᠶᠢᠨ 18᠎ ᠤ ᠡᠳᠦᠷ ᠠᠯᠠᠱᠠ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ 2022 ᠣᠨ ᠤ ᠠᠩᠬᠠᠳᠤᠭᠠᠷ ᠬᠤᠷᠠᠯᠳᠤᠭᠠᠨ ᠳᠤ ᠬᠢᠨᠠᠨ ᠶᠠᠷᠢᠯᠴᠠᠵᠤ ᠪᠠᠲᠤᠯᠠᠪᠠ᠃ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠂ ᠢᠯᠡ ᠲᠥᠯᠦᠪᠵᠢᠭᠦᠯᠭᠡ ᠶᠢ ᠬᠡᠷᠡᠭᠵᠢᠭᠦᠯᠵᠦ᠂ ᠲᠥᠯᠦᠪᠵᠢᠭᠦᠯᠭᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠪᠠᠶᠢᠳᠠᠯ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠮᠠᠭᠠᠯᠠᠵᠤ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠢᠷᠢ ᠬᠡᠮᠵᠢᠶ᠎ᠡ ᠬᠢᠭᠡᠳ ᠤᠯᠠᠨ ᠨᠡᠶᠢᠲᠡ ᠶᠢᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠢᠷᠢ ᠬᠡᠮᠵᠢᠶ᠎ᠡ ᠬᠢᠭᠡᠳ ᠤᠯᠠᠨ ᠨᠡᠶᠢᠲᠡ ᠶᠢᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠲᠥᠯᠦᠪᠵᠢᠭᠦᠯᠭᠡ ᠶᠢᠨ ᠲᠥᠰᠥᠯ ᠢ ᠳᠠᠷᠠᠭᠠᠬᠢ ᠪᠠᠶᠢᠳᠠᠯ ᠢᠶᠠᠷ ᠵᠠᠷᠯᠠᠨ ᠨᠡᠶᠢᠲᠡᠯᠡᠶ᠎ᠡ᠄       ᠨᠢᠭᠡ᠂ ᠲᠥᠷᠥᠯ ᠵᠦᠢᠯ ᠤᠨ ᠨᠡᠷᠡᠶᠢᠳᠦᠯ᠄ ᠠᠯᠠᠱᠠ ᠠᠶᠢᠮᠠᠭ ᠤᠨ ᠵᠢᠶᠦ᠋ᠨ ᠯᠦᠩ ᠵᠢᠯᠣᠭᠤᠴᠢ ᠶᠢᠨ ᠰᠤᠷᠭᠠᠭᠤᠯᠢ ᠶᠢᠨ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠲᠥᠰᠥᠯ       ᠬᠤᠶᠠᠷ᠂ ᠪᠦᠲᠦᠭᠡᠨ ᠪᠠᠶᠢᠭᠤᠯᠬᠤ ᠣᠷᠣᠨ ᠪᠠᠶᠢᠷᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ       ᠭᠤᠷᠪᠠ᠂ ᠪᠦᠲᠦᠭᠡᠨ ᠪᠠᠶᠢᠭᠤᠯᠬᠤ ᠨᠢᠭᠡᠴᠡ᠄ ᠠᠯᠠᠱᠠ ᠠᠶᠢᠮᠠᠭ ᠤᠨ ᠵᠢᠶᠦ᠋ᠨ ᠯᠦᠩ ᠵᠢᠯᠣᠭᠤᠴᠢ ᠶᠢᠨ ᠰᠤᠷᠭᠠᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ       ᠳᠥᠷᠪᠡ᠂ ᠢᠯᠡ ᠨᠡᠶᠢᠲᠡᠯᠡᠬᠦ ᠴᠠᠭ᠄ 2022 ᠣᠨ ᠤ 3 ᠰᠠᠷ᠎ᠠ ᠶᠢᠨ 11᠎ ᠤ ᠡᠳᠦᠷ ᠠᠴᠠ 2022 ᠣᠨ ᠤ 3 ᠰᠠᠷ᠎ᠠ ᠶᠢᠨ 21᠎ ᠤ ᠡᠳᠦᠷ ᠪᠣᠯᠲᠠᠯ᠎ᠠ᠂ ᠨᠡᠶᠢᠲᠡ 7 ᠠᠵᠢᠯᠯᠠᠬᠤ ᠡᠳᠦᠷ ᠪᠣᠯᠣᠨ᠎ᠠ᠃       ᠵᠢᠷᠭᠤᠭ᠎ᠠ᠂ ᠢᠯᠡ ᠨᠡᠶᠢᠲᠡᠯᠡᠬᠦ ᠨᠢᠭᠡᠴᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ       ᠬᠠᠷᠢᠯᠴᠠᠬᠤ ᠤᠲᠠᠰᠤ᠄ 0483-8229711 ︵ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠠᠰᠤᠭ︶       ᠴᠠᠬᠢᠮ ᠰᠢᠤᠳᠠᠨ᠄ zyjgh4887@163.com       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠴᠠᠬᠢᠮ ᠰᠢᠤᠳᠠᠨ ᠤ ᠵᠦᠢᠯ ᠂ ᠪᠢᠴᠢᠭ ᠤᠨ ᠬᠡᠯᠪᠡᠷᠢ ᠪᠠᠷ ᠮᠠᠨ ᠤ ᠲᠣᠪᠴᠢᠶ᠎ᠠ ᠲᠤᠰᠬᠠᠵᠤ ᠪᠣᠯᠣᠨ᠎ᠠ᠂ ᠵᠠᠷᠯᠠᠨ ᠨᠡᠶᠢᠲᠡᠯᠡᠵᠦ ᠬᠠᠷᠢᠭᠤ ᠲᠤᠰᠬᠠᠭᠰᠠᠨ ᠰᠠᠨᠠᠯ ᠳᠡᠭᠡᠷ᠎ᠡ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ ᠴᠠᠭ ᠲᠤᠬᠠᠢ ᠳᠤᠨᠢ ᠬᠠᠷᠢᠯᠴᠠᠬᠤ ᠳᠤ ᠲᠥᠬᠦᠮ ᠦᠵᠡᠭᠦᠯᠦᠭᠡᠷᠡᠢ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号