︽2021 ᠣᠨ ᠤ ᠠᠯᠠᠱᠠ ᠵᠡᠭᠦᠨ ᠬᠤᠰᠢᠭᠤᠨ ᠤ ᠭᠡᠷ ᠬᠤᠷᠢᠶᠠᠯᠠᠯ ᠤᠨ ᠲᠣᠭᠤᠷᠢᠭ ᠤᠨ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠲᠥᠷᠥᠯ ᠵᠦᠢᠯ ᠤᠨ ᠲᠥᠯᠦᠪᠵᠢᠭᠦᠯᠭᠡ ᠶᠢᠨ ᠲᠥᠰᠥᠯ︾᠎ ᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2022/3/22
                  2021 ᠣᠨ ᠤ ᠠᠯᠠᠱᠠ ᠵᠡᠭᠦᠨ ᠬᠤᠰᠢᠭᠤᠨ ᠤ ᠭᠡᠷ ᠬᠤᠷᠢᠶᠠᠯᠠᠯ ᠤᠨ ᠲᠣᠭᠤᠷᠢᠭ ᠤᠨ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠲᠥᠷᠥᠯ ᠵᠦᠢᠯ ᠤᠨ ᠲᠥᠯᠦᠪᠵᠢᠭᠦᠯᠭᠡ ᠶᠢᠨ ᠲᠥᠰᠥᠯ ᠢ 2022 ᠣᠨ ᠤ 1 ᠳ᠋ᠦ᠋ᠭᠡᠷ ᠰᠠᠷ᠎ᠠ ᠶᠢᠨ 18᠎ ᠤ ᠡᠳᠦᠷ ᠠᠯᠠᠱᠠ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ 2022 ᠣᠨ ᠤ ᠠᠩᠬᠠᠳᠤᠭᠠᠷ ᠬᠤᠷᠠᠯᠳᠤᠭᠠᠨ ᠳᠤ ᠬᠢᠨᠠᠨ ᠶᠠᠷᠢᠯᠴᠠᠵᠤ ᠪᠠᠲᠤᠯᠠᠪᠠ᠃ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠦᠪᠵᠢᠭᠦᠯᠭᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠮᠠᠭᠠᠯᠠᠵᠤ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠢᠷᠢ ᠬᠡᠮᠵᠢᠶ᠎ᠡ ᠵᠢᠴᠢ ᠤᠯᠠᠨ ᠨᠡᠶᠢᠲᠡ ᠶᠢᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠲᠥᠯᠦᠪᠵᠢᠭᠦᠯᠭᠡ ᠶᠢᠨ ᠲᠥᠰᠥᠯ ᠢ ᠳᠠᠷᠠᠭᠠᠬᠢ ᠪᠠᠶᠢᠳᠠᠯ ᠢᠶᠠᠷ ᠵᠠᠷᠯᠠᠨ ᠨᠡᠶᠢᠲᠡᠯᠡᠶ᠎ᠡ᠄       ᠨᠢᠭᠡ᠂ ᠲᠥᠷᠥᠯ ᠵᠦᠢᠯ ᠤᠨ ᠨᠡᠷᠡᠶᠢᠳᠦᠯ᠄ 2021 ᠣᠨ ᠤ ᠠᠯᠠᠱᠠ ᠵᠡᠭᠦᠨ ᠬᠤᠰᠢᠭᠤᠨ ᠤ ᠭᠡᠷ ᠬᠤᠷᠢᠶᠠᠯᠠᠯ ᠤᠨ ᠲᠣᠭᠤᠷᠢᠭ ᠤᠨ ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠵᠠᠰᠠᠬᠤ ᠲᠥᠷᠥᠯ ᠵᠦᠢᠯ       ᠬᠤᠶᠠᠷ᠂ ᠪᠦᠲᠦᠭᠡᠨ ᠪᠠᠶᠢᠭᠤᠯᠬᠤ ᠣᠷᠣᠨ ᠪᠠᠶᠢᠷᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠶᠠᠪᠠᠷᠠᠢ ᠵᠠᠮ ᠤᠨ ᠬᠤᠶᠢᠲᠤ ᠲᠠᠯ᠎ᠠ᠂ ᠲᠣᠷᠭᠤᠳ ᠶᠡᠭᠡ ᠵᠡᠭᠡᠯᠢ ᠶᠢᠨ ᠪᠠᠷᠠᠭᠤᠨ ᠲᠠᠯ᠎ᠠ       ᠭᠤᠷᠪᠠ᠂ ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠠᠯᠠᠱᠠ ᠵᠡᠭᠦᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ       ᠳᠥᠷᠪᠡ᠂ ᠭᠤᠣᠯ ᠪᠣᠯᠬᠤ ᠲᠣᠬᠢᠷᠠᠭᠤᠯᠤᠯᠲᠠ ᠬᠢᠬᠦ ᠠᠭᠤᠯᠭ᠎ᠠ᠄ ᠲᠥᠷᠥᠯ ᠵᠦᠢᠯ ᠳᠤ 150 ᠢᠵᠢ ᠪᠦᠷᠢᠨ ᠪᠤᠰᠤ ᠣᠷᠣᠨ ᠰᠠᠭᠤᠴᠠ ᠪᠠ ᠢᠵᠢ ᠪᠦᠷᠢᠳᠦᠭᠰᠡᠨ ᠬᠤᠲᠠ ᠶᠢᠨ ᠶᠠᠪᠤᠳᠠᠯ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ᠂ ᠶᠡᠷᠦᠩᠬᠡᠢ ᠲᠥᠯᠥᠪᠵᠢᠭᠦᠯᠦᠨ ᠥᠭᠡᠷᠡᠴᠢᠯᠡᠨ ᠵᠠᠰᠠᠬᠤ ᠣᠷᠣᠨ ᠪᠦᠰᠡ ᠶᠢᠨ ᠡᠵᠡᠯᠡᠬᠦ ᠲᠠᠯᠠᠪᠠᠶ ᠨᠢ ᠪᠠᠷᠤᠭ 6.4 ᠲᠦᠮᠡᠨ ᠲᠡᠭᠰᠢ ᠳᠥᠷᠪᠡᠯᠵᠢᠨ ᠮᠧᠲᠷ᠂ ᠥᠭᠡᠷᠡᠴᠢᠯᠡᠨ ᠵᠠᠰᠠᠬᠤ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ ᠨᠢ ᠪᠠᠷᠤᠭ 1.8 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢ ᠪᠠᠷᠤᠭᠯᠠᠨ ᠪᠤᠳᠤᠪᠠᠯ 1350 ᠲᠦᠮᠡᠨ ᠲᠥᠭᠦᠷᠢᠭ ᠪᠣᠯᠣᠨ᠎ᠠ᠃ ᠪᠡᠯᠡ ᠮᠥᠩᠭᠦ ᠶᠢᠨ ᠢᠷᠡᠯᠲᠡ ᠶᠢ ᠳᠡᠭᠡᠳᠦ ᠱᠠᠲᠤᠨ ᠤ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠲᠤᠰᠬᠠᠢ ᠵᠦᠢᠯ ᠤᠨ ᠨᠥᠬᠦᠪᠦᠷᠢ ᠶᠢᠨ ᠪᠡᠯᠡ ᠮᠥᠩᠭᠦ᠂ ᠲᠥᠪ ᠤᠨ ᠲᠥᠰᠥᠪ ᠤᠨ ᠳᠣᠲᠣᠷᠠᠬᠢ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠵᠦᠢᠯ ᠤᠨ ᠪᠡᠯᠡ ᠮᠥᠩᠭᠦ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠣᠷᠣᠨ ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠵᠢᠴᠢ ᠰᠠᠭᠤᠭᠠᠯᠢ ᠠᠷᠠᠳ ᠤᠨ ᠥᠪᠡᠷ ᠢᠶᠠᠨ ᠴᠤᠭᠯᠠᠭᠤᠯᠤᠭᠰᠠᠨ ᠬᠡᠰᠡᠭ ᠪᠡᠯᠡ ᠮᠥᠩᠭᠦ ᠶᠢ ᠭᠤᠶᠤᠴᠢᠯᠠᠬᠤ ᠪᠠᠷ ᠳᠠᠮᠵᠢᠭᠤᠯᠤᠨ ᠰᠢᠢᠳᠪᠦᠷᠢᠯᠡᠨ᠎ᠡ᠃       ᠲᠠᠪᠤ᠂ ᠢᠯᠡ ᠨᠡᠶᠢᠲᠡᠯᠡᠬᠦ ᠴᠠᠭ᠄ 2022 ᠣᠨ ᠤ 3 ᠰᠠᠷ᠎ᠠ ᠶᠢᠨ 11᠎ ᠤ ᠡᠳᠦᠷ ᠠᠴᠠ 2022 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠃       ᠵᠢᠷᠭᠤᠭ᠎ᠠ᠂ ᠢᠯᠡ ᠨᠡᠶᠢᠲᠡᠯᠡᠬᠦ ᠨᠢᠭᠡᠴᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ       ᠬᠠᠷᠢᠯᠴᠠᠬᠤ ᠤᠲᠠᠰᠤ᠄ 0483-8229711 ︵ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠠᠰᠤᠭ︶       ᠴᠠᠬᠢᠮ ᠰᠢᠤᠳᠠᠨ᠄ zyjgh4887@163.com       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠴᠠᠬᠢᠮ ᠰᠢᠤᠳᠠᠨ ᠤ ᠵᠦᠢᠯ ᠂ ᠪᠢᠴᠢᠭ ᠤᠨ ᠬᠡᠯᠪᠡᠷᠢ ᠪᠠᠷ ᠮᠠᠨ ᠤ ᠲᠣᠪᠴᠢᠶ᠎ᠠ ᠲᠤᠰᠬᠠᠵᠤ ᠪᠣᠯᠣᠨ᠎ᠠ᠂ ᠵᠠᠷᠯᠠᠨ ᠨᠡᠶᠢᠲᠡᠯᠡᠵᠦ ᠬᠠᠷᠢᠭᠤ ᠲᠤᠰᠬᠠᠭᠰᠠᠨ ᠰᠠᠨᠠᠯ ᠳᠡᠭᠡᠷ᠎ᠡ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ ᠴᠠᠭ ᠲᠤᠬᠠᠢ ᠳᠤᠨᠢ ᠬᠠᠷᠢᠯᠴᠠᠬᠤ ᠳᠤ ᠲᠥᠬᠦᠮ ᠦᠵᠡᠭᠦᠯᠦᠭᠡᠷᠡᠢ᠃ ᠭᠡᠷᠡᠴᠢᠯᠡᠭᠡ ᠰᠣᠨᠣᠰᠬᠤ ᠪᠠᠷ ᠱᠠᠭᠠᠷᠳᠠᠪᠠᠯ᠂ ᠮᠠᠨ ᠤ ᠲᠣᠪᠴᠢᠶ᠎ᠠ ᠵᠢᠷᠤᠮ ᠶᠣᠰᠣᠭᠠᠷ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠤᠨ᠎ᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号