︽ᠺᠠᠩ ᠰᠢᠨ ᠶᠠ ᠶᠤᠸᠠᠨ ᠬᠤᠷᠢᠶᠠᠯᠠᠯ ᠤᠨ ᠡᠮᠦᠨ᠎ᠡ ᠬᠠᠭᠠᠯᠭ᠎ᠠ ᠶᠢᠨ ᠠᠶᠦᠯᠭᠦᠢ ᠶᠢᠨ ᠰᠢᠰᠲ᠋ᠧᠮ ᠤᠭᠰᠠᠷᠠᠬᠤ ᠵᠢᠴᠢ ᠠᠮᠤᠷ ᠢ ᠬᠠᠮᠠᠭᠠᠯᠠᠬᠤ ᠲᠠᠰᠤᠭ ᠤᠨ ᠲᠥᠯᠦᠪᠵᠢᠭᠦᠯᠭᠡ ᠶᠢᠨ ᠲᠥᠰᠥᠯ︾᠎ ᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2022/3/22
            ᠺᠠᠩ ᠰᠢᠨ ᠶᠠ ᠶᠤᠸᠠᠨ ᠬᠤᠷᠢᠶᠠᠯᠠᠯ ᠤᠨ ᠡᠮᠦᠨ᠎ᠡ ᠬᠠᠭᠠᠯᠭ᠎ᠠ ᠶᠢᠨ ᠠᠶᠦᠯᠭᠦᠢ ᠶᠢᠨ ᠰᠢᠰᠲ᠋ᠧᠮ ᠵᠢᠴᠢ ᠠᠮᠤᠷ ᠢ ᠬᠠᠮᠠᠭᠠᠯᠠᠬᠤ ᠲᠠᠰᠤᠭ ᠤᠨ ᠲᠥᠯᠦᠪᠵᠢᠭᠦᠯᠭᠡ ᠶᠢᠨ ᠲᠥᠰᠥᠯ ᠢ 2022 ᠣᠨ ᠤ 1 ᠰᠠᠷ᠎ᠠ ᠶᠢᠨ 18᠎ ᠤ ᠡᠳᠦᠷ ᠠᠯᠠᠱᠠ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ 2022 ᠣᠨ ᠤ ᠠᠩᠬᠠᠳᠤᠭᠠᠷ ᠬᠤᠷᠠᠯᠳᠤᠭᠠᠨ ᠳᠤ ᠬᠢᠨᠠᠨ ᠶᠠᠷᠢᠯᠴᠠᠵᠤ ᠪᠠᠲᠤᠯᠠᠪᠠ᠃ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠦᠪᠵᠢᠭᠦᠯᠭᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠮᠠᠭᠠᠯᠠᠵᠤ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠢᠷᠢ ᠬᠡᠮᠵᠢᠶ᠎ᠡ ᠵᠢᠴᠢ ᠤᠯᠠᠨ ᠨᠡᠶᠢᠲᠡ ᠶᠢᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠲᠥᠯᠦᠪᠵᠢᠭᠦᠯᠭᠡ ᠶᠢᠨ ᠲᠥᠰᠥᠯ ᠢ ᠳᠠᠷᠠᠭᠠᠬᠢ ᠪᠠᠶᠢᠳᠠᠯ ᠢᠶᠠᠷ ᠵᠠᠷᠯᠠᠨ ᠨᠡᠶᠢᠲᠡᠯᠡᠶ᠎ᠡ᠄       ᠨᠢᠭᠡ᠂ ᠲᠥᠷᠥᠯ ᠵᠦᠢᠯ ᠤᠨ ᠨᠡᠷᠡᠶᠢᠳᠦᠯ᠄ ᠺᠠᠩ ᠰᠢᠨ ᠶᠠ ᠶᠤᠸᠠᠨ ᠬᠤᠷᠢᠶᠠᠯᠠᠯ ᠤᠨ ᠡᠮᠦᠨ᠎ᠡ ᠬᠠᠭᠠᠯᠭ᠎ᠠ ᠶᠢᠨ ᠠᠶᠦᠯᠭᠦᠢ ᠶᠢᠨ ᠰᠢᠰᠲ᠋ᠧᠮ ᠵᠢᠴᠢ ᠠᠮᠤᠷ ᠢ ᠬᠠᠮᠠᠭᠠᠯᠠᠬᠤ ᠲᠠᠰᠤᠭ ᠪᠠᠷᠢᠬᠤ       ᠬᠤᠶᠠᠷ᠂ ᠪᠦᠲᠦᠭᠡᠨ ᠪᠠᠶᠢᠭᠤᠯᠤᠯᠲᠠ ᠶᠢᠨ ᠣᠷᠣᠨ ᠪᠠᠶᠢᠷᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠵᠢᠷᠠᠨᠲᠠᠢ ᠵᠠᠮ ᠤᠨ ᠬᠤᠶᠢᠲᠤ ᠲᠠᠯ᠎ᠠ       ᠭᠤᠷᠪᠠ᠂ ᠪᠦᠲᠦᠭᠡᠨ ᠪᠠᠶᠢᠭᠤᠯᠬᠤ ᠨᠢᠭᠡᠴᠡ᠄ ᠠᠯᠠᠱᠠ ᠠᠶᠢᠮᠠᠭ ᠤᠨ ᠸᠧᠢ ᠴᠧᠩ ᠠᠳᠠᠯ ᠠᠬᠤᠢ ᠶᠢᠨ ᠺᠣᠮᠫᠠᠨᠢ       ᠳᠥᠷᠪᠡ᠂ ᠲᠣᠬᠢᠷᠠᠭᠤᠯᠬᠤ ᠭᠤᠣᠯ ᠠᠭᠤᠯᠭ᠎ᠠ᠄ ᠠᠮᠤᠷ ᠢ ᠬᠠᠮᠠᠭᠠᠯᠠᠬᠤ ᠵᠢᠵᠢᠭᠦᠷ ᠤᠨ ᠲᠠᠰᠤᠭ ᠤᠨ ᠲᠥᠯᠦᠪᠵᠢᠭᠦᠯᠭᠡ ᠳᠤ ᠬᠡᠷᠡᠭᠯᠡᠬᠦ ᠭᠠᠵᠠᠷ ᠤᠨ ᠲᠠᠯᠠᠪᠠᠢ ᠨᠢ 56 ᠮᠧᠲᠷ᠂ ᠥᠷᠭᠡᠨ ᠢᠶᠠᠷ ᠢᠶᠠᠨ 4 ᠮᠧᠲᠷ᠂ ᠤᠷᠳᠤ ᠪᠠᠷ ᠢᠶᠠᠨ 14 ᠮᠧᠲᠷ ᠪᠣᠯᠣᠨ᠎ᠠ᠃       ᠲᠠᠪᠤ᠂ ᠢᠯᠡ ᠨᠡᠶᠢᠲᠡᠯᠡᠬᠦ ᠴᠠᠭ᠄ 2022 ᠣᠨ ᠤ 3 ᠰᠠᠷ᠎ᠠ ᠶᠢᠨ 11᠎ ᠤ ᠡᠳᠦᠷ ᠠᠴᠠ 2022 ᠣᠨ ᠤ 3 ᠰᠠᠷ᠎ᠠ ᠶᠢᠨ 21᠎ ᠤ ᠡᠳᠦᠷ ᠪᠣᠯᠲᠠᠯ᠎ᠠ᠂ ᠨᠡᠶᠢᠲᠡ 7 ᠠᠵᠢᠯᠯᠠᠬᠤ ᠡᠳᠦᠷ ᠪᠣᠯᠣᠨ᠎ᠠ᠃       ᠵᠢᠷᠭᠤᠭ᠎ᠠ᠂ ᠢᠯᠡ ᠨᠡᠶᠢᠲᠡᠯᠡᠬᠦ ᠨᠢᠭᠡᠴᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ       ᠬᠠᠷᠢᠯᠴᠠᠬᠤ ᠤᠲᠠᠰᠤ᠄ 0483-8229711 ︵ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠠᠰᠤᠭ︶       ᠴᠠᠬᠢᠮ ᠰᠢᠤᠳᠠᠨ᠄ zyjgh4887@163.com       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠴᠠᠬᠢᠮ ᠰᠢᠤᠳᠠᠨ ᠤ ᠵᠦᠢᠯ ᠂ ᠪᠢᠴᠢᠭ ᠤᠨ ᠬᠡᠯᠪᠡᠷᠢ ᠪᠠᠷ ᠮᠠᠨ ᠤ ᠲᠣᠪᠴᠢᠶ᠎ᠠ ᠲᠤᠰᠬᠠᠵᠤ ᠪᠣᠯᠣᠨ᠎ᠠ᠂ ᠵᠠᠷᠯᠠᠨ ᠨᠡᠶᠢᠲᠡᠯᠡᠵᠦ ᠬᠠᠷᠢᠭᠤ ᠲᠤᠰᠬᠠᠭᠰᠠᠨ ᠰᠠᠨᠠᠯ ᠳᠡᠭᠡᠷ᠎ᠡ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ ᠴᠠᠭ ᠲᠤᠬᠠᠢ ᠳᠤᠨᠢ ᠬᠠᠷᠢᠯᠴᠠᠬᠤ ᠳᠤ ᠲᠥᠬᠦᠮ ᠦᠵᠡᠭᠦᠯᠦᠭᠡᠷᠡᠢ᠃ ᠭᠡᠷᠡᠴᠢᠯᠡᠭᠡ ᠰᠣᠨᠣᠰᠬᠤ ᠪᠠᠷ ᠱᠠᠭᠠᠷᠳᠠᠪᠠᠯ᠂ ᠮᠠᠨ ᠤ ᠲᠣᠪᠴᠢᠶ᠎ᠠ ᠵᠢᠷᠤᠮ ᠶᠣᠰᠣᠭᠠᠷ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠤᠨ᠎ᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号