︽ᠥᠪᠥᠷ ᠮᠣᠩᠭᠤᠯ ᠤᠨ ᠬᠠᠯᠠᠭᠤᠨ ᠾᠧᠩ ᠶᠤᠸᠠᠨ ᠰᠢᠨ᠎ᠡ ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠬᠤ ᠵᠢᠯ ᠳᠤ 20 ᠲᠦᠮᠡᠨ ᠲᠣᠨ ᠵᠤᠭᠠᠩ ᠢᠶᠠᠷ ᠰᠠᠭᠤᠷᠢ ᠪᠣᠯᠭᠠᠭᠰᠠᠨ ᠡᠯᠡᠰᠦᠨ ᠡᠭᠡᠳᠡᠩ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠦᠪᠵᠢᠭᠦᠯᠭᠡ ᠶᠢᠨ ᠲᠥᠰᠥᠯ︾᠎ ᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2022/3/22
              ᠥᠪᠥᠷ ᠮᠣᠩᠭᠤᠯ ᠤᠨ ᠬᠠᠯᠠᠭᠤᠨ ᠾᠧᠩ ᠶᠤᠸᠠᠨ ᠰᠢᠨ᠎ᠡ ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ ᠵᠤᠭᠠᠩ ᠤᠨ ᠰᠠᠭᠤᠷᠢ ᠡᠯᠡᠰᠦᠨ ᠡᠭᠡᠳᠡᠩ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠥᠯᠦᠪᠵᠢᠭᠦᠯᠭᠡ ᠶᠢᠨ ᠲᠥᠰᠥᠯ ᠢ 2022 ᠣᠨ ᠤ 1 ᠰᠠᠷ᠎ᠠ ᠶᠢᠨ 18᠎ ᠤ ᠡᠳᠦᠷ ᠠᠯᠠᠱᠠ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ 2022 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠪᠠ᠃ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠳᠠᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠯᠦᠪᠵᠢᠭᠦᠯᠭᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠮᠠᠭᠠᠯᠠᠵᠤ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠢᠷᠢ ᠬᠡᠮᠵᠢᠶ᠎ᠡ ᠵᠢᠴᠢ ᠤᠯᠠᠨ ᠨᠡᠶᠢᠲᠡ ᠶᠢᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠲᠥᠯᠦᠪᠵᠢᠭᠦᠯᠭᠡ ᠶᠢᠨ ᠲᠥᠰᠥᠯ ᠢ ᠳᠠᠷᠠᠭᠠᠬᠢ ᠪᠠᠶᠢᠳᠠᠯ ᠢᠶᠠᠷ ᠵᠠᠷᠯᠠᠨ ᠨᠡᠶᠢᠲᠡᠯᠡᠶ᠎ᠡ᠄       ᠨᠢᠭᠡ᠂ ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠬᠠᠯᠠᠭᠤᠨ ᠾᠧᠩ ᠶᠤᠸᠠᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠵᠢᠯ ᠳᠤ 20 ᠲᠦᠮᠡᠨ ᠲᠣᠨ ᠵᠤᠭᠠᠩ ᠤᠨ ᠰᠠᠭᠤᠷᠢ ᠡᠯᠡᠰᠦᠨ ᠡᠭᠡᠳᠡᠩ ᠦᠢᠯᠡᠳᠪᠦᠷᠢᠯᠡᠬᠦ ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ       ᠬᠤᠶᠠᠷ᠂ ᠪᠦᠲᠦᠭᠡᠨ ᠪᠠᠶᠢᠭᠤᠯᠬᠤ ᠣᠷᠣᠨ ᠪᠠᠶᠢᠷᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠡᠮᠦᠨ᠎ᠡ ᠲᠣᠭᠤᠷᠢᠯ ᠵᠠᠮ ᠤᠨ ᠡᠮᠦᠨ᠎ᠡ ᠲᠠᠯ᠎ᠠ ︵ᠬᠠᠯᠠᠭᠤᠨ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠲᠣᠭᠤᠷᠢᠭ︶       ᠭᠤᠷᠪᠠ᠂ ᠪᠦᠲᠦᠭᠡᠨ ᠪᠠᠶᠢᠭᠤᠯᠬᠤ ᠨᠢᠭᠡᠴᠡ᠄ ᠥᠪᠥᠷ ᠮᠣᠩᠭᠤᠯ ᠤᠨ ᠬᠠᠯᠠᠭᠤᠨ ᠾᠧᠩ ᠶᠤᠸᠠᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ       ᠳᠥᠷᠪᠡ᠂ ᠢᠯᠡ ᠨᠡᠶᠢᠲᠡᠯᠡᠬᠦ ᠴᠠᠭ᠄ 2022 ᠣᠨ ᠤ 3 ᠰᠠᠷ᠎ᠠ ᠶᠢᠨ 11᠎ ᠤ ᠡᠳᠦᠷ ᠠᠴᠠ 2022 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠃       ᠵᠢᠷᠭᠤᠭ᠎ᠠ᠂ ᠢᠯᠡ ᠨᠡᠶᠢᠲᠡᠯᠡᠬᠦ ᠨᠢᠭᠡᠴᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ       ᠬᠠᠷᠢᠯᠴᠠᠬᠤ ᠤᠲᠠᠰᠤ᠄ 0483-8229711 ︵ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠠᠰᠤᠭ︶       ᠴᠠᠬᠢᠮ ᠰᠢᠤᠳᠠᠨ᠄ zyjgh4887@163.com       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠴᠠᠬᠢᠮ ᠰᠢᠤᠳᠠᠨ ᠤ ᠵᠦᠢᠯ ᠂ ᠪᠢᠴᠢᠭ ᠤᠨ ᠬᠡᠯᠪᠡᠷᠢ ᠪᠠᠷ ᠮᠠᠨ ᠤ ᠲᠣᠪᠴᠢᠶ᠎ᠠ ᠲᠤᠰᠬᠠᠵᠤ ᠪᠣᠯᠣᠨ᠎ᠠ᠂ ᠵᠠᠷᠯᠠᠨ ᠨᠡᠶᠢᠲᠡᠯᠡᠵᠦ ᠬᠠᠷᠢᠭᠤ ᠲᠤᠰᠬᠠᠭᠰᠠᠨ ᠰᠠᠨᠠᠯ ᠳᠡᠭᠡᠷ᠎ᠡ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ ᠴᠠᠭ ᠲᠤᠬᠠᠢ ᠳᠤᠨᠢ ᠬᠠᠷᠢᠯᠴᠠᠬᠤ ᠳᠤ ᠲᠥᠬᠦᠮ ᠦᠵᠡᠭᠦᠯᠦᠭᠡᠷᠡᠢ᠃ ᠭᠡᠷᠡᠴᠢᠯᠡᠭᠡ ᠰᠣᠨᠣᠰᠬᠤ ᠪᠠᠷ ᠱᠠᠭᠠᠷᠳᠠᠪᠠᠯ᠂ ᠮᠠᠨ ᠤ ᠲᠣᠪᠴᠢᠶ᠎ᠠ ᠵᠢᠷᠤᠮ ᠶᠣᠰᠣᠭᠠᠷ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠤᠨ᠎ᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号