︽ᠳ᠋ᠠ ᠲᠠᠩ ᠤᠨ ᠠᠯᠠᠱᠠ ᠠᠶᠢᠮᠠᠭ ᠤᠨ ᠥᠯᠵᠡᠢ ᠶᠢᠨ 400MW ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠲᠥᠯᠦᠪᠵᠢᠭᠦᠯᠭᠡ ᠶᠢᠨ ᠲᠥᠰᠥᠯ︾᠎ ᠢ ᠵᠠᠷᠯᠠᠨ ᠨᠡᠶᠢᠲᠡᠯᠡᠬᠦ ᠲᠤᠬᠠᠢ
ᠨᠡᠶᠢᠲᠡᠯᠡᠭᠰᠡᠨ ᠴᠠᠭ᠄
2022/3/22
                ᠳ᠋ᠠ ᠲᠠᠩ ᠤᠨ ᠠᠯᠠᠱᠠ ᠠᠶᠢᠮᠠᠭ ᠤᠨ ᠥᠯᠵᠡᠢ ᠶᠢᠨ 400MW ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠤᠨ ᠲᠥᠯᠦᠪᠵᠢᠭᠦᠯᠭᠡ ᠶᠢᠨ ᠲᠥᠰᠥᠯ ᠢ 2022 ᠣᠨ ᠤ 1 ᠰᠠᠷ᠎ᠠ ᠶᠢᠨ 18᠎ ᠤ ᠡᠳᠦᠷ ᠠᠯᠠᠱᠠ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠤᠨ 2022 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠪᠠ᠃ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠠᠮᠢᠶᠠᠷᠤᠯᠲᠠ ᠶᠢᠨ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠤᠨ᠂ ᠢᠯᠡ ᠲᠥᠯᠦᠪᠵᠢᠭᠦᠯᠭᠡ ᠶᠢ ᠬᠡᠷᠡᠭᠵᠢᠭᠦᠯᠵᠦ᠂ ᠲᠥᠯᠦᠪᠵᠢᠭᠦᠯᠭᠡ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠤᠳᠠ ᠶᠢᠨ ᠠᠷᠠᠳ ᠤᠨ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠪᠠᠶᠢᠳᠠᠯ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠮᠠᠭᠠᠯᠠᠵᠤ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠢᠷᠢ ᠬᠡᠮᠵᠢᠶ᠎ᠡ ᠬᠢᠭᠡᠳ ᠤᠯᠠᠨ ᠨᠡᠶᠢᠲᠡ ᠶᠢᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠬᠤᠳᠠ ᠬᠥᠳᠡᠭᠡ ᠶᠢᠨ ᠲᠥᠯᠦᠪᠵᠢᠭᠦᠯᠭᠡ ᠶᠢᠨ ᠬᠢᠷᠢ ᠬᠡᠮᠵᠢᠶ᠎ᠡ ᠬᠢᠭᠡᠳ ᠤᠯᠠᠨ ᠨᠡᠶᠢᠲᠡ ᠶᠢᠨ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠲᠥᠯᠦᠪᠵᠢᠭᠦᠯᠭᠡ ᠶᠢᠨ ᠲᠥᠰᠥᠯ ᠢ ᠳᠠᠷᠠᠭᠠᠬᠢ ᠪᠠᠶᠢᠳᠠᠯ ᠢᠶᠠᠷ ᠵᠠᠷᠯᠠᠨ ᠨᠡᠶᠢᠲᠡᠯᠡᠶ᠎ᠡ᠄       ᠨᠢᠭᠡ᠂ ᠲᠥᠷᠥᠯ ᠵᠦᠢᠯ ᠤᠨ ᠨᠡᠷᠡᠶᠢᠳᠦᠯ᠄ ᠳ᠋ᠠ ᠲᠠᠩ ᠤᠨ ᠠᠯᠠᠱᠠ ᠠᠶᠢᠮᠠᠭ ᠤᠨ ᠥᠯᠵᠡᠢ ᠶᠢᠨ 400MW ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ       ᠬᠤᠶᠠᠷ᠂ ᠪᠦᠲᠦᠭᠡᠨ ᠪᠠᠶᠢᠭᠤᠯᠤᠯᠲᠠ ᠶᠢᠨ ᠣᠷᠣᠨ ᠪᠠᠶᠢᠷᠢ᠄ ᠠᠯᠠᠱᠠ ᠵᠡᠭᠦᠨ ᠬᠤᠰᠢᠭᠤᠨ ᠤ ᠥᠯᠵᠡᠢ ᠰᠤᠮᠤ ᠶᠢᠨ ᠥᠨᠳᠥᠷ ᠮᠣᠳᠣ ᠭᠠᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠣᠷᠣᠨ ᠪᠠᠶᠢᠷᠢ᠄ ᠠᠯᠠᠱᠠ ᠵᠡᠭᠦᠨ ᠬᠤᠰᠢᠭᠤᠨ ᠤ ᠥᠯᠵᠡᠢ ᠰᠤᠮᠤ ᠶᠢᠨ ᠥᠨᠳᠥᠷ ᠮᠣᠳᠣ ᠭᠠᠴᠠᠭ᠎ᠠ       ᠭᠤᠷᠪᠠ᠂ ᠪᠦᠲᠦᠭᠡᠨ ᠪᠠᠶᠢᠭᠤᠯᠬᠤ ᠨᠢᠭᠡᠴᠡ᠄ ᠥᠪᠥᠷ ᠮᠣᠩᠭᠤᠯ ᠤᠨ ᠳ᠋ᠠ ᠲᠠᠩ ᠣᠯᠠᠨ ᠤᠯᠤᠰ ᠤᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ       ᠳᠥᠷᠪᠡ᠂ ᠪᠦᠲᠦᠭᠡᠨ ᠪᠠᠶᠢᠭᠤᠯᠬᠤ ᠠᠭᠤᠯᠭ᠎ᠠ᠄ ᠲᠣᠰ ᠲᠥᠷᠥᠯ ᠵᠦᠢᠯ ᠳᠤ ᠵᠥᠪᠬᠡᠨ ︵ᠬᠦᠴᠦᠳᠡᠯ ᠳᠡᠭᠡᠭᠰᠢᠯᠡᠭᠦᠯᠬᠦ ᠥᠷᠲᠡᠭᠡ᠂ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ︶ ᠪᠠᠷᠢᠯᠭ᠎ᠠ ᠲᠠᠢ᠂ ᠪᠤᠰᠤᠳ ᠲᠠᠪᠤᠨ ᠣᠷᠣᠨ ᠨᠢ ᠴᠥᠮ ᠲᠥᠬᠦᠭᠡᠷᠦᠮᠵᠢ ᠪᠣᠯᠣᠨ᠎ᠠ᠃       ᠲᠠᠪᠤ᠂ ᠢᠯᠡ ᠨᠡᠶᠢᠲᠡᠯᠡᠬᠦ ᠴᠠᠭ᠄ 2022 ᠣᠨ ᠤ 3 ᠰᠠᠷ᠎ᠠ ᠶᠢᠨ 11᠎ ᠤ ᠡᠳᠦᠷ ᠠᠴᠠ 2022 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠃       ᠵᠢᠷᠭᠤᠭ᠎ᠠ᠂ ᠢᠯᠡ ᠨᠡᠶᠢᠲᠡᠯᠡᠬᠦ ᠨᠢᠭᠡᠴᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ       ᠬᠠᠷᠢᠯᠴᠠᠬᠤ ᠤᠲᠠᠰᠤ᠄ 0483-8229711 ︵ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠲᠠᠰᠤᠭ︶       ᠴᠠᠬᠢᠮ ᠰᠢᠤᠳᠠᠨ᠄ zyjgh4887@163.com       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠡᠷᠪᠡ ᠣᠨᠳᠣᠣ ᠰᠠᠨᠠᠯ ᠲᠠᠢ ᠪᠠᠶᠢᠪᠠᠯ᠂ ᠴᠠᠬᠢᠮ ᠰᠢᠤᠳᠠᠨ ᠤ ᠵᠦᠢᠯ ᠂ ᠪᠢᠴᠢᠭ ᠤᠨ ᠬᠡᠯᠪᠡᠷᠢ ᠪᠠᠷ ᠮᠠᠨ ᠤ ᠲᠣᠪᠴᠢᠶ᠎ᠠ ᠲᠤᠰᠬᠠᠵᠤ ᠪᠣᠯᠣᠨ᠎ᠠ᠂ ᠵᠠᠷᠯᠠᠨ ᠨᠡᠶᠢᠲᠡᠯᠡᠵᠦ ᠬᠠᠷᠢᠭᠤ ᠲᠤᠰᠬᠠᠭᠰᠠᠨ ᠰᠠᠨᠠᠯ ᠳᠡᠭᠡᠷ᠎ᠡ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ ᠴᠠᠭ ᠲᠤᠬᠠᠢ ᠳᠤᠨᠢ ᠬᠠᠷᠢᠯᠴᠠᠬᠤ ᠳᠤ ᠲᠥᠬᠦᠮ ᠦᠵᠡᠭᠦᠯᠦᠭᠡᠷᠡᠢ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号