ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶᠠᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠡᠷᠦᠩᠬᠡᠶᠢᠯᠡᠭᠰᠡᠨ ᠲᠤᠰᠬᠠᠢ ᠮᠡᠷᠭᠡᠵᠢᠯᠲᠡᠨ ᠤ ᠨᠥᠭᠡᠴᠡ ᠰᠠᠩ ᠪᠦᠷᠢᠳᠦᠭᠦᠯᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/3/22
                ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠵᠢᠯ ᠢ ᠤᠷᠤᠭᠰᠢᠲᠠᠢ ᠥᠷᠨᠢᠭᠦᠯᠬᠦ ᠪᠠ ᠬᠠᠮᠢᠶᠠᠷᠤᠯᠲᠠ ᠶᠢᠨ ᠰᠢᠰᠲ᠋ᠧᠮ ᠢ ᠱᠠᠲᠤ ᠳᠠᠷᠠᠭ᠎ᠠ ᠲᠠᠢ ᠪᠠᠷ ᠲᠡᠭᠦᠯᠳᠡᠷᠵᠢᠭᠦᠯᠬᠦ ᠶᠢ ᠤᠯᠠᠮ ᠵᠢᠷᠤᠮᠵᠢᠭᠤᠯᠬᠤ ᠶᠢᠨ ᠲᠥᠯᠥᠭᠡ᠂ ᠤᠰᠤᠨ ᠠᠰᠢᠭᠯᠠᠯᠲᠠ ᠶᠢᠨ ᠠᠵᠢᠯ ᠢ ᠥᠷᠨᠢᠭᠦᠯᠬᠦ ᠶᠠᠪᠤᠴᠠ ᠳᠠᠬᠢ ᠲᠤᠰᠬᠠᠢ ᠮᠡᠷᠭᠡᠵᠢᠯᠲᠡᠨ ᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤᠨ ᠠᠰᠢᠭᠯᠠᠯᠲᠠ ᠶᠢᠨ ᠠᠵᠢᠯ ᠢ ᠥᠷᠨᠢᠭᠦᠯᠬᠦ ᠶᠠᠰᠤ ᠴᠢᠨᠠᠷ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠠᠵᠢᠯ ᠢ ᠥᠷᠨᠢᠭᠦᠯᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠨᠢ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢ ᠢᠯᠡ ᠪᠠᠷ ᠡᠯᠰᠡᠨ ᠴᠤᠭᠯᠠᠭᠤᠯᠵᠤ᠂ ᠶᠡᠷᠦᠩᠬᠡᠶᠢᠯᠡᠭᠰᠡᠨ ᠲᠤᠰᠬᠠᠢ ᠮᠡᠷᠭᠡᠵᠢᠯᠲᠡᠨ ᠤ ᠨᠥᠭᠡᠴᠡ ᠰᠠᠩ ᠢ ᠪᠠᠶᠢᠭᠤᠯᠤᠨ᠎ᠠ᠃ ᠤᠳᠤ ᠬᠤᠯᠪᠣᠭᠳᠠᠯ ᠪᠦᠬᠦᠢ ᠵᠦᠢᠯ ᠢ ᠳᠠᠷᠠᠭᠠᠬᠢ ᠪᠠᠶᠢᠳᠠᠯ ᠢᠶᠠᠷ ᠵᠠᠷᠯᠠᠶ᠎ᠠ᠄       ᠨᠢᠭᠡ᠂ ᠡᠯᠰᠡᠬᠦ ᠬᠡᠪᠴᠢᠶ᠎ᠡ       ᠠᠯᠠᠱᠠ ᠵᠡᠭᠦᠨ ᠬᠤᠰᠢᠭᠤᠨ ᠤ ᠬᠡᠪᠴᠢᠶᠡᠨ ᠳᠠᠬᠢ ᠬᠤᠯᠪᠣᠭᠳᠠᠯ ᠪᠦᠬᠦᠢ ᠤᠰᠤᠨ ᠠᠰᠢᠭᠯᠠᠯᠲᠠ ᠶᠢᠨ ᠠᠵᠢᠯ ᠢ ᠡᠷᠭᠢᠯᠡᠨ ᠬᠢᠵᠦ ᠪᠠᠶᠢᠭ᠎ᠠ ᠠᠵᠢᠯ ᠦᠢᠯᠡᠰ ᠤᠨ ᠨᠢᠭᠡᠴᠡ᠂ ᠠᠵᠢᠯ ᠡᠷᠭᠢᠯᠡᠬᠦ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠡ᠂ ᠬᠠᠶᠢᠨ ᠬᠡᠮᠵᠢᠵᠦ ᠵᠢᠷᠤᠵᠤ ᠲᠥᠯᠥᠪᠯᠡᠬᠦ ᠵᠡᠷᠭᠡ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯᠲᠠᠨ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠤᠰᠤᠨ ᠠᠰᠢᠭᠯᠠᠯᠲᠠ ᠶᠢᠨ ᠪᠠᠷᠢᠯᠭ᠎ᠠ᠂ ᠪᠠᠷᠢᠯᠭ᠎ᠠ ᠶᠢᠨ ᠦᠨ᠎ᠡ ᠥᠷᠲᠡᠭ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠥᠷᠥᠰᠥ ᠰᠢᠷᠣᠢ ᠶᠢ ᠬᠠᠮᠠᠭᠠᠯᠠᠬᠤ ᠠᠵᠢᠯ᠂ ᠴᠠᠬᠢᠯᠭᠠᠨ ᠲᠥᠬᠦᠭᠡᠷᠦᠮᠵᠢ ᠵᠢᠴᠢ ᠠᠦ᠋ᠲ᠋ᠣᠴᠢᠯᠠᠭᠰᠠᠨ ᠡᠵᠡᠮᠰᠢᠯ ᠤᠨ ᠰᠢᠰᠲ᠋ᠧᠮ ᠵᠡᠷᠭᠡ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠲᠠᠢ᠃       ᠬᠤᠶᠠᠷ᠂ ᠲᠤᠰᠬᠠᠢ ᠮᠡᠷᠭᠡᠵᠢᠯᠲᠡᠨ ᠤ ᠠᠵᠢᠯ ᠤᠨ ᠡᠭᠦᠷᠭᠡ       ︵ᠨᠢᠭᠡ︶ ᠬᠤᠰᠢᠭᠤᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠨᠠᠶᠢᠳᠠᠯᠭ᠎ᠠ ᠶᠢ ᠬᠦᠯᠢᠶᠡᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠠᠮᠢᠶ᠎ᠠ ᠪᠦᠬᠦᠢ ᠠᠵᠢᠯ ᠢ ᠥᠷᠨᠢᠭᠦᠯᠬᠦ ᠳᠤ ᠣᠷᠣᠯᠴᠠᠨ᠎ᠠ᠄ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ᠂ ᠵᠢᠷᠤᠭ ᠲᠥᠯᠥᠪᠯᠡᠭᠡ ᠶᠢᠨ ᠮᠡᠳᠡᠭᠦᠯᠦᠯᠲᠡ᠂ ᠬᠡᠷᠡᠭᠵᠢᠭᠦᠯᠬᠦ ᠲᠥᠰᠥᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ᠂ ᠢᠨᠵᠧᠨᠧᠷᠢᠩ ᠢ ᠰᠢᠯᠭᠠᠨ ᠠᠪᠬᠤ᠂ ᠢᠨᠵᠧᠨᠧᠷᠢᠩ ᠢ ᠦᠨᠡᠯᠡᠬᠦ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠡᠬᠢ ᠪᠠᠶᠠᠯᠢᠭ ᠤᠨ ᠬᠠᠮᠢᠶ᠎ᠠ ᠪᠦᠬᠦᠢ ᠠᠵᠢᠯ ᠢ ᠬᠢᠨᠠᠨ ᠲᠣᠭᠲᠠᠭᠠᠬᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ ᠬᠢᠨᠠᠨ ᠲᠣᠭᠲᠠᠭᠠᠬᠤ ᠵᠢᠴᠢ ᠪᠤᠰᠤᠳ ᠬᠠᠮᠢᠶ᠎ᠠ ᠪᠦᠬᠦᠢ ᠠᠵᠢᠯ ᠢ ᠨᠤᠲᠠᠯᠠᠬᠤ᠂ ᠬᠢᠨᠠᠨ ᠲᠣᠭᠲᠠᠭᠠᠬᠤ ᠂ ᠯᠠᠪᠯᠠᠭ᠎ᠠ ᠥᠭᠬᠦ ᠵᠡᠷᠭᠡ᠃       ︵ᠬᠤᠶᠠᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ︵2020 ᠣᠨ ᠤ ᠬᠡᠪᠯᠡᠯ︶᠎ ᠶᠢ ᠦᠨᠳᠦᠰᠦᠯᠡᠨ᠂ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠵᠠᠭᠠᠷ ᠲᠤᠭ᠎ᠠ ᠠᠴᠠ ᠳᠣᠷᠣᠭᠰᠢᠬᠢ ᠨᠢᠭᠡᠴᠡ ᠶᠢᠨ ᠥᠪᠡᠷᠲᠡᠭᠡᠨ ᠬᠤᠳᠠᠯᠳᠤᠨ ᠠᠪᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠭᠢᠯᠡᠭᠰᠡᠨ ᠳᠠᠭᠠᠭᠠᠴᠢᠯᠠᠯᠲᠠ ᠨᠡᠶᠢᠲᠡᠯᠡᠬᠦ ᠬᠤᠷᠠᠯ ᠤᠨ ᠳᠠᠭᠠᠭᠠᠴᠢᠯᠠᠯᠲᠠ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠤ ᠪᠠᠶᠢᠳᠠᠯ ᠢ ᠦᠨᠳᠦᠰᠦᠯᠡᠨ ᠳᠠᠭᠠᠭᠠᠴᠢᠯᠠᠯᠲᠠ ᠰᠢᠯᠭᠠᠷᠠᠭᠤᠯᠬᠤ ᠬᠤᠷᠠᠯ ᠳᠤ ᠴᠠᠭ ᠲᠤᠬᠠᠢ ᠳᠤᠨᠢ ᠣᠷᠣᠯᠴᠠᠨ᠎ᠠ᠃       ᠭᠤᠷᠪᠠ᠂ ᠨᠥᠭᠡᠴᠡ ᠰᠠᠩ ᠳᠤ ᠬᠠᠮᠤᠷᠤᠭᠳᠠᠬᠤ ᠲᠤᠰᠬᠠᠢ ᠮᠡᠷᠭᠡᠵᠢᠯᠲᠡᠨ ᠤ ᠱᠠᠭᠠᠷᠳᠠᠯᠭ᠎ᠠ       ︵ᠨᠢᠭᠡ︶ ᠨᠡᠯᠢᠶᠡᠳ ᠥᠨᠳᠥᠷ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠰᠠᠶᠢᠨ ᠰᠠᠶᠢᠬᠠᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠲᠠᠢ᠂ ᠲᠥᠪ ᠴᠢᠬᠡᠴᠢ ᠣᠪᠣᠷ ᠰᠤᠷᠲᠠᠯ ᠲᠠᠢ᠂ ᠵᠠᠷᠴᠢᠮ ᠢ ᠪᠠᠷᠢᠮᠲᠠᠯᠠᠨ᠂ ᠦᠨᠡᠨ ᠢ ᠪᠠᠷᠢᠮᠲᠠᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ ᠰᠠᠬᠢᠬᠤ︔ ᠨᠡᠯᠢᠶᠡᠳ ᠴᠢᠩᠭ᠎ᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢᠨ ᠦᠵᠡᠯᠲᠡ᠂ ᠴᠠᠭ ᠤᠨ ᠦᠵᠡᠯᠲᠡ ᠪᠠ ᠪᠦᠯᠬᠦᠮ ᠨᠡᠶᠢᠲᠡ ᠶᠢᠨ ᠦᠵᠡᠯ ᠤᠬᠠᠮᠰᠠᠷ ᠲᠠᠢ ᠪᠠᠶᠢᠵᠤ᠂ ᠠᠵᠢᠯ ᠤᠨ ᠲᠣᠬᠢᠷᠠᠭᠤᠯᠤᠯᠲᠠ ᠶᠢ ᠭᠥᠯᠢᠶᠡᠨ ᠠᠪᠴᠤ᠂ ᠠᠵᠢᠯ ᠤᠨ ᠡᠭᠦᠷᠭᠡ ᠪᠠᠨ ᠴᠢᠨᠠᠷ ᠢ ᠪᠠᠲᠤᠯᠠᠨ᠂ ᠲᠤᠭ᠎ᠠ ᠬᠡᠮᠵᠢᠶ᠎ᠡ ᠶᠢ ᠪᠠᠲᠤᠯᠠᠵᠤ᠂ ᠴᠠᠭ ᠲᠠᠭᠠᠨ ᠪᠡᠶᠡᠯᠡᠭᠦᠯᠬᠦ ᠬᠡᠷᠡᠭᠲᠡᠢ᠃       ︵ᠬᠤᠶᠠᠷ︶ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠ ᠳᠤᠮᠳᠠ ᠵᠡᠷᠭᠡ ᠠᠴᠠ ᠳᠡᠭᠡᠭᠰᠢᠬᠢ ᠲᠤᠰᠬᠠᠢ ᠮᠡᠷᠭᠡᠵᠢᠯ ᠤᠨ ᠴᠣᠯᠠ ᠲᠠᠢ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠠ ᠮᠡᠷᠭᠡᠵᠢᠯ ᠤᠨ ᠵᠢᠷᠤᠮᠵᠢᠯ ᠢ ᠰᠠᠶᠢᠨ ᠮᠡᠳᠡᠵᠦ᠂ ᠠᠯᠠᠱᠠ ᠵᠡᠭᠦᠨ ᠬᠤᠰᠢᠭᠤᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠠᠶᠢᠳᠠᠯ ᠵᠢᠴᠢ ᠣᠨᠴᠠᠯᠢᠭ ᠢ ᠰᠠᠶᠢᠨ ᠮᠡᠳᠡᠵᠦ᠂ ᠤᠰᠤᠨ ᠠᠰᠢᠭᠯᠠᠯᠲᠠ ᠶᠢᠨ ᠬᠠᠮᠢᠶ᠎ᠠ ᠪᠦᠬᠦᠢ ᠠᠵᠢᠯ ᠢ 5 ᠵᠢᠯ ᠠᠴᠠ ᠳᠡᠭᠡᠭᠰᠢ ᠬᠢᠵᠦ᠂ ᠨᠡᠯᠢᠶᠡᠳ ᠥᠨᠳᠥᠷ ᠲᠤᠰᠬᠠᠢ ᠮᠡᠷᠭᠡᠵᠢᠯ ᠤᠨ ᠬᠢᠷᠢ ᠬᠡᠮᠵᠢᠶ᠎ᠡ ᠪᠠ ᠨᠡᠯᠢᠶᠡᠳ ᠴᠢᠩᠭ᠎ᠠ ᠠᠵᠢᠯ ᠤᠨ ᠴᠢᠳᠠᠪᠤᠷᠢ ᠲᠠᠢ ᠪᠠᠶᠢᠬᠤ ᠬᠡᠷᠡᠭᠲᠡᠢ᠃ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠬᠢᠨᠠᠨ ᠲᠣᠭᠲᠠᠭᠠᠬᠤ ᠠᠵᠢᠯ ᠤᠨ ᠥᠩᠭᠡᠷᠡᠯᠲᠡ ᠲᠠᠢ ᠪᠠᠶᠢᠬᠤ ᠶᠢ ᠤᠷᠢᠳᠠᠪᠠᠷ ᠪᠣᠳᠣᠯᠬᠢᠯᠠᠨ᠎ᠠ᠃       ︵ᠭᠤᠷᠪᠠ︶ ᠤᠰᠤᠨ ᠠᠰᠢᠭᠯᠠᠯᠲᠠ ᠶᠢᠨ ᠠᠵᠢᠯ ᠳᠤ ᠬᠠᠯᠠᠭᠤᠨ ᠲᠠᠢ ᠪᠠᠶᠢᠵᠤ᠂ ᠮᠠᠨ ᠤ ᠬᠤᠰᠢᠭᠤᠨ ᠤ ᠤᠰᠤᠨ ᠠᠰᠢᠭᠯᠠᠯᠲᠠ ᠶᠢᠨ ᠲᠤᠬᠠᠶᠢᠯᠠᠭᠰᠠᠨ ᠠᠵᠢᠯ ᠢ ᠥᠷᠨᠢᠭᠦᠯᠬᠦ ᠳᠤ ᠣᠷᠤᠯᠴᠠᠬᠤ ᠳᠤᠷᠠᠲᠠᠢ ᠪᠠᠶᠢᠨ᠎ᠠ᠃       ︵ᠳᠥᠷᠪᠡ︶ ᠨᠥᠭᠡᠴᠡ ᠰᠠᠩ ᠳᠤ ᠬᠠᠮᠤᠷᠤᠭᠳᠠᠬᠤ ᠪᠠᠷ ᠭᠤᠶᠤᠴᠢᠯᠠᠬᠤ ᠳᠤ ᠲᠤᠰᠬᠠᠢ ᠮᠡᠷᠭᠡᠵᠢᠯᠲᠡᠨ ᠪᠡᠶ᠎ᠡ ᠮᠠᠬᠠᠪᠤᠳ ᠡᠷᠡᠭᠦᠯ ᠴᠢᠭᠢᠷᠠᠭ ᠪᠠᠶᠢᠬᠤ ᠬᠡᠷᠡᠭᠲᠡᠢ᠂ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ᠂ ᠳᠠᠭᠠᠭᠠᠴᠢᠯᠠᠯᠲᠠ ᠦᠨᠡᠯᠡᠬᠦ᠂ ᠰᠢᠯᠭᠠᠨ ᠠᠪᠬᠤ ᠵᠢᠴᠢ ᠨᠤᠲᠠᠯᠠᠯᠲᠠ ᠬᠢᠵᠦ ᠯᠠᠪᠯᠠᠭ᠎ᠠ ᠥᠭᠬᠦ ᠵᠡᠷᠭᠡ ᠠᠵᠢᠯ ᠢ ᠡᠭᠦᠷᠭᠡᠯᠡᠵᠦ ᠳᠡᠶᠢᠯᠬᠦ ᠬᠡᠷᠡᠭᠲᠡᠢ᠂ ᠥᠩᠭᠡᠷᠡᠭᠰᠡᠨ ᠳᠤ ᠡᠶᠢᠮᠦᠷᠬᠦ ᠠᠵᠢᠯ ᠳᠤ ᠮᠠᠭᠤ ᠲᠡᠮᠳᠡᠭᠯᠡᠯ ᠪᠠᠶᠢᠬᠤ ᠦᠭᠡᠢ᠃       ᠳᠥᠷᠪᠡ᠂ ᠲᠤᠰᠬᠠᠢ ᠮᠡᠷᠭᠡᠵᠢᠯᠲᠡᠨ ᠤ ᠨᠥᠭᠡᠴᠡ ᠰᠠᠩ ᠳᠤ ᠬᠠᠮᠤᠷᠤᠭᠳᠠᠬᠤ ᠲᠠᠰ ᠳᠠᠷᠠᠭᠠᠯᠠᠯ       ︵ᠨᠢᠭᠡ︶ ᠲᠤᠰᠬᠠᠢ ᠮᠡᠷᠭᠡᠵᠢᠯᠲᠡᠨ ᠮᠡᠳᠡᠭᠦᠯᠬᠦ ᠪᠠ ᠬᠢᠨᠠᠨ ᠬᠠᠷᠭᠤᠭᠤᠯᠬᠤ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠠᠵᠢᠯ ᠢ ᠡᠷᠭᠢᠯᠡᠨ ᠬᠢᠵᠦ ᠪᠠᠶᠢᠭ᠎ᠠ ᠪᠠᠶᠢᠭᠤᠯᠤᠮᠵᠢ᠂ ᠬᠦᠷᠢᠶᠡᠯᠡᠩ ᠭᠠᠵᠠᠷ ᠵᠢᠴᠢ ᠠᠵᠢᠯ ᠦᠢᠯᠡᠰ ᠤᠨ ᠨᠢᠭᠡᠴᠡ ᠶᠢᠨ ᠲᠤᠰᠬᠠᠢ ᠮᠡᠷᠭᠡᠵᠢᠯ ᠤᠨ ᠠᠵᠢᠯᠲᠠᠨ ᠥᠪᠡᠰᠦᠪᠡᠨ ᠭᠤᠶᠤᠴᠢᠯᠠᠨ ᠮᠡᠳᠡᠭᠦᠯᠵᠦ᠂ ︽ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠰᠬᠠᠢ ᠮᠡᠷᠭᠡᠵᠢᠯᠲᠡᠨ ᠤ ᠨᠥᠭᠡᠴᠡ ᠰᠠᠩ ᠢ ᠨᠥᠭᠡᠴᠡ ᠰᠠᠩ ᠳᠤ ᠬᠠᠮᠤᠷᠤᠭᠳᠠᠬᠤ ᠶᠢ ᠮᠡᠳᠡᠭᠦᠯᠬᠦ ᠬᠦᠰᠦᠨᠦᠭᠲᠦ︾ ︵ᠬᠠᠪᠰᠤᠷᠤᠯᠲᠠ 1︶᠎ ᠶᠢ ᠲᠠᠭᠯᠠᠨ᠂ ᠰᠤᠷᠤᠯᠭ᠎ᠠ ᠶᠢᠨ ᠨᠠᠮᠲᠠᠷ᠂ ᠬᠠᠮᠢᠶ᠎ᠠ ᠪᠦᠬᠦᠢ ᠮᠡᠷᠭᠡᠵᠢᠯ ᠤᠨ ᠴᠣᠯᠠ ᠵᠡᠷᠭᠡ ᠭᠡᠷᠡᠴᠢᠯᠡᠬᠦ ᠮᠠᠲ᠋ᠧᠷᠢᠶᠠᠯ ᠤᠨ ᠬᠠᠭᠤᠯᠪᠤᠷᠢ ᠶᠢ ᠳᠠᠭᠠᠯᠳᠤᠭᠤᠯᠤᠨ᠂ ᠲᠤᠰᠬᠠᠢ ᠮᠡᠷᠭᠡᠵᠢᠯᠲᠡᠨ ᠤ ᠭᠤᠣᠯᠴᠢᠯᠠᠨ ᠬᠠᠮᠢᠶᠠᠷᠬᠤ ᠨᠢᠭᠡᠴᠡ ᠠᠴᠠ ᠬᠢᠨᠠᠨ ᠬᠠᠷᠭᠤᠭᠤᠯᠵᠤ ᠨᠤᠲᠠᠯᠠᠭᠠᠳ ᠨᠢᠭᠡᠴᠡ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠃       ︵ᠬᠤᠶᠠᠷ︶ ᠨᠥᠭᠡᠴᠡ ᠰᠠᠩ ᠳᠤ ᠣᠷᠣᠭᠤᠯᠵᠤ ᠬᠢᠨᠠᠨ ᠪᠠᠶᠢᠴᠠᠭᠠᠬᠤ ᠪᠠ ᠢᠯᠡ ᠨᠡᠶᠢᠲᠡᠯᠡᠨ᠎ᠡ᠃ ᠮᠡᠳᠡᠭᠦᠯᠬᠦ ᠮᠠᠲ᠋ᠧᠷᠢᠶᠠᠯ ᠢ ᠬᠤᠰᠢᠭᠤᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠵᠤ᠂ ᠲᠤᠰᠬᠠᠢ ᠮᠡᠷᠭᠡᠵᠢᠯᠲᠡᠨ ᠤ ᠨᠥᠭᠡᠴᠡ ᠰᠠᠩ ᠤᠨ ᠠᠵᠢᠯᠲᠠᠨ ᠤ ᠨᠡᠷᠡᠰ ᠢ ᠲᠣᠭᠲᠠᠭᠠᠭᠰᠠᠨ ᠤ ᠳᠠᠷᠠᠭ᠎ᠠ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ᠪᠣᠯᠣᠨ᠎ᠠ᠃ ᠠᠳᠡᠭᠦᠦ ᠪᠤᠷᠤᠭᠤ ᠦᠭᠡᠢ ᠭᠡᠵᠦ ᠨᠡᠶᠢᠲᠡᠯᠡᠭᠰᠡᠨ ᠤ ᠳᠠᠷᠠᠭ᠎ᠠ᠂ ᠲᠤᠰᠬᠠᠢ ᠮᠡᠷᠭᠡᠵᠢᠯᠲᠡᠨ ᠤ ᠳᠠᠩᠰᠠ ᠡᠪᠬᠡᠮᠡᠯ᠂ ᠳ᠋ᠤᠭᠠᠷᠯᠠᠯ ᠤᠨ ᠬᠠᠮᠢᠶᠠᠷᠤᠯᠲᠠ ᠶᠢ ᠪᠠᠶᠢᠭᠤᠯᠬᠤ ᠬᠡᠷᠡᠭᠲᠡᠢ᠃       ︵ᠭᠤᠷᠪᠠ︶ ᠲᠤᠰᠬᠠᠢ ᠮᠡᠷᠭᠡᠵᠢᠯᠲᠡᠨ ᠤ ᠨᠥᠭᠡᠴᠡ ᠰᠠᠩ ᠤᠨ ᠬᠠᠮᠢᠶᠠᠷᠤᠯᠲᠠ ᠵᠢᠴᠢ ᠲᠣᠬᠢᠷᠠᠭᠤᠯᠤᠯᠲᠠ᠃ ᠲᠤᠰᠬᠠᠢ ᠮᠡᠷᠭᠡᠵᠢᠯᠲᠡᠨ ᠤ ᠨᠥᠭᠡᠴᠡ ᠰᠠᠩ ᠤᠨ ᠠᠵᠢᠯᠲᠠᠨ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ ᠤᠨ ᠬᠡᠷᠡᠭᠴᠡᠭᠡ ᠠᠴᠠ ᠪᠣᠯᠤᠭᠰᠠᠨ ᠪᠤᠶᠤ ᠠᠵᠢᠯᠲᠠᠨ ᠤ ᠲᠤᠭ᠎ᠠ ᠨᠢ ᠬᠦᠷᠦᠯᠴᠡᠬᠦ ᠦᠭᠡᠢ ᠪᠠᠶᠢᠳᠠᠯ ᠭᠠᠷᠪᠠᠯ᠂ ᠳᠡᠭᠡᠷᠡᠬᠢ ᠲᠠᠰ ᠳᠠᠷᠠᠭᠠᠯᠠᠯ ᠢᠶᠠᠷ ᠰᠢᠨ᠎ᠡ ᠠᠵᠢᠯᠲᠠᠨ ᠢ ᠭᠥᠯᠢᠶᠡᠨ ᠠᠪᠤᠨ᠎ᠠ᠃ ᠠᠵᠢᠯ ᠤᠨ ᠲᠣᠬᠢᠷᠠᠭᠤᠯᠤᠯᠲᠠ᠂ ᠲᠤᠰᠢᠶᠠᠯ ᠤᠨ ᠬᠤᠪᠢᠷᠠᠯᠲᠠ ᠵᠡᠷᠭᠡ ᠠᠴᠠ ᠪᠣᠯᠵᠤ ᠲᠤᠰᠬᠠᠢ ᠮᠡᠷᠭᠡᠵᠢᠯᠲᠡᠨ ᠤ ᠮᠡᠳᠡᠭᠡ ᠵᠠᠩᠭᠢ ᠶᠢᠨ ᠬᠤᠪᠢᠷᠠᠯᠲᠠ ᠶᠢ ᠪᠣᠶ ᠪᠣᠯᠭᠠᠭᠰᠠᠨ ᠪᠠᠶᠢᠪᠠᠯ᠂ ᠲᠣᠰ ᠬᠥᠮᠥᠨ ᠨᠢ ᠴᠠᠭ ᠲᠤᠬᠠᠢ ᠳᠤᠨᠢ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠳᠤ ᠮᠡᠳᠡᠭᠳᠡᠬᠦ ᠬᠡᠷᠡᠭᠲᠡᠢ᠃       ᠲᠠᠪᠤ᠂ ᠪᠤᠰᠤᠳ ᠵᠦᠢᠯ ᠤᠳ       ᠲᠣᠰ ᠠᠯᠪᠠᠨ ᠵᠠᠷ ᠢ ᠬᠤᠯᠪᠣᠭᠳᠠᠯ ᠪᠦᠬᠦᠢ ᠨᠢᠭᠡᠴᠡ ᠳᠤ ᠢᠯᠡᠭᠡᠬᠦ ᠳᠤ᠂ ᠨᠥᠬᠦᠴᠡᠯ ᠳᠤ ᠨᠡᠶᠢᠴᠡᠬᠦ ᠲᠤᠰᠬᠠᠢ ᠮᠡᠷᠭᠡᠵᠢᠯᠲᠡᠨ ᠢᠳᠡᠪᠬᠢᠲᠡᠢ ᠪᠠᠷ ᠨᠡᠷ᠎ᠡ ᠮᠡᠳᠡᠭᠦᠯᠦᠭᠡᠷᠡᠢ᠂ ᠨᠡᠷ᠎ᠡ ᠮᠡᠳᠡᠭᠦᠯᠬᠦ ᠴᠠᠭ᠄ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 3 ᠰᠠᠷ᠎ᠠ ᠶᠢᠨ 25᠎ ᠤ ᠡᠳᠦᠷ ᠪᠣᠯᠲᠠᠯ᠎ᠠ᠂ ᠴᠠᠭᠠᠰᠤᠨ ᠮᠠᠲ᠋ᠧᠷᠢᠶᠠᠯ ᠢ ᠬᠤᠰᠢᠭᠤᠨ ᠤᠰᠤᠨ ᠤ ᠶᠠᠪᠤᠳᠠᠯ ᠤᠨ ᠲᠣᠪᠴᠢᠶ᠎ᠠ ᠶᠢᠨ 401 ᠲᠠᠰᠤᠭ ᠲᠤ ᠬᠦᠷᠭᠡᠨ᠎ᠡ᠂ ᠪᠠᠰᠠ ᠴᠠᠬᠢᠮ ᠬᠡᠪᠯᠡᠯ ᠤᠨ ᠪᠢᠴᠢᠭ ᠮᠠᠲ᠋ᠧᠷᠢᠶᠠᠯ ᠢ ᠴᠠᠬᠢᠮ ᠰᠢᠤᠳᠠᠨ ᠳᠤ ᠢᠯᠡᠭᠡᠬᠦ ᠶᠢᠨ ᠬᠠᠮᠲᠤ ᠤᠲᠠᠰᠤ ᠪᠠᠷ ᠮᠡᠳᠡᠭᠳᠡᠨ᠎ᠡ᠂ ᠡᠭᠦᠨ ᠤ ᠬᠠᠮᠲᠤ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 3 ᠰᠠᠷ᠎ᠠ ᠶᠢᠨ 25᠎ ᠤ ᠡᠳᠦᠷ ᠪᠣᠯᠲᠠᠯ᠎ᠠ᠂ ᠲᠣᠰ ᠠᠯᠪᠠᠨ ᠵᠠᠷ ᠢ ᠬᠤᠰᠢᠭᠤᠨ ᠤᠰᠤᠨ ᠤ ᠶᠠᠪᠤᠳᠠᠯ ᠤᠨ ᠲᠣᠪᠴᠢᠶ᠎ᠠ ᠶᠢᠨ 401 ᠲᠠᠰᠤᠭ ᠲᠤ ᠬᠦᠷᠭᠡᠨ᠎ᠡ᠂ ᠴᠠᠬᠢᠮ ᠬᠡᠪᠯᠡᠯ ᠤᠨ ᠪᠢᠴᠢᠭ ᠮᠠᠲ᠋ᠧᠷᠢᠶᠠᠯ ᠢ ᠴᠠᠬᠢᠮ ᠰᠢᠤᠳᠠᠨ ᠳᠤ ᠢᠯᠡᠭᠡᠨ᠎ᠡ᠃       ᠬᠠᠷᠢᠯᠴᠠᠬᠤ ᠬᠥᠮᠥᠨ᠄ ᠫᠠᠨ ᠼᠦᠨ ᠰᠢ᠂ ᠬᠠᠷᠢᠯᠴᠠᠬᠤ ᠤᠲᠠᠰᠤ᠄ 13804732589᠃                 ᠬᠠᠪᠰᠤᠷᠤᠯᠲᠠᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号