| | ᠤᠷᠢᠬᠠᠨ ᠬᠠᠪᠤᠷ ᠰᠠᠭᠠᠲᠠᠵᠤ᠂ ᠲᠦᠮᠡᠨ ᠪᠣᠳᠠᠰ ᠲᠥᠯᠵᠢᠨ ᠠᠮᠢᠯᠠᠨ᠎ᠠ᠃ ᠡᠨᠡ ᠡᠳᠦᠷ᠂ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ | ᠪᠡᠭᠡᠵᠢᠩ ᠳᠤ ᠡᠬᠢᠯᠡᠯ᠎ᠡ᠂ 34 ᠡᠲᠡᠭᠡᠳ ᠢᠯᠭᠠᠯ ᠤᠨ 2000 ᠭᠠᠷᠤᠢ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠨ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠶᠢ ᠡᠪᠦᠷᠯᠡᠨ | ᠪᠡᠭᠡᠵᠢᠩ ᠳᠤ ᠬᠤᠷᠠᠨ ᠴᠤᠭᠯᠠᠷᠠᠵᠤ ᠲᠦᠷᠦ ᠶᠢᠨ ᠶᠠᠪᠤᠳᠠᠯ ᠢ ᠬᠠᠮᠲᠤ ᠪᠠᠷ ᠵᠥᠪᠯᠡᠭᠦ ᠪᠣᠯᠣᠨ᠎ᠠ᠃ ᠪᠢᠳᠡ ᠶᠡᠭᠡ | ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠶ᠎ᠡ︕ | | ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠲᠡᠮᠳᠡᠭ ᠤᠨ ᠠᠴᠢ | ᠬᠤᠯᠪᠣᠭᠳᠠᠯ ᠲᠠᠢ ᠨᠢᠭᠡ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ | ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ | ᠠᠯᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠠᠯᠢ ᠤᠯᠠᠨ ᠠᠶᠤᠯ ᠲᠦᠭᠰᠢᠭᠦᠷᠢ ᠪᠠ | ᠥᠷᠢᠰᠦᠯᠳᠦᠭᠡᠨ ᠢ ᠢᠯᠠᠨ ᠳᠠᠪᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠴᠢᠬᠤᠯᠠ ᠶᠡᠭᠡ ᠰᠢᠨ᠎ᠡ | ᠠᠮᠵᠢᠯᠲᠠ ᠪᠦᠲᠦᠮᠵᠢ ᠣᠯᠬᠤ ᠶᠢ ᠠᠬᠢᠭᠤᠯᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ | 100 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠵᠢᠷᠭᠤᠳᠤᠭᠠᠷ ᠪᠦᠭᠦᠳᠠ ᠬᠤᠷᠠᠯ ᠢ ᠬᠤᠷᠠᠯᠳᠤᠭᠤᠯᠵᠤ᠂ ᠭᠤᠷᠪᠠᠳᠤᠭᠠᠷ ᠲᠡᠦᠬᠡ ᠶᠢᠨ ᠰᠢᠢᠳᠪᠦᠷᠢ ᠶᠢ | ᠲᠣᠭᠲᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠲᠣᠭᠲᠠᠭᠰᠠᠨ ᠬᠤᠭᠤᠴᠠᠭᠠᠨ ᠳᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠣᠭᠲᠠᠭᠰᠠᠨ | ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠢᠶᠠᠨ | ᠡᠬᠢᠯᠡᠭᠦᠯᠵᠡᠢ᠃ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠪᠣᠯᠣᠨ ᠵᠠᠭᠤᠨ ᠵᠢᠯ ᠳᠤ ᠲᠣᠬᠢᠶᠠᠯᠳᠤᠭ᠎ᠠ | ᠦᠭᠡᠢ ᠬᠢᠵᠢᠭ ᠤᠨ ᠪᠠᠶᠢᠳᠠᠯ ᠢ ᠯᠠᠪᠳᠠᠭᠤᠨ ᠪᠠᠲᠤᠲᠠᠢ ᠠᠷᠭᠠᠴᠠᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ | ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ | ᠠᠵᠤ ᠠᠬᠤᠢ ᠶᠢᠨ ᠬᠥᠭᠵᠢᠯᠲᠡ ᠪᠣᠯᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠦᠭᠦ ᠪᠥᠮᠪᠥᠷᠴᠡᠭ | ᠲᠤ ᠲᠦᠷᠦᠭᠦᠯᠡᠬᠦ ᠪᠠᠶᠢᠷᠢ ᠰᠠᠭᠤᠷᠢ ᠶᠢ ᠪᠠᠲᠤᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠠᠯ᠎ᠠ ᠪᠠᠷ | ᠰᠢᠨ᠎ᠡ ᠠᠯᠬᠤᠮ ᠢ ᠠᠯᠬᠤᠵᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠪᠡ᠃ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠡᠭᠦᠰ ᠠᠮᠵᠢᠯᠲᠠ ᠲᠠᠢ ᠡᠷᠭᠢᠯᠡᠵᠦ᠂ | ᠳᠡᠯᠡᠬᠡᠢ ᠳ᠋ᠠᠬᠢᠨ ᠳᠤ ᠭᠤᠶᠢᠳᠠ ᠰᠠᠶᠢᠬᠠᠨ᠂ ᠶᠡᠷᠦ ᠪᠤᠰᠤ ᠶᠢᠨ᠂ ᠭᠠᠶᠢᠬᠠᠮᠰᠢᠭᠲᠤ ᠣᠯᠢᠮᠫᠢᠺ ᠤᠨ ᠲᠠᠮᠢᠷ ᠤᠨ | ᠴᠤᠭᠯᠠᠭᠠᠨ ᠢ ᠡᠷᠭᠢᠯᠡᠨ ᠦᠵᠡᠭᠦᠯᠵᠦ᠂ ᠳᠡᠯᠡᠬᠡᠢ ᠳ᠋ᠠᠬᠢᠨ ᠳᠤ ᠥᠭᠡᠳᠡᠷᠬᠡᠭ ᠪᠠᠶᠠᠰᠤᠩᠭᠤᠢ᠂ ᠪᠠᠶᠠᠨ ᠬᠦᠴᠦᠷᠬᠡᠭ᠂ | ᠨᠡᠭᠡᠭᠡᠯᠲᠡᠲᠡᠢ᠂ ᠬᠦᠰᠡᠯ ᠡᠷᠡᠮᠡᠯᠵᠡᠯ ᠢᠶᠠᠷ ᠪᠢᠯᠬᠠᠭᠰᠠᠨ ᠤᠯᠤᠰ ᠤᠨ ᠳᠦᠷᠢ ᠲᠥᠷᠬᠦ ᠶᠢ ᠢᠯᠡᠷᠡᠭᠦᠯᠵᠡᠢ᠃ ᠠᠯᠢ ᠤᠯᠠᠨ | ᠠᠮᠵᠢᠯᠲᠠ ᠪᠦᠲᠦᠮᠵᠢ ᠶᠢ ᠣᠯᠣᠭᠰᠠᠨ ᠨᠢ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ | ᠦᠷ᠎ᠡ ᠳ᠋ᠦᠩ ᠮᠥᠨ᠂ ᠪᠠᠰᠠ ᠴᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠪᠠ ᠨᠠᠮ ᠪᠦᠯᠦᠭ ᠤᠨ ᠪᠤᠰᠤ ᠬᠥᠮᠥᠰ ᠢ ᠪᠠᠭᠲᠠᠭᠠᠭᠰᠠᠨ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ | ᠮᠥᠨ︕ | | ᠥᠩᠭᠡᠷᠡᠭᠰᠡᠨ ᠨᠢᠭᠡ ᠵᠢᠯ ᠳᠤ᠂ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ | ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ | ᠪᠠᠷᠢᠮᠲᠠᠯᠠᠵᠤ᠂ ᠲᠤᠰᠬᠠᠢ ᠵᠥᠪᠯᠡᠭᠦ ᠪᠠᠶᠢᠭᠤᠯᠤᠮᠵᠢ ᠶᠢᠨ ᠡᠯ᠎ᠡ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠦᠵᠡᠯ | ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠡᠦᠬᠡ ᠪᠠᠷ ᠭᠤᠣᠯᠳᠠᠯᠭ᠎ᠠ ᠪᠤᠯᠭᠠᠭᠰᠠᠨ ︽ᠳᠥᠷᠪᠡᠨ ᠲᠡᠦᠬᠡ︾ ᠶᠢᠨ ᠬᠥᠮᠦᠵᠢᠯ ᠢ ᠬᠢᠨᠠᠮᠠᠭᠠᠢ ᠥᠷᠨᠢᠭᠦᠯᠵᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠶᠢᠨ ᠲᠣᠭᠤᠷᠢᠨ ᠳᠤ ᠵᠥᠪᠯᠡᠯᠭᠡ | ᠬᠢᠵᠦ ᠵᠠᠰᠠᠭ ᠤᠨ ᠶᠠᠪᠤᠳᠠᠯ ᠢ ᠵᠥᠪᠯᠡᠭᠦ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠵᠦ᠂ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠵᠤ᠂ ᠲᠤᠰᠢᠶᠠᠯ ᠢᠶᠠᠨ ᠭᠦᠢᠴᠡᠳᠬᠡᠬᠦ | ᠭᠡᠯᠪᠡᠷᠢ ᠶᠢᠨ ᠰᠢᠨ᠎ᠡ ᠶᠢ ᠡᠭᠦᠳᠴᠦ᠂ ᠴᠠᠭᠠᠭᠴᠢᠨ ᠭᠠᠭ᠋ᠠᠢ ᠵᠢᠯ ᠤᠨ ᠬᠤᠪᠢᠰᠬᠠᠯ ᠤᠨ 110 ᠵᠢᠯ ᠤᠨ ᠤᠢ ᠶᠢ | ᠳᠤᠷᠠᠰᠬᠠᠬᠤ ᠠᠵᠢᠯᠯᠠᠭ᠎ᠠ ᠶᠢ ᠡᠷᠭᠢᠯᠡᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ | ᠬᠤᠪᠢ ᠨᠡᠮᠡᠷᠢ ᠦᠵᠡᠭᠦᠯᠪᠡ᠃ | | ᠪᠦᠯᠬᠦᠮᠳᠡᠯ ᠪᠣᠯ ᠲᠡᠮᠦᠷ᠂ ᠪᠦᠯᠬᠦᠮᠳᠡᠯ ᠪᠣᠯ ᠪᠣᠯᠣᠳ᠂ ᠪᠦᠯᠬᠦᠮᠳᠡᠯ ᠪᠣᠯ ᠬᠦᠴᠦᠨ ᠮᠥᠨ᠃ ᠪᠦᠯᠬᠦᠮᠳᠡᠯ ᠪᠣᠯ | ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠤᠷᠤᠭᠰᠢᠯᠠᠯᠲᠠ ᠶᠢᠨ ᠵᠠᠮ ᠳᠡᠭᠡᠷᠡᠬᠢ | ᠠᠯᠢᠪᠠ ᠠᠶᠤᠯ ᠲᠦᠭᠰᠢᠭᠦᠷᠢ ᠪᠠ ᠥᠷᠢᠰᠦᠯᠳᠦᠭᠡᠨ ᠢ ᠢᠯᠠᠨ ᠳᠠᠪᠠᠵᠤ᠂ ᠢᠯᠠᠯᠲᠠ ᠠᠴᠠ ᠰᠢᠨ᠎ᠡ ᠢᠯᠠᠯᠲᠠ ᠵᠦᠭ | ᠲᠠᠰᠤᠷᠠᠯᠳᠠ ᠦᠭᠡᠢ ᠤᠷᠤᠭᠰᠢᠯᠠᠬᠤ ᠴᠢᠬᠤᠯᠠ ᠪᠠᠲᠤᠯᠠᠭ᠎ᠠ ᠮᠥᠨ᠃ ᠵᠠᠭᠤᠨ ᠵᠢᠯ ᠤᠨ ᠲᠡᠮᠡᠴᠡᠯ ᠤᠨ | ᠥᠩᠭᠡᠷᠡᠯᠲᠡ ᠪᠠᠨ ᠡᠷᠭᠢᠴᠡᠭᠦᠯᠬᠦᠶ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠨᠢᠭᠡᠳᠦᠮᠡᠯ ᠹᠷᠣᠨᠲ ᠢ | ᠴᠢᠬᠤᠯᠠ ᠪᠠᠶᠢᠷᠢᠨ ᠳᠤ ᠲᠠᠯᠪᠢᠵᠤ᠂ ᠬᠠᠮᠤᠭ ᠤᠨ ᠥᠷᠭᠡᠨ ᠳᠡᠯᠭᠡᠷ ᠨᠢᠭᠡᠳᠦᠮᠡᠯ ᠹᠷᠣᠨᠲ ᠢ ᠲᠠᠰᠤᠷᠠᠯᠲᠠ ᠦᠭᠡᠢ | ᠪᠠᠬᠢᠵᠢᠭᠦᠯᠦᠨ ᠬᠥᠭᠵᠢᠭᠦᠯᠵᠦ᠂ ᠪᠦᠯᠬᠦᠮᠳᠡᠵᠦ ᠪᠤᠯᠬᠤ ᠬᠦᠴᠦᠨ ᠪᠦᠭᠦᠨ ᠲᠠᠢ ᠪᠦᠯᠬᠦᠮᠳᠡᠵᠦ᠂ ᠳᠠᠶᠢᠴᠢᠯᠠᠵᠤ ᠪᠤᠯᠬᠤ | ᠢᠳᠡᠪᠬᠢ ᠬᠦᠴᠦᠨ ᠵᠦᠢᠯ ᠪᠦᠭᠦᠨ ᠢ ᠳᠠᠶᠢᠴᠢᠯᠠᠵᠤ᠂ ᠬᠠᠮᠲᠤ ᠪᠠᠷ ᠲᠡᠮᠡᠴᠡᠬᠦ ᠬᠦᠴᠦᠨ ᠢ ᠬᠠᠮᠤᠭ ᠤᠨ ᠶᠡᠭᠡ | ᠬᠡᠮᠵᠢᠶ᠎ᠡ ᠪᠠᠷ ᠨᠢᠭᠲᠠᠷᠠᠭᠤᠯᠪᠠ᠃ 70 ᠭᠠᠷᠤᠢ ᠵᠢᠯ ᠤᠨ ᠲᠤᠷᠰᠢ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠨᠢ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠪᠠᠨ | ᠭᠦᠢᠴᠡᠳ ᠪᠠᠳᠠᠷᠠᠭᠤᠯᠵᠤ᠂ ᠶᠡᠭᠡ ᠪᠦᠯᠬᠦᠮᠳᠡᠯ ᠶᠡᠭᠡ ᠬᠤᠯᠪᠣᠭᠠᠯᠠᠯ ᠢ ᠪᠠᠷᠢᠮᠲᠠᠯᠠᠵᠤ᠂ ᠨᠢᠭᠡᠳᠦᠯᠲᠦ ᠴᠢᠨᠠᠷ ᠪᠠ ᠤᠯᠠᠨ | ᠶᠠᠩᠵᠤᠲᠤ ᠴᠢᠨᠠᠷ ᠤᠨ ᠨᠢᠭᠡᠳᠦᠯ ᠢ ᠪᠠᠷᠢᠮᠲᠠᠯᠠᠵᠤ᠂ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ | ᠲᠠᠰᠤᠷᠠᠯᠳᠠ ᠦᠭᠡᠢ ᠪᠠᠬᠢᠵᠢᠭᠦᠯᠵᠦ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠬᠠᠮᠤᠭ ᠤᠨ ᠶᠡᠭᠡ | ᠶᠡᠷᠦᠩᠬᠡᠢ ᠬᠤᠷᠢᠶᠠᠭᠴᠢ ᠲᠤᠭ᠎ᠠ ᠶᠢ ᠴᠢᠷᠮᠠᠶᠢᠨ ᠡᠷᠢᠯᠬᠢᠯᠡᠵᠦ᠂ ᠬᠠᠮᠤᠭ ᠤᠨ ᠶᠡᠭᠡ ᠢᠵᠢᠯᠢ ᠲᠥᠪᠲᠦ ᠲᠣᠭᠤᠷᠢᠭ ᠢ | ᠵᠢᠷᠤᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠ᠃ | ᠨᠢᠭᠡᠳᠦᠮᠡᠯ ᠹᠷᠣᠨᠲ ᠪᠣᠯ ᠨᠠᠮ ᠤᠨ ᠳᠠᠶᠢᠰᠤᠨ ᠢ ᠳᠠᠷᠤᠵᠤ ᠢᠯᠠᠯᠲᠠ ᠣᠯᠬᠤ ᠶᠢᠨ ᠴᠢᠬᠤᠯᠠ ᠡᠷᠳᠡᠨᠢ ᠮᠥᠨ᠂ ᠪᠠᠰᠠ | ᠴᠤ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠴᠢᠬᠤᠯᠠ ᠡᠷᠳᠡᠨᠢ ᠮᠥᠨ ᠭᠡᠳᠡᠭ ᠢ ᠦᠢᠯᠡᠳᠦᠯᠭᠡ | ᠭᠦᠢᠴᠡᠳ ᠭᠡᠷᠡᠴᠢᠯᠡᠪᠡ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠢ ᠨᠢᠭᠡᠳᠦᠮᠡᠯ ᠹᠷᠣᠨᠲ ᠤᠨ ᠠᠵᠢᠯ ᠢ | ᠥᠷᠨᠢᠭᠦᠯᠬᠦ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠡᠩ ᠤᠯᠠᠨ ᠬᠥᠮᠥᠰ ᠢ ᠨᠠᠮ ᠤᠨ ᠲᠣᠭᠤᠷᠢᠨ ᠳᠤ | ᠪᠦᠯᠬᠦᠮᠳᠡᠭᠦᠯᠬᠦ ᠬᠡᠷᠡᠭᠲᠡᠢ᠃ | | ᠵᠥᠪᠯᠡᠭᠦ ᠠᠷᠠᠳᠴᠢᠯᠠᠯ ᠪᠣᠯ ᠨᠠᠮ ᠠᠴᠠ ᠠᠷᠠᠳ ᠲᠦᠮᠡᠨ ᠢ ᠤᠳᠤᠷᠢᠳᠤᠨ ᠤᠯᠤᠰ ᠢ ᠪᠦᠲᠦᠮᠵᠢᠲᠡᠢ ᠵᠠᠰᠠᠵᠤ᠂ | ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠶᠢ ᠪᠠᠲᠤᠯᠠᠬᠤ ᠴᠢᠬᠤᠯᠠ ᠪᠠᠶᠢᠭᠤᠯᠤᠯ ᠤᠨ ᠲᠥᠯᠥᠪᠯᠡᠭᠡ ᠮᠥᠨ᠂ | ᠨᠠᠮ ᠤᠨ ᠤᠳᠤᠷᠢᠳᠤᠯᠭ᠎ᠠ ᠶᠢ ᠪᠡᠶᠡᠯᠡᠭᠦᠯᠬᠦ ᠴᠢᠬᠤᠯᠠ ᠠᠷᠭ᠎ᠠ ᠭᠡᠯᠪᠡᠷᠢ ᠮᠥᠨ᠂ ᠮᠠᠨ ᠤ ᠤᠯᠤᠰ ᠤᠨ ᠨᠡᠶᠢᠭᠡᠮ ᠵᠢᠷᠤᠮᠲᠤ | ᠠᠷᠠᠳᠴᠢᠯᠠᠭᠰᠠᠨ ᠤᠯᠤᠰ ᠲᠦᠷᠦ ᠶᠢᠨ ᠣᠨᠴᠠᠭᠠᠢ ᠭᠡᠯᠪᠡᠷᠢ ᠪᠠ ᠥᠪᠡᠷᠮᠢᠴᠡ ᠳᠠᠪᠠᠭᠤᠯᠢᠭ ᠮᠥᠨ᠃ ᠠᠷᠠᠳ ᠤᠨ | ᠤᠯᠤᠰ ᠲᠦᠷᠦ ᠶᠢᠨ ᠵᠥᠪᠯᠡᠯᠭᠡᠨ ᠨᠢ ᠨᠡᠶᠢᠭᠡᠮ ᠵᠢᠷᠤᠮ ᠤᠨ ᠵᠥᠪᠯᠡᠭᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠠ | ᠲᠤᠰᠬᠠᠢ ᠵᠥᠪᠯᠡᠭᠦ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠤᠯᠤᠰ ᠤᠨ ᠵᠠᠰᠠᠯᠲᠠ ᠶᠢᠨ ᠰᠢᠰᠲ᠋ᠧᠮ ᠤᠨ ᠴᠢᠬᠤᠯᠠ | ᠪᠦᠷᠢᠯᠳᠦᠭᠦᠨ ᠬᠡᠰᠡᠭ ᠪᠠ ᠳᠤᠮᠳᠠᠳᠤ ᠤᠯᠤᠰ ᠤᠨ ᠣᠨᠴᠠᠯᠢᠭ ᠲᠠᠢ ᠪᠠᠶᠢᠭᠤᠯᠤᠯ ᠤᠨ ᠲᠣᠬᠢᠷᠠᠭᠤᠯᠤᠯᠲᠠ ᠮᠥᠨ᠃ | ᠠᠷᠠᠳ ᠤᠨ ᠤᠯᠤᠰ ᠲᠦᠷᠦ ᠶᠢᠨ ᠵᠥᠪᠯᠡᠯᠭᠡᠨ ᠵᠥᠪᠯᠡᠭᠦ ᠳᠤᠮᠳᠠ ᠪᠠᠨ ᠥᠷᠭᠡᠨ ᠳᠡᠯᠭᠡᠷ ᠢᠶᠠᠷ ᠪᠦᠯᠬᠦᠮᠳᠡᠯ ᠢ | ᠠᠬᠢᠭᠤᠯᠵᠤ᠂ ᠤᠯᠠᠨ ᠨᠠᠮ ᠤᠨ ᠬᠠᠮᠲᠤᠷᠠᠨ ᠠᠵᠢᠯᠯᠠᠬᠤ ᠶᠢ ᠠᠬᠢᠭᠤᠯᠵᠤ᠂ ᠠᠷᠠᠳ ᠤᠨ ᠠᠷᠠᠳᠴᠢᠯᠠᠯ ᠢ | ᠦᠢᠯᠡᠳᠦᠯᠭᠡᠵᠢᠭᠦᠯᠵᠦ᠂ ᠬᠠᠮᠲᠤ ᠶᠢᠨ ᠲᠠᠨᠢᠯᠲᠠ ᠶᠢ ᠪᠦᠲᠦᠮᠵᠢᠲᠡᠢ ᠨᠢᠭᠲᠠᠷᠠᠭᠤᠯᠵᠤ᠂ ᠲᠡᠦᠬᠡ ᠶᠢᠨ ᠤᠯᠠᠮᠵᠢᠯᠠᠯ ᠢ | ᠵᠠᠯᠭᠠᠮᠵᠢᠯᠠᠭᠰᠠᠨ ᠮᠥᠷᠲᠡᠭᠡᠨ ᠴᠠᠭ ᠦᠶ᠎ᠡ ᠶᠢᠨ ᠣᠨᠴᠠᠯᠢᠭ ᠢ ᠲᠤᠰᠬᠠᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ | ᠠᠷᠠᠳᠴᠢᠯᠠᠯ ᠤᠨ ᠤᠴᠢᠷ ᠶᠠᠪᠤᠳᠠᠯ ᠪᠠᠶᠢᠪᠠᠯ ᠢᠯᠡᠭᠦᠬᠡᠨ ᠵᠥᠪᠯᠡᠭᠦ᠂ ᠤᠴᠢᠷ ᠶᠠᠪᠤᠳᠠᠯ ᠲᠠᠭᠠᠷᠠᠯᠳᠤᠪᠠᠯ ᠢᠯᠡᠭᠦᠬᠡᠨ | ᠵᠥᠪᠯᠡᠭᠦ᠂ ᠤᠴᠢᠷ ᠶᠠᠪᠤᠳᠠᠯ ᠬᠢᠬᠦ ᠳᠤ ᠢᠯᠡᠭᠦᠬᠡᠨ ᠵᠥᠪᠯᠡᠭᠦ ᠣᠨᠴᠠᠯᠢᠭ ᠪᠠ ᠳᠠᠪᠠᠭᠤᠯᠢᠭ ᠢ ᠢᠯᠡᠷᠡᠭᠦᠯᠵᠦ᠂ ᠪᠦᠭᠦ | ᠶᠠᠪᠤᠴᠠ ᠶᠢᠨ ᠠᠷᠠᠳ ᠤᠨ ᠠᠷᠠᠳᠴᠢᠯᠠᠯ ᠤᠨ ᠦᠷᠳᠡᠭ ᠤᠨ ᠣᠶᠢᠯᠠᠭᠠᠭᠳᠠᠬᠤᠨ ᠢ ᠢᠯᠡᠷᠡᠭᠦᠯᠪᠡ᠃ ᠳᠤᠮᠳᠠᠳᠤ | ᠤᠯᠤᠰ ᠤᠨ ᠮᠠᠶ᠋ᠢᠭ ᠤᠨ ᠠᠷᠠᠳᠴᠢᠯᠠᠯ ᠨᠢ ᠳᠤᠮᠳᠠᠳᠤ ᠤᠯᠤᠰ ᠲᠤ ᠶᠠᠪᠤᠭᠤᠷᠢᠲᠠᠢ ᠮᠥᠷᠲᠡᠭᠡᠨ ᠮᠠᠰᠢ ᠲᠤᠰᠠᠲᠠᠢ | ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃ ᠰᠢᠨ᠎ᠡ ᠪᠠᠶᠢᠳᠠᠯ ᠳᠣᠣᠷ᠎ᠠ᠂ ᠪᠢᠳᠡ ᠡᠷᠬᠡᠪᠰᠢ ᠠᠷᠠᠳ ᠤᠨ ᠤᠯᠤᠰ | ᠲᠦᠷᠦ ᠶᠢᠨ ᠵᠥᠪᠯᠡᠯᠭᠡᠨ ᠤ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠦᠢᠯᠡᠰ ᠢ ᠰᠠᠶᠢᠲᠤᠷ ᠬᠥᠭᠵᠢᠭᠦᠯᠵᠦ᠂ ᠲᠤᠰᠬᠠᠢ ᠵᠥᠪᠯᠡᠭᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠭᠦᠨᠵᠡᠭᠡᠢ | ᠠᠬᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠤᠨ ᠳᠠᠪᠠᠭᠤᠯᠢᠭ ᠢ ᠦᠨᠡᠨ ᠬᠦ ᠤᠯᠤᠰ ᠤᠨ | ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | | 2022 ᠣᠨ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠳᠠᠬᠢ | ᠴᠢᠬᠤᠯᠠ ᠨᠢᠭᠡ ᠵᠢᠯ ᠪᠣᠯᠣᠨ᠎ᠠ᠂ ᠳᠣᠣᠷ᠎ᠠ ᠬᠠᠭᠠᠰ ᠵᠢᠯ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ | ᠪᠣᠯᠣᠨ᠎ᠠ᠂ ᠡᠨᠡ ᠪᠣᠯ ᠨᠠᠮ ᠪᠣᠯᠣᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠤᠮᠳᠠᠬᠢ ᠨᠢᠭᠡᠨ ᠲᠣᠮᠣ ᠶᠠᠪᠤᠳᠠᠯ | ᠪᠣᠯᠣᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠬᠤᠶᠠᠷ ᠢ | ᠲᠣᠭᠲᠠᠭᠠᠬᠤ︾ ᠶᠢᠨ ᠰᠢᠢᠳᠪᠦᠷᠢᠯᠡᠬᠦ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ | ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ ᠰᠢᠨ᠎ᠡ ᠠᠶᠠᠨ ᠳᠤ | ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠠᠷᠠᠳ ᠤᠨ ᠤᠯᠤᠰ ᠲᠦᠷᠦ ᠶᠢᠨ | ᠵᠥᠪᠯᠡᠯᠭᠡᠨ ᠤ ᠡᠭᠦᠷᠭᠡ ᠪᠡᠷᠬᠡ ᠬᠠᠲᠠᠭᠤᠵᠢᠯᠲᠠᠢ᠂ ᠬᠠᠷᠢᠭᠤᠴᠠᠯᠭ᠎ᠠ ᠬᠦᠨᠳᠦ ᠪᠠᠶᠢᠨ᠎ᠠ᠃ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠷᠢᠭᠤᠴᠠᠯᠭ᠎ᠠ | ᠡᠭᠦᠷᠭᠡᠯᠡᠯ ᠢᠶᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠭᠦᠯᠬᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ | ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ︕ | | ᠶᠡᠭᠡ ᠬᠤᠷᠠᠯ ᠤᠨ ᠲᠡᠭᠦᠰ ᠠᠮᠵᠢᠯᠲᠠ ᠲᠠᠢ ᠬᠤᠷᠠᠯᠳᠤᠬᠤ ᠶᠢ ᠵᠥᠩᠨᠡᠶ᠎ᠡ︕ | | ︵ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 3 ᠤ ᠴᠠᠭᠢᠯᠭᠠᠨ ᠮᠡᠳᠡᠭᠡ︶ |