ᠰᠢᠨ᠎ᠡ ᠠᠶᠠᠨ ᠳᠠᠭᠠᠨ ᠲᠡᠮᠡᠴᠡᠯ ᠤᠨ ᠬᠦᠴᠦᠨ ᠢ ᠨᠢᠭᠲᠠᠷᠠᠭᠤᠯᠵᠤ ᠰᠢᠨ᠎ᠡ ᠢᠷᠠᠭᠤ ᠬᠠᠭᠤᠳᠠᠰᠤ ᠶᠢ ᠪᠢᠴᠢᠭᠯᠡᠰᠦᠭᠡᠢ - ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠡᠬᠢᠯᠡᠭᠰᠡᠨ ᠳᠤ ᠬᠠᠯᠠᠭᠤᠨ ᠪᠠᠶᠠᠷ ᠬᠦᠷᠭᠡᠶ᠎ᠡ
ᠨᠡᠶᠢᠲᠡᠯᠡᠭᠰᠡᠨ ᠴᠠᠭ᠄
2022/3/25
             ᠲᠦᠮᠡᠨ ᠭᠠᠵᠠᠷ ᠤᠨ ᠠᠭᠤᠯᠠ ᠤᠰᠤᠨ᠎ᠠ ᠬᠠᠪᠤᠷ ᠤᠨ ᠤᠷᠢ ᠰᠠᠭᠠᠲᠠᠵᠤ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠡᠨᠡ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠡᠭᠡᠵᠢᠩ ᠳᠤ ᠡᠬᠢᠯᠡᠪᠡ᠃ 3000 ᠰᠢᠬᠠᠮ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠪᠣᠯᠣᠨ᠎ᠠ᠃ ᠪᠢᠳᠡ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕            ᠲᠡᠦᠬᠡ ᠶᠢ ᠳ᠋ᠦᠩᠨᠡᠨ ᠥᠩᠭᠡᠷᠡᠭᠰᠡᠨ ᠢᠶᠠᠨ ᠡᠷᠭᠢᠴᠡᠭᠦᠯᠵᠦ᠂ ᠲᠡᠦᠬᠡ ᠳᠤ ᠬᠦᠨᠳᠦᠳᠬᠡᠯ ᠳᠡᠪᠰᠢᠭᠦᠯᠦᠨ ᠢᠷᠡᠭᠡᠳᠦᠢ ᠪᠠᠨ ᠪᠠᠷᠠᠯᠠᠬᠤ ᠳᠤ᠂ ᠥᠩᠭᠡᠷᠡᠭᠰᠡᠨ ᠨᠢᠭᠡ ᠵᠢᠯ ᠭᠡᠵᠦ ᠶᠡᠷᠦ ᠪᠤᠰᠤ ᠶᠢᠨ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠠ ᠬᠤᠷᠠᠯ ᠢ ᠠᠮᠵᠢᠯᠲᠠ ᠲᠠᠢ ᠬᠤᠷᠠᠯᠳᠤᠭᠤᠯᠤᠭᠰᠠᠨ ᠪᠥᠭᠡᠳ ᠭᠤᠷᠪᠠᠳᠤᠭᠠᠷ ᠲᠡᠦᠬᠡᠨ ᠰᠢᠢᠳᠪᠦᠷᠢ ᠶᠢ ᠭᠠᠷᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠪᠡ᠂ ᠪᠢᠳᠠ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠡᠭᠡ ᠶᠠᠪᠤᠳᠠᠯ ᠢ ᠪᠡᠶᠡᠴᠢᠯᠡᠨ ᠥᠩᠭᠡᠷᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠢᠶᠠᠨ ᠡᠬᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡᠨ ᠠᠬᠢᠴᠠ ᠳᠤ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠪᠡ᠃ ᠵᠠᠭᠤᠨ ᠵᠢᠯ ᠤᠨ ᠬᠤᠪᠢᠰᠤᠯᠲᠠ ᠪᠠ ᠡᠷᠢᠨ ᠵᠠᠭᠤᠨ ᠤ ᠬᠢᠵᠢᠭ ᠤᠨ ᠪᠠᠶᠢᠳᠠᠯ ᠰᠤᠯᠪᠢᠴᠠᠨ ᠳᠠᠪᠬᠤᠴᠠᠵᠤ᠂ ᠲᠤᠶᠢᠯ ᠤᠨ ᠬᠦᠨᠳᠦ ᠨᠦᠰᠡᠷ ᠬᠠᠲᠠᠭᠤ ᠪᠡᠷᠬᠡᠰᠢᠶᠡᠯᠲᠡᠢ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠨᠳᠦ ᠡᠭᠦᠷᠭᠡ ᠶᠢ ᠡᠭᠦᠷᠭᠡᠯᠡᠵᠦ᠂ ᠪᠡᠷᠬᠡ ᠶᠢ ᠲᠠᠪᠠᠨ ᠬᠦᠴᠢᠷ ᠢ ᠲᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠴᠢᠬᠤᠯᠠ ᠶᠡᠭᠡ ᠰᠢᠨ᠎ᠡ ᠠᠮᠵᠢᠯᠲᠠ ᠣᠯᠬᠤ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠎ ᠤᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡᠳᠲᠡ ᠳᠠᠪᠠᠭᠤᠯᠢᠭ ᠢ ᠢᠯᠡᠷᠡᠭᠦᠯᠵᠦ᠂ ᠲᠦᠭ ᠲᠦᠮᠡᠨ ᠠᠷᠠᠳ ᠲᠦᠮᠡᠨ ᠤ ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠬᠦᠴᠦᠷᠬᠡᠭ ᠶᠡᠭᠡ ᠢᠲᠡᠭᠡᠯ ᠵᠣᠷᠢᠭ ᠪᠠ ᠬᠦᠴᠦᠨ ᠴᠢᠳᠠᠯ ᠨᠡᠮᠡᠷᠢᠯᠡᠪᠡ᠃            ᠥᠩᠭᠡᠷᠡᠭᠰᠡᠨ ᠨᠢᠭᠡ ᠵᠢᠯ ᠳᠤ᠂ ᠨᠠᠮ ᠤᠨ ᠲᠥᠪ ᠬᠤᠷᠢᠶ᠎ᠠ ᠠᠩᠬ᠎ᠠ ᠤᠳᠠᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠦᠨᠳᠦᠰᠦᠨ ᠬᠠᠤᠯᠢ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠳᠦᠷᠢᠮ ᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠲᠠᠢ ᠤᠶᠠᠯᠳᠤᠭᠤᠯᠤᠨ ᠬᠠᠤᠯᠢ ᠲᠣᠭᠲᠠᠭᠠᠬᠤ ᠪᠠ ᠬᠠᠤᠯᠢ ᠳᠤ ᠵᠠᠰᠠᠪᠤᠷᠢ ᠣᠷᠣᠭᠤᠯᠬᠤ ᠠᠯᠬᠤᠭ᠎ᠠ ᠶᠢ ᠲᠦᠷᠭᠡᠳᠬᠡᠵᠦ᠂ ᠬᠠᠤᠯᠢ ᠶᠣᠰᠣᠭᠠᠷ ᠬᠢᠨᠠᠯᠲᠠ ᠲᠠᠯᠪᠢᠬᠤ᠂ ᠬᠢᠨᠠᠯᠲᠠ ᠲᠠᠯᠪᠢᠬᠤ ᠡᠷᠴᠢᠮ ᠪᠠ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭᠠᠨ ᠤ ᠠᠵᠢᠯ ᠢ ᠪᠦᠭᠦ ᠲᠠᠯ᠎ᠠ ᠪᠠᠷ ᠠᠬᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠴᠥᠮ ᠰᠢᠨ᠎ᠡ ᠠᠬᠢᠴᠠ ᠲᠠᠢ ᠪᠣᠯᠵᠤ᠂ ᠨᠠᠮ ᠪᠠ ᠠᠷᠠᠳ ᠲᠦᠮᠡᠨ ᠤ ᠠᠭᠤᠤ ᠶᠡᠭᠡ ᠦᠢᠯᠡᠰ ᠢ ᠠᠬᠢᠭᠤᠯᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠢᠯᠡᠷᠡᠭᠦᠯᠪᠡ᠃            ᠪᠠᠶᠢᠭᠤᠯᠤᠯ ᠲᠣᠭᠲᠠᠭᠤᠨ ᠪᠣᠯ ᠤᠯᠤᠰ ᠣᠷᠣᠨ ᠲᠣᠭᠲᠠᠭᠤᠨ᠂ ᠪᠠᠶᠢᠭᠤᠯᠤᠯ ᠴᠢᠩᠭ᠎ᠠ ᠪᠣᠯ ᠤᠯᠤᠰ ᠣᠷᠣᠨ ᠬᠦᠴᠦᠷᠬᠡᠭ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠠᠴᠠ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠩᠨᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠲᠡᠭᠡᠯ ᠢ ᠪᠠᠲᠤᠳᠬᠠᠬᠤ ᠳᠤ ᠡᠩ ᠲᠡᠷᠢᠭᠦᠨ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ ᠪᠠᠶᠢᠭᠤᠯᠤᠯ ᠤᠨ ᠢᠲᠡᠭᠡᠯ ᠢ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠨᠠᠮ ᠤᠨ ᠠᠷᠠᠳ ᠲᠦᠮᠡᠨ ᠢ ᠤᠳᠤᠷᠢᠳᠤᠨ ᠬᠥᠮᠥᠨ ᠲᠥᠷᠥᠯᠬᠢᠲᠡᠨ ᠤ ᠤᠯᠤᠰ ᠲᠦᠷᠦ ᠶᠢᠨ ᠪᠠᠶᠢᠭᠤᠯᠤᠯ ᠤᠨ ᠲᠡᠦᠬᠡᠨ ᠳᠡᠭᠡᠷᠡᠬᠢ ᠠᠭᠤᠤ ᠶᠡᠭᠡ ᠡᠭᠦᠳᠦᠯᠲᠡ ᠮᠥᠨ᠂ ᠮᠠᠨ ᠤ ᠤᠯᠤᠰ ᠤᠨ ᠤᠯᠤᠰ ᠲᠦᠷᠦ ᠶᠢᠨ ᠬᠥᠭᠵᠢᠯᠲᠡ ᠶᠢᠨ ᠲᠡᠦᠬᠡ ᠴᠢᠨᠠᠭᠰᠢᠯᠠᠪᠠᠯ ᠳᠡᠯᠡᠬᠡᠢ ᠶᠢᠨ ᠤᠯᠤᠰ ᠲᠦᠷᠦ ᠶᠢᠨ ᠬᠥᠭᠵᠢᠯᠲᠡ ᠶᠢᠨ ᠲᠡᠦᠬᠡᠨ ᠳᠡᠭᠡᠷᠡᠬᠢ ᠴᠢᠬᠤᠯᠠ ᠶᠡᠭᠡ ᠠᠴᠢ ᠬᠤᠯᠪᠣᠭᠳᠠᠯ ᠲᠠᠢ ᠴᠣ ᠰᠢᠨ᠎ᠡ ᠤᠯᠤᠰ ᠲᠦᠷᠦ ᠶᠢᠨ ᠪᠠᠶᠢᠭᠤᠯᠤᠯ ᠮᠥᠨ᠂ ᠲᠡᠷᠡ ᠨᠢ ᠨᠠᠮ ᠤᠨ ᠠᠷᠠᠳ ᠲᠦᠮᠡᠨ ᠢ ᠤᠳᠤᠷᠢᠳᠤᠨ ᠠᠵᠤ ᠠᠬᠤᠢ ᠶᠢᠨ ᠲᠦᠷᠭᠡᠨ ᠬᠥᠭᠵᠢᠯᠲᠡ ᠶᠢᠨ ᠭᠠᠶᠢᠬᠠᠮᠰᠢᠭ ᠪᠠ ᠨᠡᠶᠢᠭᠡᠮ ᠤᠨ ᠤᠷᠳᠤ ᠬᠤᠭᠤᠴᠠᠭᠠᠨ ᠤ ᠲᠣᠭᠲᠠᠭᠤᠨ ᠪᠠᠶᠢᠳᠠᠯ ᠤᠨ ᠭᠠᠶᠢᠬᠠᠮᠰᠢᠭ ᠢ ᠡᠭᠦᠳᠭᠦ ᠳᠤ ᠴᠢᠬᠤᠯᠠ ᠪᠠᠶᠢᠭᠤᠯᠤᠯ ᠤᠨ ᠪᠠᠲᠤᠯᠠᠭ᠎ᠠ ᠬᠠᠩᠭᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠲᠦᠷᠦ ᠶᠢᠨ ᠲᠤᠬᠠᠢ ᠰᠤᠷᠭᠠᠯ ᠤᠨ ᠦᠨᠳᠦᠰᠦᠨ ᠵᠠᠷᠴᠢᠮ ᠢ ᠪᠠᠷᠢᠮᠲᠠᠯᠠᠵᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭᠲᠤ ᠲᠦᠷᠦ ᠶᠢᠨ ᠪᠦᠲᠦᠴᠡ ᠲᠠᠢ ᠵᠣᠬᠢᠴᠠᠭᠰᠠᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠎ ᠨᠢ ᠤᠯᠤᠰ ᠣᠷᠣᠨ ᠤ ᠨᠡᠶᠢᠭᠡᠮ ᠵᠢᠷᠤᠮ ᠤᠨ ᠵᠠᠮ ᠢᠶᠠᠷ ᠤᠷᠤᠭᠰᠢᠯᠠᠬᠤ ᠶᠢ ᠪᠦᠲᠦᠮᠵᠢᠲᠡᠢ ᠪᠠᠲᠤᠯᠠᠭᠰᠠᠨ ᠶᠤᠮ᠃ ᠤᠯᠤᠰ ᠤᠨ ᠠᠯᠢᠪᠠ ᠡᠷᠬᠡ ᠠᠷᠠᠳ ᠲᠦᠮᠡᠨ ᠤ ᠬᠢ ᠪᠤᠯᠬᠤ ᠶᠢ ᠪᠠᠷᠢᠮᠲᠠᠯᠠᠵᠤ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠤᠶᠠᠯᠳᠤᠭᠤᠯᠤᠭᠰᠠᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠨᠢ ᠤᠯᠤᠰ ᠤᠨ ᠵᠠᠰᠠᠯᠲᠠ ᠶᠢ ᠰᠠᠮᠠᠭᠤᠨ ᠢ ᠵᠠᠰᠠᠵᠤ ᠮᠠᠨᠳᠤᠵᠤ ᠪᠠᠭᠤᠷᠠᠬᠤ ᠲᠡᠦᠬᠡ ᠶᠢᠨ ᠦᠶᠡᠯᠡᠯ ᠠᠴᠠ ᠳᠠᠪᠠᠵᠤ ᠭᠠᠷᠬᠤ ᠶᠢ ᠪᠦᠲᠦᠮᠵᠢᠲᠡᠢ ᠪᠠᠲᠤᠯᠠᠪᠠ᠃ ᠤᠯᠤᠰ ᠣᠷᠣᠨ ᠤ ᠢᠷᠡᠭᠡᠳᠦᠢ ᠬᠤᠪᠢ ᠵᠠᠶᠠᠭ᠎ᠠ ᠳᠤ ᠬᠤᠯᠪᠣᠭᠳᠠᠬᠤ ᠠᠯᠢ ᠤᠯᠠᠨ ᠴᠢᠬᠤᠯᠠ ᠶᠡᠭᠡ ᠤᠯᠤᠰ ᠲᠦᠷᠦ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠤᠯᠤᠰ ᠣᠷᠣᠨ ᠤ ᠡᠯ᠎ᠡ ᠵᠦᠢᠯ ᠤᠨ ᠠᠵᠢᠯ ᠦᠢᠯᠡᠰ ᠢ ᠨᠢᠭᠡᠳᠦᠯᠲᠡᠢ ᠪᠥᠭᠡᠳ ᠥᠨᠳᠥᠷ ᠪᠦᠲᠦᠮᠵᠢᠲᠡᠢ ᠪᠠᠷ ᠵᠣᠬᠢᠶᠠᠨ ᠪᠠᠶᠢᠭᠤᠯᠬᠤ ᠶᠢ ᠪᠡᠶᠡᠯᠡᠭᠦᠯᠵᠦ᠂ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠭᠰᠠᠨ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠨᠢ ᠤᠯᠤᠰ ᠣᠷᠣᠨ ᠤ ᠤᠯᠤᠰ ᠲᠦᠷᠦ ᠶᠢᠨ ᠠᠮᠢᠳᠤᠷᠠᠯ ᠤᠨ ᠠᠮᠢᠳᠤᠯᠢᠭ ᠬᠦᠴᠦᠨ ᠢᠶᠠᠷ ᠪᠢᠯᠬᠠᠮ᠎ᠠ ᠪᠥᠭᠡᠳ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠦᠲᠦᠮᠵᠢᠲᠡᠢ ᠪᠠᠲᠤᠯᠠᠭᠰᠠᠨ ᠶᠤᠮ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠤᠯᠤᠰ ᠤᠨ ᠪᠠᠶᠢᠳᠠᠯ ᠪᠠ ᠪᠣᠳᠠᠲᠤ ᠪᠠᠶᠢᠳᠠᠯ ᠳᠤ ᠨᠡᠶᠢᠴᠡᠭᠦ᠂ ᠨᠡᠶᠢᠭᠡᠮ ᠵᠢᠷᠤᠮᠲᠤ ᠤᠯᠤᠰ ᠤᠨ ᠰᠢᠨᠵᠢ ᠴᠢᠨᠠᠷ ᠢ ᠢᠯᠡᠷᠡᠭᠦᠯᠭᠦ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠶᠢ ᠪᠠᠲᠤᠯᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢ ᠪᠠᠲᠤᠯᠠᠬᠤ ᠰᠠᠶᠢᠨ ᠪᠠᠶᠢᠭᠤᠯᠤᠯ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃            ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠶᠢᠨ ᠠᠮᠢᠳᠤᠯᠢᠭ ᠦᠢᠯᠡᠳᠦᠯᠭᠡ ᠪᠠ ᠵᠠᠶᠢᠯᠠᠰᠢ ᠦᠭᠡᠢ ᠶᠠᠪᠤᠬᠤ ᠵᠠᠮ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠠᠷᠠᠳᠴᠢᠯᠠᠭᠰᠠᠨ ᠤᠯᠤᠰ ᠲᠦᠷᠦ ᠶᠢᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠳᠤᠷᠠᠳᠤᠨ ᠭᠠᠷᠭᠠᠭᠰᠠᠨ ᠪᠥᠭᠡᠳ ᠶᠡᠭᠡ ᠬᠦᠴᠦ ᠪᠠᠷ ᠠᠬᠢᠭᠤᠯᠪᠠ᠃ ᠪᠦᠭᠦ ᠲᠠᠯ᠎ᠠ ᠶᠢᠨ᠂ ᠥᠷᠭᠡᠨ ᠳᠡᠯᠭᠡᠷ᠂ ᠣᠷᠭᠠᠨᠢᠭ ᠢᠶᠠᠷ ᠵᠣᠯᠭᠠᠯᠳᠤᠭᠰᠠᠨ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠶᠠᠩᠵᠤ ᠶᠢᠨ᠂ ᠰᠠᠭᠠᠳ ᠦᠭᠡᠢ ᠨᠡᠪᠲᠡᠷᠡᠬᠦ᠂ ᠡᠮᠬᠢ ᠵᠢᠷᠤᠮ ᠲᠠᠢ ᠠᠷᠠᠳᠴᠢᠯᠠᠯ ᠤᠨ ᠠᠷᠭ᠎ᠠ ᠵᠠᠮ ᠢ ᠪᠠᠶᠢᠭᠤᠯᠵᠤ᠂ ᠠᠷᠠᠳ ᠲᠦᠮᠡᠨ ᠤ ᠠᠷᠠᠳᠴᠢᠯᠠᠯ ᠢᠶᠠᠷ ᠰᠣᠩᠭᠤᠭᠤᠯᠢ ᠶᠠᠪᠤᠭᠤᠯᠬᠤ᠂ ᠠᠷᠠᠳᠴᠢᠯᠠᠯ ᠢᠶᠠᠷ ᠵᠥᠪᠯᠡᠭᠦ᠂ ᠠᠷᠠᠳᠴᠢᠯᠠᠯ ᠢᠶᠠᠷ ᠰᠢᠳᠪᠤᠷᠢᠳᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠲᠤᠯᠠᠵᠤ᠂ ᠮᠠᠨ ᠤ ᠤᠯᠤᠰ ᠤᠨ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠳᠤ ᠪᠦᠷᠢᠨ ᠪᠦᠲᠦᠨ ᠳᠦᠷᠢᠮ ᠤᠨ ᠲᠡᠰ ᠳᠠᠷᠠᠭᠠᠯᠠᠯ ᠪᠠᠶᠢᠬᠤ ᠪᠠᠷ ᠪᠠᠷᠠᠬᠤ ᠦᠭᠡᠢ ᠪᠠᠰᠠ ᠪᠦᠷᠢᠨ ᠪᠦᠲᠦᠨ ᠣᠷᠣᠯᠴᠠᠭᠰᠠᠨ ᠦᠢᠯᠡᠳᠦᠯᠭᠡ ᠲᠠᠢ ᠪᠠᠶᠢᠵᠤ᠂ ᠶᠠᠪᠤᠴᠠ ᠶᠢᠨ ᠠᠷᠠᠳᠴᠢᠯᠠᠯ ᠪᠠ ᠦᠷ᠎ᠡ ᠪᠦᠲᠦᠭᠡᠯ ᠤᠨ ᠠᠷᠠᠳᠴᠢᠯᠠᠯ᠂ ᠲᠡᠰ ᠳᠠᠷᠠᠭᠠᠯᠠᠯ ᠤᠨ ᠠᠷᠠᠳᠴᠢᠯᠠᠯ ᠪᠠ ᠮᠥᠨ ᠴᠢᠨᠠᠷ ᠤᠨ ᠠᠷᠠᠳᠴᠢᠯᠠᠯ᠂ ᠰᠢᠭᠤᠳ ᠠᠷᠠᠳᠴᠢᠯᠠᠯ ᠪᠠ ᠳᠠᠮ ᠠᠷᠠᠳᠴᠢᠯᠠᠯ᠂ ᠠᠷᠠᠳ ᠤᠨ ᠠᠷᠠᠳᠴᠢᠯᠠᠯ ᠪᠠ ᠲᠦᠷᠦ ᠶᠢᠨ ᠵᠣᠷᠢᠯᠲᠠ ᠶᠢᠨ ᠨᠢᠭᠡᠳᠦᠯ ᠢ ᠪᠡᠶᠡᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠡᠶᠡᠯᠡᠭᠦᠯᠬᠦ ᠴᠢᠬᠤᠯᠠ ᠪᠠᠶᠢᠭᠤᠯᠤᠯ ᠤᠨ ᠠᠴᠢᠶᠠᠯᠠᠪᠤᠷᠢ ᠮᠥᠨ᠂ ᠨᠠᠮ ᠤᠨ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠤ ᠡᠮᠬᠢ ᠵᠢᠷᠤᠮ ᠲᠠᠢ ᠪᠠᠷ ᠤᠯᠤᠰ ᠲᠦᠷᠦ ᠳᠤ ᠣᠷᠤᠯᠴᠠᠬᠤ ᠶᠢ ᠲᠠᠰᠤᠷᠠᠯᠳᠠ ᠦᠭᠡᠢ ᠥᠷᠭᠡᠳᠬᠡᠵᠦ᠂ ᠬᠥᠮᠥᠨ ᠤ ᠡᠷᠬᠡ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠲᠦᠮᠡᠨ ᠤ ᠬᠠᠤᠯᠢ ᠶᠣᠰᠣᠭᠠᠷ ᠥᠷᠭᠡᠨ ᠳᠡᠯᠭᠡᠷ ᠡᠷᠬᠡ ᠪᠠ ᠡᠷᠬᠡ ᠴᠢᠯᠦᠭᠡ ᠡᠳ᠋ᠯᠡᠭᠦ ᠶᠢ ᠪᠠᠲᠤᠯᠠᠪᠠ᠃ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯ ᠪᠦᠭᠦ ᠬᠡᠯᠬᠢᠶᠡᠨ ᠤ᠂ ᠪᠦᠭᠦ ᠲᠠᠯ᠎ᠠ ᠶᠢᠨ᠂ ᠪᠦᠭᠦᠨ ᠢ ᠬᠠᠮᠤᠷᠤᠭᠰᠠᠨ ᠠᠷᠠᠳᠴᠢᠯᠠᠯ ᠮᠥᠨ᠂ ᠬᠠᠮᠤᠭ ᠤᠨ ᠥᠷᠭᠡᠨ ᠳᠡᠯᠭᠡᠷ᠂ ᠬᠠᠮᠤᠭ ᠤᠨ ᠦᠨᠡᠨ ᠪᠣᠳᠠᠲᠠᠢ᠂ ᠬᠠᠮᠤᠭ ᠤᠨ ᠪᠦᠳᠦᠮᠵᠢᠳᠠᠢ ᠨᠡᠶᠢᠭᠡᠮ ᠵᠢᠷᠤᠮ ᠤᠨ ᠠᠷᠠᠳᠴᠢᠯᠠᠯ ᠮᠥᠨ᠂ ᠬᠥᠮᠥᠨ ᠲᠥᠷᠥᠯᠬᠢᠲᠡᠨ ᠤ ᠤᠯᠤᠰ ᠲᠦᠷᠦ ᠶᠢᠨ ᠪᠣᠯᠪᠠᠰᠤᠨ ᠢ ᠪᠠᠶᠠᠯᠢᠭᠵᠢᠭᠤᠯᠤᠨ ᠬᠥᠭᠵᠢᠭᠦᠯᠬᠦ ᠳᠤ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠥᠯ ᠢ ᠬᠠᠨᠳᠢᠪᠯᠡᠵᠠᠢ ᠭᠡᠳᠡᠭ ᠢ ᠦᠢᠯᠡᠳᠦᠯᠭᠡ ᠭᠦᠢᠴᠡᠳ ᠬᠠᠷᠠᠭᠤᠯᠪᠠ᠃            ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠨᠠᠮ ᠪᠠ ᠤᠯᠤᠰ ᠤᠨ ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠬᠤ ᠦᠨᠳᠦᠰᠦᠨ ᠬᠦᠴᠦᠨ ᠮᠥᠨ᠃ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠰᠢᠯᠭᠠᠯᠲᠠ ᠳᠤ ᠣᠷᠤᠯᠴᠠᠬᠤ ᠰᠢᠨ᠎ᠡ ᠠᠶᠠᠨ ᠳᠠᠭᠠᠨ᠂ ᠦᠨᠳᠦᠰᠦᠲᠡᠨ ᠤ ᠰᠡᠷᠭᠦᠨ ᠮᠠᠨᠳᠤᠯᠲᠠ ᠳᠤ ᠣᠶᠢᠷᠠᠲᠤᠬᠤ ᠲᠤᠳᠤᠮ ᠢᠯᠭᠤᠮ ᠤᠷᠤᠭᠰᠢᠲᠠᠢ ᠪᠠᠶᠢᠵᠤ ᠴᠢᠳᠠᠬᠤ ᠦᠭᠡᠢ᠂ ᠠᠶᠤᠯ ᠲᠦᠭᠰᠢᠭᠦᠷᠢ ᠥᠷᠢᠰᠦᠯᠳᠦᠭᠡᠨ ᠴᠢᠨᠠᠭᠰᠢᠯᠠᠪᠠᠯ ᠲᠤᠬᠰᠢᠨ ᠳᠠᠪᠠᠯᠭᠠᠨ ᠰᠢᠷᠦᠭᠦᠨ ᠳᠣᠯᠭᠢᠶᠠᠨ ᠢᠶᠠᠷ ᠳᠦᠭᠦᠷᠴᠦ ᠪᠠᠶᠢᠬᠤ ᠶᠢ ᠪᠢᠳᠡ ᠭᠦᠨᠵᠡᠭᠡᠢ ᠮᠡᠳᠡᠵᠤ ᠪᠠᠶᠢᠨ᠎ᠠ᠃ ᠶᠠᠮᠠᠷᠪᠠ ᠦᠶ᠎ᠡ ᠶᠠᠮᠠᠷᠪᠠ ᠪᠠᠶᠢᠳᠠᠯ ᠳᠣᠣᠷ᠎ᠠ ᠴᠤ ᠭᠡᠰᠡᠨ ᠴᠥᠮ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ᠂ ᠠᠷᠠᠳ ᠤᠯᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠦ ᠪᠣᠯ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠮᠥᠨ ᠴᠢᠨᠠᠷ ᠪᠠ ᠭᠤᠣᠯᠳᠠᠯᠭ᠎ᠠ ᠮᠥᠨ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠬᠥᠭᠵᠢᠭᠦᠯᠬᠦ ᠪᠣᠯ ᠠᠷᠠᠳ ᠲᠦᠮᠡᠨ ᠤ ᠬᠦᠰᠡᠯ ᠵᠣᠷᠢᠯᠲᠠ ᠶᠢ ᠢᠯᠡᠷᠡᠭᠦᠯᠦᠨ᠂ ᠠᠷᠠᠳ ᠲᠦᠮᠡᠨ ᠤ ᠡᠷᠬᠡ ᠠᠰᠢᠭ ᠢ ᠪᠠᠲᠤᠯᠠᠵᠤ᠂ ᠠᠷᠠᠳ ᠲᠦᠮᠡᠨ ᠤ ᠡᠭᠦᠳᠦᠨ ᠪᠦᠲᠦᠭᠡᠬᠦ ᠠᠮᠢᠳᠤᠯᠢᠭ ᠬᠦᠴᠦᠨ ᠢ ᠬᠥᠭᠵᠢᠭᠡᠬᠦ ᠶᠠᠪᠤᠳᠠᠯ ᠪᠣᠯᠣᠨ᠎ᠠ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠳᠠ ᠦᠭᠡᠢ ᠬᠥᠭᠵᠢᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠡᠨᠡ ᠬᠦ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠤᠨ᠂ ᠠᠷᠠᠳ ᠲᠦᠮᠡᠨ ᠤ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠥᠭᠪᠡᠯ᠂ ᠤᠯᠤᠰ ᠪᠠ ᠦᠨᠳᠦᠰᠦᠲᠡᠨ ᠤ ᠢᠷᠡᠭᠡᠳᠦᠢ ᠬᠤᠪᠢ ᠵᠠᠶᠠᠭ᠎ᠠ ᠶᠢ ᠠᠷᠠᠳ ᠲᠦᠮᠡᠨ ᠤ ᠭᠠᠷ ᠲᠤ ᠪᠠᠲᠤ ᠡᠵᠡᠮᠰᠢᠭᠦᠯᠵᠦ ᠴᠢᠳᠠᠬᠤ ᠨᠢ ᠯᠠᠪᠲᠠᠢ᠃            ᠡᠨᠡ ᠵᠢᠯ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠰᠢᠨ᠎ᠡ ᠠᠶᠠᠨ  ᠳᠠᠭᠠᠨ ᠮᠣᠷᠳᠠᠬᠤ ᠴᠢᠬᠤᠯᠠ ᠨᠢᠭᠡ ᠵᠢᠯ ᠪᠠᠶᠢᠵᠤ᠂ ᠮᠠᠨ ᠤ ᠨᠠᠮ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠤᠨ᠎ᠠ᠂ ᠡᠨᠡ ᠪᠣᠯ ᠨᠠᠮ ᠪᠣᠯᠣᠨ ᠤᠯᠤᠰ ᠤᠨ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠲᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠰᠢᠨ᠎ᠡ ᠠᠶᠠᠨ ᠳᠠᠭᠠᠨ ᠲᠡᠮᠡᠴᠡᠯ ᠤᠨ ᠬᠦᠴᠦᠨ ᠢᠶᠠᠨ ᠨᠢᠭᠲᠠᠷᠠᠭᠤᠯᠵᠤ᠂ ᠰᠢᠨ᠎ᠡ ᠢᠷᠠᠭᠤ ᠬᠠᠭᠤᠳᠠᠰᠤ ᠶᠢ ᠪᠢᠴᠢᠭᠯᠡᠰᠦᠭᠡᠢ᠃ ᠥᠷᠭᠡᠨ ᠤᠯᠠᠨ ᠲᠥᠯᠥᠭᠡᠯᠡᠭᠴᠢᠳ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠭᠰᠡᠨ ᠳᠠᠪᠠᠭᠤᠯᠢᠭ ᠢᠶᠠᠨ ᠪᠠᠳᠠᠷᠠᠭᠤᠯᠵᠤ᠂ ᠦᠨᠳᠦᠰᠦᠨ ᠱᠠᠲᠤᠨ ᠳᠤ ᠨᠡᠩ ᠰᠠᠶᠢᠨ ᠣᠶᠢᠷᠠᠳᠴᠦ᠂ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠢᠳᠡᠪᠬᠢᠲᠡᠢ ᠡᠷᠭᠦᠭᠦ ᠶᠢ ᠬᠦᠰᠡᠵᠦ ᠪᠠᠶᠢᠨ᠎ᠠ᠃            ᠶᠡᠭᠡ ᠬᠤᠷᠠᠯ ᠤᠨ ᠲᠡᠭᠦᠰ ᠠᠮᠵᠢᠯᠲᠠ ᠲᠠᠢ ᠬᠤᠷᠠᠯᠳᠤᠬᠤ ᠶᠢ ᠵᠥᠩᠨᠡᠶ᠎ᠡ︕            ︵ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 4᠎ ᠤ ᠴᠠᠭᠢᠯᠭᠠᠠ ᠮᠡᠳᠡᠭᠡ︶
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号