5.5 %︕
ᠨᠡᠶᠢᠲᠡᠯᠡᠭᠰᠡᠨ ᠴᠠᠭ᠄
2022/3/25
                 ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠳᠤᠷᠠᠳᠤᠨ ᠭᠠᠷᠭᠠᠪᠠ᠂ ᠡᠭᠦᠨ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5.5% ᠣᠷᠴᠢᠮ ᠢᠶᠠᠷ ᠨᠡᠮᠡᠭᠳᠡᠭᠦᠯᠦᠨ᠎ᠡ ᠭᠡᠵᠡᠢ᠃ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠵᠢᠱᠢᠭᠰᠡᠨ ᠬᠠᠷᠠᠯᠲᠠ ᠶᠢ ᠲᠣᠭᠲᠠᠭᠠᠬᠤ ᠳᠤ ᠭᠤᠣᠯᠳᠠᠭᠤ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠵᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠴᠡᠭᠡ ᠶᠢ ᠪᠣᠳᠣᠯᠬᠢᠯᠠᠬᠤ ᠶᠢᠨ ᠬᠠᠮᠲᠤ ᠣᠶᠢᠷ᠎ᠠ ᠶᠢᠨ ᠬᠤᠶᠠᠷ ᠵᠢᠯ ᠤᠨ ᠠᠵᠤ ᠠᠬᠤᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠠᠷᠠᠯᠲᠠ ᠶᠢᠨ ᠱᠠᠭᠠᠷᠳᠠᠯᠭ᠎ᠠ ᠲᠠᠢ ᠵᠣᠯᠭᠠᠭᠤᠯᠤᠨ᠎ᠠ᠃ ᠡᠨᠡ ᠪᠣᠯ ᠥᠨᠳᠥᠷ ᠰᠠᠭᠤᠷᠢ ᠲᠤᠭ᠎ᠠ ᠳᠡᠭᠡᠷᠡᠬᠢ ᠳᠤᠮᠳᠠ ᠳᠡᠭᠡᠳᠦ ᠬᠤᠷᠳᠤᠴᠠ ᠶᠢᠨ ᠨᠡᠮᠡᠭᠳᠡᠯ ᠪᠠᠶᠢᠵᠤ᠂ ᠰᠠᠨᠠᠭᠠᠴᠢᠯᠠᠭ᠎ᠠ ᠎ ᠠᠴᠠ ᠪᠠᠨ ᠠᠵᠢᠯ ᠶᠠᠪᠤᠳᠠᠯ ᠬᠢᠬᠦ ᠬᠡᠷᠡᠭᠲᠡᠢ ᠶᠢ ᠬᠠᠷᠠᠭᠤᠯᠵᠤ ᠪᠠᠶᠢᠭ᠎ᠠ ᠪᠣᠯᠬᠤᠷ ᠬᠠᠲᠠᠭᠤᠵᠢᠯᠲᠠᠢ ᠴᠢᠷᠮᠠᠶᠢᠯᠭ᠎ᠠ ᠭᠠᠷᠭᠠᠮᠠᠨᠵᠢᠨ ᠰᠠᠶ᠋ᠢ ᠪᠡᠶᠡᠯᠡᠭᠦᠯᠵᠦ ᠴᠢᠳᠠᠨ᠎ᠠ᠃            
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号