| | ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠪᠣᠯ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠭᠦ ᠳᠦᠷᠢᠮ ᠳᠤ ᠨᠢᠳᠤᠨᠤᠨ ᠤ 3 ᠰᠠᠷ᠎ᠠ ᠶᠢᠨ 11 ᠤ ᠡᠳᠦᠷ | ᠵᠠᠰᠠᠪᠤᠷᠢ ᠣᠷᠣᠭᠤᠯᠤᠭᠰᠠᠨ ᠤ ᠳᠠᠷᠠᠭ᠎ᠠ ᠬᠤᠷᠠᠯᠳᠤᠭᠤᠯᠤᠭᠰᠠᠨ ᠠᠩᠬᠠᠳᠤᠭᠠᠷ ᠶᠡᠭᠡ ᠬᠤᠷᠠᠯ ᠪᠣᠯᠣᠨ᠎ᠠ᠃ | | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠭᠦ ᠳᠦᠷᠢᠮ ᠪᠣᠯ | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ︽ᠶᠠᠭᠠᠬᠢᠵᠤ ᠬᠤᠷᠠᠯᠳᠤᠭᠤᠯᠬᠤ︾ | ︽ᠶᠠᠭᠠᠬᠢᠵᠤ ᠰᠠᠶᠢᠲᠤᠷ ᠬᠤᠷᠠᠯᠳᠤᠭᠤᠯᠬᠤ︾ ᠶᠢ ᠵᠢᠷᠤᠮᠵᠢᠭᠤᠯᠬᠤ ᠴᠢᠬᠤᠯᠠ ᠬᠠᠤᠯᠢ ᠴᠠᠭᠠᠵᠠ ᠪᠣᠯᠣᠨ᠎ᠠ᠃ ᠵᠠᠰᠠᠪᠤᠷᠢ | ᠣᠷᠣᠭᠤᠯᠤᠭᠰᠠᠨ ᠤ ᠳᠠᠷᠠᠭ᠎ᠠ᠂ ᠡᠨᠡ ᠵᠢᠯ ᠬᠤᠷᠠᠯᠳᠤᠭᠤᠯᠬᠤ ᠶᠡᠭᠡ ᠬᠤᠷᠠᠯ ᠳᠤ ᠶᠠᠮᠠᠷ ᠶᠠᠮᠠᠷ ᠰᠢᠨ᠎ᠡ ᠬᠤᠪᠢᠷᠠᠯᠲᠠ ᠶᠢ | ᠠᠪᠴᠢᠷᠠᠬᠤ ᠪᠤᠢ︖ | | | | ᠬᠠᠤᠯᠢ ᠴᠠᠭᠠᠵᠠ ᠶᠢᠨ ᠲᠥᠰᠥᠯ ᠢ ᠬᠢᠨᠠᠨ ᠵᠥᠪᠯᠡᠭᠦ ᠭᠤᠭᠴᠤᠭ᠎ᠠ ᠶᠢ ᠰᠢᠯᠢᠳᠡᠭᠵᠢᠭᠦᠯᠵᠦ᠂ ᠦᠷ᠎ᠡ | ᠪᠦᠲᠦᠮᠵᠢ ᠶᠢ ᠳᠡᠭᠡᠭᠰᠢᠯᠡᠭᠦᠯᠦᠨ ᠶᠠᠰᠤ ᠴᠢᠨᠠᠷ ᠢ ᠪᠠᠭᠤᠷᠠᠭᠤᠯᠬᠤ ᠦᠭᠡᠢ | | | | ᠥᠩᠭᠡᠷᠡᠭᠰᠡᠨ ᠳᠤ ᠶᠡᠭᠡ ᠬᠤᠷᠠᠯ ᠠᠴᠠ ᠬᠠᠤᠯᠢ ᠴᠠᠭᠠᠵᠠ ᠶᠢᠨ ᠲᠥᠰᠥᠯ ᠢ ᠬᠢᠨᠠᠨ ᠵᠥᠪᠯᠡᠭᠦ ᠳᠤ᠂ ︽ᠬᠠᠤᠯᠢ | ᠴᠠᠭᠠᠵᠠ ᠶᠢᠨ ᠲᠥᠰᠥᠯ - ᠲᠥᠰᠥᠯ ᠤᠨ ᠵᠠᠰᠠᠪᠤᠷᠢ ᠣᠷᠣᠭᠤᠯᠤᠭᠰᠠᠨ ᠨᠣᠣᠷᠠᠭ - ᠲᠥᠰᠥᠯ ᠤᠨ ᠰᠠᠨᠠᠭᠤᠯᠭ᠎ᠠ ᠶᠢ | ᠪᠠᠲᠤᠯᠠᠬᠤ ᠨᠣᠣᠷᠠᠭ - ᠪᠠᠲᠤᠯᠠᠬᠤ ᠨᠣᠣᠷᠠᠭ︾ ᠭᠡᠬᠦ ᠬᠡᠳᠦᠨ ᠭᠤᠭᠴᠤᠭ᠎ᠠ ᠶᠢ ᠵᠢᠷᠤᠮᠯᠠᠳᠠᠭ ᠪᠠᠶᠢᠭᠰᠠᠨ ᠢ ᠨᠠᠷᠢᠨ | ᠨᠢᠮᠪᠠᠢ ᠬᠥᠮᠥᠰ ᠪᠦᠷ ᠣᠯᠵᠤ ᠮᠡᠳᠡᠭᠦ ᠪᠣᠯᠣᠨ᠎ᠠ᠃ | | 2020 ᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠬᠢᠨᠠᠨ ᠵᠥᠪᠯᠡᠭᠰᠡᠨ ᠢᠷᠭᠡᠨ ᠤ ᠬᠠᠤᠯᠢ ᠶᠢᠨ | ᠪᠢᠴᠢᠭ ᠤᠨ ᠲᠥᠰᠥᠯ ᠢᠶᠠᠷ ᠵᠢᠱᠢᠶᠡᠯᠡᠪᠡᠯ᠂ ᠡᠨᠡ ᠬᠤᠭᠤᠴᠠᠭᠠᠨ ᠳᠤ︽ᠶᠡᠭᠡ ᠬᠤᠷᠠᠯ ᠤᠨ ᠲᠣᠳᠣᠷᠬᠠᠶᠢᠯᠠᠯᠲᠠ- | ᠲᠥᠯᠥᠭᠡᠯᠡᠭᠴᠢᠳ ᠤᠨ ᠳᠤᠭᠤᠶᠢᠯᠠᠩ ᠤᠨ ᠬᠤᠷᠠᠯ ᠢᠶᠠᠷ ᠶᠠᠷᠢᠯᠴᠠᠬᠤ - ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ | ᠲᠡᠷᠢᠭᠦᠯᠡᠭᠴᠢᠳ ᠤᠨ ᠬᠤᠷᠠᠯ ᠢᠶᠠᠷ ᠬᠢᠨᠠᠨ ᠵᠥᠪᠯᠡᠭᠦ - ᠬᠤᠶᠠᠳᠤᠭᠠᠷ ᠤᠳᠠᠭ᠎ᠠ ᠶᠢᠨ ᠲᠡᠷᠢᠭᠦᠯᠡᠭᠴᠢᠳ ᠤᠨ | ᠪᠦᠯᠭᠦᠮ ᠤᠨ ᠬᠤᠷᠠᠯ ᠢᠶᠠᠷ ᠬᠢᠨᠠᠨ ᠵᠥᠪᠯᠡᠭᠦ - ᠲᠥᠯᠥᠭᠡᠯᠡᠭᠴᠢᠳ ᠤᠨ ᠳᠤᠭᠤᠶᠢᠯᠠᠩ ᠤᠨ ᠬᠤᠷᠠᠯ ᠢᠶᠠᠷ ᠶᠠᠷᠢᠯᠴᠠᠬᠤ | - ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠲᠡᠷᠢᠭᠦᠯᠡᠭᠴᠢᠳ ᠤᠨ ᠬᠤᠷᠠᠯ ᠢᠶᠠᠷ ᠬᠢᠨᠠᠨ ᠵᠥᠪᠯᠡᠭᠦ - ᠭᠤᠷᠪᠠᠳᠤᠭᠠᠷ | ᠤᠳᠠᠭ᠎ᠠ ᠶᠢᠨ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢᠶᠠᠷ ᠬᠢᠨᠠᠨ ᠵᠥᠪᠯᠡᠭᠦ - ᠲᠥᠯᠥᠭᠡᠯᠡᠭᠴᠢᠳ ᠤᠨ | ᠳᠤᠭᠤᠶᠢᠯᠠᠩ ᠤᠨ ᠬᠤᠷᠠᠯ ᠢᠶᠠᠷ ᠶᠠᠷᠢᠯᠴᠠᠬᠤ - ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠲᠡᠷᠢᠭᠦᠯᠡᠭᠴᠢᠳ ᠤᠨ | ᠬᠤᠷᠠᠯ ᠢᠶᠠᠷ ᠬᠢᠨᠠᠨ ᠵᠥᠪᠯᠡᠭᠦ - ᠳᠥᠷᠪᠡᠳᠦᠭᠡᠷ ᠤᠳᠠᠭ᠎ᠠ ᠶᠢᠨ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢᠶᠠᠷ | ᠬᠢᠨᠠᠨ ᠵᠥᠪᠯᠡᠭᠦ - ᠲᠡᠭᠦᠰᠬᠦ ᠬᠤᠷᠠᠯ ᠢᠶᠠᠷ ᠪᠠᠲᠤᠯᠠᠬᠤ︾ ᠶᠠᠪᠤᠴᠠ ᠶᠢ ᠥᠩᠭᠡᠷᠡᠭᠦᠯᠵᠦ᠂ ︽ᠭᠤᠷᠪᠠ ᠳᠡᠭᠡᠭᠰᠢ | ᠮᠡᠳᠡᠭᠦᠯᠵᠦ ᠭᠤᠷᠪᠠ ᠳᠣᠷᠣᠭᠰᠢ ᠪᠠᠭᠤᠯᠭᠠᠬᠤ︾ ᠭᠡᠵᠦ ᠨᠡᠷᠡᠶᠢᠳᠪᠡ᠃ | | ᠵᠠᠰᠠᠪᠤᠷᠢ ᠣᠷᠣᠭᠤᠯᠤᠭᠰᠠᠨ ᠤ ᠳᠠᠷᠠᠭᠠᠬᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠡᠷᠡᠭ ᠵᠥᠪᠯᠡᠭᠦ ᠳᠦᠷᠢᠮ ᠳᠤ᠂ ᠬᠠᠤᠯᠢ ᠶᠢᠨ ᠲᠥᠰᠥᠯ ᠤᠨ ᠵᠠᠰᠠᠪᠤᠷᠢ ᠣᠷᠣᠭᠤᠯᠤᠭᠰᠠᠨ ᠨᠣᠣᠷᠠᠭ ᠢ ᠡᠯ᠎ᠡ | ᠲᠥᠯᠥᠭᠡᠯᠡᠭᠴᠢᠳ ᠤᠨ ᠪᠦᠯᠭᠦᠮ ᠬᠢᠨᠠᠨ ᠵᠥᠪᠯᠡᠭᠰᠡᠨ ᠤ ᠳᠠᠷᠠᠭ᠎ᠠ᠂ ᠤᠯᠠᠮ ᠨᠢᠭᠡ ᠠᠯᠬᠤᠮ ᠵᠠᠰᠠᠪᠤᠷᠢ | ᠣᠷᠣᠭᠤᠯᠤᠭᠰᠠᠨ ᠤ ᠲᠠᠷᠠᠭ᠎ᠠ ᠳᠠᠷᠤᠢ ᠪᠠᠲᠤᠯᠠᠬᠤ ᠨᠣᠣᠷᠠᠭ ᠢ ᠰᠢᠭᠤᠳ ᠳᠤᠷᠠᠳᠤᠨ ᠭᠠᠷᠭᠠᠵᠤ ᠶᠡᠭᠡ ᠬᠤᠷᠠᠯ ᠳᠤ | ᠳᠡᠪᠰᠢᠭᠦᠯᠦᠨ ᠪᠠᠲᠤᠯᠠᠭᠤᠯᠵᠤ ᠪᠤᠯᠬᠤ ᠶᠢ ᠲᠣᠳᠣᠷᠬᠠᠶᠢᠯᠠᠵᠤ᠂ ᠥᠩᠭᠡᠷᠡᠭᠰᠡᠨ ᠤ ︽ᠲᠥᠰᠥᠯ ᠤᠨ ᠰᠠᠨᠠᠭᠤᠯᠭ᠎ᠠ ᠶᠢ | ᠪᠠᠲᠤᠯᠠᠬᠤ ᠨᠣᠣᠷᠠᠭ︾ ᠤᠨ ᠬᠢᠨᠠᠨ ᠵᠥᠪᠯᠡᠭᠦ ᠭᠤᠭᠴᠤᠭ᠎ᠠ ᠶᠢ ᠬᠠᠰᠤᠪᠠ᠃ | | ᠢᠩᠭᠢᠵᠦ ᠵᠠᠰᠠᠪᠤᠷᠢ ᠣᠷᠣᠭᠤᠯᠤᠭᠰᠠᠨ ᠨᠢ ᠬᠠᠤᠯᠢ ᠲᠣᠭᠲᠠᠭᠠᠬᠤ ᠬᠠᠤᠯᠢ ᠶᠢᠨ ᠬᠤᠯᠪᠣᠭᠳᠠᠯ ᠪᠦᠬᠦᠢ | ᠲᠣᠭᠲᠠᠭᠠᠯ ᠲᠠᠢ ᠪᠦᠷᠢᠮᠦᠰᠦᠨ ᠨᠡᠶᠢᠴᠡᠭᠦ ᠮᠥᠷᠲᠡᠭᠡᠨ ᠬᠢᠨᠠᠨ ᠵᠥᠪᠯᠡᠭᠦ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ | ᠴᠦ ᠠᠰᠢᠭᠲᠠᠢ ᠶᠤᠮ᠃ ᠭᠡᠪᠡᠴᠦ ᠬᠠᠤᠯᠢ ᠴᠠᠭᠠᠵᠠ ᠶᠢᠨ ᠲᠥᠰᠥᠯ ᠢ ᠬᠢᠨᠠᠨ ᠵᠥᠪᠯᠡᠭᠦ ᠶᠠᠰᠤ ᠴᠢᠨᠠᠷ ᠢ ᠨᠥᠯᠥᠭᠡᠯᠡᠨ᠎ᠡ | ᠦᠦ ᠦᠭᠡᠢ ᠦᠦ︖ | | ᠦᠨᠡᠨ ᠳᠡᠭᠡᠨ᠂ ᠡᠨᠡ ᠵᠢᠯ ᠤᠨ ᠶᠡᠭᠡ ᠬᠤᠷᠠᠯ ᠳᠤ ᠬᠢᠨᠠᠨ ᠵᠥᠪᠯᠡᠭᠦᠯᠭᠦ ᠪᠠᠷ ᠳᠡᠪᠰᠢᠭᠦᠯᠦᠭᠰᠡᠨ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ | ᠲᠥᠰᠥᠯ ᠢ ᠨᠢᠳᠤᠨᠤᠨ ᠤ 10 ᠰᠠᠷ᠎ᠠ ᠪᠠ 12 ᠰᠠᠷ᠎ᠠ ᠶᠢᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠳᠡᠭᠡᠷ᠎ᠡ ᠨᠢᠭᠡᠨᠲᠡ ᠬᠤᠶᠠᠷ ᠤᠳᠠᠭ᠎ᠠ ᠬᠢᠨᠠᠨ ᠵᠥᠪᠯᠡᠵᠦ | ᠥᠩᠭᠡᠷᠡᠵᠡᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠭᠡᠰᠢᠭᠦᠳ ᠬᠢᠨᠠᠨ ᠵᠥᠪᠯᠡᠭᠦ ᠳᠤᠮᠳᠠ ᠪᠠᠨ ᠰᠠᠨᠠᠯ ᠵᠥᠪᠯᠡᠯᠭᠡ ᠪᠠᠨ ᠭᠦᠢᠴᠡᠳ ᠳᠤᠷᠠᠳᠪᠠ᠂ ᠡᠭᠦᠨ ᠢ ᠦᠨᠳᠦᠰᠦᠯᠡᠨ᠂ | ᠬᠠᠤᠯᠢ ᠶᠢᠨ ᠲᠥᠰᠥᠯ ᠢ ᠲᠡᠭᠦᠯᠳᠡᠷᠵᠢᠭᠦᠯᠪᠡ᠂ ᠵᠢᠱᠢᠶᠡᠯᠡᠪᠡᠯ ᠲᠥᠰᠥᠯ ᠤᠨ ᠬᠤᠶᠠᠳᠠᠭᠢ ᠬᠢᠨᠠᠯᠲᠠ ᠶᠢᠨ ᠨᠣᠣᠷᠠᠭ ᠲᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ | ᠪᠠᠶᠢᠴᠠᠭᠠᠵᠤ ᠬᠢᠨᠠᠯᠲᠠ ᠲᠠᠯᠪᠢᠬᠤ ᠬᠤᠯᠪᠣᠭᠳᠠᠯ ᠪᠦᠬᠦᠢ ᠲᠣᠭᠲᠠᠭᠠᠯ ᠢ ᠨᠠᠷᠢᠯᠢᠭᠵᠢᠭᠤᠯᠤᠨ ᠨᠥᠬᠦᠪᠦᠷᠢᠯᠡᠵᠦ | ᠴᠢᠩᠭᠠᠳᠬᠠᠬᠤ᠂ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠷᠠᠯ | ᠬᠤᠷᠠᠯᠳᠤᠭᠤᠯᠬᠤ ᠶᠢ ᠵᠣᠬᠢᠰᠲᠠᠢ ᠪᠠᠷ ᠤᠷᠢᠳᠴᠢᠯᠠᠭᠤᠯᠬᠤ ᠪᠤᠶᠤ ᠬᠤᠶᠢᠰᠢᠯᠠᠭᠤᠯᠬᠤ ᠪᠠᠷ ᠲᠣᠭᠲᠠᠭᠠᠵᠤ ᠪᠣᠯᠣᠨ᠎ᠠ ᠭᠡᠬᠦ | ᠮᠡᠲᠦ ᠲᠣᠭᠲᠠᠭᠠᠯ ᠢ ᠨᠡᠮᠡᠪᠡ᠃ | | ᠡᠭᠦᠨ ᠤ ᠬᠠᠮᠲᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠭᠦ | ᠳᠦᠷᠢᠮ ᠢ ᠦᠨᠳᠦᠰᠦᠯᠡᠨ᠂ ᠡᠨᠡ ᠵᠢᠯ ᠤᠨ 1 ᠰᠠᠷ᠎ᠠ ᠳᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠲᠢᠩᠬᠢᠮ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠬᠠᠤᠯᠢ ᠴᠠᠭᠠᠵᠠ ᠶᠢᠨ ᠵᠥᠪᠯᠡᠯ ᠪᠠ ᠪᠠᠶᠢᠩᠭᠤ ᠶᠢᠨ | ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠠᠴᠠ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠤᠷᠢᠳᠴᠢᠯᠠᠨ ᠵᠣᠬᠢᠶᠠᠨ ᠪᠠᠶᠢᠭᠤᠯᠵᠤ ᠣᠷᠣᠨ | ᠨᠤᠲᠤᠭ ᠤᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠰᠤᠳᠤᠯᠤᠨ ᠤᠩᠰᠢᠭᠤᠯᠵᠤ | ᠶᠠᠷᠢᠯᠴᠠᠭᠤᠯᠤᠨ᠂ ᠲᠥᠯᠥᠭᠡᠯᠡᠭᠴᠢᠳ ᠤᠨ ᠰᠠᠨᠠᠯ ᠢ ᠥᠷᠭᠡᠨ ᠢᠶᠠᠷ ᠬᠤᠷᠢᠶᠠᠵᠤ᠂ ᠵᠠᠷᠢᠮ ᠰᠠᠨᠠᠯ ᠢ ᠨᠢᠭᠡᠨᠲᠡ ᠶᠡᠭᠡ | ᠬᠤᠷᠠᠯ ᠳᠤ ᠬᠢᠨᠠᠨ ᠵᠦᠪᠯᠡᠭᠦᠯᠭᠦ ᠪᠠᠷ ᠳᠡᠪᠰᠢᠭᠦᠯᠦᠭᠰᠡᠨ ᠲᠥᠰᠥᠯ ᠳᠤ ᠲᠤᠰᠬᠠᠪᠠ᠃ ᠶᠡᠭᠡ ᠬᠤᠷᠠᠯ ᠤᠨ | ᠬᠤᠭᠤᠴᠠᠭᠠᠨ ᠳᠤ᠂ ᠲᠥᠯᠥᠭᠡᠯᠡᠭᠴᠢᠳ ᠪᠠᠰᠠ ᠭᠦᠢᠴᠡᠳ ᠬᠢᠨᠠᠨ ᠵᠥᠪᠯᠡᠵᠦ᠂ ᠰᠠᠨᠠᠯ ᠳᠤᠷᠠᠳᠬᠤ ᠴᠠᠭ ᠲᠠᠢ ᠶᠤᠮ᠃ | | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠭᠦ ᠳᠦᠷᠢᠮ ᠤᠨ | ᠵᠦᠢᠯ ᠪᠦᠷᠢ ᠶᠢᠨ ᠲᠣᠭᠲᠠᠭᠠᠯ ᠤᠨ ᠵᠢᠷᠤᠭ ᠲᠥᠯᠥᠪᠯᠡᠭᠡ ᠨᠢ ᠶᠡᠭᠡ ᠬᠤᠷᠠᠯ ᠤᠨ ᠬᠤᠭᠤᠴᠠᠭᠠᠨ ᠳᠤ ᠬᠠᠤᠯᠢ | ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠵᠥᠪᠯᠡᠭᠦ ᠭᠤᠭᠴᠤᠭ᠎ᠠ ᠶᠢ ᠰᠢᠯᠢᠳᠡᠭᠵᠢᠭᠦᠯᠵᠦ᠂ ᠦᠷ᠎ᠡ ᠪᠦᠲᠦᠮᠵᠢ ᠶᠢ | ᠳᠡᠭᠡᠭᠰᠢᠯᠡᠭᠦᠯᠪᠡ᠂ ᠮᠥᠨ ᠴᠦ ᠲᠥᠯᠥᠭᠡᠯᠡᠭᠴᠢᠳ ᠤᠨ ᠭᠦᠢᠴᠡᠳ ᠬᠢᠨᠠᠨ ᠵᠥᠪᠯᠡᠭᠦ᠂ ᠰᠠᠨᠠᠯ ᠳᠤᠷᠠᠳᠬᠤ ᠶᠢ ᠪᠠᠲᠤᠯᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ | ᠲᠠᠰᠤᠷᠠᠯᠳᠠ ᠦᠭᠡᠢ ᠲᠡᠭᠦᠯᠳᠡᠷᠵᠢᠵᠦ ᠪᠠᠶᠢᠭ᠎ᠠ ᠶᠢ ᠢᠯᠡᠷᠡᠭᠦᠯᠪᠡ᠃ | | | | ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ ᠮᠠᠶ᠋ᠢᠭ ᠢ ᠨᠢᠭᠡᠳᠦᠯᠲᠡᠢ ᠲᠣᠭᠲᠠᠭᠠᠵᠤ᠂ ᠶᠡᠭᠡ ᠬᠤᠷᠠᠯ ᠤᠨ ᠲᠡᠰ | ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠠᠢ | | | | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠪᠠᠲᠤᠯᠠᠬᠤ ᠡᠷᠬᠡ ᠶᠢ | ᠬᠡᠷᠡᠭᠵᠢᠭᠦᠯᠬᠦ ᠪᠣᠯ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠨᠢᠭᠡ ᠵᠦᠢᠯ ᠤᠨ ᠬᠠᠤᠯᠢ ᠳᠤ ᠲᠣᠭᠲᠠᠭᠠᠭᠰᠠᠨ ᠡᠷᠬᠡ ᠮᠥᠨ᠃ | | ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠵᠥᠪᠯᠡᠭᠦ ᠳᠦᠷᠢᠮ ᠳᠤ | ᠵᠠᠰᠠᠪᠤᠷᠢ ᠣᠷᠣᠭᠤᠯᠬᠤ ᠦᠶ᠎ᠡ ᠳᠤ᠂ ᠥᠩᠭᠡᠷᠡᠭᠰᠡᠨ ᠵᠢᠯ ᠤᠳ ᠤᠨ ᠶᠡᠭᠡ ᠬᠤᠷᠠᠯ ᠤᠨ ᠰᠠᠨᠠᠯ ᠵᠥᠪᠯᠡᠯᠭᠡ ᠶᠢ ᠪᠠᠲᠤᠯᠠᠬᠤ | ᠠᠷᠭ᠎ᠠ ᠶᠢᠨ ᠬᠤᠯᠪᠣᠭᠳᠠᠯ ᠪᠦᠬᠦᠢ ᠠᠭᠤᠯᠭ᠎ᠠ ᠶᠢ ᠰᠢᠩᠭᠡᠬᠡᠨ ᠠᠪᠴᠤ᠂ ᠬᠡᠷᠡᠭ ᠵᠥᠪᠯᠡᠭᠦ ᠳᠦᠷᠢᠮ ᠤᠨ 60 ᠳ᠋ᠤᠭᠠᠷ | ᠵᠤᠷᠪᠤᠰ ᠲᠤ ᠪᠠᠲᠤᠯᠠᠬᠤ ᠠᠷᠭ᠎ᠠ ᠮᠠᠶ᠋ᠢᠭ ᠤᠨ ᠲᠤᠬᠠᠢ ᠲᠣᠳᠣᠷᠬᠠᠢ ᠨᠢᠭᠡᠳᠦᠯᠲᠡᠢ ᠲᠣᠭᠲᠠᠭᠠᠯ ᠭᠠᠷᠭᠠᠪᠠ - | | ︽ᠬᠤᠷᠠᠯ ᠠᠴᠠ ᠰᠠᠨᠠᠯ ᠵᠥᠪᠯᠡᠯᠭᠡ ᠶᠢ ᠪᠠᠲᠤᠯᠠᠬᠤ ᠳᠠᠭᠠᠨ ᠨᠡᠷ᠎ᠡ ᠲᠡᠮᠳᠡᠭᠯᠡᠬᠦ ᠦᠭᠡᠢ ᠪᠠᠷ ᠪᠠᠲᠤᠯᠠᠭᠤᠷ | ᠮᠠᠰᠢᠨ ᠢ ᠳᠠᠷᠤᠬᠤ ᠠᠷᠭ᠎ᠠ ᠶᠢ ᠬᠡᠷᠡᠭᠯᠡᠨ᠎ᠡ᠃ ᠬᠡᠷᠪᠡ ᠪᠠᠲᠤᠯᠠᠭᠤᠷ ᠮᠠᠰᠢᠨ ᠤ ᠰᠢᠰᠲ᠋ᠧᠮ ᠬᠡᠷᠡᠭᠯᠡᠬᠦ ᠶᠠᠪᠤᠴᠠ ᠳᠤ | ᠰᠠᠭᠠᠳ ᠭᠠᠷᠪᠠᠯ ᠭᠠᠷ ᠡᠷᠭᠦᠭᠦ ᠠᠷᠭ᠎ᠠ ᠶᠢ ᠬᠡᠷᠡᠭᠯᠡᠨ᠎ᠡ︾᠃ | | ︽ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠳᠤ ᠨᠡᠷ᠎ᠡ ᠲᠡᠮᠳᠡᠭᠯᠡᠬᠦ ᠦᠭᠡᠢ ᠪᠠᠷ ᠪᠢᠯᠧᠲ ᠦᠭᠭᠦ | ᠠᠷᠭ᠎ᠠ ᠪᠠᠷ ᠪᠠᠲᠤᠯᠠᠨ᠎ᠠ︾᠃ | | ︽ᠪᠡᠯᠡᠳᠬᠡᠯ ᠬᠤᠷᠠᠯ᠂ ᠲᠡᠷᠢᠭᠦᠯᠡᠭᠴᠢᠳ ᠤᠨ ᠪᠦᠯᠭᠦᠮ ᠤᠨ ᠬᠤᠷᠠᠯ ᠢᠶᠠᠷ ᠪᠠᠲᠤᠯᠠᠬᠤ ᠠᠷᠭ᠎ᠠ ᠭᠡᠯᠪᠡᠷᠢ ᠳᠤ | ᠲᠤᠰ ᠵᠤᠷᠪᠤᠰ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠬᠡᠷᠡᠭᠯᠡᠨ᠎ᠡ︾᠃ | | ᠰᠠᠨᠠᠯ ᠵᠥᠪᠯᠡᠯᠭᠡ ᠶᠢ ᠪᠠᠲᠤᠯᠠᠬᠤ ᠠᠷᠭ᠎ᠠ ᠮᠠᠶ᠋ᠢᠭ ᠢ ᠨᠢᠭᠡᠳᠦᠯᠲᠡᠢ ᠵᠢᠷᠤᠮᠵᠢᠭᠤᠯᠤᠭᠰᠠᠨ ᠨᠢ ᠪᠠᠲᠤᠯᠠᠬᠤ ᠠᠷᠭ᠎ᠠ | ᠮᠠᠶ᠋ᠢᠭ ᠤᠨ ᠨᠢᠭᠡᠳᠦᠯᠲᠦ ᠴᠢᠨᠠᠷ ᠢ ᠪᠠᠲᠤᠯᠠᠪᠠ᠃ ᠢᠩᠭᠢᠪᠡᠯ ᠬᠤᠶᠢᠰᠢᠳᠠ ᠵᠢᠯ ᠪᠦᠷᠢ ᠶᠢᠨ ᠶᠡᠭᠡ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠤᠨ ᠠᠩᠬᠠᠳᠤᠭᠠᠷ ᠬᠤᠷᠠᠯ ᠳᠤ ᠲᠤᠰ ᠤᠳᠠᠭᠠᠨ ᠤ ᠶᠡᠭᠡ ᠬᠤᠷᠠᠯ ᠤᠨ ᠰᠠᠨᠠᠯ | ᠵᠥᠪᠯᠡᠯᠭᠡ ᠶᠢ ᠪᠠᠲᠤᠯᠠᠬᠤ ᠠᠷᠭ᠎ᠠ ᠶᠢ ᠠᠰ ᠲᠤᠨᠢ ᠬᠢᠨᠠᠨ ᠶᠠᠷᠢᠯᠴᠠᠵᠤ ᠪᠠᠲᠤᠯᠠᠬᠤ ᠴᠢᠬᠤᠯᠠ ᠦᠭᠡᠢ ᠪᠣᠯᠣᠨ᠎ᠠ᠃ | | | | ᠠᠵᠢᠯ ᠤᠨ ᠮᠡᠳᠡᠭᠡ ᠵᠠᠩᠭᠢᠵᠢᠯᠲᠠ ᠶᠢᠨ ᠲᠠᠪᠴᠠᠩ ᠢ ᠡᠬᠢᠯᠡᠨ ᠬᠡᠷᠡᠭᠯᠡᠵᠦ᠂ ᠲᠥᠯᠥᠭᠡᠯᠡᠭᠴᠢᠳ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠨᠡᠩ ᠲᠦᠭᠦᠮ ᠦᠵᠡᠭᠦᠯᠪᠡ | | | | ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠡᠷᠡᠭ ᠵᠥᠪᠯᠡᠭᠦ ᠳᠦᠷᠢᠮ ᠳᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠷᠠᠯ ᠠᠴᠠ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠨ᠂ ᠬᠤᠷᠠᠯ ᠤᠨ ᠪᠢᠴᠢᠭ | ᠮᠠᠲ᠋ᠧᠷᠢᠶᠠᠯ ᠢ ᠡᠯᠧᠺᠲᠷᠤᠨᠴᠢᠯᠠᠬᠤ ᠶᠢ ᠠᠬᠢᠭᠤᠯᠵᠤ᠂ ᠰᠦᠯᠵᠢᠶᠡᠨ ᠸᠢᠳᠢᠤ᠋ ᠵᠡᠷᠭᠡ ᠠᠷᠭ᠎ᠠ ᠮᠠᠶ᠋ᠢᠭ ᠢᠶᠠᠷ | ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠲᠥᠭᠦᠮ ᠳᠥᠲᠡ ᠪᠠ ᠦᠢᠯᠡᠴᠢᠯᠡᠭᠡ | ᠬᠠᠩᠭᠠᠨ᠎ᠠ ᠭᠡᠵᠦ ᠲᠣᠭᠲᠠᠭᠠᠵᠠᠢ᠃ | | ᠬᠡᠷᠡᠭ ᠵᠥᠪᠯᠡᠭᠦ ᠳᠦᠷᠢᠮ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠡᠨᠡ ᠵᠢᠯ ᠤᠨ 2 ᠰᠠᠷ᠎ᠠ ᠶᠢᠨ 23 ᠤ ᠡᠳᠦᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠠᠵᠢᠯ ᠤᠨ ᠮᠡᠳᠡᠭᠡ ᠵᠠᠩᠭᠢᠵᠢᠯᠲᠠ ᠶᠢᠨ ᠲᠠᠪᠴᠠᠩ ᠵᠢᠩᠬᠢᠨᠢ ᠪᠠᠷ ᠠᠰᠢᠭᠯᠠᠯᠲᠠ ᠳᠤ | ᠣᠷᠣᠪᠠ᠃ | | ᠣᠶᠢᠯᠠᠭᠠᠭᠰᠠᠨ ᠢᠶᠠᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠡᠨᠡ ᠵᠢᠯ ᠤᠨ ᠶᠡᠭᠡ ᠬᠤᠷᠠᠯ ᠤᠨ | ᠬᠤᠭᠤᠴᠠᠭᠠᠨ ᠳᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠠᠩᠬ᠎ᠠ ᠤᠳᠠᠭ᠎ᠠ ᠲᠠᠪᠴᠠᠩ ᠢᠶᠠᠷ ᠳᠠᠮᠵᠢᠭᠤᠯᠤᠨ | ᠲᠤᠰᠢᠶᠠᠬᠤ ᠪᠠ ᠬᠤᠪᠢᠶᠠᠨ ᠭᠦᠢᠴᠡᠳᠬᠡᠬᠦ ᠪᠣᠯᠣᠨ᠎ᠠ᠃ | | ᠦᠨᠡᠨ ᠳᠡᠭᠡᠨ᠂ 2021 ᠣᠨ ᠤ 3 ᠰᠠᠷ᠎ᠠ ᠳᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠬᠤᠭᠤᠴᠠᠭᠠᠨ ᠳᠤ᠂ | ᠬᠡᠰᠡᠭ ᠲᠥᠯᠥᠭᠡᠯᠡᠭᠴᠢ ᠠᠴᠠ ᠲᠥᠯᠥᠭᠡᠯᠡᠭᠴᠢᠳ ᠤᠨ ᠠᠵᠢᠯ ᠤᠨ ᠮᠡᠳᠡᠭᠡ ᠵᠠᠩᠭᠢᠵᠢᠯᠲᠠ ᠶᠢᠨ ᠲᠠᠪᠴᠠᠩ ᠢ ᠲᠤᠷᠰᠢᠨ | ᠬᠡᠷᠡᠭᠯᠡᠪᠡ᠃ | | ᠨᠢᠳᠤᠨᠤᠨ ᠤ ᠶᠡᠭᠡ ᠬᠤᠷᠠᠯ ᠤᠨ ᠬᠤᠭᠤᠴᠠᠭᠠᠨ ᠳᠤ ᠲᠤᠷᠰᠢᠨ ᠬᠡᠷᠡᠭᠯᠡᠭᠰᠡᠨ ᠪᠠ ᠬᠤᠷᠠᠯ ᠲᠡᠭᠦᠰᠴᠦ ᠬᠠᠯᠠᠨ | ᠰᠠᠶᠢᠵᠢᠷᠠᠭᠤᠯᠤᠭᠰᠠᠨ ᠤ ᠳᠠᠷᠠᠭ᠎ᠠ᠂ ᠣᠳᠣᠬᠠᠨ ᠳᠤ᠂ ᠬᠠᠤᠯᠢ ᠴᠠᠭᠠᠵᠠ ᠶᠢᠨ ᠲᠥᠰᠥᠯ ᠳᠤ ᠲᠥᠯᠥᠭᠡᠯᠡᠭᠴᠢᠳ ᠠᠴᠠ | ᠰᠠᠨᠠᠯ ᠬᠤᠷᠢᠶᠠᠬᠤ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠪᠦᠭᠦ ᠶᠠᠪᠤᠴᠠ ᠪᠠᠷ ᠮᠡᠳᠡᠭᠡ ᠵᠠᠩᠭᠢᠵᠢᠭᠤᠯᠬᠤ᠂ | ᠲᠥᠯᠥᠭᠡᠯᠡᠭᠴᠢᠳ ᠤᠨ ᠰᠠᠨᠠᠭᠤᠯᠭ᠎ᠠ ᠶᠢ ᠪᠦᠭᠦ ᠶᠠᠪᠤᠴᠠ ᠪᠠᠷ ᠮᠡᠳᠡᠭᠡ ᠵᠠᠩᠭᠢᠵᠢᠭᠤᠯᠬᠤ ᠵᠡᠷᠭᠡ ᠴᠢᠳᠠᠮᠵᠢ ᠶᠢᠨ | ᠦᠢᠯᠡᠳᠦᠯ ᠨᠢ ᠮᠠᠰᠢ ᠰᠠᠶᠢᠨ ᠪᠠᠶᠢᠵᠤ᠂ ᠲᠥᠯᠥᠭᠡᠯᠡᠭᠴᠢᠳ ᠠᠴᠠ ᠰᠤᠷᠤᠯᠴᠠᠯᠭ᠎ᠠ ᠪᠠ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠮᠡᠳᠡᠭᠡ ᠵᠠᠩᠭᠢ ᠶᠢ ᠨᠠᠩ ᠲᠦᠷᠭᠡᠨ ᠣᠯᠵᠤ᠂ ᠰᠠᠨᠠᠯ ᠵᠥᠪᠯᠡᠯᠭᠡ ᠰᠠᠨᠠᠭᠤᠯᠭ᠎ᠠ ᠶᠢ ᠨᠠᠩ ᠥᠨᠳᠥᠷ | ᠪᠦᠲᠦᠮᠵᠢᠲᠡᠶ ᠰᠢᠢᠳᠪᠦᠷᠢᠯᠡᠵᠦ᠂ ᠨᠡᠪᠲᠡᠷᠡᠯᠴᠡᠨ ᠬᠠᠷᠢᠯᠴᠠᠬᠤ ᠳᠤ ᠴᠤ ᠨᠠᠩ ᠲᠥᠭᠦᠮ ᠪᠣᠯᠭᠠᠪᠠ᠃ | | ᠡᠨᠡ ᠵᠢᠯ ᠮᠡᠳᠡᠭᠡ ᠵᠠᠩᠭᠢᠵᠢᠯᠲᠠ ᠶᠢᠨ ᠲᠠᠪᠴᠠᠩ ᠤᠨ ᠳᠡᠮᠵᠢᠯᠭᠡ ᠪᠠᠷ ᠲᠥᠯᠥᠭᠡᠯᠡᠭᠴᠢᠳ ᠡᠭᠦᠷᠭᠡ | ᠲᠤᠰᠢᠶᠠᠯ ᠢᠶᠠᠨ ᠭᠦᠢᠴᠡᠳᠬᠡᠬᠦ ᠳᠤ ᠨᠡᠩ ᠳᠥᠭᠦᠮ ᠪᠣᠯᠵᠤ᠂ ᠶᠡᠭᠡ ᠬᠤᠷᠠᠯ ᠢ ᠨᠡᠩ ᠴᠣᠮᠬᠠᠳᠬᠠᠵᠤ᠂ ᠥᠨᠳᠥᠷ | ᠪᠦᠲᠦᠮᠵᠢᠲᠡᠢ ᠬᠤᠷᠠᠯᠳᠤᠭᠤᠯᠬᠤ ᠶᠢ ᠢᠲᠡᠭᠡᠵᠦ ᠪᠠᠶᠢᠨ᠎ᠠ᠃ | | | | ᠶᠡᠭᠡ ᠬᠤᠷᠠᠯ ᠢ ᠨᠡᠩ ᠨᠡᠭᠡᠭᠡᠯᠲᠡ ᠲᠠᠢ ᠢᠯᠡ ᠲᠣᠳᠣ ᠬᠤᠷᠠᠯᠳᠤᠭᠤᠯᠵᠤ ᠳᠤᠮᠳᠠᠳᠤ ᠤᠯᠤᠰ ᠤᠨ ᠢᠲᠡᠭᠡᠯ ᠢ | ᠢᠯᠡᠷᠡᠭᠦᠯᠦᠨ᠎ᠡ | | | | ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠡᠷᠡᠭ ᠵᠥᠪᠯᠡᠭᠦ ᠳᠦᠷᠢᠮ ᠳᠤ ᠰᠢᠨ᠎ᠡ ᠲᠣᠭᠲᠠᠭᠠᠯ ᠨᠡᠮᠡᠭᠰᠡᠨ ᠪᠠᠶᠢᠨ᠎ᠠ - | | ︽ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠥᠭᠦᠯᠡᠭᠴᠢ | ᠲᠣᠮᠢᠯᠠᠨ᠎ᠠ᠂ ᠲᠥᠯᠥᠭᠡᠯᠡᠭᠴᠢᠳ ᠤᠨ ᠪᠦᠯᠭᠦᠮ ᠬᠡᠷᠡᠭᠴᠡᠭᠡ ᠪᠠᠨ ᠦᠨᠳᠦᠰᠦᠯᠡᠵᠦ ᠥᠭᠦᠯᠡᠭᠴᠢ ᠲᠣᠮᠢᠯᠠᠵᠤ ᠪᠣᠯᠣᠨ᠎ᠠ︾᠃ | | ︽ᠨᠠᠷᠢᠨ ᠪᠢᠴᠢᠭ ᠤᠨ ᠭᠠᠵᠠᠷ ᠠᠴᠠ ᠲᠥᠯᠥᠭᠡᠯᠡᠭᠴᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ | ᠨᠢᠭᠡᠴᠢ ᠶᠢᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠰᠣᠨᠢᠨ ᠮᠡᠳᠡᠭᠡᠨ ᠤ ᠵᠠᠭᠤᠴᠢᠯᠠᠭᠤᠷ ᠤᠨ | ᠰᠣᠷᠪᠤᠯᠵᠢᠯᠠᠭ᠎ᠠ ᠶᠢ ᠬᠦᠯᠢᠶᠡᠯᠭᠡᠵᠦ ᠪᠣᠯᠣᠨ᠎ᠠ᠃ ᠲᠥᠯᠥᠭᠡᠯᠡᠭᠴᠢᠳ ᠤᠨ ᠪᠦᠯᠭᠦᠮ ᠤᠨ ᠬᠢᠨ ᠲᠤᠰ | ᠲᠥᠯᠥᠭᠡᠯᠡᠭᠴᠢᠳ ᠤᠨ ᠪᠦᠯᠭᠦᠮ ᠤᠨ ᠢᠶᠠᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠰᠣᠨᠢᠨ ᠮᠡᠳᠡᠭᠡᠨ ᠤ | ᠵᠠᠭᠤᠴᠢᠯᠠᠭᠤᠷ ᠤᠨ ᠰᠣᠷᠪᠤᠯᠵᠢᠯᠠᠭ᠎ᠠ ᠶᠢ ᠬᠦᠯᠢᠶᠡᠯᠭᠡᠵᠦ ᠪᠣᠯᠣᠨ᠎ᠠ︾᠃ | | ︽ᠶᠡᠭᠡ ᠬᠤᠷᠠᠯ ᠤᠨ ᠪᠦᠭᠦᠳᠡ ᠬᠤᠷᠠᠯ ᠢ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ ᠵᠡᠷᠭᠡ | ᠵᠠᠭᠤᠴᠢᠯᠠᠭᠤᠷ ᠢᠶᠠᠷ ᠳᠠᠮᠵᠢᠭᠤᠯᠤᠨ ᠢᠯᠡ ᠪᠠᠷ ᠮᠡᠳᠡᠭᠡᠯᠡᠨ᠎ᠡ︾᠃ | | ᠡᠳᠡᠭᠡᠷ ᠲᠣᠭᠲᠠᠭᠠᠯ ᠪᠣᠯ ᠣᠶᠢᠷ᠎ᠠ ᠶᠢᠨ ᠵᠢᠯ ᠤᠨ ᠲᠤᠷᠰᠢᠬᠢ ᠶᠡᠭᠡ ᠬᠤᠷᠠᠯ ᠤᠨ ᠠᠯᠢ ᠤᠯᠠᠨ | ᠪᠣᠯᠪᠠᠰᠤᠷᠠᠩᠭᠤᠢ ᠦᠢᠯᠡᠳᠦᠯᠭᠡ ᠶᠢᠨ ᠳ᠋ᠦᠩᠨᠡᠯᠲᠡ ᠪᠠ ᠵᠢᠷᠤᠮᠵᠢᠯ ᠮᠥᠨ᠂ ᠬᠠᠤᠯᠢ ᠳᠤ ᠲᠣᠭᠲᠠᠭᠠᠭᠰᠠᠨ ᠲᠡᠰ | ᠳᠠᠷᠠᠭᠠᠯᠠᠯ ᠢᠶᠠᠷ ᠶᠡᠭᠡ ᠬᠤᠷᠠᠯ ᠤᠨ ᠬᠤᠷᠠᠯᠳᠤᠬᠤ ᠶᠢ ᠢᠯᠡ ᠲᠣᠳᠣ ᠪᠠᠶᠢᠯᠭᠠᠬᠤ ᠶᠢ ᠪᠠᠲᠤᠯᠠᠪᠠ᠃ | | ᠣᠶᠢᠯᠠᠭᠠᠭᠰᠠᠨ ᠢᠶᠠᠷ᠂ ᠡᠨᠡ ᠵᠢᠯ᠂ ᠶᠡᠭᠡ ᠬᠤᠷᠠᠯ ᠤᠨ ᠥᠭᠦᠯᠡᠭᠴᠢ ᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ | ᠶᠠᠪᠤᠭᠳᠠᠭᠤᠯᠬᠤ ᠪᠥᠭᠡᠳ ᠲᠥᠯᠥᠭᠡᠯᠡᠭᠴᠢᠳ ᠤᠨ ᠰᠣᠷᠪᠤᠯᠵᠢᠯᠠᠭ᠎ᠠ ᠬᠦᠯᠢᠶᠡᠬᠦ ᠵᠠᠮ᠂ ᠰᠠᠶᠢᠳ ᠨᠠᠷ ᠤᠨ | ᠰᠣᠷᠪᠤᠯᠵᠢᠯᠠᠭ᠎ᠠ ᠬᠦᠯᠢᠶᠡᠬᠦ ᠵᠠᠮ ᠢ ᠲᠣᠬᠢᠷᠠᠭᠤᠯᠤᠨ᠎ᠠ᠃ ᠰᠣᠨᠢᠨ ᠮᠡᠳᠡᠭᠡᠨ ᠤ ᠲᠥᠪ ᠤᠨ ᠬᠢᠨ ᠢᠨᠲ᠋ᠧᠷ ᠰᠦᠯᠵᠢᠶ᠎ᠡ | ᠵᠡᠷᠭᠡ ᠮᠡᠷᠭᠡᠵᠢᠯ ᠢ ᠭᠦᠢᠴᠡᠳ ᠬᠡᠷᠡᠭᠯᠡᠨ ᠳᠤᠮᠳᠠᠳᠤ ᠭᠠᠳᠠᠭᠠᠳᠤ ᠶᠢᠨ ᠰᠣᠷᠪᠤᠯᠵᠢᠯᠠᠭᠴᠢᠳ ᠲᠤ ᠦᠢᠯᠡᠴᠢᠯᠡᠭᠡ | ᠬᠠᠩᠭᠠᠵᠤ᠂ ᠳᠤᠮᠳᠠᠳᠤ ᠭᠠᠳᠠᠭᠠᠳᠤ ᠶᠢᠨ ᠰᠣᠷᠪᠤᠯᠵᠢᠯᠠᠭᠴᠢᠳ ᠤᠨ ᠬᠠᠷᠢᠯᠴᠠᠵᠤ ᠰᠣᠷᠪᠤᠯᠵᠢᠯᠠᠭ᠎ᠠ ᠬᠢᠬᠦ ᠶᠢ | ᠢᠳᠡᠪᠬᠢᠲᠡᠢ ᠬᠠᠮᠵᠢᠨ᠎ᠠ᠃ | | ᠶᠡᠭᠡ ᠬᠤᠷᠠᠯ ᠢ ᠢᠯᠡ ᠲᠣᠳᠣ ᠬᠤᠷᠠᠯᠳᠤᠭᠤᠯᠬᠤ ᠨᠢ᠂ ᠪᠠᠰᠠ ᠴᠤ ᠪᠦᠭᠦ ᠶᠠᠪᠤᠴᠠ ᠶᠢᠨ ᠠᠷᠠᠳ ᠤᠨ | ᠠᠷᠠᠳᠴᠢᠯᠠᠭᠰᠠᠨ ᠪᠠᠶᠢᠭᠤᠯᠤᠯ ᠤᠨ ᠳᠠᠪᠠᠭᠤᠯᠢᠭ ᠤᠨ ᠪᠣᠳᠠᠲᠠᠢ ᠢᠯᠡᠷᠡᠯ ᠮᠥᠨ᠂ ᠡᠨᠡ ᠨᠢ ᠳᠤᠮᠳᠠᠳᠤ ᠤᠯᠤᠰ ᠤᠨ | ᠨᠡᠭᠡᠭᠡᠯᠲᠡ ᠲᠠᠢ ᠪᠠᠶᠢᠬᠤ ᠬᠢᠭᠡᠳ ᠢᠲᠡᠭᠡᠯ ᠵᠣᠷᠢᠭ ᠲᠠᠢ ᠪᠠᠶᠢᠬᠤ ᠶᠢ ᠢᠯᠡᠷᠡᠭᠦᠯᠦᠭᠰᠡᠨ ᠪᠠᠶᠢᠨ᠎ᠠ᠃ | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠩ ᠸᠧᠢ ᠬᠠᠨ ᠴᠧᠨ ᠹᠧᠢ ᠸᠠᠩ ᠴᠢ | | ︵ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 3 ᠤ ᠴᠠᠭᠢᠯᠭᠠᠨ ᠮᠡᠳᠡᠭᠡ︶ |