ᠯᠢ ᠵᠠᠨ ᠱᠸ ᠵᠢᠶᠠᠩᠰᠢ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ  ᠢ ᠭᠦᠨᠵᠡᠭᠡᠢ ᠲᠠᠨᠢᠵᠤ ᠶᠡᠷᠦᠩᠬᠡᠢ ᠱᠦᠵᠢ ᠰᠢ ᠶᠢᠨ ᠫᠢᠩ  ᠤᠨ ᠵᠢᠶᠠᠩᠰᠢ ᠎ ᠶᠢᠨ ᠠᠵᠢᠯ  ᠤᠨ ᠲᠤᠬᠠᠢ ᠵᠢᠭᠠᠪᠤᠷᠢ ᠱᠠᠭᠠᠷᠳᠠᠯᠭ᠎ᠠ  ᠶᠢ ᠴᠢᠨᠠᠭᠰᠢᠳᠠ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/3/25
           ᠰᠢᠨᠬᠤᠸᠠ  ᠬᠤᠷᠢᠶᠠᠨ  ᠤ  ᠪᠡᠭᠡᠵᠢᠩ  ᠤᠨ 3 ᠰᠠᠷ᠎ᠠ  ᠶᠢᠨ 5  ᠎ ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶᠠᠨ  ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ  ᠤ ᠬᠤᠷᠢᠶᠠᠨ ᠳᠠᠷᠤᠭ᠎ᠠ ᠯᠢ ᠵᠠᠨ ᠱᠸ 5  ᠎ ᠤ ᠦᠳᠡ  ᠶᠢᠨ ᠬᠤᠶᠢᠨ᠎ᠠ ᠲᠡᠭᠦᠨ  ᠤ ᠪᠠᠶᠢᠭ᠎ᠠ ᠵᠢᠶᠠᠩᠰᠢ  ᠶᠢᠨ ᠲᠥᠯᠥᠭᠡᠯᠡᠭᠴᠢᠳ ᠤᠨ ᠪᠦᠯᠭᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ  ᠢ ᠬᠢᠨᠠᠨ ᠵᠥᠪᠯᠡᠪᠡ᠃            ᠶᠠᠩ ᠭᠦᠢ ᠫᠢᠩ᠂ ᠴᠧᠨ ᠺᠠᠩ ᠫᠢᠩ᠂ ᠯᠢ ᠰᠢᠤ ᠰᠢᠶᠠᠩ ᠵᠡᠷᠭᠡ ᠲᠥᠯᠥᠭᠡᠯᠡᠭᠴᠢ ᠶᠢᠨ ᠭᠡᠯᠡᠭᠦ ᠶᠢ ᠰᠣᠨᠣᠰᠤᠭᠰᠠᠨ  ᠤ ᠳᠠᠷᠠᠭ᠎ᠠ ᠯᠢ ᠵᠠᠨ ᠱᠸ᠂ ᠶᠡᠷᠦᠩᠬᠡᠢ ᠰᠠᠶᠢᠳ ᠯᠢ ᠺᠧ ᠴᠢᠶᠠᠩ  ᠤᠨ ᠬᠢᠭᠰᠡᠨ ᠵᠠᠰᠠᠭ  ᠤᠨ ᠣᠷᠳᠣᠨ  ᠤ ᠠᠵᠢᠯ  ᠤᠨ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ  ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠵᠠᠮ ᠨᠡᠭᠡᠭᠡᠨ ᠰᠢᠨ᠎ᠡ ᠶᠢ ᠡᠭᠦᠳᠦᠭᠰᠡᠨ᠂ ᠬᠥᠮᠥᠰ ᠤᠨ ᠰᠡᠳᠬᠢᠯ ᠢ ᠵᠣᠷᠢᠭᠵᠢᠭᠤᠯᠤᠮ᠎ᠠ ᠰᠠᠶᠢᠨ ᠢᠯᠡᠳᠬᠡᠯ ᠪᠣᠯᠵᠠᠢ᠃ ᠡᠨᠡ ᠬᠦ ᠢᠯᠡᠳᠬᠡᠯ ᠢ  ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠦ ᠬᠡᠯᠡᠪᠡ᠃            ᠯᠢ ᠵᠠᠨ ᠱᠸ᠂ ᠥᠩᠭᠡᠷᠡᠭᠰᠡᠨ ᠨᠢᠭᠡ ᠵᠢᠯ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠬᠥᠰᠢᠶ᠎ᠡ ᠲᠡᠮᠳᠡᠭ  ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠂ ᠰᠢ ᠶᠢᠨ ᠫᠢᠩ ᠨᠥᠬᠦᠷ  ᠢᠶᠠᠷ ᠭᠤᠣᠯ ᠪᠤᠯᠭᠠᠭᠰᠠᠨ ᠨᠠᠮ  ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠵᠠᠭᠤᠨ ᠵᠢᠯ ᠤᠨ ᠬᠤᠪᠢᠰᠤᠯᠲᠠ ᠪᠣᠯᠣᠨ ᠡᠷᠡᠨ ᠵᠠᠭᠤᠨ  ᠤ  ᠬᠢᠵᠢᠭ  ᠤᠨ ᠪᠠᠶᠢᠳᠠᠯ ᠎ ᠢ ᠯᠠᠪᠳᠠᠭᠤᠨ ᠪᠠᠲᠤᠲᠠᠢ ᠠᠷᠭᠠᠴᠠᠭᠠᠵᠤ᠂ ᠨᠠᠮ ᠪᠣᠯᠣᠨ ᠤᠯᠤᠰ  ᠤᠨ ᠦᠢᠯᠡᠰ  ᠢ ᠠᠬᠢᠭᠤᠯᠤᠨ ᠴᠢᠬᠤᠯᠠ ᠶᠡᠭᠡ ᠰᠢᠨ᠎ᠡ ᠠᠮᠵᠢᠯᠲᠠ ᠣᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠠᠶᠢᠨ ᠰᠠᠶᠢᠬᠠᠨ ᠡᠭᠢᠯᠡᠯᠲᠡ  ᠶᠢ ᠪᠡᠶᠡᠯᠡᠭᠦᠯᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠪᠠ ᠤᠯᠤᠰ  ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠳᠤᠮᠳᠠᠳᠤ ᠶᠢᠨ ᠦᠨᠳᠦᠰᠦᠲᠡᠨ  ᠤ ᠠᠭᠤᠤ ᠶᠡᠭᠡ ᠰᠡᠷᠭᠦᠨ ᠮᠠᠨᠳᠤᠯᠲᠠ  ᠶᠢ  ᠪᠡᠶᠡᠯᠡᠭᠦᠯᠬᠦ  ᠳᠤ ᠨᠡᠩ ᠪᠦᠷᠢᠨ ᠲᠡᠭᠦᠯᠳᠡᠷ ᠪᠠᠶᠢᠭᠤᠯᠤᠯ ᠎ ᠤᠨ ᠪᠠᠲᠤᠯᠠᠭ᠎ᠠ᠂ ᠨᠡᠩ ᠪᠠᠲᠤ ᠪᠠᠬᠢ ᠪᠣᠳᠠᠰ  ᠤᠨ ᠰᠠᠭᠤᠷᠢ᠂ ᠨᠡᠩ ᠰᠠᠨᠠᠭᠠᠴᠢᠯᠠᠭᠠᠲᠤ ᠤᠶᠤᠨ  ᠤ ᠬᠦᠴᠦᠨ  ᠢ ᠬᠠᠩᠭᠠᠵᠤ᠂ ᠨᠠᠮ  ᠶᠠᠭ  ᠰᠠᠶ᠋ᠢᠬᠠᠨ ᠠᠷᠠᠳ ᠲᠦᠮᠡᠨ  ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ  ᠤᠨ ᠵᠠᠮ ᠳᠡᠭᠡᠷ᠎ᠡ ᠳᠤᠮᠳᠠᠳᠤ  ᠶᠢᠨ ᠦᠨᠳᠦᠰᠦᠲᠡᠨ  ᠤ ᠠᠭᠤᠤ ᠶᠡᠭᠡ ᠰᠡᠷᠭᠦᠨ ᠮᠠᠨᠳᠤᠯᠲᠠ ᠶᠢ  ᠪᠡᠶᠡᠯᠡᠭᠦᠯᠬᠦ ᠪᠠᠷ  ᠪᠤᠴᠠᠯᠲᠠ ᠦᠭᠡᠢ ᠤᠷᠤᠭᠰᠢᠯᠠᠵᠤ ᠪᠠᠶᠢᠨ᠎ᠠ᠃ ᠮᠠᠷᠺᠰ  ᠤᠨ ᠦᠵᠡᠯ  ᠤᠨ ᠳᠤᠮᠳᠠᠳᠤ ᠤᠯᠤᠰᠴᠢᠯᠠᠯᠳᠠ ᠴᠠᠭ ᠦᠶᠡᠴᠢᠯᠡᠯᠳᠡ ᠲᠠᠰᠤᠷᠠᠯᠳᠠ ᠦᠭᠡᠢ ᠠᠮᠵᠢᠯᠲᠠ ᠣᠯᠵᠤ᠂ ᠮᠠᠷᠺᠰ  ᠤᠨ ᠦᠵᠡᠯ  ᠢ  ᠴᠣ ᠰᠢᠨ᠎ᠡ ᠳᠦᠷᠢ ᠲᠥᠷᠬᠦ  ᠪᠠᠷ ᠳᠡᠯᠡᠬᠡᠢ ᠳ᠋ᠠᠬᠢᠨ᠎ᠠ ᠢᠯᠡᠷᠡᠭᠦᠯᠵᠦ᠂ ᠳᠡᠯᠡᠬᠡᠢ  ᠶᠢᠨ ᠬᠡᠪᠴᠢᠶᠡᠨ  ᠳᠠᠬᠢ ᠨᠡᠶᠢᠭᠡᠮ ᠵᠢᠷᠤᠮ ᠪᠠ ᠬᠥᠷᠥᠩᠭᠡᠲᠦ ᠶᠣᠰᠣ ᠭᠡᠬᠦ ᠬᠤᠶᠠᠷ ᠵᠦᠢᠯ  ᠤᠨ ᠦᠵᠡᠯ ᠤᠬᠠᠮᠰᠠᠷ  ᠤᠨ ᠭᠡᠯᠪᠡᠷᠢ᠂ ᠬᠤᠶᠠᠷ ᠵᠦᠢᠯ  ᠤᠨ ᠨᠡᠶᠢᠭᠡᠮ ᠎ ᠤᠨ ᠪᠠᠶᠢᠭᠤᠯᠤᠯ  ᠤᠨ ᠲᠡᠦᠬᠡ ᠶᠢᠨ ᠬᠤᠪᠢᠰᠤᠯᠲᠠ ᠵᠢᠴᠢ ᠲᠡᠭᠦᠨ  ᠤ ᠦᠵᠡᠯᠴᠡᠭᠡᠨ  ᠳᠤ ᠨᠡᠶᠢᠭᠡᠮ ᠵᠢᠷᠤᠮ  ᠳᠤ ᠠᠰᠢᠭᠲᠠᠢ ᠴᠢᠬᠤᠯᠠ ᠶᠡᠭᠡ ᠬᠤᠪᠢᠷᠠᠯᠲᠠ ᠭᠠᠷᠭᠠᠭᠰᠠᠨ ᠪᠠᠶᠢᠨ᠎ᠠ᠃ ᠨᠠᠮ ᠠᠴᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ  ᠶᠢᠨ ᠵᠠᠮ  ᠢᠶᠠᠷ ᠠᠮᠵᠢᠯᠲᠠ ᠲᠠᠢ ᠵᠠᠮᠨᠠᠵᠤ᠂ ᠬᠥᠮᠥᠨ ᠲᠥᠷᠥᠯᠬᠢᠲᠡᠨ  ᠤ ᠪᠣᠯᠪᠠᠰᠤᠨ  ᠤ ᠰᠢᠨ᠎ᠡ ᠭᠡᠯᠪᠡᠷᠢ  ᠶᠢ ᠡᠭᠦᠳᠴᠦ᠂ ᠬᠥᠮᠥᠨ ᠲᠥᠷᠥᠯᠬᠢᠲᠡᠨ  ᠤ ᠬᠤᠪᠢ ᠵᠠᠶᠠᠭᠠᠨ ᠎ ᠤ  ᠬᠠᠮᠲᠤ  ᠶᠢᠨ ᠴᠣᠭᠴᠠ  ᠶᠢ  ᠪᠠᠶᠢᠭᠤᠯᠬᠤ  ᠶᠢ ᠠᠬᠢᠭᠤᠯᠵᠤ᠂ ᠬᠥᠮᠥᠨ ᠲᠥᠷᠥᠯᠬᠢᠲᠡᠨ  ᠤ ᠴᠢᠬᠤᠯᠠ ᠶᠡᠭᠡ ᠠᠰᠠᠭᠤᠳᠠᠯ  ᠢ ᠰᠢᠢᠳᠪᠦᠷᠢᠯᠡᠬᠦ  ᠳᠤ ᠳᠤᠮᠳᠠᠳᠤ ᠤᠯᠤᠰ  ᠤᠨ ᠤᠶᠤᠨ ᠤᠬᠠᠭᠠᠨ᠂ ᠳᠤᠮᠳᠠᠳᠤ ᠤᠯᠤᠰ  ᠤᠨ ᠲᠥᠰᠥᠯ᠂ ᠳᠤᠮᠳᠠᠳᠤ ᠤᠯᠤᠰ  ᠤᠨ ᠬᠦᠴᠦᠨ  ᠢ  ᠨᠡᠮᠡᠷᠢᠯᠡᠵᠦ᠂ ᠳᠡᠯᠡᠬᠡᠢ  ᠶᠢᠨ ᠲᠡᠦᠬᠡ  ᠶᠢᠨ ᠠᠬᠢᠴᠠ  ᠶᠢ ᠭᠦᠨᠵᠡᠭᠡᠢ ᠨᠥᠯᠥᠭᠡᠯᠡᠵᠡᠢ ᠭᠡᠵᠦ ᠬᠡᠯᠡᠪᠡ᠃            ᠯᠢ ᠵᠠᠨ ᠱᠣ᠋᠂ ᠵᠢᠶᠠᠩᠰᠢ ᠪᠣᠯ ᠬᠤᠪᠢᠰᠬᠠᠯᠲᠤ ᠨᠤᠲᠤᠭ ᠪᠤᠯᠬᠤ ᠶᠤᠮ᠃︽ᠬᠤᠶᠠᠷ  ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ  ᠢ  ᠭᠦᠨᠵᠡᠭᠡᠢ ᠲᠠᠨᠢᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠎ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ  ᠤᠨ ᠨᠠᠮ ᠤᠨ ᠲᠥᠪ ᠬᠤᠷᠢᠶᠠᠨ ᠤ  ᠭᠤᠣᠯᠯᠠᠭᠴᠢ᠂ ᠪᠦᠭᠦ ᠨᠠᠮ ᠤᠨ ᠭᠤᠣᠯᠯᠠᠭᠴᠢ  ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠢ  ᠶᠢᠨ ᠠᠵᠢᠯ ᠤᠨ ᠲᠤᠬᠠᠢ ᠵᠢᠭᠠᠪᠤᠷᠢ ᠱᠠᠭᠠᠷᠳᠠᠯᠭ᠎ᠠ ᠶᠢ ᠨᠠᠷᠢᠯᠢᠭ ᠪᠣᠳᠠᠲᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ  ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ  ᠤᠨ ᠬᠥᠭᠵᠢᠯᠲᠡ  ᠶᠢ ᠨᠢᠭᠡᠳᠦᠯᠲᠡᠢ ᠲᠥᠯᠥᠪᠵᠢᠭᠦᠯᠦᠨ᠂ ᠬᠥᠭᠵᠢᠯᠲᠡ ᠪᠠ ᠠᠮᠤᠷ ᠲᠦᠪᠰᠢᠨ  ᠢ ᠨᠢᠭᠡᠳᠦᠯᠲᠡᠢ ᠲᠥᠯᠥᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠤᠨ᠂ ᠵᠢᠶᠠᠩᠰᠢ  ᠶᠢᠨ ᠴᠢᠨᠠᠷ ᠰᠠᠶᠢᠲᠠᠢ ᠬᠥᠭᠵᠢᠯᠲᠡ  ᠶᠢ ᠲᠦᠷᠭᠡᠳᠬᠡᠬᠦ ᠲᠠᠯ᠎ᠠ ᠪᠠᠷ ᠵᠢᠱᠢᠶ᠎ᠡ ᠦᠵᠡᠭᠦᠯᠵᠦ᠂ ᠳᠤᠮᠳᠠ ᠬᠡᠰᠡᠭ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ ᠲᠠᠯ᠎ᠠ ᠪᠠᠷ ᠵᠣᠷᠢᠭᠲᠠᠢ ᠬᠤᠰᠢᠭᠤᠷᠠᠬᠤ ᠬᠡᠷᠡᠭᠲᠡᠢ ᠭᠡᠵᠦ ᠴᠢᠬᠤᠯᠠᠴᠢᠯᠠᠪᠠ᠃            ᠯᠢ ᠵᠠᠨ ᠱᠣ᠋᠂ ᠰᠢᠨ᠎ᠡ ᠴᠠᠭ ᠦᠶ᠎ᠡ  ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠠᠵᠢᠯ  ᠢ ᠰᠠᠶᠢᠲᠤᠷ ᠬᠢᠬᠦ  ᠳᠤ ᠲᠥᠪ  ᠤᠨ ᠠᠷᠠᠳ  ᠤᠨ ᠲᠥᠯᠥᠭᠡᠯᠡᠭᠴᠢᠳ  ᠤᠨ ᠶᠡᠭᠡ ᠬᠤᠷᠠᠯ  ᠤᠨ ᠠᠵᠢᠯ  ᠤᠨ ᠬᠤᠷᠠᠯ ᠎ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠭᠤᠣᠯᠳᠠᠯᠭ᠎ᠠ  ᠶᠢᠨ ᠲᠣᠭᠤᠷᠢᠨ  ᠳᠤ ᠶᠡᠭᠡ ᠲᠠᠯ᠎ᠠ  ᠳᠤ ᠦᠢᠯᠡᠴᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠤᠰᠢᠶᠠᠯ ᠎ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠨᠠᠮ ᠤᠨ ᠲᠥᠪ ᠬᠤᠷᠢᠶᠠᠨ ᠤ ᠵᠢᠭᠠᠭᠰᠠᠨ ᠴᠢᠭᠯᠡᠯ ᠢᠶᠠᠷ ᠤᠷᠤᠭᠰᠢᠯᠠᠬᠤ ᠶᠢ  ᠪᠠᠲᠤᠯᠠᠬᠤ ᠬᠡᠷᠡᠭᠲᠡᠢ᠃ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠭᠦᠳᠡᠨ ᠠᠴᠠ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠨᠥᠬᠦᠴᠡᠯ᠂ ᠲᠦᠷᠦ ᠲᠦᠪᠰᠢᠨ ᠲᠦᠮᠡᠨ ᠠᠮᠤᠭᠤᠯᠠᠩ ᠨᠡᠶᠢᠭᠡᠮ  ᠤᠨ ᠣᠷᠴᠢᠨ ᠨᠥᠬᠦᠴᠡᠯ᠂ ᠬᠡᠪ ᠰᠤᠷᠲᠠᠯ ᠲᠥᠪ ᠴᠢᠬᠡᠴᠢ ᠤᠯᠤᠰ ᠲᠦᠷᠦ ᠶᠢᠨ ᠣᠷᠴᠢᠨ ᠨᠥᠬᠦᠴᠡᠯ ᠢ ᠪᠠᠲᠤᠯᠠᠬᠤ ᠶᠢᠨ ᠲᠥᠯᠥᠭᠡ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠦ᠂ ᠪᠣᠳᠠᠲᠤ ᠠᠵᠢᠯᠯᠠᠭ᠎ᠠ ᠪᠠᠷ  ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ  ᠠᠮᠵᠢᠯᠲᠠ  ᠲᠠᠢ ᠪᠠᠷ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号