ᠸᠠᠩ ᠶᠠᠩ ᠰᠧᠴᠤᠸᠠᠨ ᠤ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ ᠴᠢᠬᠤᠯᠠᠴᠢᠯᠠᠭᠰᠠᠨ ᠨᠢ ᠲᠡᠦᠬᠡ  ᠪᠠᠷ ᠲᠣᠯᠢ ᠪᠤᠯᠭᠠᠵᠦ ᠢᠲᠡᠭᠡᠯ  ᠢᠶᠠᠨ ᠪᠠᠲᠤᠳᠬᠠᠨ ᠪᠦᠯᠬᠦᠮᠳᠡᠨ ᠨᠢᠭᠡᠳᠴᠦ ᠢᠷᠡᠭᠡᠳᠦᠢ  ᠪᠠᠨ ᠨᠡᠭᠡᠭᠡᠵᠦ ᠴᠣᠭᠴᠠᠯᠠᠬᠤ ᠬᠡᠷᠡᠭᠲᠡᠢ
ᠨᠡᠶᠢᠲᠡᠯᠡᠭᠰᠡᠨ ᠴᠠᠭ᠄
2022/3/25
               ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 5 ᠎ ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ 5 ᠎ ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠰᠧᠴᠤᠸᠠᠨ ᠤ ᠲᠥᠯᠥᠭᠡᠯᠡᠭᠴᠢᠳ ᠤᠨ ᠪᠦᠯᠭᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠎ ᠤ ᠠᠵᠢᠯ ᠤᠨ ᠢᠯᠡᠳᠬᠡᠯ  ᠢ ᠬᠢᠨᠠᠨ ᠵᠥᠪᠯᠡᠪᠡ᠃            ᠭᠦᠸᠧ ᠾᠧᠩ ᠰᠢᠶᠣᠣ᠂ ᠴᠢᠶᠣᠤ ᠶᠢᠨ ᠱᠤᠸᠠᠩ ᠮᠧᠶ᠂ ᠸᠠᠩ ᠰᠢᠶᠣᠣ ᠮᠧᠶ ᠵᠡᠷᠭᠡ ᠲᠥᠯᠥᠭᠡᠯᠡᠭᠴᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂︽ᠬᠤᠶᠠᠷ  ᠢ ᠬᠥᠩᠭᠡᠷᠡᠭᠦᠯᠬᠦ︾ ᠲᠥᠷᠥ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠤᠨ ᠲᠣᠭᠤᠷᠢᠨ  ᠳᠤ ᠤᠷᠢᠳ ᠬᠤᠵᠢᠳ ᠦᠭᠡ ᠬᠡᠯᠡᠪᠡ᠃ ᠲᠥᠯᠥᠭᠡᠯᠡᠭᠴᠢᠳ ᠤᠨ ᠶᠠᠷᠢᠶ᠎ᠠ  ᠶᠢ ᠰᠣᠨᠣᠰᠤᠭᠰᠠᠨ  ᠤ ᠳᠠᠷᠠᠭ᠎ᠠ ᠸᠠᠩ ᠶᠠᠩ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ  ᠤᠨ ᠣᠷᠳᠣᠨ  ᠤ ᠠᠵᠢᠯ  ᠤᠨ ᠢᠯᠡᠳᠬᠡᠯ ᠨᠢ ᠨᠠᠮ  ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ  ᠤ ᠤᠳᠠᠭ᠎ᠠ ᠪᠦᠷᠢ ᠶᠢᠨ  ᠪᠦᠭᠦᠳᠠ ᠬᠤᠷᠠᠯ  ᠤᠨ ᠵᠣᠷᠢᠭ ᠰᠠᠨᠠᠭ᠎ᠠ  ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠡᠨᠡ ᠵᠢᠯ  ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ  ᠤᠨ ᠲᠤᠬᠠᠢ ᠶᠡᠷᠦᠩᠬᠡᠢ ᠪᠠᠶᠢᠷᠢᠯᠠᠭᠤᠯᠤᠯᠲᠠ ᠪᠣᠯᠣᠨ ᠱᠠᠭᠠᠷᠳᠠᠯᠭ᠎ᠠ  ᠶᠢ ᠭᠦᠢᠴᠡᠳ ᠢᠯᠡᠷᠡᠭᠦᠯᠵᠦ᠂ ᠠᠮᠵᠢᠯᠲᠠ  ᠪᠠᠨ ᠳ᠋ᠦᠩᠨᠡᠵᠦ ᠦᠨᠡᠨ ᠠᠴᠠ ᠵᠥᠪ ᠢ ᠡᠷᠢᠨ᠂ ᠠᠵᠢᠯ  ᠢᠶᠠᠨ ᠪᠠᠶᠢᠷᠢᠯᠠᠭᠤᠯᠬᠤ ᠭᠤᠣᠯᠳᠠᠯᠭ᠎ᠠ ᠲᠣᠪᠣᠶᠢᠮ᠎ᠠ ᠪᠠᠶᠢᠵᠤ᠂ ᠦᠨᠡᠨ  ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠬᠥᠮᠥᠰ ᠢ ᠵᠣᠷᠢᠭᠵᠢᠭᠤᠯᠤᠮ᠎ᠠ ᠢᠯᠡᠳᠬᠡᠯ ᠪᠣᠯᠵᠠᠢ᠂ ᠪᠢ ᠪᠦᠷᠢᠮᠦᠰᠦᠨ ᠵᠥᠪᠰᠢᠶᠡᠷᠡᠵᠦ ᠪᠠᠶᠢᠨ᠎ᠠ ᠭᠡᠵᠦ ᠬᠡᠯᠡᠪᠡ᠃             ᠸᠠᠩ ᠶᠠᠩ᠂ ᠥᠩᠭᠡᠷᠡᠭᠰᠡᠨ ᠨᠢᠭᠡ ᠵᠢᠯ ᠳᠤ᠂ ᠵᠠᠭᠤᠨ ᠵᠢᠯ  ᠤᠨ ᠬᠤᠪᠢᠰᠤᠯᠲᠠ ᠪᠣᠯᠣᠨ  ᠬᠦᠨᠳᠦ ᠬᠡᠴᠡᠭᠦᠦ ᠬᠢᠵᠢᠭ  ᠤᠨ ᠪᠠᠶᠢᠳᠠᠯ ᠰᠣᠯᠪᠢᠴᠠᠭᠰᠠᠨ ᠨᠠᠷᠢᠨ ᠪᠤᠳᠤᠯᠢᠶᠠᠨᠲᠠᠢ ᠪᠠᠶᠢᠳᠠᠯ ᠳᠣᠣᠷ᠎ᠠ᠂ ᠰᠢ ᠶᠢᠨ ᠫᠢᠩ ᠨᠥᠬᠦᠷ  ᠢᠶᠠᠷ ᠭᠤᠣᠯ ᠪᠤᠯᠭᠠᠭᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ  ᠢ ᠪᠦᠯᠬᠦᠮᠳᠡᠭᠦᠯᠦᠨ ᠳᠠᠭᠠᠭᠤᠯᠵᠤ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ  ᠢ ᠪᠦᠭᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ  ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠡᠶᠢᠭᠡᠮ ᠵᠢᠷᠤᠮ  ᠤᠨ ᠣᠳᠣᠬᠢᠴᠢᠯᠠᠭᠰᠠᠨ ᠤᠯᠤᠰ  ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ  ᠢ ᠡᠬᠢᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾  ᠎ ᠤᠨ ᠲᠥᠯᠦᠪᠵᠢᠭᠦᠯᠭᠡ  ᠶᠢᠨ ᠰᠠᠶᠢᠨ ᠰᠠᠶᠢᠬᠠᠨ ᠡᠭᠢᠯᠡᠯᠲᠡ ᠎ ᠶᠢ ᠪᠡᠶᠡᠯᠡᠭᠦᠯᠪᠡ᠃ ᠢᠯᠠᠩᠭᠤᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ  ᠤᠨ ᠤᠢ  ᠶᠢ ᠦᠪᠡᠳᠡᠭᠰᠢ ᠶᠡᠭᠡ ᠪᠠᠷ ᠪᠡᠯᠭᠡᠯᠡᠵᠦ᠂ ᠨᠠᠮ  ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠠ ᠬᠤᠷᠠᠯ ᠢ ᠠᠮᠵᠢᠯᠲᠠ ᠲᠠᠢ ᠬᠤᠷᠠᠯᠳᠤᠭᠤᠯᠤᠭᠰᠠᠨ ᠪᠥᠭᠡᠳ ᠨᠠᠮ  ᠤᠨ ᠭᠤᠷᠪᠠᠳᠤᠭᠠᠷ ᠲᠡᠦᠬᠡᠲᠦ ᠰᠢᠢᠳᠪᠦᠷᠢ ᠶᠢ ᠭᠠᠷᠭᠠᠵᠤ᠂ ᠪᠦᠭᠦ ᠨᠠᠮ ᠪᠦᠭᠦ ᠨᠡᠶᠢᠭᠡᠮ ᠤᠨ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠠᠤᠭ᠎ᠠ ᠰᠡᠳᠬᠢᠯᠭᠡ ᠪᠣᠯᠣᠨ ᠢᠲᠡᠭᠡᠯ ᠵᠣᠷᠢᠭ ᠢ ᠶᠡᠭᠡ ᠪᠠᠷ ᠨᠡᠮᠡᠭᠳᠡᠭᠦᠯᠵᠡᠢ ᠭᠡᠵᠦ ᠵᠢᠭᠠᠪᠠ᠃            ᠸᠠᠩ ᠶᠠᠩ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠡᠮᠦᠨ᠎ᠡ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠬᠦᠨᠳᠦ᠂ ᠵᠥᠷᠢᠴᠡᠯ ᠲᠦᠭᠰᠢᠭᠦᠷᠢ ᠥᠷᠢᠰᠦᠯᠳᠦᠭᠡᠨ ᠤᠯᠠᠨ᠂ ᠲᠦᠷᠦ  ᠶᠢ ᠵᠠᠰᠠᠵᠤ ᠵᠠᠰᠠᠭ ᠢ ᠡᠷᠭᠢᠯᠡᠭᠦ ᠰᠢᠯᠭᠠᠯᠲᠠ ᠬᠦᠴᠢᠷ ᠵᠡᠷᠭᠡ ᠨᠢ ᠪᠦᠷ ᠤᠷᠢᠳ ᠡᠮᠦᠨ᠎ᠡ ᠪᠠᠶᠢᠭ᠎ᠠ ᠦᠭᠡᠢ ᠶᠤᠮ᠂ ᠭᠡᠪᠡᠴᠦ ᠲᠡᠦᠬᠡ ᠪᠠᠷ ᠲᠣᠯᠢ ᠪᠣᠯᠭᠠᠪᠠᠯ᠂ ᠪᠢᠳᠠᠨ  ᠤ ᠢᠷᠡᠭᠡᠳᠦᠢ  ᠪᠠᠨ ᠴᠣᠭᠴᠠᠯᠠᠬᠤ ᠢᠲᠡᠭᠡᠯ ᠢ ᠨᠡᠩ ᠪᠠᠲᠤᠳᠬᠠᠵᠤ ᠪᠣᠯᠣᠨ᠎ᠠ᠃ ᠰᠧᠴᠤᠸᠠᠨ ᠮᠤᠵᠢ  ᠶᠢᠨ ᠬᠢᠨ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ  ᠢ ᠪᠠᠬᠢᠵᠢᠭᠦᠯᠦᠨ ᠥᠷᠭᠡᠳᠬᠡᠵᠦ᠂ ᠨᠠᠮ ᠤᠨ ᠵᠠᠭᠤᠨ ᠵᠢᠯ ᠤᠨ ᠲᠡᠮᠡᠴᠡᠯ ᠤᠨ ᠳᠤᠮᠳᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠣᠯᠵᠤ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠠᠴᠢ ᠬᠤᠯᠪᠣᠭᠳᠠᠯ  ᠢ ᠭᠦᠨᠵᠡᠭᠡᠢ ᠲᠠᠨᠢᠵᠤ᠂ ︽ᠬᠤᠶᠠᠷ  ᠢ ᠬᠠᠮᠠᠭᠠᠯᠠᠬᠤ︾᠎ ᠶᠢ ᠪᠡᠶᠡᠯᠡᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ  ᠶᠢᠨ ᠤᠬᠠᠮᠰᠠᠷ ᠢᠶᠠᠨ ᠴᠢᠩᠭᠠᠳᠬᠠᠬᠤ  ᠶᠢ ᠬᠦᠰᠡᠵᠦ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ  ᠤᠨ ᠰᠧᠴᠤᠸᠠᠨ  ᠤ ᠠᠵᠢᠯ  ᠤᠨ ᠲᠤᠬᠠᠢ ᠰᠢᠷᠢᠰ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ  ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ  ᠳᠤ ᠦᠢᠯᠡᠴᠢᠯᠡᠬᠦ ᠪᠠ ᠠᠭᠤᠰᠤᠯᠴᠠᠬᠤ ᠳᠤᠮᠳᠠ ᠰᠢᠨ᠎ᠡ ᠠᠯᠬᠤᠮ  ᠢ ᠠᠯᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠤᠯᠬᠤ ᠬᠡᠷᠡᠭᠲᠡᠢ᠃ ᠲᠥᠪ  ᠤᠨ ᠦᠨᠳᠦᠰᠦᠲᠡᠨ  ᠤ ᠠᠵᠢᠯ  ᠤᠨ ᠬᠤᠷᠠᠯ ᠪᠣᠯᠣᠨ ᠪᠦᠭᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠣᠳᠠᠲᠠᠢ ᠳᠤ ᠰᠠᠭᠤᠷᠢᠯᠠᠨ᠂ ᠭᠠᠵᠠᠷ ᠣᠷᠣᠨ ᠤ ᠪᠣᠳᠠᠲᠤ ᠪᠠᠶᠢᠳᠠᠯ ᠳᠠᠭᠠᠨ ᠲᠣᠬᠢᠷᠠᠭᠤᠯᠤᠨ ᠨᠠᠶᠢᠳᠠᠪᠤᠷᠢᠵᠢᠭᠤᠯᠤᠯᠲᠠ  ᠶᠢ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠲᠤ ᠴᠣᠭᠴᠠᠯᠠᠬᠤ ᠪᠠᠷ ᠭᠤᠣᠯ ᠱᠤᠭᠤᠮ ᠪᠣᠯᠭᠠᠨ ᠦᠨᠳᠦᠰᠦᠲᠡᠨ  ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠵᠤ᠂ ᠮᠠᠨ  ᠤ ᠤᠯᠤᠰ  ᠤᠨ ᠱᠠᠰᠢᠨ ᠰᠤᠷᠲᠠᠬᠤᠨ  ᠤ ᠳᠤᠮᠳᠠᠳᠤ ᠤᠯᠤᠰᠴᠢᠯᠠᠬᠤ ᠴᠢᠭᠯᠡᠯ  ᠢ ᠪᠠᠷᠢᠮᠲᠠᠯᠠᠬᠤ ᠪᠠᠷ ᠭᠤᠣᠯᠳᠠᠯᠭ᠎ᠠ ᠪᠣᠯᠭᠠᠨ ᠱᠠᠰᠢᠨ ᠰᠤᠷᠲᠠᠬᠤᠨ  ᠢ ᠢᠳᠡᠪᠬᠢᠲᠡᠢ ᠬᠥᠲᠥᠯᠥᠨ ᠳᠠᠭᠠᠭᠤᠯᠵᠤ ᠪᠠᠶᠢᠭᠠᠳ ᠨᠡᠶᠢᠭᠡᠮ ᠵᠢᠷᠤᠮᠲᠤ ᠨᠡᠶᠢᠭᠡᠮ ᠲᠠᠢ ᠬᠠᠷᠢᠯᠴᠠᠨ ᠵᠣᠬᠢᠴᠠᠭᠤᠯᠵᠤ᠂ ᠰᠠᠭᠤᠷᠢ ᠲᠠᠯᠪᠢᠬᠤ᠂ ᠠᠯᠤᠰ ᠭᠡᠳᠤ  ᠳᠤ ᠠᠰᠢᠭᠲᠠᠢ᠂ ᠦᠨᠳᠦᠰᠦᠨ ᠵᠦᠢᠯ  ᠢ ᠬᠠᠮᠢᠶᠠᠷᠬᠤ ᠠᠵᠢᠯ  ᠢ ᠢᠯᠡᠭᠦᠬᠡᠨ ᠬᠢᠵᠦ᠂ ᠭᠦᠨ ᠳᠠᠪᠬᠤᠷᠭ᠎ᠠ ᠶᠢᠨ ᠵᠥᠷᠢᠴᠡᠯ ᠪᠣᠯᠣᠨ ᠠᠰᠠᠭᠤᠳᠠᠯ  ᠢ ᠢᠯᠡᠭᠦᠬᠡᠨ ᠰᠢᠢᠳᠪᠦᠷᠢᠯᠡᠵᠦ᠂ ᠡᠳᠦᠷ ᠪᠣᠯᠭᠠᠨ ᠴᠢᠷᠮᠠᠶᠢᠨ ᠬᠢᠬᠦ ᠪᠠᠷ ᠳᠠᠮᠵᠢᠨ ᠤᠳᠠᠭᠠᠨ ᠳᠠᠭᠠᠭᠠᠮᠠᠭᠠᠢ ᠪᠠᠷ ᠵᠢᠳᠬᠦᠨ ᠴᠢᠷᠮᠠᠶᠢᠵᠤ᠂ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠤ ᠡᠶ᠎ᠡ ᠵᠣᠬᠢᠴᠠᠩᠭᠤᠢ ᠲᠣᠭᠲᠠᠭᠤᠨ  ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号