ᠸᠠᠩ ᠬᠤ᠋ ᠨᠢᠩ ᠾᠧᠪᠧᠢ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠦᠪᠯᠡᠭᠦ ᠳᠤ ᠣᠷᠤᠯᠴᠠᠬᠤ ᠎ ᠳᠠᠭᠠᠨ ᠴᠢᠬᠤᠯᠠᠴᠢᠯᠠᠭᠰᠠᠨ ᠨᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2022/3/25
               ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 5᠎ ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠸᠠᠩ ᠬᠤ᠋ ᠨᠢᠩ 5᠎ ᠤ ᠦᠳᠡ ᠶᠢᠨ ᠬᠤᠶᠢᠨ᠎ᠠ ᠥᠪᠡᠷ ᠤᠨ ᠢᠶᠠᠨ ᠪᠠᠶᠢᠭ᠎ᠠ ᠾᠧᠪᠧᠢ ᠶᠢᠨ ᠲᠥᠯᠥᠭᠡᠯᠡᠭᠴᠢᠳ ᠤᠨ ᠪᠦᠯᠭᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃            ᠳ᠋ᠠᠩ ᠰᠢᠶᠣᠣ ᠯᠦᠩ᠂ ᠵᠠᠩ ᠹᠦ᠋ ᠮᠢᠨ᠂ ᠶᠢᠦ ᠯᠢ ᠽᠧᠩ ᠵᠡᠷᠭᠡ ᠲᠥᠯᠥᠭᠡᠯᠡᠭᠴᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠭᠤᠷᠢᠨ ᠳᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠭᠦᠭᠵᠢᠭᠦ ᠶᠢ ᠠᠬᠢᠭᠤᠯᠬᠤ᠂ ᠠᠮᠢ ᠠᠬᠤᠢ ᠶᠢᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ ᠵᠡᠷᠭᠡ ᠲᠤᠬᠠᠢ ᠢᠳᠡᠪᠬᠢᠲᠡᠢ ᠪᠠᠷ ᠦᠭᠡ ᠬᠡᠯᠡᠪᠡ᠃                        ᠸᠠᠩ ᠬᠤ᠋ ᠨᠢᠩ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠢᠯᠡᠷᠡᠭᠦᠯᠵᠡᠢ᠂ ᠡᠨᠡ ᠬᠦ ᠢᠯᠡᠳᠬᠡᠯ ᠢ ᠵᠥᠪᠰᠢᠶᠡᠷᠡᠵᠦ ᠪᠠᠶᠢᠨ᠎ᠠ ᠭᠡᠵᠦ ᠢᠯᠡᠷᠬᠡᠶᠢᠯᠡᠪᠡ᠃            ᠸᠠᠩ ᠬᠤ᠋ ᠨᠢᠩ᠂ ᠥᠩᠭᠡᠷᠡᠭᠰᠡᠨ ᠨᠢᠭᠡ ᠵᠢᠯ ᠪᠣᠯ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠂ ᠨᠠᠮ ᠪᠣᠯᠣᠨ ᠤᠯᠤᠰ ᠤᠨ ᠠᠵᠢᠯ ᠦᠢᠯᠡᠰ ᠰᠢᠨ᠎ᠡ ᠴᠢᠬᠤᠯᠠ ᠶᠡᠭᠡ ᠠᠮᠵᠢᠯᠲᠠ ᠣᠯᠣᠭᠰᠠᠨ ᠤ ᠦᠨᠳᠦᠰᠦ ᠎ ᠨᠢ ᠶᠡᠷᠦᠩᠬᠡᠢ ᠱᠦᠵᠢ ᠰᠢ ᠶᠢᠨ ᠫᠢᠩ ᠵᠠᠯᠠᠭᠤᠷ ᠢ ᠠᠳᠬᠤᠨ ᠠᠶᠠᠯᠠᠯ ᠢ ᠵᠢᠯᠣᠭᠤᠳᠤᠭᠰᠠᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠃ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠬᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠎ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠢᠯᠡᠷᠬᠡᠶᠢᠯᠡᠪᠡ᠃            ᠸᠠᠩ ᠬᠤ᠋ ᠨᠢᠩ᠂ ᠾᠧᠪᠧᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠾᠧᠪᠧᠢ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ  ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ  ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠪᠣᠯᠣᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠭᠦ ᠶᠢ ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠭᠦᠭᠵᠢᠭᠦ᠂ ᠰᠢᠶᠦ᠋ᠩ ᠠᠨ ᠰᠢᠨ᠎ᠡ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ᠤᠯᠠᠨ ᠲᠦᠮᠡᠨᠴᠢ ᠴᠢᠨᠠᠷᠲᠠᠢ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ︽ᠪᠠᠴᠢᠮᠳᠠᠵᠤ ᠵᠣᠪᠠᠨᠢᠵᠤ ᠲᠦᠪᠡᠭᠳᠡᠵᠦ ᠬᠦᠰᠡᠵᠦ︾ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠭᠦᠭᠵᠢᠭᠦ ᠶᠢ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠬᠤ ᠬᠡᠷᠡᠭᠲᠡᠢ ᠭᠡᠵᠦ ᠬᠦᠰᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号